ᠬᠤᠸᠠ
ᠸᠧᠶ᠂ ᠱᠢᠶᠤᠤ ᠮᠢ᠂ ᠠᠯᠮᠤᠷᠠᠳ ᠵᠡᠷᠭᠡ ᠭᠠᠷ ᠤᠲᠠᠰᠤᠨ᠎ᠤ ᠢᠯᠴᠢ ᠲᠠᠷᠬᠠᠭᠠᠬᠤ ᠪᠦᠷᠬᠦᠪᠴᠢ᠎ᠶ᠋ᠢᠨ ᠲᠦᠭᠦᠬᠡᠶ ᠮᠠᠲ᠋ᠧᠷᠢᠶᠠᠯ᠎ᠢ
ᠤᠯᠠᠭᠠᠨᠴᠠᠪ᠎ᠤᠨ ᠱᠢᠩ ᠾᠧ ᠭᠡᠳᠡᠭ ᠨᠢᠭᠡᠨ ᠵᠢᠵᠢᠭ ᠱᠢᠶᠠᠨ ᠳ᠋ᠤ ᠤᠢᠯᠡᠳᠪᠤᠷᠢᠯᠡᠵᠤ ᠪᠠᠢᠨ᠎ᠠ ᠭᠡᠳᠡᠭ᠎ᠢ ᠲᠠ
ᠢᠳᠡᠭᠡᠵᠤ ᠶᠠᠳᠠᠮ᠎ᠠ ᠪᠠᠢᠬ᠎ᠠ?
ᠲᠡᠭᠡᠪᠡᠯ
ᠲᠡᠬᠦᠨ ᠢ᠋ ᠶᠠᠭᠤᠨ᠎ᠳᠤ ᠱᠢᠩ ᠾᠧ ᠱᠢᠶᠠᠨ ᠳ᠋ᠤ ᠤᠢᠯᠡᠳᠪᠤᠷᠢᠯᠡᠳᠡᠭ ᠪᠣᠶ? ᠤᠴᠢᠷ ᠨᠢ ᠲᠤᠰ ᠰᠢᠶᠠᠨ
ᠪᠣᠯ ᠳᠤᠮᠳᠠᠳᠤ ᠤᠯᠤᠰ᠎ᠤᠨ ᠪᠠᠯ ᠴᠢᠯᠠᠭᠤᠨ ᠦᠢᠯᠡᠳᠪᠦᠷᠢᠯᠡᠯ᠎ᠦᠨ ᠭᠤᠷᠪᠠᠨ ᠶᠡᠬᠡ ᠰᠠᠭᠤᠷᠢᠨ ᠪ ᠨᠢᠭᠡ ᠪᠣᠯᠬᠤ
ᠪᠥᠭᠡᠳ ᠲᠣᠮᠣ ᠬᠠᠢᠷᠰᠤᠯᠢᠭ ᠲᠠᠯᠠᠰᠲᠤ ᠪᠠᠯ ᠴᠢᠯᠠᠭᠤ ᠦᠢᠯᠡᠳᠪᠦᠷᠢᠯᠡᠬᠦ᠌᠎ᠪᠡᠷ ᠠᠯᠳᠠᠷᠱᠢᠵᠤ᠂ ᠡᠬᠢ ᠪᠠᠶᠠᠯᠢᠭ᠎ᠤᠨ
ᠬᠠᠳᠠᠭᠠᠯᠠᠭ᠍ᠳᠠᠴᠠ᠎ᠨᠢ ᠪᠠᠷᠤᠭ 6500 ᠲᠦᠮᠡᠨ ᠲᠣᠨ ᠪᠠᠢᠬᠤ ᠵᠢ ᠬᠠᠢᠨ ᠢᠯᠡᠷᠡᠭᠦᠯᠵᠦ᠍᠂ ᠨᠠᠭᠠᠳᠤ ᠵᠠᠬ᠎ᠠ
ᠵᠢᠨ ᠬᠠᠳᠠᠭᠠᠯᠠᠭ᠍ᠳᠠᠴᠠ ᠨᠢ 4611 ᠲᠦᠮᠡᠨ ᠲᠣᠨ ᠪᠠᠢᠳᠠᠭ᠃
ᠢᠯᠴᠢ
ᠲᠠᠷᠬᠠᠭᠠᠬᠤ ᠪᠦᠷᠭᠦᠪᠴᠢ ᠵᠢᠨ ᠭᠤᠤᠯ ᠪᠦᠷᠢᠯᠳᠦᠬᠦᠨ ᠨᠢ ᠪᠠᠯ ᠴᠢᠯᠠᠭᠤᠨ ᠠᠯᠺᠧᠨ᠂ ᠪᠠᠯ ᠴᠢᠯᠠᠭᠤᠨ ᠠᠯᠺᠧᠨ ᠨᠢ
ᠪᠠᠯ ᠴᠢᠯᠠᠭᠤ ᠡᠴᠡ ᠢᠷᠡᠯᠲᠡ᠎ᠲᠡᠶ᠃ ᠪᠠᠯ ᠴᠢᠯᠠᠭᠤᠨ ᠠᠯᠺᠧᠨᠪᠣᠯ ᠨᠢᠭᠡ ᠵᠦᠢᠯ᠎ᠦᠨ ᠬᠣᠶᠠᠷ ᠬᠡᠮᠵᠢᠯᠳᠦ ᠨᠡᠭᠦᠷᠡᠰᠦᠲᠥ᠋ᠷᠥᠭ᠌ᠴᠢ᠎ᠶ᠋ᠢᠨ
ᠨᠠᠨᠤᠮᠸᠲ᠋ᠷ ᠮᠠᠲ᠋ᠧᠷᠢᠶᠠᠯ ᠪᠠᠢᠵᠤ᠂ ᠱᠢᠯᠢᠳᠡᠭ ᠭᠡᠷᠡᠯ᠎ᠦᠨ ᠤᠬᠠᠭᠠᠨ᠂ ᠴᠠᠬᠢᠯᠭᠠᠨ᠎ᠤ ᠤᠬᠠᠭᠠᠨ᠂ ᠬᠦᠴᠦᠨ᠎ᠦ
ᠤᠬᠠᠭᠠᠨ᠎ᠤ ᠣᠨᠴᠠᠯᠢᠭ᠎ᠲᠠᠶ᠂ ᠮᠠᠲ᠋ᠧᠷᠢᠶᠠᠯ᠎ᠤᠨ ᠤᠬᠠᠭᠠᠨ᠂ ᠡᠨᠧᠷᠭᠢ᠂ ᠠᠮᠢᠳᠤ ᠪᠣᠳᠠᠰ᠎ᠤᠨ ᠠᠨᠠᠭᠠᠬᠤ ᠤᠬᠠᠭᠠᠨ
