ᠪᠤᠬᠢᠷᠲᠤᠯ ᠦᠭᠡᠢ ᠵᠢ ᠡᠷᠬᠢᠮᠯᠡᠵᠦ ᠪᠠᠶᠠᠷ ᠬᠦᠷ ᠲᠠᠢ ᠰᠢᠨᠡᠯᠡᠶ᠎ᠡ
2022-01-23 02:07:37
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠤᠢᠷ᠎ᠠ ᠎ᠳᠤ ᠂ ᠬᠥᠬᠡᠬᠣᠲᠠ ᠎ᠵᠢᠨ ᠬᠢᠨ《 2022 ᠣᠨ ᠎ᠳᠤ ᠪᠥᠬᠥ᠌ ᠤᠷᠤᠨ ᠪᠦᠰᠡ ᠎ᠳᠤ ᠫᠤᠤᠵᠢᠩ ᠲᠠᠯᠪᠢᠬᠤ ᠎ᠶ᠋ᠢ ᠴᠠᠭᠠᠵᠠᠯᠠᠬᠤ ᠂ ᠲᠣᠭ᠍ᠲᠠᠭᠠᠯ ᠎ᠢ ᠵᠥᠷᠢᠴᠡᠨ ᠬᠤᠸᠠᠷ ᠫᠤᠤᠵᠢᠩ ᠪᠣᠷᠣᠯᠠᠭᠤᠯᠬᠤ ᠪᠠ ᠲᠦᠳᠡᠭ ᠭᠠᠯ ᠨᠣᠴᠣᠭᠠᠬᠤ ᠎ᠶ᠋ᠢ ᠴᠠᠭᠠᠵᠠᠯᠠᠬᠤ ᠲᠤᠬᠠᠶ ᠮᠡᠳᠡᠭ᠌ᠳᠡᠯ 》 ᠢ᠋ ᠨᠡᠢᠲᠡᠯᠡᠵᠦ᠍ ᠂ 1 ᠰᠠᠷ᠎ᠠ ᠎ᠶ᠋ᠢᠨ 14 ᠤ᠋ ᠡᠳᠦᠷ ᠎ᠡᠴᠡ 3 ᠰᠠᠷ᠎ᠠ ᠎ᠶ᠋ᠢᠨ 20 ᠤ᠋ ᠡᠳᠦᠷ ᠪᠣᠯᠲᠠᠯ᠎ᠠ ᠬᠥᠬᠡᠬᠣᠲᠠ ᠎ᠶ᠋ᠢᠨ ᠪᠥᠬᠥ᠌ ᠤᠷᠤᠨ ᠪᠦᠰᠡ ᠎ᠳᠤ ᠫᠤᠤᠵᠢᠩ ᠲᠠᠯᠪᠢᠬᠤ ᠎ᠶ᠋ᠢ ᠴᠠᠭᠠᠵᠠᠯᠠᠬᠤ ᠂ ᠲᠣᠭ᠍ᠲᠠᠭᠠᠯ ᠎ᠢ ᠵᠥᠷᠢᠴᠡᠨ ᠫᠤᠤᠵᠢᠩ ᠪᠣᠷᠣᠯᠠᠭᠤᠯᠬᠤ ᠪᠠ ᠲᠦᠳᠡᠭ ᠭᠠᠯ ᠨᠣᠴᠣᠭᠠᠬᠤ ᠎ᠶ᠋ᠢ ᠴᠠᠭᠠᠵᠠᠯᠠᠬᠤ ᠎ᠪᠠᠷ ᠲᠣᠭ᠍ᠲᠠᠪᠠ᠂ ᠡᠨᠡ ᠨᠢ ᠬᠦᠬᠡᠬᠤᠲᠠ ᠎ᠶᠢᠨ ᠬᠦᠬᠡ ᠤᠬᠲᠠᠷᠭᠤᠢ  ᠵᠢ ᠬᠠᠮᠠᠭᠠᠯᠠᠬᠤ ᠲᠠᠢᠯᠠᠯᠳᠤᠭᠠᠨ᠎ᠤ ᠨᠢᠭᠡᠨ ᠵᠦᠢᠯ ᠎ᠤᠨ ᠠᠷᠭ᠎ᠠ ᠬᠡᠮᠵᠢᠶ᠎ᠡ ᠪᠤᠯᠬᠤ ᠶᠤᠮ ᠃

ᠴᠠᠭᠠᠨ ᠰᠠᠷ᠎ᠠ ᠬᠤᠸᠠᠷ ᠫᠤᠤᠵᠢᠩ ᠲᠠᠯᠪᠢᠵᠤ ᠪᠠᠶᠠᠷ ᠨᠠᠢᠷ ᠎ᠤᠨ ᠬᠦᠷ ᠬᠦᠭᠵᠢᠶᠡᠨ ᠨᠡᠮᠡᠬᠦ ᠪᠤᠯ ᠮᠠᠨ ᠎ᠤ ᠤᠯᠤᠰ ᠎ᠤᠨ ᠤᠯᠠᠮᠵᠢᠯᠠᠯᠲᠤ ᠵᠠᠩ ᠵᠠᠨᠭᠰᠢᠯ ᠪᠤᠯᠬᠤ ᠶᠤᠮ ᠃ ᠭᠡᠪᠡᠴᠦ ᠬᠤᠸᠠᠷ ᠫᠤᠤᠵᠢᠩ ᠲᠠᠯᠪᠢᠬᠤ ᠎ᠳᠤ ᠶᠡᠬᠡ ᠬᠡᠮᠵᠢᠶᠡᠨ ᠎ᠦ ᠨᠡᠭᠦᠷᠡᠰᠦᠲᠥ᠋ᠷᠥᠭ᠌ᠴᠢ ᠎ᠶ᠋ᠢᠨ ᠳᠠᠪᠬᠤᠷ ᠢᠰᠦᠯ᠂ ᠬᠦᠬᠦᠷ ᠎ᠦᠨ ᠳᠠᠪᠬᠤᠷ ᠢᠰᠦᠯ ᠪᠣᠯᠤᠨ ᠲᠡᠮᠦᠷᠯᠢᠭ ᠎ᠦᠨ ᠪᠢᠴᠢᠯ ᠮᠥᠬᠥᠯᠢᠭ ᠎ᠢ ᠢᠯᠭᠠᠷᠠᠭᠤᠯᠵᠤ᠂ ᠠᠭᠠᠷ ᠎ᠤᠨ PM2.5 ᠎ᠶ᠋ᠢᠨ ᠠᠭᠤᠯᠤᠭ᠍ᠳᠠᠴᠠ ᠪᠠᠷᠢᠮᠵᠢᠶ᠎ᠠ  ᠡᠴᠡ ᠬᠡᠲᠦᠷᠡᠵᠦ᠍ ᠴᠢᠨᠠᠭ᠍ᠰᠢᠯᠠᠪᠠᠯ ᠪᠠᠷᠢᠮᠵᠢᠶ᠎ᠠ  ᠡᠴᠡ ᠬᠡᠳᠦᠨ ᠠᠷᠪᠠᠨ ᠳᠠᠬᠢᠨ ᠲᠠᠪᠠᠵᠤ᠂ ᠲᠠᠷᠠᠴᠢᠯᠠᠨ ᠱᠤᠤᠬᠢᠶᠠᠨ ᠎ᠤ ᠪᠣᠬᠢᠷᠲᠤᠯ ᠪᠠ ᠬᠤᠭ ᠨᠤᠪᠰᠢ ᠎ᠶᠢᠨ ᠪᠤᠬᠢᠷᠲᠤᠯ ᠡᠬᠦᠰᠭᠡᠳᠡᠭ᠃ ᠱᠢᠨᠡᠯᠡᠵᠦ ᠴᠠᠭᠠᠯᠠᠬᠤ᠎ᠵᠢᠨ ᠪᠠᠶᠠᠷᠳᠤ ᠠᠭᠤᠷ ᠠᠮᠢᠰᠭᠤᠯ ᠎ᠢ ᠦᠳᠭᠡᠷᠡᠬᠦᠯᠬᠦ ᠠᠷᠭ᠎ᠠ ᠬᠡᠮᠵᠢᠶ᠎ᠡ ᠮᠠᠰᠢ ᠣᠯᠠᠨ ᠪᠤᠢ ᠂ ᠬᠤᠸᠠᠷ ᠫᠤᠤᠵᠢᠩ ᠲᠠᠯᠪᠢᠬᠤ ᠦᠭᠡᠢ ᠎ᠴᠦ ᠭᠡᠰᠡᠨ ᠡᠭᠦᠳᠡᠨ ᠳ᠋ᠡᠭᠡᠨ ᠡᠯᠭᠦᠭᠰᠡᠨ ᠤᠯᠠᠭᠠᠨ ᠳ᠋ᠸᠨᠭᠯᠦ ᠂ ᠰᠤᠶᠤᠯ ᠤᠬᠠᠭᠠᠨ ᠰᠢᠨᠭᠭᠡᠭᠡᠭᠰᠡᠨ ᠬᠤᠤᠰ ᠤᠶᠠᠨᠭᠭ᠎ᠠ ᠂ ᠰᠢᠷᠡᠭᠡ ᠲᠦᠭᠦᠷᠡᠩ ᠦᠷᠦᠭᠰᠡᠨ ᠠᠮᠲᠠᠲᠤ ᠢᠳᠡᠭᠡᠨ᠂ ᠪᠤᠭᠤᠷᠤᠯ ᠨᠠᠰᠤᠲᠠᠢᠴᠤᠳ ᠎ᠤᠨ ᠢᠷᠦᠭᠡᠯ ᠵᠦᠨᠭᠨᠡᠯ᠂ ᠠᠯᠢᠶ᠎ᠠ ᠬᠡᠦᠬᠡᠳ ᠎ᠤᠨ ᠬᠦᠭᠡᠷᠤᠯᠳᠤᠭᠡᠨ ᠬᠦᠶᠦᠯᠳᠦᠭᠡᠨ᠂ ᠲᠦᠷᠦᠯ ᠰᠠᠳᠤᠨ ᠨᠠᠢᠵᠠ ᠨᠦᠭᠦᠳ᠎ᠤᠨ ᠬᠦᠭᠵᠢᠶᠠᠨᠳᠤ ᠵᠤᠭᠤᠭ ᠵᠡᠷᠭᠡ ᠨᠢ ᠪᠠᠶᠠᠷ ᠲᠡᠭᠡᠷ᠎ᠠ ᠪᠠᠶᠠᠷ ᠨᠠᠮᠠᠬᠦ ᠶᠤᠮ᠃ ᠲᠡᠷᠡ ᠮᠦᠷᠲᠡᠭᠡᠨ ᠤᠳᠤ ᠴᠠᠭ᠎ᠤᠨ ᠬᠥᠮᠦᠰ ᠴᠠᠭᠠᠨ ᠰᠠᠷ᠎ᠠ ᠎ᠳᠤ ᠭᠡᠷ ᠬᠤᠲᠠᠯᠠᠭᠠᠷ ᠎ᠢᠶᠡᠨ ᠨᠠᠢᠷᠠᠯᠳᠤᠬᠤ ᠪᠤᠶᠤ ᠭᠠᠳᠠᠭᠤᠷ ᠵᠢᠭᠤᠯᠴᠢᠯᠠᠬᠤ᠎ᠶᠢ ᠴᠢᠬᠤᠯᠠᠴᠢᠯᠠᠵᠤ ᠂ ᠪᠤᠬᠢᠷᠲᠤᠯ ᠦᠭᠡᠢ ᠴᠠᠭᠠᠯᠠᠬᠤ ᠤᠬᠠᠮᠰᠠᠷ ᠨᠡᠩ ᠴᠢᠨᠭᠭ᠎ᠠ ᠪᠤᠯᠵᠤ ᠢᠷᠠᠵᠠᠢ᠃ ᠡᠨᠡ ᠨᠢ ᠬᠦᠮᠤᠰ᠎ᠤᠨ ᠦᠵᠡᠯ ᠤᠬᠠᠮᠰᠠᠷ᠎ᠤᠨ ᠬᠤᠪᠢᠷᠠᠯᠲᠠ ᠪᠤᠯᠬᠤ ᠪᠦᠭᠡᠳ ᠤᠯᠠᠮᠵᠢᠯᠠᠯᠲᠤ ᠴᠠᠭᠠᠨ ᠰᠠᠷ᠎ᠠ ᠎ᠶ᠋ᠢᠨ ᠱᠢᠨ᠎ᠡ ᠠᠭᠤᠯᠭ᠎ᠠ ᠪᠠ ᠱᠢᠨ᠎ᠡ ᠠᠭᠤᠯᠤᠭ᠍ᠳᠠᠬᠤᠨ ᠪᠤᠯᠤᠭᠰᠠᠨ ᠨᠢ ᠢᠯᠡᠭᠡᠨ ᠃

ᠬᠤᠸᠠᠷ ᠫᠤᠤᠵᠢᠩ ᠎ᠢ ᠬᠠᠮᠢᠶᠠᠷᠤᠨ ᠡᠵᠡᠮᠳᠡᠬᠦ᠌ ᠠᠵᠢᠯ ᠎ᠢ ᠰᠠᠢᠲᠤᠷ ᠬᠢᠬᠦ᠌ ᠪᠣᠯ ᠠᠭᠠᠷ ᠮᠠᠨᠳᠠᠯ ᠎ᠤᠨ ᠪᠣᠬᠢᠷᠲᠤᠯ ᠎ᠢ ᠰᠡᠷᠭᠡᠢᠯᠡᠨ ᠵᠠᠰᠠᠬᠤ ᠎ᠶ᠋ᠢᠨ ᠱᠠᠭᠠᠷᠳᠠᠯᠭ᠎ᠠ ᠂ ᠮᠦᠨ ᠎ᠴᠦ ᠣᠯᠠᠨ ᠨᠡᠢᠲᠡ ᠎ᠶ᠋ᠢᠨ ᠠᠮᠤᠷ ᠲᠦᠪᠱᠢᠨ ᠎ᠢ ᠬᠠᠮᠠᠭᠠᠯᠠᠬᠤ ᠎ᠶ᠋ᠢᠨ ᠱᠠᠭᠠᠷᠳᠠᠯᠭ᠎ᠠ ᠮᠥᠨ᠃ ᠬᠤᠯᠪᠤᠬᠳᠠᠯ ᠪᠦᠬᠦᠢ ᠰᠠᠯᠠᠭ᠎ᠠ ᠮᠥᠴᠢᠷ ᠎ᠦᠨ᠎ᠬᠢᠨ  ᠬᠤᠸᠠᠷ ᠫᠤᠤᠵᠢᠩ ᠎ᠢ ᠬᠠᠮᠢᠶᠠᠷᠤᠨ ᠡᠵᠡᠮᠳᠡᠬᠦ᠌ ᠠᠵᠢᠯ ᠎ᠤᠨ ᠲᠤᠬᠠᠶ ᠲᠠᠨᠢᠯᠲᠠ ᠎ᠪᠠᠨ ᠴᠢᠨᠭᠭᠠᠳᠬᠠᠨ ᠂ ᠠᠷᠭ᠎ᠠ ᠬᠡᠮᠵᠢᠶ᠎ᠡ ᠎ᠪᠡᠨ ᠪᠣᠳᠠᠲᠠᠢᠵᠢᠭᠤᠯᠤᠨ ᠨᠠᠢᠳᠠᠪᠤᠷᠢᠵᠢᠭᠤᠯᠵᠤ ᠂ ᠤᠯᠤᠰ ᠲᠥᠷᠥ ᠎ᠶ᠋ᠢ ᠡᠷᠬᠢᠮᠯᠡᠬᠦ᠌ ᠂ ᠪᠣᠬᠢᠷᠲᠤᠯ ᠎ᠢ ᠰᠡᠷᠭᠡᠢᠯᠡᠬᠦ᠌ ᠂ ᠠᠮᠤᠷ ᠲᠦᠪᠱᠢᠨ ᠎ᠢ ᠪᠠᠲᠤᠯᠠᠬᠤ ᠂ ᠬᠥᠭ᠌ᠵᠢᠯᠲᠡ ᠎ᠶ᠋ᠢ ᠠᠬᠢᠭᠤᠯᠬᠤ ᠦᠨᠳᠦᠷᠴᠡ  ᠡᠴᠡ ᠬᠠᠮᠢᠶᠠᠷᠤᠯᠲᠠ ᠎ᠶᠢᠨ ᠠᠵᠢᠯᠯᠠᠭ᠎ᠠ ᠦᠷᠨᠢᠭᠦᠯᠵᠦ ᠂ ᠨᠠᠩ ᠥᠨᠳᠥᠷ ᠪᠠᠷᠢᠮᠵᠢᠶ᠎ᠠ ᠂ ᠨᠠᠩ ᠪᠣᠳᠠᠲᠠᠶ ᠠᠵᠢᠯ ᠎ᠤᠨ ᠰᠤᠷᠲᠠᠯ ᠎ᠢᠶᠠᠷ ᠬᠤᠸᠠᠷ ᠫᠤᠤᠵᠢᠩ ᠲᠠᠯᠪᠢᠬᠤ  ᠵᠢ ᠴᠠᠭᠠᠵᠡᠯᠠᠬᠤ ᠠᠵᠢᠯ ᠎ᠢ ᠰᠠᠢᠲᠤᠷ ᠬᠢᠬᠦ ᠴᠢᠬᠤᠯᠠᠳᠠᠢ ᠃

ᠡᠵᠡᠨ ᠬᠢᠴᠢᠶᠡᠪᠡᠯ ᠵᠠᠶᠠᠭ᠎ᠠ ᠬᠢᠴᠢᠶᠡᠨ᠎ᠡ ᠭᠡᠳᠡᠭ ᠎ᠢᠶᠡᠷ ᠂ ᠬᠦᠬᠡ ᠤᠬᠲᠠᠷᠭᠤᠢ ᠵᠢ ᠬᠠᠮᠠᠭᠠᠯᠠᠬᠤ ᠪᠤᠯ ᠮᠦᠨ ᠎ᠴᠦ ᠠᠷᠠᠳ ᠢᠷᠭᠡᠨ ᠨᠢᠭᠡᠪᠦᠷᠢ ᠎ᠶᠢᠨ ᠬᠠᠷᠢᠭᠤᠴᠠᠯᠭ᠎ᠠ ᠪᠤᠯᠬᠤ ᠶᠤᠮ ᠃ ᠪᠢᠳᠡ ᠠᠭᠠᠷ ᠮᠠᠨᠳᠠᠯ ᠎ᠢ ᠬᠠᠮᠠᠭᠠᠯᠠᠬᠤ ᠤᠬᠠᠮᠰᠠᠷ ᠎ᠢᠶᠡᠨ ᠴᠢᠨᠭᠭᠠᠳᠬᠠᠨ ᠂  ᠪᠤᠬᠢᠷᠲᠤᠯ ᠦᠭᠡᠢ ᠠᠮᠢᠳᠤᠷᠠᠯ ᠎ᠤᠨ ᠠᠷᠭ᠎ᠠ ᠬᠡᠯᠪᠡᠷᠢ  ᠵᠢ ᠪᠠᠷᠢᠮᠲᠠᠯᠠᠵᠤ ᠂ ᠬᠤᠸᠠᠷ ᠫᠤᠤᠵᠢᠩ ᠲᠠᠯᠪᠢᠬᠤ ᠎ᠶ᠋ᠢ ᠴᠠᠭᠠᠵᠠᠯᠠᠬᠤ ᠦᠢᠯᠡᠳᠦᠯᠭᠡᠵᠢᠭᠦᠯᠦᠭ᠌ᠴᠢ ᠪᠠ ᠬᠠᠮᠠᠭᠠᠯᠠᠭ᠍ᠴᠢ ᠪᠣᠯᠬᠤ ᠎ᠪᠠᠷ ᠬᠦᠴᠤᠯᠠᠵᠤ ᠂ ᠬᠦᠬᠡ ᠣᠭ᠍ᠲᠠᠷᠭᠤᠢ ᠴᠡᠪᠡᠷ ᠠᠭᠠᠷ ᠎ᠢ ᠬᠠᠮᠲᠤ ᠎ᠪᠠᠷ ᠡᠳ᠋ᠯᠡᠨ ᠂ ᠴᠠᠭᠠᠨ ᠰᠠᠷ᠎ᠠ  ᠪᠠᠨ ᠪᠠᠶᠠᠷ ᠬᠥᠷ ᠎ᠲᠡᠶ ᠥᠯᠵᠡᠶ ᠪᠡᠯᠭᠡ ᠎ᠲᠡᠶ ᠥᠩᠭᠡᠷᠡᠭᠦᠯᠦᠶ᠎ᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号