ᠠᠷᠠᠳ ᠲᠦᠮᠡᠨ᠎ᠤ ᠦᠨᠡᠨᠴᠢ ᠳᠠᠭᠠᠭᠤᠯᠤᠬᠴᠢ
2022-01-23 02:58:03
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

— ᠬᠠᠭᠤᠴᠢᠨ ᠪᠠᠷᠭᠤ ᠬᠣᠱᠢᠭᠤᠨ᠎ᠤ ᠪᠠᠶᠠᠨᠬᠦᠷᠢᠶ᠎ᠡ ᠪᠠᠯᠭᠠᠰᠤᠨ ᠎ᠤ ᠪᠠᠶᠠᠨ ᠨᠡᠢᠭᠡᠮ ᠲᠣᠭᠣᠷᠢᠭ᠎ᠤᠨ ᠨᠠᠮ ᠎ᠤᠨ ᠬᠣᠷᠢᠢ᠎ᠠ  ᠵᠢ ᠲᠡᠮᠳᠡᠭᠯᠡᠪᠡ

ᠨᠠᠮᠤᠷ ᠎ᠤᠨ ᠰᠡᠭᠦᠯᠴᠢ ᠡᠪᠤᠯ᠎ᠤᠨ ᠡᠬᠢᠨ᠎ᠤ ᠬᠦᠯᠦᠨ ᠪᠤᠢᠷ ᠎ᠤᠨ ᠠᠭᠤᠳᠠᠮ ᠲᠠᠯ᠎ᠠ ᠰᠢᠵᠢᠷᠲᠤᠨ ᠰᠢᠷᠭᠠᠯᠳᠤᠵᠤ᠂ ᠪᠠᠶᠠᠨ ᠳᠠᠩᠰᠤᠭ ᠤᠯᠠᠷᠢᠯ᠎ᠤᠨ ᠰᠠᠢᠬᠠᠨ ᠢ᠋ ᠬᠠᠷᠠᠭᠤᠯᠤᠨ᠎ᠠ᠃ ᠬᠠᠭᠤᠴᠢᠨ ᠪᠠᠷᠭᠤ ᠬᠣᠱᠢᠭᠤᠨ᠎ᠤ ᠪᠠᠶᠠᠨᠬᠦᠷᠢᠶ᠎ᠡ ᠪᠠᠯᠭᠠᠰᠤᠨ᠎ᠤ ᠪᠠᠶᠠᠨ ᠨᠡᠢᠭᠡᠮ ᠲᠣᠭᠣᠷᠢᠭ ᠎ᠤᠨ ᠨᠠᠮ ᠪᠣᠯᠤᠨ ᠤᠯᠠᠨ ᠲᠦᠮᠡᠨ ᠎ᠦ ᠦᠢᠯᠡᠴᠢᠯᠡᠭᠡᠨ ᠎ᠦ ᠲᠥᠪ ᠎ᠲᠦ᠍᠂ ᠠᠵᠢᠯᠲᠠᠳ ᠰᠠᠭᠤᠭᠠᠯᠢ ᠠᠷᠠᠳ ᠎ᠤᠨ ᠤᠴᠢᠷ ᠶᠠᠪᠤᠳᠠᠯ ᠎ᠢ ᠰᠢᠢᠳᠪᠦᠷᠢᠯᠡᠭᠡᠳ ᠶᠠᠭᠠᠷᠠᠯᠲᠠᠢ᠃ 《ᠦᠨᠳᠦᠰᠦᠲᠡᠨ ᠎ᠦ ᠪᠦᠯᠬᠦᠮᠳᠡᠯ ᠎ᠦᠨ ᠵᠢᠱ᠌ᠢᠢ᠎ᠡ ᠦᠵᠡᠭᠦᠯᠬᠦ᠌ ᠨᠡᠢᠭᠡᠮ ᠲᠣᠭᠣᠷᠢᠭ 》 ᠬᠡᠬᠦ ᠰᠢᠵᠢᠷ ᠠᠯᠳᠠᠨ ᠫᠠᠢᠰᠠ ᠬᠠᠷᠠᠴᠠ  ᠵᠢ ᠪᠤᠯᠢᠶᠠᠵᠤ ᠂ ᠬᠡᠳᠦᠨ ᠠᠷᠪᠠᠨ ᠴᠢᠳᠠᠮᠵᠢᠳᠦ ᠦᠷᠦᠭᠡ᠂ ᠠᠰᠠᠷ ᠎ᠤᠨ ᠭᠤᠳᠤᠮᠵᠢ ᠎ᠶ᠋ᠢᠨ ᠫᠠᠢᠰᠠ᠂ ᠡᠭᠦᠳᠡᠨ ᠫᠠᠢᠰᠠ᠂ ᠰᠠᠨᠠᠭᠤᠯᠤᠮᠵᠢ ᠎ᠶ᠋ᠢᠨ ᠦᠭᠡ ᠵᠡᠷᠭᠡ ᠨᠢᠳᠦ ᠬᠦᠷᠦᠭ᠌ᠰᠡᠨ ᠭᠠᠵᠠᠷ ᠪᠦᠬᠦᠨ᠎ᠳᠦ᠂ ᠴᠢᠨᠠᠭ᠍ᠰᠢᠯᠠᠪᠠᠯ ᠡᠯ᠎ᠡ ᠵᠦᠢᠯ ᠎ᠦᠨ ᠲᠠᠩᠰᠠ ᠡᠪᠬᠡᠮᠡᠯ ᠎ᠳᠦ ᠴᠥᠮ ᠮᠣᠩᠭᠣᠯ ᠬᠢᠲᠠᠳ ᠬᠣᠣᠰ ᠬᠡᠯᠡ ᠪᠡᠷ ᠪᠢᠴᠢᠭᠡᠰᠦᠲᠡᠢ ᠪᠠᠢᠯ᠎ᠠ ᠃

ᠪᠠᠶᠠᠨ ᠨᠡᠢᠭᠡᠮ ᠲᠣᠭᠣᠷᠢᠭ ᠪᠣᠯ ᠪᠥᠬᠥ᠌ ᠬᠣᠱᠢᠭᠤᠨ ᠳ᠋ᠠᠭᠠᠨ ᠬᠡᠪᠴᠢᠶ᠎ᠡ᠎ᠪᠡᠷ ᠬᠠᠮᠤᠭ᠎ᠤᠨ ᠶᠡᠬᠡ᠂ ᠬᠥᠮᠦᠨ ᠠᠮᠠ ᠎ᠪᠠᠷ ᠬᠠᠮᠤᠭ᠎ᠤᠨ ᠣᠯᠠᠨ ᠨᠡᠢᠭᠡᠮ ᠲᠣᠭᠣᠷᠢᠭ ᠪᠣᠯᠤᠨ᠎ᠠ᠃ ᠬᠢᠲᠠᠳ᠂ ᠮᠣᠩᠭᠣᠯ᠂ ᠡᠸᠡᠩᠬᠢ᠂ ᠣᠷᠴᠣᠨ ᠵᠡᠷᠭᠡ 11 ᠦᠨᠳᠦᠰᠦᠲᠡᠨ ᠎ᠤ᠋ 5142 ᠡᠷᠦᠬᠡ᠂ 9901 ᠰᠠᠭᠤᠭᠠᠯᠢ ᠠᠷᠠᠳ ᠵᠢᠡᠷ ᠪᠦᠷᠢᠯᠳᠦᠵᠡᠢ᠃ ᠪᠠᠶᠠᠨ ᠨᠡᠢᠭᠡᠮ ᠲᠤᠭᠤᠷᠢᠬ᠎ᠤᠨ ᠨᠠᠮ ᠎ᠤᠨ ᠬᠤᠷᠢᠶ᠎ᠠ ᠵᠢᠨ ᠲᠠᠭᠠᠭᠤᠯᠭ᠎ᠠ ᠲᠤᠤᠷ᠎ᠠ᠂ ᠡᠯ᠎ᠡ ᠦᠨᠳᠦᠰᠦᠳᠡᠨ᠎ᠤ ᠠᠷᠠᠳ ᠲᠦᠮᠡᠨ ᠡᠨᠡ ᠶᠡᠬᠡ ᠲᠤᠯᠠᠭᠠᠨ ᠪᠦᠯᠢ ᠳ᠋ᠦ ᠵᠢᠷᠭᠠᠯ ᠵᠤᠪᠠᠨᠢᠯ ᠵᠢᠡᠨ ᠬᠠᠮᠳᠤᠳᠬᠠᠨ᠂ ᠪᠠᠶᠠᠷ ᠪᠠᠶᠠᠰᠭᠤᠯᠠᠩ ᠲᠠᠢ᠂ ᠦᠭᠡᠳᠡ ᠡᠰᠡᠷᠡᠭ ᠠᠮᠢᠳᠤᠷᠠᠯ ᠵᠢᠡᠨ ᠴᠤᠬᠴᠠᠯᠠᠨ᠎ᠠ᠃

ᠠᠷᠠᠳ᠎ᠤᠨ ᠰᠡᠳᠬᠢᠯ ᠎ᠢ ᠨᠢᠬᠳᠠᠷᠠᠭᠤᠯᠵᠤ ᠂ ᠨᠠᠮ ᠎ᠤᠨ ᠪᠠᠢᠭᠤᠯᠤᠯᠲᠠ ᠵᠢ ᠠᠬᠢᠭᠤᠯᠤᠯ᠎ᠠ

ᠤᠯᠠᠨ ᠵᠢᠯ ᠎ᠤᠨ ᠲᠤᠷᠰᠢ᠂ ᠪᠠᠶᠠᠨ ᠨᠡᠢᠭᠡᠮ ᠲᠣᠭᠣᠷᠢᠭ ᠎ᠤᠨ ᠨᠠᠮ ᠎ᠤᠨ ᠬᠣᠷᠢᠢ᠎ᠠ ᠨᠢ 《ᠤᠯᠠᠨ ᠲᠦᠮᠡᠨ ᠎ᠦ ᠤᠯᠠᠨ ᠳᠡᠰ ᠳᠠᠪᠬᠤᠷᠭ᠎ᠠ ᠤᠯᠠᠨ ᠶᠠᠩᠵᠤ ᠎ᠶ᠋ᠢᠨ ᠬᠡᠷᠡᠭ᠌ᠴᠡᠭᠡ ᠱᠠᠭᠠᠷᠳᠠᠯᠭ᠎ᠠ ᠎ᠶ᠋ᠢ ᠬᠠᠩᠭᠠᠵᠤ᠂ ᠤᠯᠠᠨ ᠲᠦᠮᠡᠨ ᠎ᠦ ᠠᠮᠢᠳᠤᠷᠠᠯ ᠎ᠢ ᠨᠡᠩ ᠰᠠᠢ᠌ᠨ ᠰᠠᠢᠬᠠᠨ ᠪᠣᠯᠭᠠᠬᠤ》 ᠪᠡᠷ ᠬᠠᠷᠠᠯᠲᠠ ᠪᠡᠨ ᠪᠤᠯᠭᠠᠨ᠂ ᠤᠯᠠᠨ ᠲᠦᠮᠡᠨ ᠳ᠋ᠦ ᠦᠢᠯᠡᠴᠢᠯᠡᠬᠦ᠌ ᠱᠢᠨ᠎ᠡ ᠠᠷᠭ᠎ᠠ ᠬᠡᠯᠪᠡᠷᠢ᠎ᠶ᠋ᠢ ᠲᠠᠰᠤᠷᠠᠯᠳᠡ ᠦᠭᠡᠢ ᠰᠦᠪᠡᠭ᠌ᠴᠢᠯᠡᠨ᠂ 《ᠬᠠᠮᠤᠭ᠎ᠤᠨ ᠬᠦᠴᠦᠷᠬᠡᠭ ᠨᠠᠮ ᠎ᠤᠨ ᠡᠭᠦᠷ》᠎ᠤ᠋ᠨ ᠪᠠᠢᠭᠤᠯᠤᠯᠲᠠ᠎ᠶ᠋ᠢ ᠠᠬᠢᠭᠤᠯᠵᠦ ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ ᠵᠢᠨ ᠬᠡᠷᠡᠯ ᠰᠠᠴᠤᠷᠠᠩᠭᠤᠶ 《ᠲᠣᠭ》  ᠪᠣᠯᠤᠭ᠍ᠰᠠᠨ ᠪᠢᠯᠡ᠃

《ᠮᠠᠨ᠎ᠤ ᠨᠡᠢᠭᠡᠮ ᠲᠤᠭᠤᠷᠢᠭ ᠎ᠤᠨ ᠰᠢᠨ᠎ᠡ ᠨᠠᠮ ᠎ᠤᠨ ᠭᠡᠱᠢᠭᠦᠨ ᠡᠯᠰᠡᠬᠦ᠌ ᠪᠠᠷᠢᠮᠵᠢᠶ᠎ᠠ ᠦᠨᠳᠦᠷ᠂ ᠵᠣᠬᠢᠶᠠᠨ ᠪᠠᠢᠭᠤᠯᠤᠯᠲᠠ ᠎ᠶ᠋ᠢᠨ ᠠᠮᠢᠳᠤᠷᠠᠯ ᠎ᠤᠨ ᠲᠦᠷᠢᠮ ᠴᠢᠩᠭ᠎ᠠ᠃ ᠨᠠᠮ ᠎ᠤᠨ ᠬᠡᠰᠢᠭᠦᠳ ᠬᠤᠭᠤᠷᠤᠨᠳᠤ  ᠪᠡᠨ ᠪᠠᠢᠩᠭᠤ ᠎ᠶ᠋ᠢᠨ ᠴᠢᠨᠠᠷᠲᠠᠢ ᠰᠡᠳᠭᠢᠯ ᠎ᠦᠨ ᠦᠭᠡ᠎ᠪᠡᠨ ᠶᠠᠷᠢᠯᠴᠠᠵᠦ᠂ ᠨᠠᠮ ᠎ᠤᠨ ᠭᠡᠱᠢᠭᠦᠨ ᠎ᠢ ᠡᠷᠬᠢᠨ ᠦᠵᠡᠵᠦ᠍ ᠲᠣᠬᠣᠨᠢᠭᠤᠯᠬᠤ ᠵᠡᠷᠭᠡ ᠨᠠᠮ᠎ᠤᠨ ᠳᠣᠲᠣᠭᠠᠳᠤ᠎ᠶ᠋ᠢᠨ ᠤᠷᠮᠠᠱᠢᠭᠤᠯᠤᠨ ᠬᠠᠯᠠᠮᠵᠢᠯᠠᠬᠤ ᠠᠷᠭ᠎ᠠ ᠬᠡᠮᠵᠢᠢ᠎ᠡ᠎ᠪᠠ ᠲᠤᠬᠳᠠᠬᠰᠠᠨ ᠬᠤᠭᠤᠴᠠᠭ᠎ᠠ ᠲᠠᠢ ᠰᠡᠷᠡᠮᠵᠢᠯᠡᠭᠦᠯᠬᠦ᠌ ᠬᠥᠮᠦᠵᠢᠯ ᠦᠷᠨᠢᠭᠦᠯᠳᠡᠭ ᠪᠠᠢᠨ᠎ᠠ》 ᠬᠡᠵᠦ ᠪᠠᠶᠠᠨ ᠨᠡᠢᠭᠡᠮ ᠲᠣᠭᠣᠷᠢᠭ ᠎ᠤᠨ ᠨᠡᠮ ᠎ᠤᠨ ᠬᠤᠷᠢᠶ᠎ᠠ ᠵᠢᠨ ᠱᠦᠵᠢ  ᠷᠦᠩ  ᠰᠢᠶᠤᠤ  ᠵᠢᠶᠸ ᠲᠠᠨᠢᠯᠴᠠᠭᠤᠯᠤᠨ᠎ᠠ᠃

ᠨᠠᠮ ᠎ᠤᠨ ᠭᠡᠱᠢᠭᠦᠨ ᠎ᠲᠡᠶ ᠭᠠᠵᠠᠷ ᠎ᠲᠤ ᠨᠠᠮ ᠎ᠤᠨ ᠵᠣᠬᠢᠶᠠᠨ ᠪᠠᠢᠭᠤᠯᠤᠯᠲᠠ ᠪᠠᠢᠬᠤ ᠬᠡᠷᠡᠭ᠌ᠲᠡᠶ᠂ ᠤᠯᠠᠨ ᠲᠦᠮᠡᠨ ᠎ᠲᠡᠶ  ᠭᠠᠵᠠᠷ᠎ᠲᠤ ᠨᠠᠮ ᠎ᠤᠨ ᠠᠵᠢᠯ ᠪᠠᠢᠬᠤ ᠬᠡᠷᠡᠭ᠌ᠲᠡᠶ ᠃ ᠪᠠᠶᠠᠨ ᠨᠡᠢᠭᠡᠮ ᠲᠣᠭᠣᠷᠢᠭ  ᠪᠦᠬᠦ ᠬᠦᠴᠦᠨ ᠵᠢᠠᠨ ᠨᠢᠭ᠍ᠲᠠᠷᠠᠭᠤᠯᠤᠨ᠂ ᠨᠠᠮ᠎ᠤᠨ ᠪᠠᠢᠭᠤᠯᠤᠯᠲᠠ᠎ᠶ᠋ᠢ ᠴᠢᠩᠭᠠᠳᠬᠠᠬᠤ 《ᠬᠠᠮ ᠠᠷᠭ᠎ᠠ》 ᠵᠢ ᠭᠡᠷᠡᠭᠯᠡᠵᠦ ᠂ ᠨᠠᠮ ᠎ᠤᠨ ᠵᠣᠬᠢᠶᠠᠨ ᠪᠠᠢᠭᠤᠯᠬᠤ ᠬᠦᠴᠦᠨ᠂ ᠤᠯᠤᠰ ᠲᠥᠷᠥ ᠶ᠋ᠢᠨ ᠴᠢᠳᠠᠮᠵᠢ᠂ ᠦᠶ᠋ᠯᠡᠴᠢᠯᠡᠭᠡᠨ ᠎ᠦ ᠴᠢᠳᠠᠪᠤᠷᠢ ᠪᠡᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠥᠯᠢᠭᠡᠷ  ᠳᠠᠭᠤᠷᠢᠶᠠᠯ ᠪᠣᠯᠬᠤ ᠪᠡᠷ ᠴᠢᠷᠮᠠᠢᠬᠰᠠᠭᠠᠷ ᠢᠷᠡᠵᠡᠢ᠃

ᠰᠤᠯᠢᠯᠴᠠᠭ᠎ᠠ ᠠᠭᠤᠰᠤᠯᠴᠠᠯ ᠎ᠢ ᠠᠬᠢᠭᠤᠯᠵᠤ ᠂ ᠪᠦᠯᠬᠦᠮᠳᠡᠯ ᠎ᠤᠨ ᠴᠡᠴᠡᠭᠡᠰ ᠎ᠢ ᠲᠡᠯᠭᠡᠷᠡᠭᠦᠯᠦᠯ᠎ᠡ

ᠪᠠᠶᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠢ᠎ᠠ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠣᠨᠴᠠᠯᠢᠭ᠎ᠲᠠᠭᠠᠨ ᠰᠠᠭᠤᠷᠢᠯᠠᠵᠤ᠂《ᠦᠨᠳᠦᠰᠦᠲᠡᠨ᠎ᠦ ᠬᠡᠷ ᠪᠦᠯᠢ》 ᠶ᠋ᠢᠨ ᠠᠵᠢᠯᠯᠠᠭᠠᠨ ᠎ᠤ ᠲᠠᠰᠤᠭ ᠢ᠋ ᠪᠠᠢᠭᠤᠯᠵᠤ᠂ ᠡᠯ᠎ᠡ ᠦᠨᠳᠦᠰᠦᠲᠡᠨ ᠎ᠦ ᠣᠯᠠᠨ ᠲᠦᠮᠡᠨ ᠎ᠳᠦ ᠨᠠᠩ ᠥᠷᠭᠡᠨ ᠳᠡᠯᠭᠡᠷ ᠰᠤᠷᠤᠯᠴᠠᠵᠤ ᠰᠣᠯᠢᠯᠴᠠᠨ ᠠᠭᠤᠰᠤᠯᠴᠠᠬᠤ ᠲᠠᠪᠴᠠᠩ ᠬᠠᠩᠭᠠᠵᠤ᠂ ᠦᠨᠳᠦᠰᠦᠲᠡᠨ᠎ᠨᠦᠭᠦᠳ ᠎ᠦᠨ ᠣᠯᠠᠨ ᠲᠦᠮᠡᠨ ᠎ᠦ ᠵᠣᠯ ᠵᠢᠷᠭᠠᠯᠲᠤ ᠲᠥᠷᠥᠭ᠌ᠳᠡᠯ ᠪᠠ ᠬᠠᠷᠢᠶᠠᠯᠠᠭ᠍ᠳᠠᠬᠤ ᠲᠥᠷᠥᠭ᠌ᠳᠡᠯ ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠨᠡᠢᠭᠡᠮ ᠲᠣᠭᠣᠷᠢᠭ᠎ᠤᠨ《ᠨᠢᠭᠡ ᠥᠷᠲᠡᠭᠡᠴᠢᠯᠡᠭᠰᠡᠨ ᠮᠠᠶᠢᠭ》 ᠎ᠤ᠋ᠨ ᠦᠶ᠋ᠯᠡᠴᠢᠯᠡᠭᠡᠨ ᠎ᠦ ᠲᠢᠩᠬᠢᠮ ᠎ᠳᠦ᠂ ᠴᠥᠭᠡᠨ ᠲᠣᠭᠠᠲᠤ ᠦᠨᠳᠦᠰᠦᠲᠡᠨ᠎ᠦ ᠦᠶ᠋ᠯᠡᠴᠢᠯᠡᠭᠡᠨ᠎ᠦ ᠴᠣᠩᠬᠣᠪᠴᠢ᠎ᠪᠠᠢᠷᠢᠯᠠᠭᠤᠯᠵᠤ᠂ ᠨᠡᠢᠭᠡᠮ ᠲᠣᠭᠣᠷᠢᠭ ᠎ᠤᠨ ᠠᠵᠢᠯᠲᠠᠳ ᠤᠷᠤᠰᠤᠮ᠎ᠠ ᠰᠠᠢᠬᠠᠨ ᠮᠣᠩᠭᠣᠯ ᠬᠡᠯᠡ᠂ ᠳᠠᠭᠤᠷ ᠬᠡᠯᠡ ᠵᠡᠷᠭᠡ ᠦᠨᠳᠦᠰᠦᠲᠡᠨ ᠎ᠦ ᠬᠡᠯᠡ ᠎ᠪᠡᠷ ᠨᠡᠢᠭᠡᠮ ᠲᠣᠭᠣᠷᠢᠭ ᠎ᠤᠨ ᠰᠠᠭᠤᠭᠠᠯᠢ ᠠᠷᠠᠳ ᠎ᠲᠤ ᠬᠠᠮᠢᠶ᠎ᠠ ᠪᠥᠬᠥᠶ ᠲᠤᠬᠠᠢᠯᠠᠭ᠍ᠰᠠᠨ ᠠᠵᠢᠯ ᠎ᠢ ᠭᠦᠶ᠋ᠴᠡᠳᠭᠡᠵᠦ᠍᠂ ᠡᠷᠬᠡ ᠲᠡᠭ᠌ᠰᠢ᠂ ᠪᠦᠯᠬᠦᠮᠳᠡᠯ᠎ᠲᠡᠶ᠂ ᠬᠠᠷᠢᠯᠴᠠᠨ ᠬᠠᠪᠰᠤᠷᠤᠯᠴᠠᠭ᠍ᠰᠠᠨ᠂ ᠡᠶ᠎ᠡ ᠵᠣᠬᠢᠴᠠᠩᠭᠤᠢ ᠦᠨᠳᠦᠰᠦᠲᠡᠨ᠎ᠦ ᠪᠦᠯᠬᠦᠮᠳᠡᠯ᠎ᠦᠨ ᠰᠠᠢᠨ ᠰᠠᠢᠬᠠᠨ ᠤᠷᠴᠢᠨ ᠠᠬᠤᠢ ᠵᠢ ᠪᠦᠷᠢᠯᠳᠦᠭᠦᠯᠪᠠ ᠃