ᠵᠡᠷᠭᠡ ᠲᠠᠯ᠎ᠠ᠎ᠶ᠋ᠢᠨ ᠬᠡᠷᠡᠭ᠌ᠯᠡᠭᠡᠨ᠎ᠦ ᠲᠠᠯᠲᠠ ᠬᠦᠴᠦᠨ ᠯᠤᠲᠤ ᠶᠡᠬᠡ᠂ ᠱᠢᠨ᠎ᠡ ᠨᠢᠭᠡ ᠡᠭᠡᠯᠵᠢ᠎ᠶ᠋ᠢᠨ ᠪᠦᠬᠦ᠌
ᠪᠥᠮᠪᠥᠷᠴᠡᠭ᠎ᠦᠨ ᠳᠡᠭᠡᠳᠦ ᠱᠢᠨᠵᠢᠯᠡᠬᠦ᠌ ᠤᠬᠠᠭᠠᠨ ᠮᠡᠷᠭᠡᠵᠢᠯ᠎ᠦᠨ ᠥᠷᠢᠰᠥᠯᠳᠦᠭᠡᠨ ᠪᠣᠯᠤᠨ ᠠᠵᠤ ᠦᠢᠯᠡᠰ᠎ᠦᠨ
ᠬᠤᠪᠢᠰᠤᠯᠲᠠ᠎ᠶ᠋ᠢ ᠬᠦᠲᠦᠯᠦᠨ ᠳᠠᠭᠠᠭᠤᠯᠬᠤ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ
ᠮᠠᠲ᠋ᠧᠷᠢᠶᠠᠯ ᠶᠤᠮ᠃
ᠱᠢᠩ
ᠾᠧ ᠰᠢᠶᠠᠨ ᠳ᠋ᠤ ᠨᠢᠭᠡᠨ ᠪᠠᠯ ᠴᠢᠯᠠᠭᠤᠨ ᠤ᠋ ᠠᠵᠤ ᠦᠢᠯᠡᠰ᠎ᠦᠨ ᠬᠦᠷᠢᠶᠡᠯᠡᠩ ᠪᠠᠢᠳᠠᠭ᠃ ᠠᠵᠤ ᠦᠢᠯᠡᠰ᠎ᠦᠨ ᠬᠦᠷᠢᠶᠡᠯᠡᠩ᠎ᠳᠦ
ᠪᠠᠢᠭ᠎ᠠ ᠥᠪᠥᠷ ᠮᠣᠩᠭᠣᠯ᠎ᠤᠨ ᠴᠢᠩ ᠮᠸᠡᠭ ᠪᠠᠯ ᠴᠢᠯᠠᠭᠤᠨ ᠠᠯᠺᠸᠨᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ
ᠬᠢᠵᠠᠭᠠᠷᠲᠤ ᠺᠣᠮᠫᠠᠨᠢ ᠨᠢ ᠤᠯᠤᠰ᠎ᠤᠨ ᠳᠣᠲᠣᠭᠠᠳᠤ ᠳ᠋ᠦ ᠬᠤᠶᠠᠳᠤᠭᠠᠷ ᠲᠤᠮᠤ᠂ ᠬᠤᠸᠠ ᠸᠧᠢ ᠵᠡᠷᠭᠡ ᠭᠠᠷ ᠤᠲᠠᠰᠤᠨ᠎ᠳᠤ
ᠬᠡᠷᠡᠭ᠌ᠯᠡᠬᠦ᠌ ᠪᠠᠯ ᠴᠢᠯᠠᠭᠤᠨ ᠠᠯᠺᠸᠨᠤ ᠢᠯᠴᠢ ᠲᠠᠷᠬᠠᠭᠠᠬᠤ ᠪᠦᠷᠬᠦᠪᠴᠢ ᠵᠢᠨ ᠦᠢᠯᠡᠳᠪᠦᠷᠢᠯᠡᠯ᠎ᠦᠨ ᠱᠤᠭᠤᠮ᠎ᠢ
ᠡᠭᠦᠰᠭᠡᠨ ᠪᠠᠢᠭᠤᠯᠵᠠᠢ᠃ ᠲᠤᠰ ᠲᠦᠷᠦᠯ ᠵᠦᠢᠯ᠎ᠢ ᠭᠣᠣᠯᠯᠠᠨ ᠲᠠᠭᠠᠭᠤᠯᠵᠤ ᠪᠠᠢᠭ᠎ᠠ ᠬᠠᠷᠢᠭᠤᠴᠠᠯᠭᠠᠲᠠᠨ᠎ᠢ ᠠᠨ
ᠵᠢᠶᠦ᠋ᠨ ᠸᠧᠢ ᠭᠡᠳᠡᠭ᠂ ᠲᠡᠷᠡ ᠴᠢᠩᠬᠤᠸᠠ ᠶᠡᠬᠡ ᠰᠤᠷᠭᠠᠭᠤᠯᠢ᠎ᠶ᠋ᠢᠨ ᠴᠥᠮ᠎ᠡ᠎ᠶ᠋ᠢᠨ ᠡᠨᠧᠷᠭᠢ ᠪᠣᠯᠤᠨ ᠱᠢᠨ᠎ᠡ
ᠡᠨᠧᠷᠭᠢ᠎ᠶ᠋ᠢᠨ ᠬᠡᠷᠡᠭ᠌ᠯᠡᠭᠡᠨ᠎ᠦ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠬᠢᠮᠢ᠎ᠶ᠋ᠢᠨ ᠢᠨᠵᠧᠨᠧᠷᠢᠩ᠎ᠦᠨ
ᠲᠤᠰᠭᠠᠢ ᠮᠡᠷᠭᠡᠵᠢᠯ᠎ᠦᠨ ᠫᠤᠰᠲ ᠳ᠋ᠣᠺᠲ᠋ᠣᠷ᠂ ᠮᠥᠨ ᠴᠦ᠍ ᠲᠤᠰ ᠺᠣᠮᠫᠠᠨᠢ᠎ᠶ᠋ᠢᠨ ᠶᠡᠷᠦᠩᠬᠡᠢ ᠢᠨᠵᠧᠨᠧᠷ ᠪᠣᠯᠤᠨ᠎ᠠ᠃
