ᠤᠯᠤᠰ᠎ᠤᠨ ᠪᠡᠶ᠎ᠡ᠎ᠶ᠋ᠢᠨ
ᠲᠠᠮᠢᠷ᠎ᠤᠨ ᠶᠡᠷᠦᠩᠬᠡᠶ ᠲᠣᠪᠴᠢᠶ᠎ᠠ᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ
ᠵᠣᠬᠢᠶᠠᠨ ᠪᠠᠢᠭᠤᠯᠬᠤ ᠺᠣᠮᠢᠰ᠎ᠤᠨ ᠱᠠᠲᠤ ᠱᠠᠲᠤ᠎ᠪᠠᠷ ᠱᠢᠯᠢᠨ ᠰᠣᠩᠭᠣᠬᠤ᠎ᠪᠠᠷ ᠳᠡᠮᠵᠢᠨ᠂ ᠬᠥᠯᠥᠨ ᠪᠣᠢᠷ
ᠳᠡᠭᠡᠳᠦ ᠰᠤᠷᠭᠠᠭᠤᠯᠢ᠎ᠶ᠋ᠢᠨ 13 ᠪᠠᠭ᠍ᠰᠢ ᠡᠪᠦᠯ᠎ᠦᠨ ᠤᠯᠠᠷᠢᠯ᠎ᠤᠨ ᠬᠣᠶᠠᠷ ᠲᠦᠷᠦᠯ
ᠪᠠ ᠥᠨᠳᠥᠷ ᠠᠭᠤᠯᠠ᠎ᠶ᠋ᠢᠨ ᠴᠠᠰᠤᠨ᠎ᠳᠤ ᠭᠤᠯᠭᠤᠬᠤ ᠮᠡᠷᠭᠡᠵᠢᠯ᠎ᠦᠨ ᠲᠤᠱᠢᠶᠠᠯᠲᠠᠨ᠎ᠤ ᠪᠦᠯᠬᠦᠮ᠎ᠳᠦ ᠣᠷᠣᠵᠤ᠂《ᠪᠡᠭᠡᠵᠢᠩ᠎ᠦᠨ
ᠣᠯᠠᠨ ᠤᠯᠤᠰ᠎ᠤᠨ ᠱᠢᠯᠭᠠᠯᠲᠠ᠎ᠶ᠋ᠢᠨ ᠭᠠᠷᠠᠭ》᠂ 《ᠡᠪᠦᠯ᠎ᠦᠨ
ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ》 ᠂《ᠡᠪᠦᠯ᠎ᠦᠨ
ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ》 ᠵᠡᠷᠭᠡ
ᠭᠤᠷᠪᠠᠨ ᠵᠦᠶ᠋ᠯ᠎ᠦᠨ ᠴᠢᠬᠤᠯᠠ ᠶᠡᠬᠡ ᠤᠷᠤᠯᠳᠤᠭᠠᠨ᠎ᠤ ᠬᠢᠨᠠᠬᠴᠢ ᠵᠢᠨ ᠠᠵᠢᠯ᠎ᠢ ᠡᠭᠦᠷᠭᠡᠯᠡᠵᠦ᠍᠂ ᠥᠪᠥᠷ
ᠮᠣᠩᠭᠣᠯ᠎ᠤᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳ᠋ᠤ ᠬᠢᠨᠠᠬᠴᠢ ᠪᠤᠯᠤᠬᠰᠡᠨ