ᠰᠠᠭᠤᠭᠠᠯᠢ ᠠᠷᠠᠳ ᠎ᠢ ᠨᠢᠭᠡᠨ ᠪᠦᠬᠦᠯᠢ ᠴᠣᠭ᠍ᠴᠠ ᠪᠣᠯᠭᠠᠨ ᠨᠢᠭ᠍ᠲᠠᠷᠠᠭᠤᠯᠵᠤ᠂ ᠨᠠᠮ ᠎ᠤᠨ ᠪᠠᠢᠭᠤᠯᠤᠯᠲᠠ ᠎ᠶ᠋ᠢᠨ ᠠᠵᠢᠯ ᠎ᠢ ᠠᠰᠠᠷ ᠪᠦᠷᠢ ᠎ᠳᠦ᠂ ᠠᠢᠯ ᠡᠷᠦᠬᠡ ᠪᠦᠷᠢ ᠎ᠳᠦ ᠨᠡᠪᠴᠢᠭᠦᠯᠵᠦ᠍᠂ ᠰᠠᠭᠤᠭᠠᠯᠢ ᠠᠷᠠᠳ ᠎ᠤᠨ ᠥᠪᠡᠷ ᠎ᠢ ᠎ᠪᠡᠨ ᠬᠠᠮᠢᠶᠠᠷᠬᠤ ᠂ ᠥᠪᠡᠷ ᠎ᠢ ᠪᠡᠨ ᠬᠥᠮᠦᠵᠢᠭᠦᠯᠬᠦ ᠶ᠋ᠢ ᠬᠦᠢᠴᠡᠳ ᠳᠠᠢᠴᠢᠯᠠᠬᠤ ᠪᠤᠯ ᠪᠠᠶᠠᠨ ᠨᠠᠢᠭᠡᠮ ᠲᠤᠭᠤᠷᠢᠬ᠎ᠤᠨ ᠨᠠᠮ᠎ᠤᠨ ᠬᠤᠷᠢᠶ᠎ᠠ ᠵᠢᠨ ᠠᠮᠵᠢᠯᠲᠠ ᠲᠠᠢ ᠠᠪᠳᠠᠯ ᠪᠤᠯᠤᠨ᠎ᠠ᠃ ᠪᠠᠶᠠᠨ ᠨᠡᠢᠭᠡᠮ ᠲᠣᠭᠣᠷᠢᠭ ᠎ᠤᠨ ᠨᠡᠮ ᠎ᠤᠨ ᠬᠤᠷᠢᠶ᠎ᠠ ᠵᠢᠨ ᠱᠦᠵᠢ ᠷᠦᠩ ᠰᠢᠶᠤᠤ ᠵᠢᠶᠸ᠄ 《2021 ᠤᠨ ᠳ᠋ᠦ᠂ ᠨᠠᠮ ᠎ᠤᠨ ᠭᠡᠱᠢᠭᠦᠨ ᠎ᠦ ᠬᠣᠱᠢᠭᠤᠴᠢ ᠠᠵᠢᠯ ᠎ᠤᠨ ᠪᠠᠢᠷᠢ ᠭᠠᠷᠭᠠᠵᠤ᠂ ᠡᠳᠦᠷ ᠲᠤᠳᠤᠮ ᠎ᠤᠨ ᠠᠮᠢᠳᠤᠷᠠᠯ ᠳᠤᠮᠳᠠ ᠨᠠᠮ ᠎ᠤᠨ ᠬᠡᠰᠢᠭᠦᠨ᠎ᠤ ᠦᠢᠯᠡᠳᠦᠯ ᠎ᠢᠶᠡᠨ ᠪᠠᠳᠠᠷᠠᠭᠤᠯᠬᠤ᠂ ᠨᠡᠢᠭᠡᠮ᠎ᠦᠨ ᠪᠠᠢᠳᠠᠯ ᠠᠷᠠᠳ ᠎ᠤᠨ ᠰᠠᠨᠠᠭ᠎ᠠ ᠎ᠶ᠋ᠢ ᠴᠠᠭ ᠲᠤᠬᠠᠢ᠎ᠳᠤᠨᠢ ᠳᠠᠮᠵᠢᠭᠤᠯᠬᠤ᠂ ᠬᠥᠷᠰᠢ ᠵᠡᠷᠭᠡᠯᠡᠳᠡᠭᠡ᠎ᠪᠡᠷ᠎ᠢᠶᠡᠨ ᠬᠠᠪᠰᠤᠷᠤᠨ ᠲᠡᠳᠬᠦᠬᠦ᠂ ᠭᠡᠷ ᠪᠦᠯᠢ᠎ᠶ᠋ᠢᠨ ᠵᠥᠷᠢᠴᠡᠯ ᠵᠢᠭᠤᠷᠠᠯᠳᠤᠭᠠᠨ ᠎ᠢ ᠡᠶᠡᠳᠡᠭᠦᠯᠬᠦ᠌ ᠎ᠵᠡᠷᠭᠡ ᠶᠠᠪᠤᠳᠠᠯ ᠎ᠢ ᠰᠠᠢᠲᠤᠷ ᠬᠢᠬᠦ᠌᠎ᠪᠡᠷ ᠳᠠᠮᠵᠢᠭᠤᠯᠤᠨ᠂ ᠰᠠᠭᠤᠭᠠᠯᠢ ᠠᠷᠠᠳ ᠎ᠤᠨ ᠬᠦᠴᠢᠷᠳᠡᠯ ᠎ᠢ ᠲᠡᠷᠡ ᠳᠠᠷᠤᠢ᠎ᠳᠤᠨᠢ ᠱᠢᠢᠳᠪᠦᠷᠢᠯᠡᠵᠦ᠍᠂ ᠬᠥᠷᠰᠢ ᠵᠡᠷᠭᠡᠯᠡᠳᠡᠭᠡ ᠎ᠶ᠋ᠢᠨ ᠡᠶ᠎ᠡ ᠵᠣᠬᠢᠴᠠᠩᠭᠤᠢ ᠪᠠ ᠰᠠᠭᠤᠭᠠᠯᠢ ᠠᠷᠠᠳ ᠎ᠤᠨ ᠲᠣᠭᠣᠷᠢᠭ ᠎ᠤᠨ ᠲᠣᠭ᠍ᠲᠠᠭᠤᠨ᠎ᠢ ᠪᠠᠳᠤᠯᠠᠵᠤ ᠪᠠᠢᠨ᠎ᠠ᠃ ᠡᠭᠦᠨ  ᠡᠴᠡ ᠭᠠᠳᠠᠨ᠎ᠠ ᠪᠠᠰᠠ ᠨᠠᠮ᠎ᠤᠨ ᠭᠡᠱᠢᠭᠦᠨ ᠎ᠢ ᠰᠠᠢ᠌ᠨ ᠳᠤᠷᠠᠴᠤᠤᠯ ᠪᠣᠯᠭᠠᠨ᠂ ᠰᠠᠢ᠌ᠨ ᠲᠤᠷᠠᠴᠤᠤᠯ ᠎ᠢ ᠨᠠᠮ᠎ᠤᠨ ᠭᠡᠱᠢᠭᠦᠨ ᠪᠣᠯᠭᠠᠨ ᠬᠦᠮᠦᠵᠢᠭᠦᠯᠵᠦ᠂ ᠤᠳᠤ ᠪᠤᠯᠬᠤ ᠳ᠋ᠦ 50 ᠭᠠᠷᠤᠢ ᠨᠠᠮ ᠎ᠤᠨ ᠭᠡᠱᠢᠭᠦᠨ ᠰᠠᠢ᠌ᠨ ᠳᠤᠷᠠᠴᠤᠤᠯ  ᠲᠠᠢ ᠪᠤᠯᠵᠠᠢ》 ᠭᠡᠯ᠎ᠡ ᠃