ᠲᠦᠷᠦᠭᠦᠬᠡᠨ
ᠰᠤᠷᠪᠤᠯᠵᠢᠯᠠᠭ᠍ᠴᠢ ᠪᠠᠯ ᠴᠢᠯᠠᠭᠤᠨ ᠠᠯᠺᠧᠨ᠎ᠤ ᠬᠦᠷᠢᠶ᠎ᠠ ᠴᠠᠷ᠎ᠠ᠎ᠳᠡᠬᠢ ᠳᠠᠭᠠᠭᠤᠯᠤᠭ᠍ᠴᠢ ᠠᠨ ᠵᠢᠶᠦ᠋ᠨ ᠸᠧᠶ᠎ᠲᠡᠶ
ᠠᠭᠤᠯᠵᠠᠨ ᠶᠠᠷᠢᠯᠴᠠᠪᠠ᠃《 ᠪᠢ ᠤᠤᠯ ᠨᠢ ᠠᠵᠤ ᠦᠢᠯᠡᠳᠪᠦᠷᠢ
ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠱᠢᠭᠤᠳ ᠬᠠᠷᠢᠶ᠎ᠠ ᠪᠠᠢᠭᠤᠯᠭ᠎ᠠ ᠪᠤᠯᠬᠤ ᠳᠤᠮᠳᠠᠳᠤ ᠤᠯᠤᠰ᠎ᠤᠨ
ᠡᠯᠧᠺᠲ᠋ᠷᠣᠨ ᠱᠢᠨᠵᠢᠯᠡᠭᠡᠨ᠎ᠦ ᠨᠡᠢᠭᠡᠮᠯᠢᠭ᠎ᠲᠦ ᠠᠵᠢᠯᠯᠠᠵᠤ ᠪᠠᠢᠵᠠᠢ᠃ ᠪᠠᠯ ᠴᠢᠯᠠᠭᠤᠨ᠎ᠤ ᠠᠵᠤ ᠦᠢᠯᠡᠰ᠎ᠢ ᠡᠵᠡᠩᠨᠡᠵᠦ᠍
ᠪᠠᠢᠭ᠎ᠠ ᠥᠪᠥᠷ ᠮᠣᠩᠭᠣᠯ᠎ᠤᠨ ᠷᠦᠢ ᠱᠧᠩ ᠺᠤᠮᠫᠠᠨᠢ ᠵᠢᠨ ᠬᠡᠷᠡᠭ ᠮᠡᠳᠡᠭ᠌ᠴᠢᠳ᠎ᠦᠨ ᠳᠠᠷᠤᠭ᠎ᠠ᠂ ᠳᠤᠮᠳᠠᠳᠤ ᠤᠯᠤᠰ᠎ᠤᠨ
ᠪᠠᠯ ᠴᠢᠯᠠᠭᠤᠨ᠎ᠤ ᠬᠡᠷᠡᠭ᠌ᠯᠡᠭᠡᠨ᠎ᠦ ᠮᠡᠷᠭᠡᠵᠢᠯ᠎ᠦᠨ ᠠᠵᠤ ᠦᠢᠯᠡᠰ᠎ᠦᠨ ᠬᠦᠷᠢᠶᠡᠯᠡᠩ᠎ᠦᠨ ᠬᠠᠷᠢᠭᠤᠴᠠᠯᠭᠠᠲᠠᠨ
ᠵᠠᠩ ᠪᠢᠨ ᠬᠠᠯᠠᠭᠤᠨᠤᠷᠢᠯᠭᠠ ᠲᠠᠯᠪᠢᠭᠰᠠᠨ᠎ᠢᠶᠡᠷ
2016 ᠣᠨ᠎ᠳᠤ ᠤᠤᠯ ᠤ᠋ᠨ ᠠᠵᠢᠯ ᠵᠢᠡᠨ ᠬᠠᠶᠠᠵᠤ ᠱᠢᠩ ᠾᠧ ᠱᠢᠶᠠᠨ᠎ᠳᠤ ᠢᠷᠡᠵᠤ ᠦᠢᠯᠡᠰ ᠪᠤᠰᠬᠠᠪᠠ︾ᠬᠡᠵᠤ ᠠᠨ ᠵᠢᠶᠦ᠋ᠨ
ᠸᠧᠢ ᠲᠤᠬᠠᠢ᠎ᠶ᠋ᠢᠨ ᠵᠢᠯ᠎ᠦᠨ ᠰᠣᠩᠭᠣᠯᠲᠠ᠎ᠵᠢᠨ ᠵᠢᠡᠨ ᠲᠤᠬᠠᠢ ᠲᠠᠨᠢᠯᠴᠠᠭᠤᠯᠤᠨ᠎ᠠ᠃
ᠠᠨ
ᠵᠢᠶᠦ᠋ᠨ ᠸᠧᠢ ᠱᠢᠩ ᠡᡁᠸ ᠳ᠋ᠤ ᠢᠷᠡᠭ᠌ᠰᠡᠨ᠎ᠦ ᠳᠠᠷᠠᠭ᠎ᠠ᠂ 10 ᠵᠢᠯ ᠪᠠᠯ ᠴᠢᠯᠠᠭᠤᠨ᠎ᠤ ᠠᠯᠺᠸᠨᠤ ᠰᠤᠳᠤᠯᠭᠠᠨ
ᠬᠢᠭᠰᠡᠨ ᠦᠡᠭᠭᠡᠷᠡᠯᠲᠠ ᠳ᠋ᠡᠭᠡᠨ ᠲᠦᠰᠢᠭᠯᠡᠨ᠂ ᠪᠠᠯ ᠴᠢᠯᠠᠭᠤᠨ᠎ᠤ ᠠᠯᠺᠸᠨᠤ ᠠᠵᠤ ᠦᠢᠯᠡᠰ᠎ᠦᠨ ᠰᠤᠳᠤᠯᠤᠨ ᠨᠡᠭᠡᠭᠡᠬᠦ᠌
ᠬᠠᠷᠢᠭᠤᠴᠠᠯᠭᠠᠲᠠᠨ ᠪᠤᠯᠵᠤ᠂ ᠵᠢᠯ᠎ᠳᠦ 30 ᠲᠣᠨ ᠪᠠᠯ ᠴᠢᠯᠠᠭᠤᠨ᠎ᠤ ᠠᠯᠺᠸᠨᠤ ᠨᠤᠨᠲᠠᠭ ᠦᠢᠯᠡᠳᠪᠦᠷᠢᠯᠡᠬᠦ᠌