ᠲᠣᠭ᠎ᠠ᠎ᠪᠠᠷ ᠬᠠᠮᠤᠭ᠎ᠤᠨ ᠣᠯᠠᠨ ᠶᠡᠭᠡ ᠳᠡᠭᠡᠳᠦ ᠰᠤᠷᠭᠠᠭᠤᠯᠢ ᠪᠣᠯᠵᠣ᠂ ᠲᠣᠰ ᠰᠤᠷᠭᠠᠭᠤᠯᠢ᠎ᠶ᠋ᠢᠨ ᠳᠡᠯᠡᠬᠡᠶ᠎ᠶ᠋ᠢᠨ
ᠬᠡᠪᠴᠢᠶ᠎ᠡ᠎ᠪᠡᠷ ᠬᠠᠮᠤᠭ᠎ᠤᠨ ᠶᠡᠬᠡ᠂ ᠦᠨᠳᠤᠷ ᠬᠢᠷᠢ ᠲᠦᠪᠰᠢᠨ ᠲᠠᠢ ᠡᠪᠦᠯ᠎ᠦᠨ ᠤᠯᠠᠷᠢᠯ᠎ᠤᠨ ᠲᠠᠮᠢᠷ᠎ᠤᠨ ᠤᠷᠤᠯᠳᠤᠭᠠᠨ᠎ᠳᠤ ᠬᠢᠨᠠᠬᠴᠢ
ᠪᠤᠯᠤᠬᠰᠡᠨ ᠠᠩᠬᠠᠨ ᠤ ᠵᠢᠱ᠌ᠢᠶ᠎ᠡ᠎ᠶ᠋ᠢ ᠡᠭᠦᠳᠴᠡᠶ᠃
ᠣᠳᠣᠬᠠᠨ᠎ᠳᠤ᠂ ᠮᠥᠰᠥ᠍
ᠴᠠᠰᠤᠨ᠎ᠤ ᠲᠠᠮᠢᠷ᠎ᠤᠨ ᠬᠥᠳᠡᠯᠭᠡᠭᠡᠨ ᠥᠪᠥᠷ ᠮᠣᠩᠭᠣᠯ᠎ᠳᠤ ᠥᠷᠨᠢᠨ ᠬᠥᠭ᠌ᠵᠢᠵᠦ᠍᠂ 2021 ᠣᠨ᠎ᠤ 2
ᠰᠠᠷ᠎ᠠ᠎ᠳᠤ ᠬᠥᠯᠥᠨ ᠪᠣᠢᠷ ᠳᠡᠭᠡᠳᠦ ᠰᠤᠷᠭᠠᠭᠤᠯᠢ᠎ᠶ᠋ᠢᠨ 《ᠮᠥᠰᠥ᠍ ᠴᠠᠰᠤᠨ᠎ᠤ
ᠲᠠᠮᠢᠷ᠎ᠤᠨ ᠬᠥᠳᠡᠯᠭᠡᠭᠡᠨ》 ᠤ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠨᠢ
ᠵᠥᠪᠱᠢᠶᠡᠷᠡᠭ᠌ᠳᠡᠵᠦ᠍᠂ 9 ᠰᠠᠷ᠎ᠠ᠎ᠳᠤ ᠵᠢᠩᠬᠢᠨᠢ᠎ᠪᠡᠷ ᠰᠣᠷᠣᠭ᠍ᠴᠢ ᠡᠯᠰᠡᠵᠦ᠍᠂ ᠲᠣᠰ ᠰᠤᠷᠭᠠᠭᠤᠯᠢ᠎ᠨᠢ
ᠪᠠᠰᠠ ᠪᠥᠬᠥ᠌ ᠤᠯᠤᠰ᠎ᠤᠨ 《ᠮᠥᠰᠥ᠍ ᠴᠠᠰᠤᠨ᠎ᠤ ᠲᠠᠮᠢᠷ᠎ᠤᠨ
ᠬᠥᠳᠡᠯᠭᠡᠭᠡᠨ》 ᠤ ᠲᠤᠰᠭᠠᠶ ᠮᠡᠷᠭᠡᠵᠢᠯ ᠨᠡᠭᠡᠭᠡᠭ᠌ᠰᠡᠨ 10
