ᠬᠦᠴᠢᠷ ᠪᠡᠷᠬᠡᠱᠢᠶᠡᠯ ᠪᠠ ᠥᠷᠢᠰᠥᠯᠳᠦᠭᠡᠨ᠎ᠢ ᠢᠯᠠᠨ ᠳᠠᠪᠠᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠰᠤᠭᠠᠢ
2022-01-23 01:36:53
ᠵᠣᠬᠢᠶᠠᠭ᠍ᠴᠢ᠄
ᠠᠷᠠᠳ᠎ᠤᠨ ᠡᠳᠦᠷ᠎ᠦᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠲᠡᠷᠢᠭᠦᠯᠡᠭ᠌ᠴᠢ ᠰᠢ ᠵᠢᠨ ᠫᠢᠩ᠎ᠦᠨ 2022 ᠣᠨ᠎ᠤ ᠳᠡᠯᠡᠬᠡᠢ᠎ᠶ᠋ᠢᠨ ᠠᠵᠤ ᠠᠬᠤᠢ᠎ᠶ᠋ᠢᠨ ᠶᠠᠷᠢᠶᠠᠨ᠎ᠤ ᠲᠠᠪᠴᠠᠩ᠎ᠤᠨ ᠸᠢᠳᠢᠣ᠋ ᠬᠤᠷᠠᠯ ᠳᠡᠭᠡᠷᠡᠬᠢ ᠶᠠᠷᠢᠶ᠎ᠠ ᠢᠯᠡᠳᠭᠡᠯ᠎ᠦᠨ ᠲᠤᠬᠠᠢ ᠥᠭᠦᠯᠡᠬᠦ᠌ ᠨᠢ

《ᠬᠡᠴᠢᠨᠡᠨ ᠰᠠᠯᠬᠢ ᠪᠣᠷᠣᠭᠠᠨ᠎ᠳᠤ ᠴᠣᠬᠢᠭ᠍ᠳᠠᠭ᠍ᠰᠠᠨ ᠴᠤ᠌᠂ ᠬᠥᠮᠦᠨ ᠲᠥᠷᠥᠯᠬᠢᠲᠡᠨ ᠢᠮᠠᠭ᠍ᠲᠠ ᠤᠷᠤᠭ᠍ᠰᠢᠯᠠᠬᠤ ᠯᠡ ᠶᠤᠰᠤᠳᠠᠢ》᠃ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠳᠦ 2022 ᠣᠨ᠎ᠤ ᠳᠡᠯᠡᠬᠡᠶ᠎ᠶ᠋ᠢᠨ ᠠᠵᠤ ᠠᠬᠤᠶ᠎ᠶ᠋ᠢᠨ ᠶᠠᠷᠢᠶᠠᠨ᠎ᠤ ᠲᠠᠪᠴᠠᠩ᠎ᠤᠨ ᠸᠢᠳᠢᠣ᠋ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠢᠯᠡᠳᠭᠡᠯ ᠬᠢᠵᠦ᠍᠂ ᠣᠳᠣᠬᠠᠨ᠎ᠤ ᠬᠥᠮᠦᠨ ᠲᠥᠷᠥᠯᠬᠢᠲᠡᠨ᠎ᠳᠦ ᠲᠤᠯᠭᠠᠷᠠᠵᠤ ᠪᠠᠢᠭ᠎ᠠ ᠬᠦᠨᠳᠦ ᠨᠣᠴᠢᠲᠠᠶ ᠥᠷᠢᠰᠥᠯᠳᠦᠭᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂《ᠬᠢᠵᠢᠭ᠎ᠤᠨ ᠪᠠᠢᠳᠠᠯ᠎ᠢ ᠬᠡᠷᠬᠢᠨ ᠢᠯᠠᠬᠤ ᠪᠣᠶ? ᠬᠢᠵᠢᠭ᠎ᠦᠨ ᠳᠠᠷᠠᠭᠠᠬᠢ ᠳᠡᠯᠡᠬᠡᠶ ᠶᠢᠷᠲᠢᠨᠴᠦ᠍᠎ᠶ᠋ᠢ ᠬᠡᠷᠬᠢᠨ ᠪᠥᠲᠥᠭᠡᠨ ᠪᠠᠢᠭᠤᠯᠬᠤ ᠪᠣᠶ? ᠡᠨᠡ ᠬᠦ᠌ ᠴᠠᠭ ᠦᠶ᠎ᠡ᠎ᠶ᠋ᠢᠨ ᠠᠰᠠᠭᠤᠯᠲᠠ ᠳ᠋ᠤ ᠰᠢᠭᠤᠳ ᠬᠠᠨᠳᠤᠵᠥ᠂ 《ᠪᠢᠳᠡ ᠲᠡᠦᠬᠡ᠎ᠶ᠋ᠢᠨ ᠤᠷᠳᠤ ᠦᠶᠡᠯᠡᠯ᠎ᠦᠨ ᠬᠤᠭᠤᠴᠠᠭ᠎ᠠ᠎ᠶ᠋ᠢ ᠬᠠᠷᠢᠴᠠᠭᠤᠯᠤᠨ ᠵᠠᠳᠠᠯᠵᠤ ᠰᠡᠳᠭᠢᠬᠦ᠎ᠳᠡᠭᠡᠨ ᠴᠢᠳᠠᠮᠠᠭᠠᠢ ᠪᠠᠢᠬᠤ ᠬᠡᠷᠡᠭ᠌ᠲᠡᠢ ᠪᠥᠭᠡᠳ ᠪᠠᠰᠠ ᠬᠡᠷᠡᠭ ᠪᠣᠳᠠᠰ᠎ᠤᠨ ᠬᠤᠪᠢᠷᠠᠯᠲᠠ᠎ᠶ᠋ᠢ ᠪᠠᠭ᠎ᠠ ᠶᠠᠪᠤᠲᠠᠯ ᠡᠴᠡ ᠶᠡᠬᠡ ᠶᠠᠪᠤᠲᠠᠯ ᠎ᠢ ᠤᠢᠯᠠᠭᠠᠬᠤ ᠎ᠳᠠᠭᠠᠨ ᠴᠢᠳᠠᠮᠠᠭᠠᠢ ᠪᠠᠢᠵᠤ᠂ ᠬᠢᠮᠤᠷᠠᠯ᠎ᠤᠨ ᠳᠤᠮᠳᠠ ᠱᠢᠨ᠎ᠡ ᠠᠵᠠ ᠲᠣᠬᠢᠶᠠᠯ᠎ᠢ ᠪᠤᠢ ᠪᠣᠯᠭᠠᠨ᠂ ᠬᠤᠪᠢᠰᠤᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠡᠭᠦᠳᠴᠦ᠍᠂ ᠬᠦᠴᠢᠷ ᠪᠡᠷᠬᠡᠱᠢᠶᠡᠯ ᠪᠠ ᠥᠷᠢᠰᠥᠯᠳᠦᠭᠡᠨ᠎ᠢ ᠢᠯᠠᠨ ᠳᠠᠪᠠᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ》ᠭᠡᠵᠥ ᠴᠢᠬᠤᠯᠠᠴᠢᠯᠠᠵᠥ᠂《ᠭᠠᠷ ᠬᠣᠯᠪᠣᠨ ᠬᠠᠮᠲᠤᠷᠠᠯᠴᠠᠵᠤ᠂ ᠬᠦᠴᠦ᠍᠎ᠪᠡᠨ ᠲᠥᠪᠯᠡᠷᠡᠭᠦᠯᠦᠨ ᠬᠢᠵᠢᠭ᠎ᠦᠨ ᠪᠠᠢᠳᠠᠯ᠎ᠢ ᠢᠯᠠᠨ ᠳᠠᠪᠠᠶ᠎ᠠ》᠂《ᠡᠯ᠎ᠡ ᠲᠦᠷᠦᠯ᠎ᠦᠨ ᠠᠶᠤᠯ ᠲᠦᠭ᠌ᠰᠢᠭᠦᠷᠢ᠎ᠶ᠋ᠢ ᠠᠷᠢᠯᠭᠠᠵᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠲᠣᠭ᠍ᠲᠠᠭᠤᠨ᠎ᠢᠶᠠᠷ ᠰᠡᠷᠭᠦᠬᠦ᠌᠎ᠶ᠋ᠢ ᠠᠬᠢᠭᠤᠯᠤᠶ᠎ᠠ》᠂《ᠬᠥᠭ᠌ᠵᠢᠯᠲᠡ᠎ᠶ᠋ᠢᠨ ᠵᠠᠭᠠᠭ᠎ᠵᠠᠪᠰᠠᠷ ᠎ᠢ  ᠳᠠᠪᠠᠵᠤ᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠦᠢᠯᠡᠰ᠎ᠢ ᠲᠠᠬᠢᠨ ᠮᠠᠨᠳᠤᠭᠤᠯᠤᠶ᠎ᠠ》᠂《ᠬᠦᠢᠳᠡᠨ ᠲᠠᠢ᠌ᠨ᠎ᠦ ᠰᠡᠳᠭᠢᠬᠦᠢ᠎ᠶ᠋ᠢ ᠲᠠᠶᠠᠭ᠍ᠳᠠᠵᠤ᠂ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠦᠶ᠎ᠠ》 ᠬᠡᠬᠦ ᠳᠦᠷᠪᠡᠨ ᠳᠠᠯ᠎ᠠ ᠵᠢᠨ ᠰᠠᠨᠠᠭᠠᠴᠢᠯᠠᠭ᠎ᠠ ᠳᠤᠷᠠᠳᠴᠤ᠂ ᠳᠡᠯᠡᠬᠡᠶ᠎ᠶ᠋ᠢᠨ ᠡᠯ᠎ᠡ ᠤᠯᠤᠰ᠎ᠤᠨ ᠪᠦᠬᠦ᠌ ᠪᠥᠮᠪᠥᠷᠴᠡᠭ᠎ᠦᠨ ᠴᠢᠨᠠᠷᠲᠠᠶ ᠥᠷᠢᠰᠥᠯᠳᠦᠭᠡᠨ᠎ᠢ ᠬᠠᠮᠲᠤ ᠪᠠᠷ ᠠᠷᠭᠠᠴᠠᠭᠠᠬᠤ᠂ ᠬᠢᠵᠢᠭ᠎ᠤᠨ ᠳᠠᠷᠠᠭᠠᠬᠢ ᠴᠠᠬ ᠦᠶ᠎ᠡ ᠵᠢᠨ ᠰᠠᠢᠨ ᠰᠠᠢᠬᠠᠨ ᠳᠡᠯᠡᠬᠡᠶ ᠶᠢᠷᠲᠢᠨᠴᠦ᠍ ᠵᠢ ᠬᠠᠮᠳᠤ ᠪᠡᠷ ᠡᠬᠦᠳᠦᠨ ᠪᠦᠳᠦᠬᠡᠬᠦ ᠳ᠋ᠤ ᠴᠢᠬᠤᠯᠠ ᠲᠠᠨᠢᠯᠲᠠ᠎ᠶ᠋ᠢᠨ ᠣᠨᠣᠯ ᠪᠠ ᠠᠷᠭ᠎ᠠ᠎ᠶ᠋ᠢᠨ ᠣᠨᠣᠯ᠎ᠢ ᠬᠠᠩᠭᠠᠪᠠ᠃

ᠪᠦᠬᠦ᠌ ᠪᠥᠮᠪᠥᠷᠴᠡᠭ᠎ᠦᠨ ᠬᠢᠵᠢᠭ᠎ᠲᠡᠶ ᠲᠡᠮᠡᠴᠡᠵᠦ᠍ ᠪᠠᠢᠭ᠎ᠠ ᠪᠠᠢᠳᠠᠯ ᠡᠴᠡ ᠦᠵᠡᠪᠡᠯ᠂  ᠬᠥᠮᠦᠨ ᠲᠥᠷᠥᠯᠬᠢᠲᠡᠨ᠎ᠦ ᠢᠷᠡᠭᠡᠳᠦᠢ ᠬᠤᠪᠢ ᠵᠠᠶᠠᠭ᠎ᠠ᠎ᠳᠤ ᠬᠣᠯᠪᠣᠭ᠍ᠳᠠᠬᠤ ᠡᠨᠡ ᠬᠦ᠌ ᠡᠷᠢᠨ ᠵᠠᠭᠤᠨ᠎ᠤ ᠬᠢᠵᠢᠭ᠎ᠦᠨ ᠪᠠᠢᠳᠠᠯ᠎ᠤᠨ ᠡᠮᠦᠨ᠎ᠡ᠂  ᠳᠡᠯᠡᠬᠡᠢ ᠨᠡᠢᠭᠡᠮ᠎ᠢᠶᠡᠷ᠎ᠢᠶᠡᠨ ᠨᠢᠭᠡ ᠤᠳᠠᠭ᠎ᠠ᠎ᠶ᠋ᠢᠨ ᠡᠷᠡᠰ ᠬᠠᠲᠠᠭᠤ ᠬᠣᠷᠢᠭ᠍ᠯᠠᠯᠲᠠ ᠶ᠋ᠢᠨ ᠳᠠᠢᠯᠠᠯᠳᠤᠭᠠᠨ ᠬᠢᠵᠡᠢ᠃ ᠬᠡᠳᠦᠢᠪᠡᠷ ᠪᠥᠬᠥ᠌ ᠪᠥᠮᠪᠥᠷᠴᠡᠭ᠎ᠦᠨ ᠬᠢᠵᠢᠭ᠎ᠲᠡᠶ ᠲᠡᠮᠡᠴᠡᠬᠦ᠌ ᠠᠵᠢᠯ ᠨᠢᠭᠡᠨᠲᠡ ᠴᠢᠬᠤᠯᠠ ᠠᠬᠢᠴᠠ᠎ᠲᠠᠶ ᠪᠣᠯᠤᠭ᠍ᠰᠠᠨ ᠪᠣᠯᠪᠠᠴᠤ᠌ ᠬᠢᠵᠢᠭ᠎ᠦᠨ ᠪᠠᠢᠳᠠᠯ ᠳᠠᠬᠢᠨ ᠳᠠᠪᠲᠠᠨ ᠦᠷᠪᠢᠰᠦᠨ ᠦᠷᠭᠦᠯᠵᠢᠯᠡᠵᠦ᠂  ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠳᠦ ᠬᠦᠨᠳᠦ ᠨᠣᠴᠢᠲᠠᠶ ᠰᠦᠷᠳᠡᠭᠦᠯᠦᠯ ᠤᠴᠠᠷᠠᠭᠤᠯᠵᠤ᠂  ᠳᠡᠯᠡᠬᠡᠶ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠳᠦ ᠭᠦᠨᠵᠡᠭᠡᠶ ᠨᠥᠯᠥᠭᠡ ᠦᠵᠡᠭᠦᠯᠪᠡ᠃ ᠢᠲᠡᠭᠡᠯ ᠵᠣᠷᠢᠭ᠎ᠢᠶᠠᠨ ᠪᠠᠲᠤᠳᠭᠠᠵᠤ᠂ ᠬᠠᠳᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠬᠤ ᠪᠣᠯ ᠬᠢᠵᠢᠭ᠎ᠤᠨ ᠪᠠᠢᠳᠠᠯ᠎ᠢ ᠢᠯᠠᠨ ᠳᠠᠪᠠᠬᠤ ᠴᠤᠷ᠎ᠤᠨ ᠭᠠᠭ᠍ᠴᠠ ᠵᠥᠪ ᠵᠠᠮ ᠮᠥᠨ᠃ ᠶᠠᠮᠠᠷᠪᠠ ᠬᠠᠷᠢᠯᠴᠠᠨ ᠬᠠᠷᠱᠢᠯᠠᠬᠤ᠂  ᠶᠠᠮᠠᠷᠪᠠ ᠤᠴᠢᠷ ᠱᠢᠯᠲᠠᠭᠠᠨ ᠦᠭᠡᠢ᠎ᠪᠡᠷ《ᠬᠠᠷᠢᠭᠤᠴᠠᠯᠭ᠎ᠠ᠎ᠪᠠᠨ ᠳᠦᠯᠬᠢᠬᠦ》ᠨᠢ ᠴᠥᠮ ᠪᠠᠢᠯᠳᠤᠭᠠᠨ᠎ᠤ ᠲᠣᠬᠢᠶᠠᠯ᠎ᠢ ᠰᠠᠭᠠᠲᠠᠭᠠᠵᠤ᠂ ᠶᠡᠬᠡ ᠲᠠᠯ᠎ᠠ᠎ᠶ᠋ᠢ ᠬᠠᠷᠱᠢᠯᠠᠬᠤ ᠪᠣᠯᠤᠨ᠎ᠠ᠃ ᠳᠡᠯᠡᠬᠡᠢ᠎ᠶ᠋ᠢᠨ ᠡᠯ᠎ᠡ ᠤᠯᠤᠰ ᠤᠯᠠᠨ ᠤᠯᠤᠰ᠎ᠤᠨ ᠬᠢᠵᠢᠭ᠎ᠲᠡᠶ ᠲᠡᠮᠡᠴᠡᠬᠦ᠌ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠡᠮ᠎ᠦᠨ ᠵᠦᠢᠯᠡᠰ᠎ᠢ ᠰᠤᠳᠤᠯᠤᠨ ᠨᠡᠭᠡᠭᠡᠬᠦ᠌ ᠬᠠᠮᠲᠤᠷᠠᠯᠴᠠᠭ᠎ᠠ᠎ᠵᠢ ᠢᠳᠡᠪᠬᠢᠲᠡᠢ ᠥᠷᠨᠢᠭᠦᠯᠵᠦ᠍᠂ ᠤᠯᠠᠨ ᠳᠠᠪᠬᠤᠷ ᠬᠢᠵᠢᠭ᠎ᠲᠡᠶ ᠲᠡᠮᠡᠴᠡᠬᠦ᠌ ᠰᠡᠷᠭᠡᠢᠯᠡᠯᠲᠡ᠎ᠶ᠋ᠢᠨ ᠱᠤᠭᠤᠮ᠎ᠢ ᠬᠠᠮᠲᠤ᠎ᠪᠠᠷ ᠴᠣᠭ᠍ᠴᠠᠯᠠᠵᠤ᠂ ᠬᠥᠮᠦᠨ ᠲᠥᠷᠥᠯᠬᠢᠲᠡᠨ᠎ᠦ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠲᠦᠷᠭᠡᠳᠭᠡᠨ ᠪᠠᠢᠭᠤᠯᠬᠤ ᠬᠡᠷᠡᠭᠲᠡᠢ᠃ ᠤᠨᠴᠠᠭᠠᠢᠯᠠᠨ ᠸᠠᠺᠼᠢᠨ ᠭᠡᠬᠦ᠌ ᠡᠨᠡ ᠬᠦ᠌ ᠬᠦᠴᠦᠲᠦ ᠵᠡᠪᠰᠡᠭ᠎ᠢ ᠰᠠᠢᠲᠤᠷ ᠬᠡᠷᠡᠭ᠌ᠯᠡᠵᠦ᠍᠂ ᠸᠠᠺᠼᠢᠨ᠎ᠢ ᠡᠷᠬᠡ ᠲᠡᠭ᠌ᠰᠢ᠎ᠪᠡᠷ ᠬᠤᠪᠢᠶᠠᠷᠢᠯᠠᠬᠤ᠎ᠶ᠋ᠢ ᠦᠨᠡᠨ ᠬᠦ᠌ ᠪᠠᠲᠤᠯᠠᠵᠤ᠂ ᠲᠠᠷᠢᠯᠭ᠎ᠠ ᠬᠢᠬᠦ᠌ ᠬᠤᠷᠳᠤᠴᠠ᠎ᠶ᠋ᠢ ᠲᠦᠷᠭᠡᠳᠭᠡᠨ ᠠᠬᠢᠭᠤᠯᠵᠤ ᠂ ᠣᠯᠠᠨ ᠤᠯᠤᠰ᠎ᠤᠨ 《ᠡᠭᠡᠯᠢᠯᠡᠭᠡ᠎ᠶ᠋ᠢᠨ ᠵᠠᠭᠠᠭ ᠵᠠᠪᠰᠠᠷ 》᠎ᠢ᠋ ᠪᠠᠭᠠᠰᠬᠠᠵᠤ ᠂ ᠠᠮᠢ ᠨᠠᠰᠤ ᠡᠷᠡᠭᠦᠯ ᠮᠡᠨᠳᠦ᠍᠎ᠶ᠋ᠢ ᠰᠠᠢᠲᠤᠷ ᠰᠠᠬᠢᠨ ᠬᠠᠮᠠᠭᠠᠯᠠᠵᠤ᠂ ᠠᠷᠠᠳ᠎ᠤᠨ ᠠᠮᠢᠳᠤᠷᠠᠯ᠎ᠢ ᠰᠠᠢᠲᠤᠷ ᠪᠠᠲᠤᠯᠠᠬᠤ ᠬᠡᠷᠡᠭ᠌ᠲᠡᠶ᠃ ᠳᠡᠷᠢᠬᠦᠯᠡᠭᠴᠢ ᠰᠢ ᠵᠢᠨ ᠫᠢᠩ᠄《ᠳᠤᠮᠳᠠᠳᠤ ᠤᠯᠤᠰ ᠬᠡᠯᠡᠬᠦ ᠠᠨᠤ ᠢᠲᠡᠭᠡᠮᠵᠢᠲᠡᠢ᠂  ᠬᠢᠬᠦ ᠠᠨᠤ ᠦᠷ᠎ᠡ ᠳ᠋ᠦᠡᠭ ᠳᠠᠢ ᠶᠤᠮ᠂  ᠨᠢᠭᠡᠨᠲᠡ 120 ᠭᠠᠷᠤᠢ ᠤᠯᠤᠰ ᠪᠠ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠳᠤ 20 ᠳ᠋ᠦᠩᠱᠢᠭᠤᠷ ᠭᠠᠷᠤᠢ ᠸᠠᠺᠼᠢᠨ ᠬᠠᠩᠭᠠᠪᠠ᠃ ᠳᠤᠮᠳᠠᠳᠤ ᠤᠯᠤᠰ ᠳᠠᠬᠢᠨᠲᠠ ᠠᠹᠷᠢᠺᠠ ᠲᠢᠪ᠎ᠦᠨ ᠤᠯᠤᠰ᠎ᠤᠳ᠎ᠲᠤ 10 ᠳ᠋ᠦᠩᠱᠢᠭᠤᠷ ᠸᠠᠺᠼᠢᠨ ᠬᠠᠩᠭᠠᠨ᠎ᠠ᠂  ᠡᠭᠦᠨ᠎ᠳᠦ 6 ᠳ᠋ᠦᠩᠱᠢᠭᠤᠷ ᠸᠠᠺᠼᠢᠨ᠎ᠨᠢ ᠦᠨ᠎ᠡ ᠲᠥᠯᠥᠪᠦᠷᠢ ᠥᠬᠡᠶ ᠲᠤᠰᠠᠯᠠᠮᠵᠢ ᠪᠣᠯᠤᠨ᠎ᠠ᠂  ᠪᠠᠰᠠ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠤᠯᠤᠰ᠎ᠤᠳ᠎ᠲᠤ 1.5 ᠳ᠋ᠦᠩᠱᠢᠭᠤᠷ ᠸᠠᠺᠼᠢᠨ᠎ᠢ ᠦᠨ᠎ᠡ ᠲᠥᠯᠥᠪᠦᠷᠢ ᠥᠬᠡᠶ᠎ᠪᠡᠷ ᠬᠠᠩᠭᠠᠨ᠎ᠠ》ᠬᠡᠵᠥ ᠴᠢᠬᠤᠯᠠᠴᠢᠯᠠᠪᠠ᠃ ᠳᠤᠮᠳᠠᠳᠤ ᠤᠯᠤᠰ ᠪᠣᠳᠠᠲᠤ ᠠᠵᠢᠯᠯᠠᠭ᠎ᠠ᠎ᠪᠠᠷ᠎ᠢᠶᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠦᠯᠢᠭᠡᠷ ᠵᠢᠱ᠌ᠢᠶ᠎ᠠ ᠎ᠶᠢ ᠱᠤᠭᠤᠬᠰᠠᠨ  ᠪᠦᠭᠡᠳ ᠪᠠᠰᠠ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠬᠤ᠎ᠪᠠᠷ ᠪᠦᠯᠬᠦᠮᠳᠡᠨ ᠬᠢᠵᠢᠭ᠎ᠲᠡᠶ ᠲᠡᠮᠡᠴᠡᠬᠦ᠌ ᠦᠯᠢᠭᠡᠷ ᠵᠢᠱ᠌ᠢᠶ᠎ᠠ᠎ᠶᠢ  ᠪᠤᠢ ᠪᠣᠯᠭᠠᠵᠤ᠂  ᠬᠢᠵᠢᠭ᠎ᠦᠨ ᠪᠠᠢᠳᠠᠯ᠎ᠤᠨ ᠲᠦᠨᠡᠷ ᠬᠠᠷᠠᠩᠭᠤᠶ ᠴᠠᠭ ᠮᠥᠴᠡ᠎ᠶ᠋ᠢ ᠲᠤᠭᠤᠯᠬᠤ ᠤᠷᠤᠭ᠍ᠰᠢᠯᠠᠯᠳᠠ ᠵᠢᠨ ᠵᠠᠮ᠎ᠢ ᠨᠡᠭᠡᠭᠡᠪᠡ᠃