ᠦᠢᠯᠡᠳᠪᠦᠷᠢᠯᠡᠯ᠎ᠦᠨ ᠱᠤᠭᠤᠮ᠎ᠢ ᠡᠷᠬᠢᠯᠡᠨ ᠪᠠᠢᠭᠤᠯᠵᠤ᠂ ᠬᠡᠪᠴᠢᠶᠡᠵᠢᠭ᠌ᠰᠡᠨ ᠦᠢᠯᠡᠳᠪᠦᠷᠢᠯᠡᠯ ᠳᠤᠮᠳᠠᠬᠢ ᠪᠣᠭᠣᠮᠢ
ᠵᠢᠨ ᠪᠣᠭᠣᠮᠲᠠ ᠱᠢᠪᠲᠤᠯᠬᠤ ᠠᠵᠢᠯ ᠢ᠋ ᠬᠠᠷᠢᠭᠤᠴᠠᠪᠠ᠃ ᠭᠡᠪᠡᠴᠦ᠍ ᠲᠤᠤᠷᠠᠳᠤ ᠤᠷᠤᠰᠭᠠᠯ᠎ᠤᠨ ᠠᠵᠤ ᠦᠢᠯᠡᠰ᠎ᠢ
ᠳᠡᠯᠭᠡᠷᠡᠭᠦᠯᠦᠭ᠌ᠰᠡᠨ ᠨᠢ ᠲᠤᠳᠠᠮᠠᠭ᠎ᠡᠴᠡ ᠪᠣᠯᠵᠤ ᠲᠤᠰ ᠦᠢᠯᠡᠳᠪᠦᠷᠢᠯᠡᠯ᠎ᠦᠨ ᠱᠤᠭᠤᠮ᠎ᠤᠨ ᠦᠢᠯᠡᠳᠪᠦᠷᠢᠯᠡᠯ
ᠵᠣᠭ᠍ᠰᠣᠵᠠᠢ᠃
ᠬᠡᠳᠦᠢᠪᠡᠷ
ᠠᠩᠬ᠎ᠠ ᠤᠳᠠᠭ᠎ᠠ ᠲᠤᠷᠱᠢᠭᠠᠳ ᠠᠮᠵᠢᠯᠲᠠ ᠣᠯᠤᠭ᠍ᠰᠠᠨ ᠥᠬᠡᠶ ᠪᠣᠯᠪᠠᠴᠤ᠌ ᠠᠨ ᠵᠢᠶᠦ᠋ᠨ ᠸᠧᠢ ᠵᠣᠷᠢᠭ ᠮᠣᠬᠣᠭ᠍ᠰᠠᠨ
ᠥᠬᠡᠶ᠂ ᠲᠡᠷᠡ ᠠᠩᠬᠠᠷᠤᠯ᠎ᠢᠶᠠᠨ ᠭᠠᠳᠠᠭᠠᠳᠤ᠎ᠶ᠋ᠢᠨ ᠳᠡᠭᠡᠳᠦ ᠲᠠᠰ᠎ᠤᠨ ᠤᠷᠤᠯᠳᠤᠭᠠᠨ ᠤ᠋ ᠮᠠᠰᠢᠨ ᠲᠡᠷᠭᠡᠨ ᠳᠡᠭᠡᠷ᠎ᠡ
ᠬᠡᠷᠡᠭ᠌ᠯᠡᠵᠦ᠍ ᠪᠠᠢᠭ᠎ᠠ ᠠᠷᠭ᠎ᠠ ᠲᠤᠢᠯ᠎ᠤᠨ ᠴᠠᠬᠢᠯᠭᠠᠨ ᠳᠠᠮᠵᠢᠭᠤᠯᠬᠤ ᠮᠠᠲ᠋ᠧᠷᠢᠶᠠᠯ᠎ᠤᠨ ᠬᠡᠪᠴᠢᠶᠡᠵᠢᠭ᠌ᠰᠡᠨ
ᠦᠶ᠋ᠯᠡᠳᠪᠦᠷᠢᠯᠡᠯ᠎ᠦᠨ ᠱᠤᠭᠤᠮ ᠢ᠋ ᠪᠠᠢᠭᠤᠯᠬᠤ᠂ 5G ᠭᠠᠷ ᠤᠲᠠᠰᠤᠨ ᠳ᠋ᠤ ᠬᠡᠷᠡᠭᠯᠡᠬᠦ ᠪᠠᠯ ᠴᠢᠯᠠᠭᠤᠨ ᠠᠯᠺᠧᠨ᠎ᠤ
ᠴᠠᠷᠳᠠᠰᠤ᠎ᠶ᠋ᠢᠨ ᠬᠡᠪᠴᠢᠶᠡᠵᠢᠭᠦᠯᠦᠭ᠌ᠰᠡᠨ ᠦᠶ᠋ᠯᠡᠳᠪᠦᠷᠢᠯᠡᠯ᠎ᠦᠨ ᠤᠷ᠎ᠠ ᠮᠡᠷᠭᠡᠵᠢᠯ᠎ᠢ ᠰᠤᠳᠤᠯᠤᠨ ᠨᠡᠭᠡᠭᠡᠬᠦ᠌
ᠪᠠ ᠦᠶ᠋ᠯᠡᠳᠪᠦᠷᠢᠯᠡᠯ᠎ᠦᠨ ᠱᠤᠭᠤᠮ᠎ᠤᠨ ᠪᠣᠭᠣᠮᠢ ᠵᠢᠨ ᠮᠡᠷᠭᠡᠵᠢᠯ᠎ᠦᠨ ᠪᠣᠭᠣᠮᠲᠠ ᠱᠢᠪᠲᠤᠯᠬᠤ᠎ᠳᠤ ᠱᠢᠯᠵᠢᠭᠦᠯᠪᠡ᠃
ᠲᠠᠬᠢᠨ
ᠲᠠᠪᠳᠠᠨ ᠲᠤᠷᠱᠢᠯᠲᠠ᠎ᠶ᠋ᠢᠨ ᠲᠥᠰᠦᠯ ᠳᠡᠭᠡᠨ ᠲᠣᠬᠢᠷᠠᠭᠤᠯᠤᠯᠲᠠ ᠬᠢᠬᠦ ᠲᠤᠷᠱᠢᠯᠲᠠ ᠵᠢᠨ ᠶᠠᠪᠤᠴᠠ ᠵᠢ ᠦᠡᠭᠭᠡᠷᠡᠭᠡᠨ 2020 ᠣᠨ᠎ᠳᠤ᠂ ᠠᠨ ᠵᠢᠶᠦ᠋ᠨ
ᠸᠧᠶ᠎ᠶ᠋ᠢᠨ ᠡᠷᠭᠢᠯᠡᠨ ᠰᠤᠳᠤᠯᠵᠤ ᠦᠶ᠋ᠯᠡᠳᠦᠭ᠌ᠰᠡᠨ ᠪᠠᠯ ᠴᠢᠯᠠᠭᠤᠨ᠎ᠤ ᠠᠯᠺᠧᠨ᠎ᠤ ᠦᠶ᠋ᠯᠡᠳᠪᠦᠷᠢᠯᠡᠯ᠎ᠦᠨ ᠱᠤᠭᠤᠮ᠎ᠨᠢ
ᠪᠠᠯ ᠴᠢᠯᠠᠭᠤᠨ᠎ᠤ ᠠᠯᠺᠧᠨ᠎ᠤ ᠥᠨᠳᠥᠷ ᠪᠦᠲᠦᠮᠵᠢᠲᠡᠶ ᠢᠯᠴᠢ ᠲᠠᠷᠬᠠᠭᠠᠬᠤ ᠵᠢᠴᠢ ᠬᠠᠨᠳᠤᠯᠭᠠᠲᠠᠶᠪᠠᠷ ᠪᠦᠷᠭᠦᠪᠴᠢ
ᠪᠣᠯᠭᠠᠬᠤ ᠮᠡᠷᠭᠡᠵᠢᠯ᠎ᠢ ᠱᠢᠪᠲᠤᠯᠵᠤ᠂ ᠥᠨᠳᠥᠷ ᠪᠦᠲᠦᠮᠵᠢᠲᠡᠶ ᠪᠠᠯ ᠴᠢᠯᠠᠭᠤᠨ᠎ᠤ ᠠᠯᠺᠧᠨ᠎ᠤ ᠨᠢᠮᠭᠡᠨ ᠪᠦᠷᠬᠦᠪᠴᠢ
ᠵᠢ ᠦᠶ᠋ᠯᠡᠳᠴᠦ᠍᠂ ᠬᠤᠸᠠ ᠸᠧᠶ᠂ OPPO ᠵᠡᠷᠭᠡ ᠭᠠᠷ ᠤᠲᠠᠰᠤᠨ᠎ᠤ ᠢᠯᠴᠢ ᠲᠠᠷᠬᠠᠭᠠᠬᠤ ᠮᠡᠷᠭᠡᠵᠢᠯ᠎ᠳᠦ ᠬᠡᠷᠡᠭᠯᠡᠵᠠᠢ᠃ ᠡᠭᠦᠨ᠎ᠦ
ᠬᠠᠮᠲᠤ᠂ ᠦᠶ᠋ᠯᠡᠳᠪᠦᠷᠢᠯᠡᠭ᠌ᠰᠡᠨ ᠴᠠᠬᠢᠭᠤᠷ ᠨᠡᠭᠦᠷᠡᠰᠦᠲᠥ᠋ᠷᠥᠭ᠌ᠴᠢ᠎ᠶ᠋ᠢᠨ ᠪᠢᠯᠢᠭ ᠲᠤᠢᠯ᠎ᠤᠨ ᠮᠠᠲ᠋ᠧᠷᠢᠶᠠᠯ᠎ᠨᠢ
ᠶᠡᠬᠡ ᠬᠡᠮᠵᠢᠶᠡᠨ᠎ᠦ ᠭᠠᠳᠠᠭᠠᠳᠤ᠎ᠳᠤ ᠭᠠᠷᠭᠠᠬᠤ ᠵᠠᠬᠢᠶᠠᠯᠠᠭ᠎ᠠ᠎ᠶ᠋ᠢᠨ ᠬᠠᠭᠤᠳᠠᠰᠤ ᠵᠢ ᠲᠤᠰᠴᠦ ᠂ ᠥᠪᠥᠷ ᠮᠣᠩᠭᠣᠯ᠎ᠤᠨ
ᠦᠶ᠋ᠯᠡᠳᠪᠦᠷᠢᠯᠡᠭ᠌ᠰᠡᠨ ᠪᠠᠯ ᠴᠢᠯᠠᠭᠤᠨ ᠠᠯᠺᠧᠨ ᠣᠯᠠᠨ ᠤᠯᠤᠰ᠎ᠤᠨ ᠵᠠᠬ᠎ᠠ ᠳᠡᠯᠭᠡᠭᠦᠷ᠎ᠲᠦ ᠣᠷᠣᠪᠠ᠃
ᠠᠨ
ᠵᠢᠶᠦ᠋ᠨ ᠸᠧᠢ᠄ 《ᠤᠯᠠᠮᠵᠢᠯᠠᠯᠲᠤ ᠭᠠᠷ
ᠤᠲᠠᠰᠤᠨ᠎ᠤ ᠳ᠋ᠢᠶᠠᠨ ᡂᠢ᠎ᠶ᠋ᠢᠨ ᠬᠡᠷᠡᠭᠯᠡᠬᠦ ᠬᠤᠭᠤᠴᠠᠭ᠎ᠠ ᠨᠢ ᠤᠬᠤᠷ ᠪᠠᠢᠭᠰᠠᠨ ᠪᠤᠯ ᠪᠠᠯ ᠴᠢᠯᠠᠭᠤᠨ ᠠᠯᠺᠸᠨᠢ
ᠨᠡᠮᠡᠭ᠌ᠰᠡᠨ ᠳ᠋ᠢᠶᠠᠨ ᡂᠢ᠎ᠶ᠋ᠢᠨ ᠡᠨᠧᠷᠭᠢ᠎ᠶ᠋ᠢᠨ ᠨᠢᠭ᠍ᠲᠠᠴᠠ ᠨᠢ 10% ᠪᠡᠷ ᠳᠡᠭᠡᠭ᠌ᠰᠢᠯᠡᠵᠦ᠍ ᠬᠡᠷᠡᠭᠯᠡᠬᠦ
ᠬᠤᠭᠤᠴᠠᠭ᠎ᠠ ᠨᠢ ᠴᠦ᠍ 58% ᠪᠡᠷ ᠤᠷᠳᠤᠰᠴᠠᠢ 》 ᠬᠡᠵᠤ ᠶᠠᠷᠢᠨ᠎ᠠ᠃
ᠤᠢ᠍ᠢᠷ᠎ᠠ᠎ᠶ᠋ᠢᠨ
ᠬᠡᠳᠦᠨ ᠵᠢᠯ᠎ᠳᠦ᠂ ᠪᠠᠯ ᠴᠢᠯᠠᠭᠤᠨ᠎ᠤ ᠠᠯᠺᠸᠨ ᠤ᠋ ᠬᠡᠪᠴᠢᠶᠡᠵᠢᠭᠰᠡᠨ ᠤᠢᠯᠡᠳᠪᠤᠷᠢᠯᠡᠯ ᠨᠢ ᠡᠯ᠎ᠡ ᠤᠯᠤᠰ᠎ᠤᠨ
ᠰᠤᠳᠤᠯᠤᠨ ᠨᠡᠭᠡᠭᠡᠬᠦ᠌ ᠭᠣᠣᠯᠳᠠᠯᠭ᠎ᠠ ᠪᠤᠯᠬᠤ ᠳ᠋ᠤ ᠠᠨ ᠵᠢᠶᠦ᠋ᠨ ᠸᠧᠢ ᠠᠶᠠᠨ᠎ᠳᠠᠭᠠᠨ ᠪᠦᠬᠦ᠌ ᠰᠡᠳᠭᠢᠯ᠎ᠢᠶᠡᠷ᠎ᠢᠶᠡᠨ
ᠡᠨᠡ ᠬᠦ᠌ ᠠᠵᠢᠯ ᠳ᠋ᠤ ᠤᠷᠤᠯᠴᠠᠬᠤ ᠪᠤᠯᠪᠠ᠃ ᠣᠳᠣᠬᠠᠨ᠎ᠳᠤ᠂ ᠠᠨ ᠵᠢᠶᠦ᠋ᠨ ᠸᠧᠢ᠎ᠶ᠋ᠢᠨ ᠪᠦᠯᠬᠦᠮ ᠨᠢᠭᠡᠨᠲᠡ
7019 ᠭᠠᠷᠤᠢ ᠲᠦᠮᠡᠨ ᠲᠥᠭᠥᠷᠢᠭ ᠪᠡᠯᠡ ᠣᠷᠣᠭᠤᠯᠵᠤ᠂ ᠭᠠᠷ ᠤᠲᠠᠰᠤᠨ᠎ᠤ ᠢᠯᠴᠢ ᠲᠠᠷᠬᠠᠭᠠᠬᠤ ᠪᠦᠷᠬᠦᠪᠴᠢ᠎ᠳᠦ
ᠬᠡᠷᠡᠭ᠌ᠯᠡᠬᠦ᠌ ᠪᠠᠯ ᠴᠢᠯᠠᠭᠤᠨ᠎ᠤ ᠠᠯᠺᠸᠨᠤ ᠴᠠᠷᠳᠠᠰᠤ ᠵᠢ ᠵᠢᠯ᠎ᠳᠦ 2000 ᠲᠣᠨ ᠦᠢᠯᠡᠳᠪᠦᠷᠢᠯᠡᠬᠦ᠌ ᠦᠢᠯᠡᠳᠪᠦᠷᠢᠯᠡᠯ᠎ᠦᠨ
ᠱᠤᠭᠤᠮ᠎ᠤᠨ ᠨᠢᠭᠡᠳᠦᠭᠡᠷ ᠬᠤᠭᠤᠴᠠᠭᠠᠨ᠎ᠤ ᠪᠠᠷᠢᠯᠭ᠎ᠠ ᠵᠢ ᠱᠢᠨ᠎ᠡ᠎ᠪᠡᠷ ᠪᠠᠢᠭᠤᠯᠪᠠ᠃ ᠲᠤᠰ ᠲᠦᠷᠦᠯ ᠵᠦᠢᠯ᠎ᠢ
ᠤᠷᠤᠭ᠍ᠰᠢᠲᠠᠢ ᠠᠬᠢᠭᠤᠯᠬᠤ᠎ᠶ᠋ᠢᠨ ᠲᠥᠯᠥᠭᠡ ᠂ ᠠᠨ ᠵᠢᠶᠦ᠋ᠨ ᠸᠧᠢ
ᠤᠯᠠᠨ ᠠᠵᠢᠯ ᠲᠦᠷᠦᠯ᠎ᠦᠨ ᠲᠤᠰᠭᠠᠢ ᠮᠡᠷᠭᠡᠵᠢᠯᠲᠡᠨ ᠴᠢᠳᠠᠪᠤᠷᠢᠲᠠᠨ᠎ᠢ ᠤᠷᠢᠵᠤ 6 ᠰᠤᠳᠤᠯᠭᠠᠨ᠎ᠤ ᠳᠤᠭᠤᠢᠯᠠᠩ
ᠪᠠᠢᠭᠤᠯᠪᠠ᠃
ᠠᠨ
ᠵᠢᠶᠦ᠋ᠨ ᠸᠧᠶ᠄《ᠱᠢᠨ᠎ᠡ᠎ᠪᠡᠷ ᠪᠠᠢᠭᠤᠯᠤᠭ᠍ᠰᠠᠨ
ᠡᠨᠡ ᠬᠦ᠌ ᠦᠢᠯᠡᠳᠪᠦᠷᠢᠯᠡᠯ᠎ᠦᠨ ᠱᠤᠭᠤᠮ᠎ᠤᠨ ᠨᠢᠭᠡᠳᠦᠭᠡᠷ ᠬᠤᠭᠤᠴᠠᠭᠠᠨ᠎ᠳᠤ ᠵᠢᠯ ᠳ᠋ᠤ 500 ᠲᠣᠨ ᠪᠠᠯ ᠴᠢᠯᠠᠭᠤᠨ
ᠠᠯᠺᠸᠨ ᠤ᠋ ᠴᠠᠷᠳᠠᠰᠤ ᠤᠢᠯᠡᠳᠪᠤᠷᠢᠯᠡᠬᠦ ᠪᠣᠯᠤᠨ᠎ᠠ᠃ ᠣᠳᠣᠬᠠᠨ᠎ᠳᠤ ᠨᠢᠭᠡᠳᠦᠭᠡᠷ ᠬᠤᠭᠤᠴᠠᠭᠠᠨ᠎ᠤ ᠠᠵᠢᠯ᠎ᠢᠶᠠᠨ
ᠨᠢᠭᠡᠨᠲᠡ ᠳᠠᠭᠤᠰᠭᠠᠵᠤ᠂ ᠵᠢᠯ᠎ᠦᠨ ᠪᠣᠷᠣᠯᠠᠭᠤᠯᠭ᠎ᠠ᠎ᠶ᠋ᠢᠨ ᠦᠷᠳᠡᠭ ᠨᠢ 1.5 ᠳ᠋ᠦᠩᠱᠢᠭᠤᠷ ᠲᠥᠭᠥᠷᠢᠭ᠎ᠲᠦ
ᠬᠦᠷᠴᠦ᠍᠂ 1300 ᠲᠦᠮᠡᠨ ᠲᠥᠭᠥᠷᠢᠭ᠎ᠦᠨ ᠭᠠᠢᠯᠢ ᠵᠢᠨ ᠤᠷᠤᠯᠭ᠎ᠠ ᠡᠭᠦᠳᠴᠤ᠂ 5000 ᠭᠠᠷᠤᠶ ᠲᠦᠮᠡᠨ ᠲᠥᠭᠥᠷᠢᠭ᠎ᠦᠨ
ᠠᠱᠢᠭ ᠣᠯᠵᠤ᠂ 40 ᠠᠵᠢᠯ᠎ᠤᠨ ᠪᠠᠢᠷᠢ ᠬᠠᠡᠭᠭᠠᠪᠠ᠃ 2021 ᠤᠨ ᠪ