ᠣᠯᠠᠨ ᠲᠦᠮᠡᠨ᠎ᠳᠦ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠦᠯ᠎ᠡ

《365》ᠦᠶ᠋ᠯᠡᠴᠢᠯᠡᠭᠡᠨ ᠎ᠦ ᠵᠠᠭ᠍ᠪᠤᠷ ᠎ᠢ ᠡᠭᠦᠳᠦᠨ ᠰᠦᠪᠡᠭ᠌ᠴᠢᠯᠡᠵᠦ᠍᠂ ᠺᠠᠳ᠋ᠷᠴᠤᠳ ᠎ᠤᠨ ᠣᠢᠯᠠᠭᠠᠬᠤ᠂ ᠣᠯᠠᠨ ᠲᠦᠮᠡᠨ ᠎ᠦ ᠲᠤᠰᠭᠠᠬᠤ ᠂ ᠮᠡᠳᠡᠭᠡ ᠵᠠᠩᠭᠢ ᠎ᠶ᠋ᠢ ᠴᠤᠭ᠍ᠯᠠᠭᠤᠯᠬᠤ ᠭᠤᠷᠪᠠᠨ ᠵᠦᠶ᠋ᠯ ᠎ᠦᠨ ᠠᠷᠭ᠎ᠠ ᠵᠠᠮ ᠎ᠢᠶᠠᠷ ᠠᠷᠠᠳ᠎ᠤᠨ ᠪᠠᠢᠳᠠᠯ ᠎ᠢ ᠡᠵᠡᠮᠱᠢᠵᠦ᠂ ᠠᠷᠠᠳ ᠎ᠤᠨ ᠪᠠᠢᠳᠠᠯ ᠎ᠳᠤ ᠵᠠᠳᠠᠯᠤᠯᠲᠠ ᠬᠢᠬᠦ᠌᠂ ᠲᠠᠩᠰᠠ ᠪᠠᠢᠭᠤᠯᠬᠤ᠂ ᠴᠠᠭ ᠲᠤᠬᠠᠶ ᠎ᠳᠤᠨᠢ ᠱᠢᠶ᠋ᠳᠪᠦᠷᠢᠯᠡᠬᠦ᠌ ᠂ ᠦᠷ᠎ᠡ ᠳ᠋ᠦᠩ ᠎ᠢ ᠬᠠᠷᠢᠭᠤ ᠲᠤᠰᠭᠠᠬᠤ᠂ ᠣᠯᠠᠨ ᠲᠦᠮᠡᠨ ᠦᠨᠡᠯᠡᠨ ᠶᠠᠷᠢᠯᠴᠠᠬᠤ᠂ ᠬᠥᠳᠡᠯᠦᠩᠭᠦᠶ ᠎ᠪᠡᠷ ᠬᠢᠨᠠᠨ ᠱᠢᠯᠭᠠᠬᠤ ᠵᠡᠷᠭᠡ ᠵᠢᠷᠭᠤᠭᠠᠨ ᠠᠯᠬᠤᠮ ᠳᠠᠷᠠᠭᠠᠯᠠᠯ ᠵᠢᠡᠷ ᠰᠠᠭᠤᠭᠠᠯᠢ ᠠᠷᠠᠳ᠎ᠤᠨ ᠬᠡᠷᠡᠭ ᠶᠠᠪᠤᠳᠠᠯ ᠎ᠢ ᠰᠢᠢᠳᠪᠦᠷᠢᠯᠡᠵᠦ᠂ ᠪᠦᠯᠬᠦᠮ ᠎ᠦᠨ ᠦᠢᠯᠡᠴᠢᠯᠡᠭᠡ᠂ ᠲᠣᠭᠠᠴᠢᠯᠠᠭ᠍ᠰᠠᠨ ᠦᠢᠯᠡᠴᠢᠯᠡᠭᠡ᠂ ᠣᠷᠣᠯᠠᠨ ᠭᠦᠢᠴᠡᠳᠭᠡᠬᠦ᠌ ᠦᠢᠯᠡᠴᠢᠯᠡᠭᠡ᠂ ᠤᠷᠢᠳᠴᠢᠯᠠᠨ ᠪᠣᠯᠵᠣᠬᠤ ᠦᠢᠯᠡᠴᠢᠯᠡᠭᠡ᠂ ᠣᠷᠭᠢᠯ ᠦᠶ᠎ᠡ ᠎ᠶ᠋ᠢᠨ ᠦᠢᠯᠡᠴᠢᠯᠡᠭᠡ ᠵᠡᠷᠭᠡ ᠲᠠᠪᠤᠨ ᠵᠦᠢᠯ ᠎ᠦᠨ ᠠᠷᠭ᠎ᠠ ᠬᠡᠯᠪᠡᠷᠢ ᠎ᠪᠡᠷ ᠠᠷᠠᠳ ᠎ᠤᠨ ᠬᠡᠷᠡᠭ᠌ᠴᠡᠭᠡ ᠎ᠶ᠋ᠢ ᠬᠠᠩᠭᠠᠵᠤ᠂ ᠣᠯᠠᠨ ᠲᠦᠮᠡᠨ᠎ᠳᠦ ᠦᠢᠯᠡᠴᠢᠯᠡᠬᠦ᠌᠎ᠨᠠᠷᠢᠯᠢᠬ᠍ᠵᠢᠭᠤᠯᠤᠬᠰᠠᠨ ᠱᠢᠨ᠎ᠡ ᠵᠠᠭ᠍ᠪᠤᠷ ᠎ᠢ ᠬᠦᠴᠦᠯᠡᠨ ᠪᠤᠢ ᠪᠣᠯᠭᠠᠵᠤ᠂ ᠣᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ ᠂ ᠵᠣᠯ ᠵᠢᠷᠭᠠᠯᠳᠤ ᠲᠦᠷᠦᠭ᠌ᠳᠡᠯ ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠪᠠ᠃ ᠡᠢᠨ ᠬᠦ᠌ ᠬᠥᠮᠦᠨ ᠲᠣᠭ᠍ᠲᠠᠭᠠᠨ᠂ ᠴᠠᠭ ᠲᠣᠭ᠍ᠲᠠᠭᠠᠨ᠂ ᠠᠵᠢᠯ ᠲᠣᠭ᠍ᠲᠠᠭᠠᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠪᠣᠳᠠᠲᠤ ᠬᠦᠴᠢᠷᠳᠡᠯ ᠎ᠢ ᠴᠠᠭ ᠲᠤᠬᠠᠶ᠎ᠳᠤᠨᠢ ᠱᠢᠶ᠋ᠳᠪᠦᠷᠢᠯᠡᠵᠦ᠍᠂ ᠤᠳᠠᠰᠤ᠎ᠪᠠᠷ ᠮᠡᠳᠡᠭ᠌ᠳᠡᠬᠦ ᠂ ᠰᠦᠯᠵᠢᠶ᠎ᠡ᠎ᠪᠡᠷ ᠬᠠᠷᠢᠭᠤ ᠲᠤᠰᠭᠠᠬᠤ ᠵᠡᠷᠭᠡ ᠠᠷᠭ᠎ᠠ᠎ᠠᠪᠴᠠᠯ ᠪᠠ ᠨᠠᠮ᠎ᠤᠨ ᠭᠡᠱᠢᠭᠦᠨ ᠺᠠᠳ᠋ᠷ ᠪᠠ ᠨᠠᠮ᠎ᠤᠨ ᠬᠡᠰᠢᠭᠦᠨ ᠰᠠᠢᠨ ᠳᠤᠷᠠᠴᠤᠤᠯ᠎ᠢ ᠲᠣᠮᠢᠯᠠᠵᠤ᠂ ᠬᠦᠴᠦᠷᠬᠡᠭ ᠶᠡᠬᠡ ᠦᠶ᠋ᠯᠡᠴᠢᠯᠡᠭᠡᠨ᠎ᠦ ᠪᠦᠯᠬᠦᠮ ᠪᠠᠢᠭᠤᠯᠵᠤ᠂ ᠠᠵᠢᠯ᠎ᠳᠤ ᠪᠠᠢᠭ᠎ᠠ ᠨᠠᠮ᠎ᠤᠨ ᠭᠡᠱᠢᠭᠦᠨ᠎ᠦ ᠰᠠᠭᠤᠭ᠎ᠠ ᠭᠠᠵᠠᠷ᠎ᠲᠠᠭᠠᠨ ᠰᠠᠢᠨ ᠳᠤᠷ᠎ᠠ᠎ᠶ᠋ᠢᠨ ᠦᠶ᠋ᠯᠡᠴᠢᠯᠡᠭᠡ ᠪᠠ ᠬᠠᠢᠷ᠎ᠠ ᠬᠠᠯᠠᠮᠵᠢ ᠳᠠᠮᠵᠢᠭᠤᠯᠬᠤ ᠵᠡᠷᠭᠡ ᠠᠵᠢᠯᠯᠠᠭ᠎ᠠ᠎ᠶ᠋ᠢ ᠥᠷᠨᠢᠭᠦᠯᠬᠦ᠌᠎ᠪᠡᠷ ᠳᠠᠮᠵᠢᠭᠤᠯᠤᠨ᠂ ᠰᠠᠭᠤᠭᠠᠯᠢ ᠲᠣᠭᠣᠷᠢᠭ᠎ᠤᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠠᠳᠠᠯ ᠠᠬᠤᠶ᠎ᠶ᠋ᠢᠨ ᠬᠠᠮᠢᠶᠠᠷᠤᠯᠲᠠ ᠵᠡᠷᠭᠡ ᠣᠯᠠᠨ ᠲᠦᠮᠡᠨ᠎ᠲᠠᠢ ᠨᠢᠬᠲᠠ ᠬᠣᠯᠪᠣᠭ᠍ᠳᠠᠬᠤ ᠠᠰᠠᠭᠤᠳᠠᠯ᠎ᠢ ᠱᠢᠶ᠋ᠳᠪᠦᠷᠢᠯᠡᠵᠦ᠂ ᠵᠢᠷᠬᠢᠶ᠎ᠡ ᠂ ᠰᠢᠯᠵᠢᠶ᠎ᠡ ᠂ ᠰᠦᠯᠵᠢᠶ᠎ᠡ ᠵᠡᠷᠭᠡ ᠠᠴᠢᠶᠠᠯᠠᠪᠤᠷᠢ᠎ᠶ᠋ᠢ ᠠᠱᠢᠭ᠍ᠯᠠᠨ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠲᠤ ᠡᠯ᠎ᠡ ᠲᠥᠷᠥᠯ᠎ᠦᠨ ᠦᠶ᠋ᠯᠡᠰ ᠪᠤᠰᠬᠠᠬᠤ᠂ ᠠᠵᠢᠯ ᠣᠯᠭᠣᠬᠤ ᠮᠡᠳᠡᠭᠡ ᠵᠠᠩᠭᠢ᠎ᠶ᠋ᠢ ᠬᠠᠩᠭᠠᠨ ᠦᠭᠴᠤ᠂ ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠤᠪᠠᠨᠢᠵᠦ ᠬᠦᠰᠡᠵᠦ ᠪᠠᠢᠭ᠎ᠠ ᠶᠠᠪᠤᠳᠠᠯ᠎ᠢ ᠴᠠᠬ ᠲᠤᠬᠠᠢ ᠳ᠋ᠤᠨᠢ ᠰᠢᠢᠳᠪᠦᠷᠢᠯᠡᠬᠦ ᠰᠢᠯᠢᠳᠡᠭ ᠦᠢᠯᠡᠴᠢᠯᠡᠭᠡ ᠨᠢ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ ᠵᠢᠨ ᠤᠯᠠᠨ ᠲᠦᠮᠡᠨ ᠳ᠋ᠦ ᠦᠢᠯᠡᠴᠢᠯᠡᠬᠦ  ᠪᠦᠲᠦᠮᠵᠢᠲᠡᠢ ᠲᠤᠷᠰᠢᠴᠠ ᠰᠢᠨ᠎ᠡ ᠵᠠᠬᠪᠤᠷ ᠪᠤᠯᠤᠬᠰᠠᠨ ᠶᠤᠮ ᠃