ᠳᠡᠯᠡᠬᠡᠢ᠎ᠶ᠋ᠢᠨ ᠠᠵᠤ ᠠᠬᠤᠢ᠎ᠶ᠋ᠢᠨ ᠪᠠᠢᠳᠠᠯ ᠡᠴᠡ ᠦᠵᠡᠪᠡᠯ᠂ ᠳᠡᠯᠡᠬᠡᠢ᠎ᠶ᠋ᠢᠨ ᠠᠵᠤ ᠠᠬᠤᠢ ᠶᠠᠭ ᠤᠷᠤᠭᠤᠳᠠᠯ ᠡᠴᠡ᠎ᠪᠠᠨ ᠭᠠᠷᠴᠤ᠌ ᠪᠠᠢᠨ᠎ᠠ᠂ ᠭᠡᠪᠡᠴᠦ᠍ ᠪᠠᠰᠠ ᠮᠠᠰᠢ ᠤᠯᠠᠨ ᠬᠢᠵᠠᠭᠠᠷᠯᠠᠬᠤ ᠬᠦᠴᠦᠨ ᠵᠦᠢᠯ᠎ᠳᠦ ᠲᠤᠯᠭᠠᠷᠠᠵᠤ ᠪᠠᠢᠨ᠎ᠠ᠃ ᠪᠦᠬᠦ᠌ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ ᠡᠮᠬᠢ ᠵᠠᠮᠪᠠᠷᠠᠭ᠎ᠠ ᠦᠭᠡᠢ ᠪᠤᠯᠵᠤ᠂  ᠪᠦᠭᠡᠮ ᠲᠠᠸᠠᠷ᠎ᠤᠨ ᠦᠨ᠎ᠡ ᠦᠷᠭᠦᠯᠵᠢᠯᠡᠨ ᠥᠰᠴᠦ᠍᠂  ᠡᠨᠧᠷᠭᠢ᠎ᠶ᠋ᠢᠨ ᠬᠠᠩᠭᠠᠯᠭ᠎ᠠ ᠪᠠᠴᠢᠮ ᠵᠡᠷᠭᠡ ᠠᠶᠤᠯ ᠲᠦᠭ᠌ᠰᠢᠭᠦᠷᠢ ᠬᠠᠷᠢᠯᠴᠠᠨ ᠰᠣᠯᠪᠢᠴᠠᠵᠤ᠂  ᠠᠵᠤ ᠠᠬᠤᠢ᠎ᠶ᠋ᠢᠨ ᠰᠡᠷᠭᠦᠯᠲᠡ᠎ᠶ᠋ᠢᠨ ᠠᠬᠢᠴᠠ᠎ᠶ᠋ᠢᠨ ᠲᠣᠭ᠍ᠲᠠᠪᠤᠷᠢ ᠦᠭᠡᠢ ᠴᠢᠨᠠᠷ᠎ᠢ ᠬᠤᠷᠴᠠᠳᠭᠠᠪᠠ᠃ ᠪᠦᠬᠦ᠌ ᠪᠥᠮᠪᠥᠷᠴᠡᠭ ᠲᠣ᠌ ᠬᠠᠮ ᠬᠡᠯᠪᠡᠷᠢ᠎ᠶ᠋ᠢᠨ ᠵᠣᠭᠣᠰ ᠮᠠᠭᠤᠳᠠᠬᠤ ᠠᠶᠤᠯ ᠲᠦᠭ᠌ᠰᠢᠭᠦᠷᠢ ᠶᠠᠭ ᠢᠯᠡᠷᠡᠵᠦ᠍ ᠪᠠᠢᠨ᠎ᠠ᠃ ᠬᠡᠷᠪᠡ ᠭᠣᠣᠯ ᠪᠣᠯᠬᠤ ᠠᠵᠤ ᠠᠬᠤᠶ᠎ᠶ᠋ᠢᠨ ᠴᠣᠭ᠍ᠴᠠ᠎ᠶ᠋ᠢᠨ ᠵᠣᠭᠣᠰᠣᠨ᠎ᠤ ᠲᠥᠷᠥ᠎ᠶ᠋ᠢᠨ ᠪᠣᠳᠣᠯᠭ᠎ᠠ ᠨᠢ《ᠣᠭ᠍ᠵᠣᠮ ᠲᠤᠷᠮᠤᠰᠯᠠᠬᠤ》 ᠪᠤᠶᠤ 《ᠣᠭ᠍ᠵᠣᠮ ᠡᠷᠭᠢᠬᠦ᠌》᠎ᠳ᠋ᠤ ᠬᠦᠷᠪᠡᠯ᠂  ᠬᠦᠨᠳᠦ ᠨᠣᠴᠢᠲᠠᠶ ᠨᠠᠵᠠᠭᠠᠶ ᠨᠥᠯᠥᠭᠡ ᠭᠠᠷᠭᠠᠵᠤ᠂  ᠳᠡᠯᠡᠬᠡᠶ᠎ᠶ᠋ᠢᠨ ᠠᠵᠤ ᠠᠬᠤᠶ ᠪᠠ ᠮᠥᠩᠭᠥᠨ ᠭᠦᠢᠯᠭᠡᠭᠡᠨ᠎ᠦ ᠲᠣᠭ᠍ᠲᠠᠭᠤᠨ ᠪᠠᠢᠳᠠᠯ᠎ᠳᠤ ᠦᠷᠢᠰᠦᠯᠳᠦᠬᠡᠨ ᠤᠴᠠᠷᠠᠭᠤᠯᠵᠤ᠂  ᠥᠷᠭᠡᠨ ᠣᠯᠠᠨ ᠬᠥᠭ᠌ᠵᠢᠵᠦ᠍ ᠪᠠᠢᠭ᠎ᠠ ᠤᠯᠤᠰ ᠶᠠᠭᠤᠨ᠎ᠤ ᠡᠮᠦᠨ᠎ᠡ ᠳᠠᠭᠠᠷᠢᠯᠲᠠ᠎ᠳᠤ ᠤᠴᠠᠷᠠᠬᠤ ᠪᠣᠯᠤᠨ᠎ᠠ᠃ ᠪᠢᠳᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠤᠭ᠍ᠰᠠᠨ ᠨᠥᠬᠥᠴᠡᠯ ᠳᠣᠣᠷᠠᠬᠢ ᠠᠵᠤ ᠠᠬᠤᠢ᠎ᠶ᠋ᠢᠨ ᠨᠡᠮᠡᠭ᠌ᠳᠡᠯ᠎ᠦᠨ ᠱᠢᠨ᠎ᠡ ᠬᠥᠳᠡᠯᠭᠡᠬᠦ᠌ ᠡᠨᠧᠷᠭᠢ᠂  ᠨᠡᠢᠭᠡᠮ᠎ᠦᠨ ᠠᠮᠢᠳᠤᠷᠠᠯ᠎ᠤᠨ ᠱᠢᠨ᠎ᠡ ᠵᠠᠭ᠍ᠪᠤᠷ᠂  ᠬᠥᠮᠦᠰ᠎ᠦᠨ ᠶᠠᠪᠤᠯᠴᠠᠭ᠎ᠠ᠎ᠶ᠋ᠢᠨ ᠱᠢᠨ᠎ᠡ ᠠᠷᠭ᠎ᠠ ᠵᠠᠮ᠎ᠢ ᠰᠦᠪᠡᠭ᠌ᠴᠢᠯᠡᠵᠦ᠍᠂  ᠬᠢᠯᠢ ᠠᠯᠤᠰᠯᠠᠭ᠍ᠰᠠᠨ ᠠᠷᠠᠯᠵᠢᠶᠠᠨ᠎ᠤ ᠳᠥᠭᠥᠮᠴᠢᠯᠡᠯᠲᠡ᠎ᠶ᠋ᠢ ᠠᠬᠢᠭᠤᠯᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠵᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠰᠡᠷᠭᠦᠯᠲᠡ᠎ᠶ᠋ᠢᠨ ᠠᠬᠢᠴᠠ᠎ᠶ᠋ᠢᠨ ᠯᠠᠪᠳᠠᠭᠤᠨ ᠪᠠᠲᠤᠲᠠᠢ ᠶᠠᠪᠤᠭ᠍ᠳᠠᠬᠤ᠎ᠶ᠋ᠢ ᠠᠬᠢᠭᠤᠯᠬᠤ ᠬᠡᠷᠡᠭ᠌ᠲᠡᠢ᠃ ᠭᠣᠣᠯ ᠪᠣᠯᠬᠤ ᠠᠵᠤ ᠠᠬᠤᠢ᠎ᠶ᠋ᠢᠨ ᠴᠣᠭ᠍ᠴᠠ ᠨᠢ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠤᠢ ᠪᠣᠯᠭᠠᠵᠤ᠂  ᠱᠢᠰᠲ᠋ᠧᠮ᠎ᠦᠨ ᠦᠵᠡᠯᠲᠡ᠎ᠪᠡᠨ ᠴᠢᠩᠭᠠᠳᠭᠠᠨ᠂  ᠲᠦᠷᠦ᠍᠎ᠶ᠋ᠢᠨ ᠪᠤᠳᠤᠯᠭ᠎ᠠ᠎ᠶ᠋ᠢᠨ ᠮᠡᠳᠡᠭᠡ ᠵᠠᠩᠭᠢ᠎ᠶ᠋ᠢ ᠢᠯᠡ ᠪᠣᠯᠭᠠᠬᠤ ᠪᠠ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠵᠤ᠂  ᠡᠳ᠋᠎ᠦᠨ ᠵᠠᠰᠠᠭ᠂  ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠬᠠᠷᠠᠯᠲᠠ᠂  