ᠳᠡᠭᠡᠳᠦ ᠰᠤᠷᠭᠠᠭᠤᠯᠢ᠎ᠶ᠋ᠢᠨ ᠨᠢᠭᠡ ᠪᠣᠯᠵᠣ᠂ ᠮᠥᠨ ᠴᠦ᠍ ᠥᠪᠥᠷ ᠮᠣᠩᠭᠣᠯ᠎ᠤᠨ ᠴᠣᠷ᠎ᠤᠨ ᠭᠠᠭ᠍ᠴᠠ 《ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ》 ᠤ ᠲᠤᠰᠭᠠᠶ ᠮᠡᠷᠭᠡᠵᠢᠯ ᠨᠡᠭᠡᠭᠡᠭ᠌ᠰᠡᠨ ᠳᠡᠭᠡᠳᠦ
ᠰᠤᠷᠭᠠᠭᠤᠯᠢ ᠪᠣᠯᠵᠠᠶ᠃ 2022 ᠣᠨ᠎ᠤ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ
ᠴᠤᠭ᠍ᠯᠠᠭᠠᠨ ᠳ᠋ᠤ᠂ ᠲᠣᠰ ᠰᠤᠷᠭᠠᠭᠤᠯᠢ᠎ᠶ᠋ᠢᠨ ᠪᠠᠭ᠍ᠰᠢ ᠯᠢᠩ ᠮᠢᠨ ᠡᠪᠦᠯ᠎ᠦᠨ ᠤᠯᠠᠷᠢᠯ᠎ᠤᠨ ᠬᠣᠶᠠᠷ ᠲᠦᠷᠦᠯ᠎ᠦᠨ
ᠡᠬᠢᠯᠡᠯᠲᠡ᠎ᠶ᠋ᠢᠨ ᠴᠡᠭ᠎ᠦᠨ ᠮᠡᠷᠭᠡᠵᠢᠯ᠎ᠦᠨ ᠬᠢᠨᠠᠯᠲᠠ ᠲᠠᠯᠪᠢᠬᠤ ᠠᠵᠢᠯ᠎ᠢ ᠡᠭᠦᠷᠭᠡᠯᠡᠨ᠎ᠡ᠂ ᠭᠤᠸᠠᠨ
ᠱᠢᠶᠠᠩ ᠸᠧᠶ᠂ ᠪᠠᠶ᠎ᠶ᠋ᠢᠨ ᠬᠣᠶ᠂ ᠵᠠᠩ ᠯᠸᠢ ᠡᠪᠦᠯ᠎ᠦᠨ ᠤᠯᠠᠷᠢᠯ᠎ᠤᠨ ᠬᠣᠶᠠᠷ ᠲᠦᠷᠦᠯ ᠦᠨ ᠤᠷᠤᠯᠳᠤᠭᠠᠨ᠎ᠤ
ᠵᠠᠮ᠎ᠢ ᠬᠠᠮᠠᠭᠠᠯᠠᠵᠤ ᠬᠢᠨᠠᠯᠳᠡ ᠲᠠᠯᠪᠢᠬᠤ ᠠᠵᠢᠯ᠎ᠢ ᠬᠠᠷᠢᠭᠤᠴᠠᠨ᠎ᠠ᠂
ᠸᠠᠩ ᠷᠦᠩ ᠯᠢᠨ ᠡᠪᠦᠯ᠎ᠦᠨ ᠤᠯᠠᠷᠢᠯ᠎ᠤᠨ ᠬᠣᠶᠠᠷ ᠲᠦᠷᠦᠯ ᠦᠨ ᠲᠠᠯᠠᠪᠠᠶ᠎ᠶ᠋ᠢᠨ ᠭᠤᠤᠯ ᠬᠠᠮᠢᠶᠠᠷᠤᠭ᠍ᠴᠢ ᠪᠤᠯᠤᠨ᠎ᠠ᠂
ᠯᠢ ᠵᠢᠶᠠ ᠯᠢᠨ ᠡᠪᠦᠯ᠎ᠦᠨ ᠤᠯᠠᠷᠢᠯ᠎ᠤᠨ ᠬᠣᠶᠠᠷ ᠲᠦᠷᠦᠯ ᠦᠨ ᠲᠣᠷᠭᠠᠭᠤᠯᠢ᠎ᠶ᠋ᠢᠨ ᠲᠠᠯᠠᠪᠠᠢ᠎ᠶ᠋ᠢᠨ
ᠲᠡᠮᠳᠡᠭ᠌ᠯᠡᠭ᠌ᠴᠢ ᠪᠤᠯᠤᠨ᠎ᠠ᠂ ᠵᠠᠩ ᠱᠢᠤ ᠫᠢᠩ ᠡᠪᠦᠯ᠎ᠦᠨ ᠤᠯᠠᠷᠢᠯ᠎ᠤᠨ ᠬᠣᠶᠠᠷ ᠲᠦᠷᠦᠯ᠎ᠦᠨ ᠤᠷᠤᠯᠳᠤᠭᠠᠨ᠎ᠤ