9 ᠰᠠᠷ᠎ᠠ᠎ᠳᠤ᠂ ᠦᠢᠯᠡᠳᠪᠦᠷᠢᠯᠡᠯ᠎ᠦᠨ ᠴᠢᠳᠠᠪᠤᠷᠢ 2000 ᠲᠣᠨ᠎ᠳᠤ ᠬᠦᠷᠴᠦ᠍᠂ ᠲᠤᠬᠠᠢ᠎ᠶ᠋ᠢᠨ ᠦᠶ᠎ᠡ᠎ᠳᠦ᠂
ᠥᠪᠥᠷ ᠮᠣᠩᠭᠣᠯ ᠤᠯᠤᠰ᠎ᠤᠨ ᠳᠣᠲᠣᠭᠠᠳᠤ᠎ᠶ᠋ᠢᠨ ᠬᠠᠮᠤᠭ᠎ᠤᠨ ᠶᠡᠬᠡ ᠪᠠᠯ ᠴᠢᠯᠠᠭᠤᠨ ᠠᠯᠺᠸᠨ ᠦᠢᠯᠡᠳᠬᠦ᠌ ᠰᠠᠭᠤᠷᠢᠨ
ᠪᠣᠯᠤᠨ ᠪᠠᠯ ᠴᠢᠯᠠᠭᠤᠨ ᠠᠯᠺᠸᠨᠤ ᠢᠯᠴᠢ ᠲᠠᠷᠬᠠᠭᠠᠬᠤ ᠪᠦᠷᠬᠦᠪᠴᠢ ᠵᠢᠨ ᠠᠵᠤ ᠦᠢᠯᠡᠰ᠎ᠦᠨ ᠬᠡᠯᠬᠢᠶ᠎ᠠ ᠲᠥᠪᠯᠡᠷᠡᠭ᠌ᠰᠡᠨ
ᠣᠷᠣᠨ ᠪᠦᠰᠡ᠎ᠶ᠋ᠢᠨ ᠲᠥᠪ ᠪᠤᠯᠭᠠᠨ᠎ᠠ》ᠭᠡᠵᠦ᠍ ᠶᠠᠷᠢᠨ᠎ᠠ᠃
2016
ᠣᠨ᠎ᠠᠴᠠ ᠤᠳᠤ ᠪᠣᠯᠲᠠᠯ᠎ᠠ᠂ ᠠᠨ ᠵᠢᠶᠦ᠋ᠨ ᠸᠧᠢ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠪᠠᠯ ᠴᠢᠯᠠᠭᠤᠨ
ᠠᠯᠺᠸᠨᠤ ᠴᠢᠬᠤᠯᠠ ᠶᠡᠬᠡ 3 ᠲᠦᠷᠦᠯ ᠵᠦᠢᠯ᠎ᠢ ᠡᠬᠢᠯᠡᠨ ᠬᠡᠷᠡᠭᠵᠢᠭᠦᠯᠪᠡ; ᠤᠯᠤᠰ᠎ᠤᠨ 48 ᠵᠦᠢᠯ᠎ᠦᠨ
ᠡᠭᠦᠳᠦᠯᠲᠡ᠎ᠶ᠋ᠢᠨ ᠲᠤᠰᠭᠠᠢ ᠠᠱᠢᠭ᠎ᠢ ᠭᠤᠶᠤᠴᠢᠯᠠᠵᠤ᠂ 18 ᠵᠦᠢᠯ ᠨᠢ ᠨᠢᠭᠡᠨᠲᠡ ᠡᠷᠬᠡ ᠤᠯᠪᠡ; 24 ᠬᠤᠪᠢ SCI ᠥᠭᠦᠯᠡᠯ ᠨᠡᠢᠲᠡᠯᠡᠵᠠᠢ; ᠲᠡᠭᠦᠨ᠎ᠦ ᠲᠦᠷᠦᠭᠦᠯᠡᠨ
ᠰᠤᠳᠤᠯᠤᠨ ᠦᠢᠯᠡᠳᠦᠭ᠌ᠰᠡᠨ ᠴᠢᠮᠡᠭᠡ ᠬᠣᠯᠪᠣᠭ᠎ᠠ᠂ ᠥᠨᠳᠥᠷ ᠵᠤᠤᠬ᠎ᠠ᠎ᠪᠠᠷ ᠪᠤᠯᠤᠳ ᠪᠣᠯᠪᠠᠰᠤᠷᠠᠭᠤᠯᠬᠤ᠂ ᠠᠭᠠᠷ᠎ᠤᠨ
ᠠᠶᠠᠯᠠᠯ᠎ᠤᠨ ᠬᠦᠩᠭᠡᠨᠴᠠᠭᠠᠨ ᠮᠠᠲ᠋ᠧᠷᠢᠶᠠᠯ᠎ᠳᠤ ᠬᠡᠷᠡᠭ᠌ᠯᠡᠬᠦ᠌ ᠪᠠᠯ ᠴᠢᠯᠠᠭᠤᠨ᠎ᠤ ᠠᠯᠺᠸᠨ ᠮᠠᠲ᠋ᠧᠷᠢᠶᠠᠯ ᠵᠡᠷᠭᠡ
3 ᠵᠦᠢᠯ᠎ᠦᠨ ᠮᠡᠷᠭᠡᠵᠢᠯ ᠨᠢ ᠤᠯᠤᠰ᠂ ᠠᠵᠢᠯ ᠲᠦᠷᠦᠯ᠎ᠦᠨ ᠪᠠᠷᠢᠮᠵᠢᠶ᠎ᠠ ᠪᠣᠯᠤᠭ᠍ᠰᠠᠨ ᠪᠥᠭᠡᠳ 2020 ᠣᠨ᠎ᠳᠤ
ᠪᠦᠬᠦ᠌ ᠤᠯᠤᠰ᠎ᠲᠤ ᠨᠡᠢᠲᠡᠯᠡᠨ ᠬᠡᠷᠡᠭ᠌ᠵᠢᠭᠦᠯᠪᠡ᠃
ᠠᠨ