ᠪᠠᠶᠠᠨ ᠨᠡᠢᠭᠡᠮ ᠲᠤᠭᠤᠷᠢᠬ᠎ᠤᠨ ᠪᠠᠶᠠᠨ ᠰᠠᠭᠤᠭᠠᠯᠢ ᠠᠷᠠᠳ᠎ᠤᠨ ᠲᠤᠭᠤᠷᠢᠭ᠎ᠤᠨ ᠰᠠᠭᠤᠭᠠᠯᠢ ᠠᠷᠠᠳ ᠯᠢ ᠴᠦᠨ ᠵᠢᠶᠸ᠄《ᠨᠠᠳᠠ ᠲᠠᠢ ᠠᠳᠠᠯᠢ ᠬᠡᠷᠡᠭ᠌ᠴᠡᠭᠡ᠎ᠲᠡᠶ ᠥᠨᠥᠴᠢᠨ ᠵᠡᠮᠳᠡᠭ ᠨᠠᠰᠤᠲᠠᠨ᠂ ᠬᠦᠴᠢᠷᠳᠡᠯᠲᠡᠶ ᠬᠦᠮᠦᠰ᠎ᠲᠤ ᠨᠡᠢᠭᠡᠮ ᠲᠤᠭᠤᠷᠢᠬ ᠡᠴᠡ ᠣᠷᠣᠯᠠᠨ ᠭᠦᠶ᠋ᠴᠡᠳᠭᠡᠬᠦ᠌ ᠦᠶ᠋ᠯᠡᠴᠢᠯᠡᠭᠡ ᠬᠠᠩᠭᠠᠵᠤ᠂ ᠵᠠᠷᠢᠮ ᠦᠶᠡᠰ ᠠᠵᠢᠯᠯᠠᠬᠤ ᠴᠠᠭ᠎ᠵᠢᠡᠨ ᠤᠷᠲᠤᠳᠭᠠᠵᠤ ᠤᠴᠢᠷ ᠶᠠᠪᠤᠳᠠᠯ ᠭᠦᠶ᠋ᠴᠡᠳᠭᠡᠬᠦ᠌᠎ᠳᠦ ᠲᠥᠬᠥᠮ ᠦᠵᠡᠭᠦᠯᠵᠦ ᠪᠠᠢᠨ᠎ᠠ᠃ ᠡᠭᠦᠨ ᠡᠴᠡ ᠭᠠᠳᠠᠨ᠎ᠠ ᠂ ᠪᠠᠶᠠᠷ ᠲᠤᠷᠠᠰᠬᠠᠯ᠎ᠤᠨ ᠡᠳᠦᠷ ᠰᠠᠭᠤᠭᠠᠯᠢ ᠠᠷᠠᠳ᠎ᠢ ᠵᠤᠬᠢᠶᠠᠨ ᠪᠠᠢᠭᠤᠯᠤᠨ ᠤᠷᠠᠨ ᠰᠠᠢᠬᠠᠨ᠎ᠤ ᠲᠤᠬᠯᠠᠯᠲᠠ ᠭᠠᠷᠭᠠᠬᠤ ᠪᠤᠶᠤ ᠠᠮᠢᠳᠤᠷᠠᠯ᠎ᠤᠨ ᠡᠳ᠋ ᠪᠤᠳᠠᠰ ᠬᠦᠷᠭᠡᠵᠦ ᠦᠭᠳᠡᠭ᠃ ᠪᠢᠳᠡ ᠡᠨᠡ ᠬᠦ᠌ ᠬᠠᠯᠠᠮᠵᠢ ᠵᠢᠨ ᠦᠷᠭᠦᠭᠡ ᠳ᠋ᠡᠭᠡᠨ ᠵᠢᠯ᠎ᠤᠨ ᠲᠦᠷᠪᠡᠨ ᠤᠯᠠᠷᠢᠯ ᠮᠠᠰᠢ ᠪᠠᠶᠠᠷ ᠵᠢᠷᠭᠠᠯ ᠲᠠᠢ》 ᠬᠡᠵᠦ ᠰᠡᠳᠬᠢᠯ ᠲᠤᠬᠳᠤᠯᠤᠩᠬᠠᠨ ᠶᠠᠷᠢᠨ᠎ᠠ ᠃

ᠤᠢᠯᠠᠭᠠᠬᠰᠠᠨ ᠵᠢᠡᠷ᠂ 2021 ᠤᠨ ᠳ᠋ᠦ᠂ ᠨᠡᠢᠭᠡᠮ ᠲᠣᠭᠣᠷᠢᠭ᠎ᠤᠨ ᠠᠵᠢᠯᠲᠠᠳ ᠨᠡᠢ᠌ᠳᠡ 1500 ᠭᠠᠷᠤᠶ ᠤᠳᠠᠭ᠎ᠠ ᠡᠷᠦᠭᠡ ᠳ᠋ᠦ ᠬᠦᠨᠵᠡᠭᠡᠢᠷᠡᠨ ᠠᠷᠠᠳ᠎ᠤᠨ ᠰᠠᠨᠠᠭ᠎ᠠ᠎ᠶ᠋ᠢ ᠣᠢᠯᠠᠭᠠᠵᠤ᠂ ᠮᠡᠳᠡᠭᠡ ᠵᠠᠩᠭᠢ᠎ᠴᠤᠬᠯᠠᠭᠤᠯᠬᠤ ᠬᠡᠯᠪᠡᠷᠢ ᠪᠡᠷ ᠠᠷᠠᠳ᠎ᠤᠨ ᠰᠠᠨᠠᠭ᠎ᠠ᠎ᠶ᠋ᠢ 840 ᠭᠠᠷᠤᠶ ᠬᠤᠪᠢ ᠴᠤᠭ᠍ᠯᠠᠭᠤᠯᠵᠤ ᠂ ᠤᠯᠠᠨ ᠲᠦᠮᠡᠨ᠎ᠤ ᠳᠤᠰᠬᠠᠬᠰᠠᠨ ᠠᠰᠠᠭᠤᠳᠠᠯ ᠢ᠋ 130 ᠭᠠᠷᠤᠶ ᠬᠤᠪᠢ ᠬᠤᠷᠢᠶᠠᠪᠠ᠃ ᠤᠯᠠᠨ ᠲᠦᠮᠡᠨ᠎ᠦ ᠲᠤᠰᠭᠠᠭ᠍ᠰᠠᠨ ᠬᠡᠷᠡᠭ᠌ᠴᠡᠭᠡ ᠪᠠ ᠰᠠᠨᠠᠯ᠎ᠢ ᠰᠠᠭᠠᠳ ᠦᠭᠡᠢ ᠱᠢᠭᠤᠳ ᠨᠡᠪᠲᠡᠷᠡᠭᠦᠯᠵᠦ᠍᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠴᠤᠭ᠍ᠯᠠᠭᠤᠯᠬᠤ ᠨᠢᠭ᠍ᠲᠠ ᠴᠢᠩᠭ᠎ᠠ ᠲᠣᠣᠷ᠎ᠢ ᠪᠦᠷᠢᠯᠳᠦᠭᠦᠯᠵᠦ᠍᠂ ᠨᠠᠮ ᠪᠠ ᠤᠯᠠᠨ ᠲᠦᠮᠡᠨ᠎ᠦ ᠰᠡᠳᠭᠢᠯ᠎ᠢ ᠬᠣᠯᠪᠣᠬᠤ ᠬᠥᠭᠥᠷᠭᠡ᠎ᠬᠤᠯᠪᠤᠭᠠᠰᠤ ᠵᠢ ᠪᠠᠢᠭᠤᠯᠵᠦ᠂ ᠨᠠᠮ ᠪᠠ ᠤᠯᠠᠨ ᠲᠦᠮᠡᠨ᠎ᠦ ᠬᠠᠷᠢᠴᠠᠭ᠎ᠠ᠂ ᠺᠠᠳ᠋ᠷ ᠪᠠ ᠤᠯᠠᠨ  ᠲᠦᠮᠡᠨ᠎ᠦ ᠬᠠᠷᠢᠴᠠᠭ᠎ᠠ᠎ᠶ᠋ᠢ ᠨᠡᠩ  ᠨᠢᠭ᠍ᠲᠠᠷᠠᠭᠤᠯᠪᠠ ᠃