ᠵᠠᠮ᠎ᠤᠨ ᠡᠵᠡᠮᠳᠡᠭ᠌ᠴᠢ ᠪᠤᠯᠤᠨ᠎ᠠ᠂ ᠯᠢᠦᠶ ᠫᠢᠨ ᠥᠨᠳᠥᠷ ᠠᠭᠤᠯᠠ᠎ᠶ᠋ᠢᠨ ᠴᠠᠰᠤᠨ᠎ᠳᠤ ᠭᠤᠯᠭᠤᠬᠤ
ᠤᠷᠤᠯᠳᠤᠭᠠᠨ᠎ᠤ ᠲᠥᠷᠥᠯ ᠵᠦᠶ᠋ᠯ᠎ᠦᠨ ᠤᠷᠤᠯᠳᠤᠭᠠᠨ᠎ᠤ ᠵᠠᠮ᠎ᠤᠨ ᠬᠢᠨᠠᠭ᠍ᠴᠢ᠎ᠶ᠋ᠢᠨ ᠲᠤᠱᠢᠶᠠᠯ᠎ᠢ
ᠡᠭᠦᠷᠭᠡᠯᠡᠨ᠎ᠡ᠂ ᠮᠸᠩ ᠹᠠᠨ ᠮᠢᠩ ᠡᠪᠦᠯ᠎ᠦᠨ ᠤᠯᠠᠷᠢᠯ᠎ᠤᠨ ᠬᠣᠶᠠᠷ ᠲᠦᠷᠦᠯ᠎ᠤᠨ ᠫᠤᠤᠳᠠᠯᠭ᠎ᠠ᠎ᠶ᠋ᠢᠨ ᠲᠠᠯᠠᠪᠠᠢ᠎ᠳᠤ ᠬᠢᠨᠠᠯᠲᠠ
ᠲᠠᠯᠪᠢᠬᠤ ᠲᠤᠱᠢᠶᠠᠯ᠎ᠢ ᠡᠭᠦᠷᠭᠡᠯᠡᠨ᠎ᠡ᠂ ᠸᠠᠩ ᠱᠢᠶᠣᠤ ᠰᠦᠩ ᠡᠪᠦᠯ᠎ᠦᠨ ᠤᠯᠠᠷᠢᠯ᠎ᠤᠨ ᠬᠣᠶᠠᠷ ᠲᠦᠷᠦᠯ᠎ᠦᠨ
ᠤᠷᠤᠯᠳᠤᠭᠠᠨ᠎ᠤ ᠭᠣᠣᠯ ᠬᠠᠮᠢᠶᠠᠷᠤᠭ᠍ᠴᠢ ᠪᠤᠯᠤᠨ᠎ᠠ᠂ ᠶᠠᠩ ᠢ ᠡᠪᠦᠯ᠎ᠦᠨ ᠤᠯᠠᠷᠢᠯ᠎ᠤᠨ ᠬᠣᠶᠠᠷ ᠲᠦᠷᠦᠯ᠎ᠤᠨ ᠤᠷᠤᠯᠳᠤᠭᠠᠨ᠎ᠤ
ᠵᠠᠮ᠎ᠢ ᠡᠵᠡᠮᠳᠡᠬᠦ᠌ ᠭᠣᠣᠯᠯᠠᠨ ᠬᠠᠮᠢᠶᠠᠷᠬᠤ ᠲᠤᠰᠠᠯᠠᠭ᠍ᠴᠢ᠎ᠶ᠋ᠢᠨ ᠲᠤᠱᠢᠶᠠᠯ᠎ᠢ ᠡᠭᠦᠷᠭᠡᠯᠠᠨᠠ᠂ ᠮᠠᠩᠯᠠᠶ
ᠥᠨᠳᠥᠷ ᠠᠭᠤᠯᠠᠨ᠎ᠤ ᠴᠠᠰᠤᠨ᠎ᠳᠤ ᠭᠤᠯᠭᠤᠬᠤ ᠬᠢᠨᠠᠭ᠍ᠴᠢ᠎ᠶ᠋ᠢᠨ ᠲᠤᠱᠢᠶᠠᠯ᠎ᠢ ᠡᠭᠦᠷᠭᠡᠯᠡᠨ᠎ᠠ᠃
ᠢᠷᠡᠯᠳᠡ᠄ ᠤᠮᠠᠷᠠᠳᠤ ᠵᠢᠨ
ᠰᠢᠨ᠎ᠠ ᠰᠤᠨᠢᠨ
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号