ᠡᠷᠴᠢᠮ᠂  ᠠᠢᠵᠠᠮ᠎ᠢ ᠰᠠᠢᠲᠤᠷ ᠵᠣᠬᠢᠴᠠᠭᠤᠯᠵᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭᠳᠡᠯ᠎ᠤᠨ ᠬᠤᠷᠳᠤᠴᠠ ᠲᠠᠬᠢᠨᠳᠠ ᠤᠳᠠᠭᠠᠰᠢᠷᠠᠬᠤ᠎ᠶᠢ ᠰᠡᠷᠭᠡᠢᠯᠡᠬᠦ᠌ ᠬᠡᠷᠡᠭ᠌ᠲᠡᠢ᠃ ᠭᠣᠣᠯ ᠪᠣᠯᠬᠤ ᠬᠥᠭ᠌ᠵᠢᠭ᠌ᠰᠡᠨ ᠤᠯᠤᠰ᠎ᠤᠳ ᠬᠠᠷᠢᠭᠤᠴᠠᠯᠭᠠᠳᠤ ᠠᠵᠤ ᠠᠬᠤᠢ᠎ᠶ᠋ᠢᠨ ᠲᠦᠷᠦ᠍᠎ᠶ᠋ᠢᠨ ᠪᠤᠳᠤᠯᠭ᠎ᠠ ᠠᠪᠴᠤ᠌᠂ ᠲᠦᠷᠦ᠍᠎ᠶ᠋ᠢᠨ ᠪᠤᠳᠤᠯᠭ᠎ᠠ᠎ᠶ᠋ᠢᠨ ᠭᠠᠳᠠᠭ᠍ᠰᠢ ᠨᠥᠯᠥᠭᠡᠯᠡᠬᠦ᠌ ᠦᠢᠯᠡᠳᠦᠯ᠎ᠢ ᠰᠠᠢᠲᠤᠷ ᠡᠵᠡᠮᠳᠡᠵᠦ᠍᠂  ᠬᠥᠭ᠌ᠵᠢᠵᠦ᠍ ᠪᠠᠢᠭ᠎ᠠ ᠤᠯᠤᠰ᠎ᠲᠤ ᠬᠦᠨᠳᠦ ᠨᠣᠴᠢᠲᠠᠢ ᠲᠠᠭᠠᠷᠢᠯᠳᠠ ᠤᠴᠠᠷᠠᠭᠤᠯᠬᠤ ᠡᠴᠡ ᠵᠠᠢᠯᠠᠰᠭᠢᠬᠦ᠌ ᠬᠡᠷᠡᠭ᠌ᠲᠡᠢ᠃ ᠲᠡᠷᠢᠭᠦᠯᠡᠭ᠌ᠴᠢ ᠰᠢ ᠵᠢᠨ ᠫᠢᠩ᠎ᠦᠨ ᠶᠠᠷᠢᠶ᠎ᠠ ᠢᠯᠡᠳᠭᠡᠯ ᠨᠢ ᠳᠡᠯᠡᠬᠡᠢ᠎ᠶ᠋ᠢᠨ ᠶᠣᠰᠣ ᠵᠢᠷᠤᠮ᠎ᠤᠨ ᠠᠱᠢᠭ᠍ᠲᠠᠢ ᠪᠠᠢᠷᠢ ᠳᠡᠭᠡᠷ᠎ᠡ ᠵᠣᠭ᠍ᠰᠣᠵᠤ᠂  ᠳᠤᠮᠳᠠᠳᠤ ᠤᠯᠤᠰ᠎ᠤᠨ ᠳᠡᠯᠡᠬᠡᠢ᠎ᠶ᠋ᠢᠨ ᠬᠣᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ ᠪᠣᠯᠤᠭ᠍ᠰᠠᠨ᠎ᠤ ᠬᠤᠪᠢ᠎ᠳᠠᠬᠢ ᠬᠠᠷᠢᠭᠤᠴᠠᠯᠭ᠎ᠠ ᠡᠭᠦᠷᠭᠡᠯᠡᠯ᠎ᠢ ᠭᠦᠢᠴᠡᠳ ᠢᠯᠡᠷᠡᠭᠦᠯᠦᠭ᠌ᠰᠡᠨ ᠪᠥᠭᠡᠳ ᠪᠦᠬᠦ᠌ ᠪᠥᠮᠪᠥᠷᠴᠡᠭ᠎ᠦᠨ ᠠᠵᠤ ᠠᠬᠤᠢ᠎ᠶ᠋ᠢᠨ ᠵᠠᠰᠠᠯᠲᠠ᠎ᠶ᠋ᠢᠨ ᠱᠢᠰᠲ᠋ᠧᠮ᠎ᠦᠨ ᠥᠭᠡᠷᠡᠴᠢᠯᠡᠯᠲᠡ᠎ᠳᠦ ᠵᠥᠪ ᠴᠢᠭ᠌ᠯᠡᠯ᠎ᠢ ᠵᠢᠭᠠᠵᠤ ᠥᠭ᠌ᠴᠡᠢ᠃

ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠪᠠᠢᠳᠠᠯ ᠡᠴᠡ ᠦᠵᠡᠪᠡᠯ᠂  ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠠᠬᠢᠴᠠ ᠶᠠᠭ ᠬᠦᠨᠳᠦ ᠨᠣᠴᠢᠲᠠᠢ ᠲᠠᠭᠠᠷᠢᠯᠳᠠ᠎ᠳᠤ ᠤᠴᠠᠷᠠᠵᠤ᠂  ᠡᠮᠦᠨᠡᠲᠦ ᠤᠮᠠᠷᠠᠲᠤ᠎ᠶ᠋ᠢᠨ ᠵᠥᠷᠢᠶ᠎ᠡ᠂  ᠰᠡᠷᠭᠦᠯᠲᠡ ᠵᠢᠨ ᠢᠯᠭᠠᠷᠠᠯ᠂  ᠬᠥᠭ᠌ᠵᠢᠯᠲᠡ᠎ᠶ᠋ᠢᠨ ᠵᠥᠷᠢᠭ᠌ᠳᠡᠯ᠂  ᠮᠡᠷᠭᠡᠵᠢᠯ᠎ᠦᠨ ᠵᠠᠭᠠᠭ ᠵᠡᠷᠭᠡ ᠠᠰᠠᠭᠤᠳᠠᠯ ᠨᠡᠩ ᠲᠤᠪᠤᠢ᠌ᠮ᠎ᠠ ᠪᠤᠯᠵᠤ ᠪᠠᠢᠨ᠎ᠠ᠃ ᠬᠥᠮᠦᠨ ᠲᠥᠷᠥᠯᠬᠢᠲᠡᠨ᠎ᠦ ᠬᠥᠭ᠌ᠵᠢᠯᠲᠡ᠎ᠶ᠋ᠢᠨ ᠵᠢᠭᠠᠯᠲᠠ ᠲᠣᠭ᠎ᠠ 30 ᠵᠢᠯ᠎ᠦᠨ ᠲᠤᠷᠰᠢ ᠠᠩᠬ᠎ᠠ ᠤᠳᠠᠭ᠎ᠠ ᠪᠠᠭᠤᠷᠠᠵᠤ᠂ ᠳᠡᠯᠡᠬᠡᠢ ᠳ᠋ᠠᠬᠢᠨ ᠳ᠋ᠤ ᠱᠢᠨ᠎ᠡ᠎ᠪᠡᠷ 1 ᠳ᠋ᠦᠩᠱᠢᠭᠤᠷ ᠭᠠᠷᠤᠢ ᠶᠠᠳᠠᠭᠤ ᠬᠦᠴᠢᠷᠳᠡᠯᠲᠡᠢ ᠬᠥᠮᠦᠨ ᠠᠮᠠ ᠨᠡᠮᠡᠭᠳᠡᠵᠥ᠂  8 ᠳ᠋ᠦᠩᠱᠢᠭᠤᠷ ᠱᠢᠬᠠᠮ ᠬᠥᠮᠦᠨ ᠥᠯᠥᠰᠭᠥᠯᠡᠩ᠎ᠭᠠᠴᠢᠬ ᠠᠮᠢᠳᠤᠷᠠᠵᠤ᠂  ᠠᠮᠤ ᠪᠤᠳᠠᠭᠠᠨ᠎ᠤ ᠠᠮᠤᠷ ᠲᠦᠪᠱᠢᠨ᠂  ᠰᠤᠷᠭᠠᠨ ᠬᠥᠮᠦᠵᠢᠯ᠂  ᠠᠵᠢᠯ ᠣᠯᠭᠣᠯᠲᠠ᠂  ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠨᠡᠩ ᠤᠯᠠᠨ ᠬᠦᠴᠢᠷᠳᠡᠯ ᠲᠤᠯᠭᠠᠷᠠᠵᠤ ᠪᠠᠢᠨ᠎ᠠ᠃ ᠵᠠᠷᠢᠮ ᠬᠥᠭ᠌ᠵᠢᠵᠦ᠍ ᠪᠠᠢᠭ᠎ᠠ ᠤᠯᠤᠰ ᠬᠢᠵᠢᠭ᠎ᠡᠴᠡ ᠪᠤᠯᠵᠤ ᠲᠠᠬᠢᠨ ᠶᠠᠳᠠᠭᠤᠷᠠᠵᠤ᠂ ᠬᠢᠵᠢᠭ᠎ᠡᠴᠡ ᠪᠤᠯᠵᠤ ᠰᠠᠮᠠᠭᠤᠷᠠᠯ ᠡᠭᠦᠰᠴᠦ᠍᠂  ᠬᠥᠭ᠌ᠵᠢᠭ᠌ᠰᠡᠨ ᠤᠯᠤᠰ᠎ᠤᠨ  ᠮᠠᠰᠢ ᠤᠯᠠᠨ ᠬᠥᠮᠦᠨ ᠠᠮᠢᠳᠤᠷᠠᠯ᠎ᠤᠨ ᠬᠦᠴᠢᠷᠳᠡᠯ᠎ᠳᠦ ᠲᠤᠯᠭᠠᠷᠠᠪᠠ᠃ ᠶᠠᠮᠠᠷ ᠬᠦᠴᠢᠷᠳᠡᠯ ᠲᠤᠯᠭᠠᠷᠠᠭ᠍ᠰᠠᠨ ᠴᠤ᠌᠂  ᠪᠢᠳᠡ ᠴᠥᠮ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢ ᠠᠬᠢᠭᠤᠯᠬᠤ᠂  ᠠᠷᠠᠳ᠎ᠤᠨ ᠠᠮᠢᠳᠤᠷᠠᠯ᠎ᠢ ᠪᠠᠲᠤᠯᠠᠬᠤ᠎ᠶ᠋ᠢ ᠪᠦᠬᠦ᠌ ᠪᠥᠮᠪᠥᠷᠴᠡᠭ᠎ᠦᠨ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ ᠲᠤᠪᠤᠢ᠌ᠮ᠎ᠠ ᠪᠠᠢᠷᠢᠨ᠎ᠳᠤ ᠲᠠᠯᠪᠢᠵᠤ᠂  ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠢᠯ᠎ᠢ ᠨᠠᠢᠳᠠᠪᠤᠷᠢᠵᠢᠭᠤᠯᠵᠤ᠂  ᠤᠳᠤ᠎ᠶ᠋ᠢᠨ ᠬᠥᠭ᠌ᠵᠢᠯᠲᠡ᠎ᠶ᠋ᠢᠨ ᠬᠠᠮᠲᠤᠷᠠᠯᠴᠠᠭᠠᠨ᠎ᠤ ᠲᠣᠭ᠍ᠲᠠᠴᠠ᠎ᠶ᠋ᠢᠨ ᠬᠠᠮᠵᠢᠯᠴᠠᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠦᠨ ᠲᠡᠩᠴᠡᠭᠦᠷᠢᠲᠡᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠬᠠᠮᠲᠤ᠎ᠶ᠋ᠢᠨ ᠪᠣᠯᠪᠠᠴᠤ᠌ ᠢᠯᠭᠠᠭ᠎ᠠ᠎ᠲᠠᠶ ᠬᠠᠷᠢᠭᠤᠴᠠᠯᠭ᠎ᠠ᠎ᠶ᠋ᠢᠨ ᠵᠠᠷᠴᠢᠮ᠎ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠪᠣᠷᠣ ᠲᠥᠯᠥᠪ᠎ᠦᠨ ᠳᠣᠲᠣᠷ᠎ᠠ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠠᠬᠢᠭᠤᠯᠵᠤ᠂ 《ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠪᠣᠷᠣ ᠲᠥᠯᠥᠪ᠎ᠦᠨ ᠨᠡᠢᠲᠡ᠎ᠶ᠋ᠢᠨ ᠭᠡᠷ᠎ᠡ》 ᠎ᠶ᠋ᠢᠨ ᠬᠣᠷᠢᠨ ᠵᠢᠷᠭᠤᠳᠤᠭᠠᠷ ᠤᠳᠠᠭᠠᠨ᠎ᠤ ᠭᠡᠷᠡᠲᠦ ᠲᠠᠯ᠎ᠠ᠎ᠶ᠋ᠢᠨ ᠶᠡᠬᠡ ᠬᠤᠷᠠᠯ᠎ᠤᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ ᠬᠡᠷᠡᠭ᠌ᠲᠡᠢ᠃ ᠬᠥᠭ᠌ᠵᠢᠭ᠌ᠰᠡᠨ ᠠᠵᠤ ᠠᠬᠤᠢ᠎ᠶ᠋ᠢᠨ ᠴᠣᠭ᠍ᠴᠠ ᠨᠢ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠬᠠᠷᠢᠭᠤᠴᠠᠯᠭ᠎ᠠ᠎ᠪᠠᠨ ᠤᠷᠢᠳ᠎ᠢᠶᠠᠷ ᠭᠦᠢᠴᠡᠳᠭᠡᠵᠦ᠍᠂  ᠪᠡᠯᠡ ᠮᠥᠩᠭᠥ᠌᠂  ᠮᠡᠷᠭᠡᠵᠢᠯ᠎ᠦᠨ ᠳᠡᠮᠵᠢᠯᠭᠡ᠎ᠶ᠋ᠢᠨ ᠠᠮᠠᠯᠠᠯᠲᠠ᠎ᠪᠠᠨ ᠨᠠᠢᠳᠠᠪᠤᠷᠢᠵᠢᠭᠤᠯᠵᠤ᠂  ᠬᠥᠭ᠌ᠵᠢᠵᠦ᠍ ᠪᠠᠢᠭ᠎ᠠ ᠤᠯᠤᠰ᠎ᠤᠳ᠎ᠤᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ᠂ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠴᠢᠬᠤᠯᠠ ᠪᠦᠬᠦᠢ ᠨᠥᠬᠥᠴᠡᠯ᠎ᠢ ᠪᠦᠷᠢᠯᠳᠦᠭᠦᠯᠵᠦ᠍ ᠥᠭ᠌ᠬᠦ ᠬᠡᠷᠡᠭ᠌ᠲᠡᠢ᠃ ᠲᠡᠷᠢᠭᠦᠯᠡᠭ᠌ᠴᠢ ᠰᠢ ᠵᠢᠨ ᠫᠢᠩ᠎ᠦᠨ ᠶᠠᠷᠢᠶ᠎ᠠ ᠢᠯᠡᠳᠭᠡᠯ᠎ᠳᠦ ᠭᠦᠨ ᠵᠤᠵᠠᠭᠠᠨ ᠠᠷᠠᠳ ᠲᠦᠮᠡᠨᠴᠢ ᠬᠠᠢᠷ᠎ᠠ ᠰᠡᠳᠭᠢᠯᠭᠡ ᠠᠭᠤᠯᠤᠭ᠍ᠳᠠᠵᠤ᠂ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭ᠍ᠲᠠᠭᠠᠬᠤ ᠲᠤᠮᠤ ᠤᠯᠤᠰ᠎ᠤᠨ ᠡᠭᠦᠷᠭᠡᠯᠡᠯ᠎ᠢ ᠢᠯᠡᠷᠡᠭᠦᠯᠵᠦ᠍᠂  ᠪᠦᠬᠦ᠌ ᠳᠡᠯᠡᠬᠡᠢ᠎ᠳᠦ ᠳᠤᠮᠳᠠᠳᠤ ᠤᠯᠤᠰ ᠪᠣᠯ ᠢᠮᠠᠭ᠍ᠲᠠ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠦᠢᠯᠡᠰ᠎ᠦᠨ ᠡᠷᠡᠰ ᠪᠠᠲᠤ ᠦᠢᠯᠡᠳᠦᠯᠭᠡᠵᠢᠭᠦᠯᠦᠭ᠌ᠴᠢ ᠪᠠ ᠬᠤᠪᠢ ᠨᠡᠮᠡᠷᠢ ᠦᠵᠡᠭᠦᠯᠦᠭ᠌ᠴᠢ ᠪᠣᠯᠬᠤ᠎ᠶ᠋ᠢ ᠬᠠᠷᠠᠭᠤᠯᠪᠠ᠃

ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠪᠠᠢᠳᠠᠯ ᠡᠴᠡ ᠦᠵᠡᠪᠡᠯ᠂ ᠣᠳᠣᠬᠠᠨ᠎ᠤ ᠳᠡᠯᠡᠬᠡᠢ ᠶᠢᠷᠲᠢᠨᠴᠦ᠍ ᠲᠡᠢᠮᠦ᠍ ᠡᠩᠬᠡ ᠲᠠᠢᠪᠤᠩ ᠪᠢᠰᠢ᠂  ᠬᠣᠷᠣᠰᠤᠯ᠎ᠢ ᠲᠡᠭᠳᠡᠭᠡᠬᠦ᠂ ᠬᠡᠯᠪᠡᠢᠭᠦᠦ ᠦᠵᠡᠯ᠎ᠦᠨ ᠶᠠᠷᠢᠶ᠎ᠠ ᠬᠡᠯᠡᠯᠴᠡᠭᠡ ᠲᠠᠰᠤᠷᠠᠯᠳᠡ ᠦᠭᠡᠢ ᠭᠠᠷᠴᠤ᠌᠂ ᠡᠭᠦᠨ᠎ᠡᠴᠡ ᠪᠣᠯᠤᠭ᠍ᠰᠠᠨ ᠵᠦᠢᠯ ᠵᠦᠢᠯ᠎ᠦᠨ ᠪᠦᠰᠡᠯᠡᠯᠲᠡ᠂ ᠳᠠᠷᠤᠯᠲᠠ ᠦᠵᠡᠭᠦᠯᠬᠦ᠌ ᠴᠢᠨᠠᠭ᠍ᠰᠢᠯᠠᠪᠠᠯ ᠡᠰᠡᠷᠭᠦᠴᠡᠯᠳᠦᠬᠦ᠌ ᠨᠢ ᠳᠡᠯᠡᠬᠡᠢ᠎ᠶ᠋ᠢᠨ ᠡᠩᠬᠡ ᠲᠠᠢᠪᠤᠩ ᠠᠮᠤᠷ ᠲᠦᠪᠱᠢᠨ᠎ᠳᠦ ᠤᠯᠠᠨ ᠠᠷᠪᠢᠨ ᠬᠣᠣᠷ ᠬᠥᠨᠥᠭᠡᠯ ᠤᠴᠠᠷᠠᠭᠤᠯᠬᠤ᠎ᠡᠴᠡ ᠪᠢᠰᠢ ᠦᠴᠦᠬᠡᠨ ᠳᠡᠳᠤᠢ ᠠᠱᠢᠭ ᠦᠭᠡᠢ ᠶᠤᠮ᠃ ᠤᠯᠤᠰ᠎ᠤᠨ ᠬᠣᠭᠣᠷᠣᠨᠳᠣ ᠵᠥᠷᠢᠴᠡᠯ ᠪᠠ ᠵᠥᠷᠢᠯᠳᠦᠭᠡᠨ ᠣᠷᠣᠱᠢᠬᠤ ᠨᠢ ᠵᠠᠢᠯᠠᠰᠢ ᠦᠭᠡᠢ᠂  ᠭᠡᠪᠡᠴᠦ᠍ ᠴᠢ ᠢᠯᠠᠭ᠍ᠳᠠᠪᠠᠯ ᠪᠢ ᠢᠯᠠᠬᠤ ᠤᠭ᠍ᠳᠤ ᠡᠪᠰᠡᠬᠦ᠌ ᠦᠭᠡᠢ ᠦᠵᠡᠯᠴᠡᠭᠡᠨ ᠨᠢ ᠶᠠᠮᠠᠷ ᠴᠤ᠌ ᠲᠤᠰᠠ ᠪᠣᠯᠬᠤ ᠦᠭᠡᠢ ᠶᠤᠮ᠃ 《ᠵᠢᠵᠢᠭ ᠬᠦᠷᠢᠶ᠎ᠡ ᠥᠨᠳᠥᠷ ᠬᠡᠷᠡᠮ》᠂  《ᠵᠡᠷᠭᠡᠴᠡᠭᠡ ᠱᠢᠰᠲ᠋ᠧᠮ》 ᠎ᠢ᠋ ᠵᠣᠷᠢᠭᠤᠳᠠ ᠪᠠᠢᠭᠤᠯᠬᠤ ᠶᠠᠮᠠᠷᠪᠠ ᠠᠵᠢᠯᠯᠠᠭ᠎ᠠ᠂  ᠪᠤᠰᠤᠳ᠎ᠢ ᠭᠠᠳᠠᠭᠤᠷᠴᠢᠯᠠᠬᠤ ᠴᠢᠨᠠᠷᠲᠠᠢ《 ᠵᠢᠵᠢᠭ ᠪᠦᠯᠬᠦᠮ》᠂  《ᠵᠢᠵᠢᠭ ᠪᠦᠯᠦᠭ᠌ᠯᠡᠯ》 ᠎ᠢ᠋ ᠪᠠᠢᠭᠤᠯᠬᠤ᠂  ᠳᠡᠯᠡᠬᠡᠢ ᠶᠢᠷᠲᠢᠨᠴᠦ᠍᠎ᠶ᠋ᠢ ᠬᠠᠭᠠᠴᠠᠭᠤᠯᠬᠤ ᠶᠠᠮᠠᠷᠪᠠ ᠠᠵᠢᠯᠯᠠᠭ᠎ᠠ᠂  ᠤᠯᠤᠰ᠎ᠤᠨ ᠠᠮᠤᠷ ᠲᠦᠪᠱᠢᠨ᠎ᠦ ᠤᠬᠠᠭ᠍ᠳᠠᠬᠤᠨ᠎ᠢ ᠳᠡᠯᠬᠡᠷᠡᠬᠦᠯᠬᠦ᠂  ᠪᠤᠰᠤᠳ ᠤᠯᠤᠰ᠎ᠤᠨ ᠠᠵᠤ ᠠᠬᠤᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠥᠭ᠌ᠵᠢᠯᠲᠡ᠎ᠶ᠋ᠢ ᠬᠣᠷᠢᠭ᠍ᠯᠠᠬᠤ ᠶᠠᠮᠠᠷᠪᠠ ᠠᠵᠢᠯᠯᠠᠭ᠎ᠠ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠡᠰᠡᠷᠭᠦᠴᠡᠯᠳᠦᠯ᠎ᠢ ᠥᠳᠥᠭᠡᠬᠦ᠌᠂  ᠠᠵᠤ ᠠᠬᠤᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠰᠠᠭᠤᠳᠠᠯ᠎ᠢ ᠤᠯᠤᠰ ᠲᠦᠷᠦᠴᠢᠯᠡᠬᠦ᠌᠂  ᠵᠡᠪᠰᠡᠭ᠌ᠴᠢᠯᠡᠬᠦ᠌ ᠶᠠᠮᠠᠷᠪᠠ ᠠᠵᠢᠯᠯᠠᠭ᠎ᠠ ᠨᠢ ᠴᠥᠮ ᠳᠡᠯᠡᠬᠡᠢ ᠨᠡᠢᠲᠡ᠎ᠶ᠋ᠢᠨ ᠬᠠᠮᠲᠤ᠎ᠶ᠋ᠢᠨ ᠥᠷᠢᠰᠥᠯᠳᠦᠭᠡᠨ᠎ᠢ ᠠᠷᠭᠠᠴᠠᠭᠠᠬᠤ ᠴᠢᠷᠮᠠᠢᠯᠭ᠎ᠠ᠎ᠶ᠋ᠢ ᠬᠦᠨᠳᠦ ᠨᠣᠴᠢᠲᠠᠢ ᠰᠤᠯᠠᠷᠠᠭᠤᠯᠤᠭ᠍ᠰᠠᠨ ᠪᠠᠢᠨ᠎ᠠ᠃ ᠠᠳᠠᠯᠢ ᠪᠤᠰᠤ ᠤᠯᠤᠰ᠂  ᠠᠳᠠᠯᠢ ᠪᠤᠰᠤ ᠪᠣᠯᠪᠠᠰᠤᠨ ᠨᠢ ᠬᠠᠷᠢᠯᠴᠠᠨ ᠬᠦᠨᠳᠦᠳᠭᠡᠬᠦ᠌ ᠳᠤᠮᠳᠠ ᠬᠠᠮᠲᠤ᠎ᠪᠠᠷ ᠬᠥᠭ᠌ᠵᠢᠵᠦ᠍᠂  ᠠᠳᠠᠯᠢ ᠲᠠᠯ᠎ᠠ᠎ᠪᠠᠨ ᠨᠢᠭᠡᠳᠭᠡᠵᠦ᠍ ᠵᠥᠷᠢᠶ᠎ᠡ᠎ᠪᠡᠨ ᠦᠯᠡᠳᠡᠭᠡᠬᠦ᠌ ᠳᠤᠮᠳᠠ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠬᠡᠷᠡᠭ᠌ᠲᠡᠢ᠃ ᠤᠯᠠᠨ ᠤᠯᠤᠰ᠎ᠤᠨ ᠡᠮᠬᠢ ᠳᠢᠭ᠌ᠯᠢᠮ᠎ᠢ ᠲᠣᠭ᠍ᠲᠠᠪᠤᠷᠢᠵᠢᠭᠤᠯᠬᠤ᠂ ᠪᠦᠬᠦ᠌ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠦᠷᠳᠡᠭ᠎ᠢ ᠪᠠᠳᠠᠷᠠᠭᠤᠯᠬᠤ᠎ᠪᠠᠷ ᠴᠢᠷᠮᠠᠢᠵᠤ᠂  ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ ᠬᠡᠷᠡᠭᠳᠡᠢ᠃ ᠲᠡᠷᠢᠭᠦᠯᠡᠭ᠌ᠴᠢ ᠰᠢ ᠵᠢᠨ ᠫᠢᠩ᠎ᠦᠨ ᠶᠠᠷᠢᠶ᠎ᠠ ᠢᠯᠡᠳᠭᠡᠯ ᠨᠢ ᠲᠤᠭ ᠲᠡᠮᠳᠡᠭ ᠲᠣᠳᠣᠷᠬᠠᠢ ᠪᠠᠢᠵᠤ᠂ ᠮᠠᠰᠢ ᠤᠯᠠᠨ ᠤᠯᠤᠰ᠎ᠤᠨ《ᠱᠢᠨ᠎ᠡ ᠬᠦᠢᠳᠡᠨ ᠲᠠᠢ᠌ᠨ》 ᠢ᠋ ᠡᠰᠡᠷᠭᠦᠴᠡᠵᠦ᠍᠂ ᠳᠡᠯᠡᠬᠡᠢ ᠳ᠋ᠠᠬᠢᠨ᠎ᠢ ᠬᠠᠭᠠᠴᠠᠭᠤᠯᠬᠤ᠎ᠶ᠋ᠢ ᠡᠰᠡᠷᠭᠦᠴᠡᠬᠦ᠌ ᠬᠠᠮᠲᠤ᠎ᠶ᠋ᠢᠨ ᠰᠡᠳᠭᠢᠯ᠎ᠦᠨ ᠦᠭᠡ᠎ᠶ᠋ᠢ ᠬᠡᠯᠡᠵᠦ᠍᠂ ᠤᠯᠤᠰ᠎ᠤᠨ ᠬᠣᠭᠣᠷᠣᠨᠳᠣᠬᠢ ᠡᠶ᠎ᠡ ᠨᠠᠢᠷᠲᠠᠢ ᠪᠡᠷ ᠬᠠᠮᠲᠤ ᠣᠷᠣᠱᠢᠬᠤ ᠬᠥᠮᠦᠨ᠎ᠦ ᠶᠢᠷᠲᠢᠨᠴᠦ᠍᠎ᠶ᠋ᠢᠨ ᠵᠥᠪ ᠶᠣᠰᠣ᠎ᠶ᠋ᠢ ᠵᠢᠭᠠᠵᠤ ᠭᠠᠷᠭᠠᠪᠠ᠃

《ᠤᠯᠠᠨ᠎ᠤ ᠬᠦᠴᠦᠨ ᠳ᠋ᠤ ᠤᠪᠤᠭ᠎ᠠ ᠪᠤᠰᠤᠨ᠎ᠠ》᠃ ᠳᠡᠯᠡᠬᠡᠢ ᠳ᠋ᠠᠬᠢᠨ᠎ᠢ ᠬᠦᠷᠢᠶᠡᠯᠡᠪᠡᠯ ᠰᠠᠶᠢ ᠢᠷᠡᠭᠡᠳᠦᠢ᠎ᠶ᠋ᠢ ᠤᠭ᠍ᠲᠤᠵᠤ ᠴᠢᠳᠠᠨ᠎ᠠ; ᠭᠠᠷ ᠬᠣᠯᠪᠣᠨ ᠬᠠᠮᠲᠤ᠎ᠪᠠᠷ ᠤᠷᠤᠭ᠍ᠰᠢᠯᠠᠪᠠᠯ ᠰᠠᠶᠢ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠨ᠎ᠠ ᠭᠡᠳᠡᠭ᠎ᠢ ᠲᠡᠦᠬᠡ ᠪᠢᠳᠡᠨ᠎ᠳᠦ ᠬᠡᠯᠡᠵᠦ᠍ ᠥᠭ᠌ᠴᠡᠢ᠃ ᠳᠡᠯᠡᠬᠡᠢ᠎ᠶ᠋ᠢᠨ ᠡᠯ᠎ᠡ ᠤᠯᠤᠰ ᠭᠠᠷ ᠬᠣᠯᠪᠣᠯᠴᠠᠨ᠂ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠡᠯᠬᠡᠭ᠌ᠯᠡᠨ ᠤᠷᠤᠭ᠍ᠰᠢᠯᠠᠵᠤ᠂ ᠬᠦᠴᠢᠷ ᠪᠡᠷᠬᠡᠱᠢᠶᠡᠯ ᠪᠣᠯᠤᠨ ᠥᠷᠢᠰᠥᠯᠳᠦᠭᠡᠨ᠎ᠢ ᠢᠯᠠᠨ ᠳᠠᠪᠠᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠵᠤ᠂ ᠤᠯᠠᠨ ᠲᠠᠯᠠᠲᠤ ᠦᠵᠡᠯ᠎ᠦᠨ ᠭᠠᠯ ᠪᠠᠮᠪᠠᠷ᠎ᠢᠶᠠᠷ ᠬᠥᠮᠦᠨ ᠲᠥᠷᠥᠯᠬᠢᠲᠡᠨ᠎ᠦ ᠤᠷᠤᠭ᠍ᠰᠢᠯᠠᠯᠲᠠ᠎ᠶ᠋ᠢᠨ ᠵᠠᠮ᠎ᠢ ᠭᠡᠷᠡᠯᠲᠦᠭᠦᠯᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠲᠡᠢᠰᠢ ᠲᠠᠰᠤᠷᠠᠯᠲᠠ ᠦᠭᠡᠢ ᠤᠷᠤᠭ᠍ᠰᠢᠯᠠᠪᠠᠯ᠂ ᠬᠢᠵᠢᠭ᠎ᠦᠨ ᠳᠠᠷᠠᠭᠠᠬᠢ ᠴᠠᠭ ᠦᠶ᠎ᠡ᠎ᠶ᠋ᠢᠨ ᠰᠠᠢᠨ ᠰᠠᠢᠬᠠᠨ ᠳᠡᠯᠡᠬᠡᠢ ᠶᠢᠷᠲᠢᠨᠴᠦ᠍᠎ᠶ᠋ᠢ ᠬᠠᠮᠲᠤ᠎ᠪᠠᠷ ᠴᠣᠭ᠍ᠴᠠᠯᠠᠵᠤ ᠴᠢᠳᠠᠬᠤ ᠨᠢ ᠯᠠᠪᠳᠠᠢ!

        (ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ 19 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号