ᠪᠠᠶᠠᠨ ᠨᠡᠢᠭᠡᠮ ᠲᠣᠭᠣᠷᠢᠭ᠎ᠤᠨ ᠨᠠᠮ᠎ᠤᠨ ᠬᠤᠷᠢᠶ᠎ᠠ ᠪᠠᠢᠭᠤᠯᠤᠬᠳᠠᠬᠰᠠᠨ ᠡᠴᠡ ᠪᠡᠨ ᠨᠠᠭᠠᠰᠢ᠂ ᠤᠯᠠᠨ ᠲᠦᠮᠡᠨ᠎ᠦ ᠶᠡᠬᠡ ᠶᠠᠪᠤᠳᠠᠯ ᠪᠠᠭ᠎ᠠ ᠤᠴᠢᠷ ᠶᠠᠪᠤᠳᠠᠯ᠎ᠢ ᠲᠣᠳᠣᠷᠬᠠᠢ ᠪᠥᠭᠡᠳ ᠪᠣᠳᠠᠲᠠᠢ ᠬᠢᠵᠦ᠍᠂ ᠤᠯᠠᠨ ᠲᠦᠮᠡᠨ᠎ᠦ ᠠᠩᠬᠠᠷᠴᠤ᠌ ᠪᠠᠢᠭ᠎ᠠ ᠤᠴᠢᠷ ᠶᠠᠪᠤᠳᠠᠯ᠎ᠢ ᠦᠨᠡᠨ ᠬᠦ᠌ ᠪᠠᠲᠤᠲᠠᠢ ᠬᠢᠵᠦ᠍᠂ ᠦᠨᠡᠨᠴᠢ ᠱᠢᠳᠤᠷᠭᠤ᠎ᠪᠠᠷ  ᠬᠢᠵᠦ᠍᠂ ᠠᠯᠢ ᠤᠯᠠᠨ ᠠᠵᠢᠯ᠎ᠤᠨ ᠱᠢᠨ᠎ᠡ᠎ᠶ᠋ᠢ ᠡᠭᠦᠳᠦᠨ᠂ ᠪᠣᠳᠠᠲᠤ ᠦᠷ᠎ᠡ ᠪᠦᠲᠦᠮᠵᠢ ᠤᠯᠵᠦ᠂ ᠵᠢᠯ ᠲᠠᠷᠠᠭᠠᠯᠠᠨ ᠡᠯ᠎ᠡ ᠱᠠᠲᠤᠨ᠎ᠤ ᠡᠯ᠎ᠡ ᠵᠦᠢᠯ᠎ᠤᠨ ᠢᠷᠠᠭᠤ ᠠᠯᠳᠠᠷ᠎ᠢ ᠬᠦᠷᠳᠡᠭᠰᠡᠭᠡᠷ ᠢᠷᠡᠵᠡᠢ᠃ 2016 ᠣᠨ᠎ᠳᠤ《ᠪᠥᠬᠥ᠌ ᠣᠷᠣᠨ᠎ᠤ 〈3·8〉ᠤᠯᠠᠭᠠᠨ ᠲᠤᠬᠴᠢ ᠵᠢᠨ ᠬᠠᠮᠲᠤ ᠨᠡᠢᠲᠡ》 ᠪᠡᠷ ᠰᠤᠩᠭᠤᠬᠳᠠᠨ᠂ 2017 ᠣᠨ᠎ᠳᠤ ᠥᠪᠡᠷᠲᠡᠭᠡᠨ ᠵᠠᠰᠠᠬᠤ ᠣᠷᠣᠨ᠎ᠤ ᠵᠢᠱ᠌ᠢᠢ᠎ᠡ ᠦᠵᠡᠭᠦᠯᠬᠦ᠌ ᠴᠢᠨᠠᠷᠲᠠᠢ ᠵᠠᠯᠠᠭᠤᠴᠤᠳ᠎ᠤᠨ ᠠᠢᠯ ᠵᠢᠡᠷ ᠦᠨᠡᠯᠡᠭ᠌ᠳᠡᠵᠦ᠂ 2018 ᠣᠨ᠎ᠳᠤ《ᠪᠥᠬᠥ᠌ ᠣᠷᠣᠨ᠎ᠤ 〈5·4〉 ᠎ᠤ᠋ ᠤᠯᠠᠭᠠᠨ ᠲᠣᠭᠴᠢ ᠵᠢᠨ ᠡᠪᠯᠡᠯ᠎ᠦᠨ ᠡᠭᠦᠷ》᠂ 《ᠬᠦᠯᠦᠨ ᠪᠤᠢᠷ ᠬᠤᠳᠠ ᠵᠢᠨ ᠱᠢᠯᠢᠳᠡᠭ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ》᠂ 2019 ᠣᠨ᠎ᠳᠤ ᠪᠥᠬᠥ᠌ ᠣᠷᠣᠨ᠎ᠤ ᠬᠠᠮᠤᠭ᠎ᠤᠨ ᠰᠠᠢᠬᠠᠨ ᠬᠡᠷ ᠪᠦᠯᠢ᠎ᠶ᠋ᠢᠨ ᠠᠵᠢᠯᠯᠠᠭ᠎ᠠ᠎ᠶ᠋ᠢᠨ ᠱᠢᠯᠢᠳᠡᠭ ᠨᠢᠭᠡᠴᠢ᠂2020 ᠣᠨ᠎ᠳᠤ ᠬᠥᠯᠥᠨ ᠪᠣᠢᠷ ᠬᠣᠲᠠ᠎ᠶ᠋ᠢᠨ ᠴᠡᠷᠢᠭ᠎ᠡᠴᠡ ᠬᠠᠯᠠᠭ᠍ᠳᠠᠭ᠍ᠰᠠᠳ᠎ᠤᠨ ᠠᠵᠢᠯ᠎ᠤᠨ ᠵᠢᠱ᠌ᠢᠶᠡᠴᠢ ᠨᠢᠭᠡᠴᠢ᠂ 2021 ᠣᠨ᠎ᠳᠤ ᠪᠦᠬᠦ᠌ ᠣᠷᠣᠨ᠎ᠤ《ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ》᠂ ᠥᠪᠡᠷᠲᠡᠭᠡᠨ ᠵᠠᠰᠠᠬᠤ ᠣᠷᠣᠨ᠎ᠤ ᠠᠷᠠᠳᠴᠢᠯᠠᠯ ᠬᠠᠤᠯᠢᠵᠢᠯ᠎ᠤᠨ ᠵᠢᠱ᠌ᠢᠢ᠎ᠡ ᠦᠵᠡᠭᠦᠯᠬᠦ᠌ ᠨᠡᠢᠭᠡᠮ ᠲᠣᠭᠣᠷᠢᠭ᠂ ᠬᠥᠯᠥᠨ ᠪᠤᠢ᠌ᠷ ᠬᠤᠳᠠ᠎ᠶ᠋ᠢᠨ《ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ》ᠪᠡᠷ ᠲᠤᠰ ᠲᠤᠰ ᠦᠨᠡᠯᠡᠭ᠌ᠳᠡᠭᠰᠡᠨ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号