ᠵᠢᠶᠦ᠋ᠨ ᠸᠧᠢ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠨᠠᠢ᠍ᠮᠠᠳᠤᠭᠠᠷ ᠪᠦᠯᠦᠭ᠎ᠤᠨ《 ᠲᠠᠯ᠎ᠠ ᠨᠤᠲᠤᠭ᠎ᠤᠨ ᠴᠢᠳᠠᠪᠤᠷᠢᠲᠠᠨ
》᠂ ᠥᠪᠥᠷ ᠮᠣᠩᠭᠣᠯ᠎ᠤᠨ 《 ᠱᠢᠨ᠎ᠡ ᠡᠷᠢᠨᠦ
321 ᠴᠢᠳᠠᠪᠤᠷᠢᠲᠠᠨ᠎ᠤ ᠢᠨᠵᠧᠨᠧᠷᠢᠩ》᠎ᠤ᠋ᠨ ᠨᠢᠭᠡᠳᠦᠭᠡᠷ ᠳᠡᠰ᠎ᠤᠨ ᠴᠢᠳᠠᠪᠤᠷᠢᠲᠠᠨ᠂《ᠥᠪᠡᠷᠲᠡᠭᠡᠨ ᠵᠠᠰᠠᠬᠤ
ᠣᠷᠣᠨ᠎ᠤ ᠱᠢᠨ᠎ᠡ᠎ᠶ᠋ᠢ ᠡᠭᠦᠳᠬᠦ᠌ ᠵᠠᠯᠠᠭᠤ ᠴᠢᠳᠠᠪᠤᠷᠢᠲᠠᠨ᠎ᠤ ᠱᠠᠩᠨᠠᠯ 》᠂ ᠥᠪᠡᠷᠲᠡᠭᠡᠨ ᠵᠠᠰᠠᠬᠤ
ᠣᠷᠣᠨ᠎ᠤ 《ᠱᠢᠨ᠎ᠡ᠎ᠶ᠋ᠢ ᠡᠭᠦᠳᠦᠭᠰᠡᠨ
ᠬᠣᠱᠢᠭᠤᠴᠢ ᠠᠵᠢᠯ᠎ᠤᠨ ᠪᠠᠢᠷᠢ 》᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠵᠠᠰᠠᠭ᠎ᠤᠨ
ᠣᠷᠳᠣᠨ᠎ᠤ ᠣᠨᠴᠠ ᠬᠤᠪᠢ ᠦᠵᠡᠬᠦᠯᠦᠭᠰᠡᠨ ᠮᠦᠡᠭᠬᠦ ᠵᠢ ᠬᠦᠷᠲᠡᠭ᠌ᠴᠢ ᠵᠡᠷᠭᠡ ᠢᠷᠡᠭᠤ ᠠᠯᠳᠠᠷ ᠢ᠋ ᠬᠦᠷᠳᠡᠵᠤ ᠦᠡᠭᠭᠡᠷᠡᠪᠠ᠃
2019 ᠣᠨ᠎ᠳᠤ᠂ ᠠᠨ ᠵᠢᠶᠦ᠋ᠨ ᠸᠧᠶ ᠥᠪᠥᠷ ᠮᠣᠩᠭᠣᠯ᠎ᠤᠨ ᠪᠠᠯ ᠴᠢᠯᠠᠭᠤᠨ ᠠᠯᠺᠧᠨ᠎ᠤ ᠱᠢᠨ᠎ᠡ᠎ᠶ᠋ᠢ ᠡᠭᠦᠳᠬᠦ᠌ ᠲᠥᠪ᠎ᠢ
ᠪᠡᠯᠡᠳᠭᠡᠨ ᠪᠠᠢᠭᠤᠯᠬᠤ᠎ᠶ᠋ᠢᠨ ᠬᠠᠮᠲᠤ ᠶᠡᠷᠦᠩᠬᠡᠶ ᠳᠠᠭᠠᠭᠠᠮᠠᠯ᠎ᠤᠨ ᠲᠤᠱᠢᠶᠠᠯ᠎ᠢ ᠡᠭᠦᠷᠭᠡᠯᠡᠵᠦ᠍᠂ ᠪᠥᠬᠥ᠌
ᠣᠷᠣᠨ᠎ᠤ《ᠲᠠᠪᠤᠨ ᠶᠡᠬᠡ ᠬᠦᠷᠢᠶ᠎ᠡ
ᠴᠠᠷᠠᠭ᠎ᠠ》 ᠳ᠋ᠠᠬᠢ ᠪᠠᠯ ᠴᠢᠯᠠᠭᠤᠨ
ᠠᠯᠺᠧᠨ᠎ᠤ ᠬᠦᠷᠢᠶᠡᠨ᠎ᠳᠡᠬᠢ ᠴᠢᠬᠤᠯᠠ ᠶᠡᠬᠡ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ
ᠵᠣᠬᠢᠶᠠᠨ ᠪᠠᠢᠭᠤᠯᠬᠤ ᠪᠠ ᠬᠡᠷᠡᠭ᠌ᠵᠢᠭᠦᠯᠬᠦ᠌᠎ᠶ᠋ᠢ ᠨᠢᠭᠡᠳᠦᠯᠲᠡᠶ ᠲᠥᠯᠥᠪᠵᠢᠭᠦᠯᠦᠨ᠂ ᠥᠪᠥᠷ ᠮᠣᠩᠭᠣᠯ᠎ᠤᠨ ᠪᠠᠯ
ᠴᠢᠯᠠᠭᠤᠨ ᠠᠯᠺᠧᠨ᠎ᠤ ᠱᠢᠨ᠎ᠡ ᠮᠠᠲ᠋ᠧᠷᠢᠶᠠᠯ᠎ᠤᠨ ᠬᠡᠷᠡᠭ᠌ᠯᠡᠯᠲᠡ ᠪᠠ ᠠᠵᠤ ᠦᠶ᠋ᠯᠡᠰ᠎ᠦᠨ ᠬᠡᠯᠬᠢᠶ᠎ᠡ᠎ᠶ᠋ᠢᠨ ᠴᠤᠭ᠍ᠯᠠᠷᠠᠯ᠎ᠢ
ᠠᠬᠢᠭᠤᠯᠪᠠ᠃