ᠮᠠᠨ᠎ᠤ ᠤᠷᠤᠨ ᠲᠠᠪᠤᠨ ᠱᠠᠲᠤᠨ᠎ᠤ ᠣᠶ᠎ᠰᠢᠭᠤᠢ ᠶ᠋ᠢᠨ ᠳᠠᠷᠤᠭ᠎ᠠ᠎ᠶ᠋ᠢᠨ ᠲᠦᠷᠢᠮ᠎ᠦᠨ ᠱᠢᠰᠲ᠋ᠧᠮ ᠎ᠢ ᠪᠠᠢᠭᠤᠯᠪᠠ
2022-01-23 02:10:59
ᠵᠣᠬᠢᠶᠠᠭ᠍ᠴᠢ᠄
ᠠᠭᠤᠯᠠ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ ᠂ 2021 ᠣᠨ᠎ᠤ 12 ᠰᠠᠷ᠎ᠠ᠎ᠶ᠋ᠢᠨ ᠰᠡᠭᠦᠯᠴᠢ ᠪᠣᠯᠲᠠᠯ᠎ᠠ ᠂ ᠮᠠᠨ᠎ᠤ ᠣᠷᠣᠨ ᠥᠪᠡᠷᠲᠡᠭᠡᠨ ᠵᠠᠰᠠᠬᠤ ᠣᠷᠣᠨ ᠂ ᠠᠢᠮᠠᠭ ᠬᠣᠲᠠ ᠂ ᠬᠣᠱᠢᠭᠤ ᠱᠢᠶᠠᠨ ᠂ ᠰᠤᠮᠤ ᠱᠢᠶᠠᠩ ᠪᠠᠯᠭᠠᠰᠤ ᠂ ᠭᠠᠴᠠᠭ᠎ᠠ ᠲᠣᠰᠭᠣᠨ ᠲᠠᠪᠤᠨ ᠱᠠᠲᠤᠨ᠎ᠤ ᠣᠶ᠎ᠰᠢᠭᠤᠢ ᠶ᠋ᠢᠨ ᠳᠠᠷᠤᠭ᠎ᠠ᠎ᠶ᠋ᠢᠨ ᠲᠦᠷᠢᠮ᠎ᠦᠨ ᠱᠢᠰᠲ᠋ᠧᠮ ᠎ᠢ ᠪᠠᠢᠭᠤᠯᠵᠤ᠂ ᠡᠯ᠎ᠡ ᠱᠠᠲᠤᠨ᠎ᠤ 29435 ᠤᠢ ᠱᠢᠭᠤᠢ᠎ᠶ᠋ᠢᠨ ᠳᠠᠷᠤᠭ᠎ᠠ ᠪᠦᠬᠦᠨ᠎ᠢᠶᠡᠷ᠎ᠢᠶᠡᠨ ᠠᠵᠢᠯ᠎ᠤᠨ ᠪᠠᠢᠷᠢ᠎ᠳᠠᠭᠠᠨ ᠭᠠᠷᠴᠤ᠌ ᠂ ᠤᠢ ᠱᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠎ᠢ ᠰᠠᠢᠳᠤᠷ ᠬᠠᠮᠠᠭᠠᠯᠠᠵᠤ ᠪᠤᠢ᠃

ᠣᠢᠯᠠᠭᠠᠭ᠍ᠰᠠᠨ᠎ᠢᠶᠠᠷ ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ᠎ᠶ᠋ᠢᠨ ᠶᠡᠷᠦᠩᠬᠡᠶ  ᠳᠠᠷᠤᠭ᠎ᠠ᠎ᠶ᠋ᠢᠨ ᠲᠤᠱᠢᠶᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠡᠭᠦᠷᠭᠡᠯᠡᠵᠦ᠍᠂ ᠣᠶ ᠰᠢᠭᠤᠢ᠎ᠶ᠋ᠢᠨ ᠳᠡᠳ᠋ ᠶᠡᠷᠦᠩᠬᠡᠶ ᠳᠠᠷᠤᠭ᠎ᠠ᠎ᠶ᠋ᠢᠨ ᠲᠤᠱᠢᠶᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠡᠭᠦᠷᠭᠡᠯᠡᠪᠡ᠃ ᠠᠢᠮᠠᠭ ᠬᠣᠲᠠ ᠂ ᠬᠣᠱᠢᠭᠤ ᠱᠢᠶᠠᠨ(ᠬᠣᠲᠠ ᠂ ᠲᠣᠭᠣᠷᠢᠭ)᠂ ᠰᠤᠮᠤ ᠱᠢᠶᠠᠩ ᠪᠠᠯᠭᠠᠰᠤ᠎ᠶ᠋ᠢᠨ ᠱᠠᠲᠤᠨ᠎ᠤ ᠣᠶ ᠱᠢᠭᠤᠶ᠎ᠶ᠋ᠢᠨ ᠳᠠᠷᠤᠭ᠎ᠠ᠎ᠶ᠋ᠢᠨ ᠲᠤᠱᠢᠶᠠᠯ᠎ᠢ ᠲᠤᠰ ᠲᠤᠰ ᠠᠳᠠᠯᠢ ᠱᠠᠲᠤᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭᠠᠲᠠᠨ ᠡᠭᠦᠷᠭᠡᠯᠡᠪᠡ᠃ ᠭᠠᠴᠠᠭ᠎ᠠ ᠲᠣᠰᠭᠣᠨ᠎ᠤ ᠱᠠᠲᠤᠨ᠎ᠤ ᠣᠶ ᠰᠢᠭᠤᠢ᠎ᠶ᠋ᠢᠨ ᠳᠠᠷᠤᠭ᠎ᠠ᠎ᠶ᠋ᠢᠨ ᠲᠤᠱᠢᠶᠠᠯ᠎ᠢ ᠭᠠᠴᠠᠭ᠎ᠠ ᠲᠣᠰᠭᠣᠨ᠎ᠤ ᠨᠠᠮ᠎ᠤᠨ ᠡᠭᠦᠷ᠎ᠦᠨ ᠱᠦᠵᠢ ᠪᠣᠯᠤᠨ ᠭᠠᠴᠠᠭ᠎ᠠ ᠲᠣᠰᠭᠣᠨ᠎ᠤ ᠠᠷᠠᠳ᠎ᠤᠨ ᠵᠥᠪᠯᠡᠯ᠎ᠦᠨ ᠡᠷᠬᠢᠯᠡᠭ᠌ᠴᠢ ᠡᠭᠦᠷᠭᠡᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ᠂ ᠦᠪᠡᠷᠳᠡᠭᠡᠨ ᠵᠠᠰᠠᠬᠤ ᠤᠷᠤᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠦᠪᠡᠷᠳᠡᠭᠡᠨ ᠵᠠᠰᠠᠬᠤ ᠤᠷᠤᠨ᠎ᠤ ᠡᠳ᠋᠎ᠦᠨ ᠵᠠᠰᠠᠭ᠎ᠤᠨ ᠲᠢᠩᠬᠢᠮ ᠵᠡᠷᠭᠡ 18 ᠰᠠᠯᠠᠭ᠎ᠠ ᠮᠥᠴᠢᠷ᠎ᠤᠨ ᠬᠢᠨ  ᠣᠶ ᠰᠢᠭᠤᠢ᠎ᠶ᠋ᠢᠨ ᠳᠠᠷᠤᠭ᠎ᠠ᠎ᠶ᠋ᠢᠨ ᠲᠦᠷᠢᠮ᠎ᠦᠨ ᠪᠦᠷᠢᠯᠳᠦᠬᠦᠨ ᠨᠢᠭᠡᠴᠢ᠎ᠶ᠋ᠢ ᠪᠦᠷᠢᠯᠳᠦᠭᠦᠯᠵᠦ᠍ ᠂ ᠥᠪᠡᠷᠲᠡᠭᠡᠨ ᠵᠠᠰᠠᠬᠤ ᠣᠷᠣᠨ᠎ᠤ ᠣᠶ᠎ᠰᠢᠭᠤᠢ ᠶ᠋ᠢᠨ ᠳᠠᠷᠤᠭ᠎ᠠ᠎ᠶ᠋ᠢᠨ ᠲᠦᠷᠢᠮ᠎ᠦᠨ ᠠᠯᠪᠠᠨ ᠬᠡᠷ᠎ᠢ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠳᠤ ᠪᠠᠢᠷᠢᠯᠠᠭᠤᠯᠪᠠ᠃ ᠣᠶ ᠱᠢᠭᠤᠶ᠎ᠶ᠋ᠢᠨ ᠳᠠᠷᠤᠭ᠎ᠠ᠎ᠶ᠋ᠢᠨ ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠦᠭ᠌ᠰᠡᠨ᠎ᠨᠢ ᠣᠷᠣᠨ ᠨᠤᠲᠤᠭ᠎ᠤᠨ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ᠣᠶ ᠱᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ᠎ᠢ ᠬᠠᠮᠠᠭᠠᠯᠠᠨ ᠬᠥᠭ᠌ᠵᠢᠭᠦᠯᠬᠦ᠌ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠪᠠ ᠭᠤᠤᠯᠯᠠᠬᠤ ᠦᠶ᠋ᠯᠡᠳᠦᠯ᠎ᠢ ᠴᠢᠩᠭᠠᠷᠠᠭᠤᠯᠵᠤ᠂ ᠣᠶ ᠱᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢ ᠣᠶ ᠱᠢᠭᠤᠶ ᠨᠤᠲᠤᠭ ᠪᠡᠯᠴᠢᠭᠡᠷ᠎ᠦᠨ ᠰᠠᠯᠠᠭ᠎ᠠ ᠮᠥᠴᠢᠷ ᠬᠠᠷᠢᠭᠤᠴᠠᠵᠤ ᠪᠠᠢᠭ᠍ᠰᠠᠨ᠎ᠠᠴᠠ ᠨᠠᠮ ᠵᠠᠰᠠᠭ᠎ᠤᠨ ᠰᠠᠯᠠᠭ᠎ᠠ ᠮᠥᠴᠢᠷ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ ᠶ᠋ᠢ ᠪᠡᠶᠡᠯᠡᠭᠦᠯᠪᠡ᠃

ᠡᠭᠦᠨ᠎ᠦ ᠬᠠᠮᠲᠤ ᠂ ᠮᠠᠨ᠎ᠤ ᠣᠷᠣᠨ《ᠣᠶ᠎ᠰᠢᠭᠤᠢ ᠶ᠋ᠢᠨ ᠳᠠᠷᠤᠭ᠎ᠠ + ᠪᠠᠢᠴᠠᠭᠠᠬᠤ ᠳᠠᠷᠤᠭ᠎ᠠ》 ᠪᠣᠯᠤᠨ《ᠣᠶ᠎ᠰᠢᠭᠤᠢ ᠶ᠋ᠢᠨ ᠳᠠᠷᠤᠭ᠎ᠠ + ᠴᠠᠭ᠍ᠳᠠᠭᠠᠨ ᠳᠠᠷᠤᠭ᠎ᠠ》 ᠶ᠋ᠢᠨ ᠬᠠᠮᠵᠢᠯᠴᠠᠭᠠᠨ᠎ᠤ ᠠᠵᠢᠯ᠎ᠤᠨ ᠲᠣᠭ᠍ᠲᠠᠴᠠ᠎ᠶ᠋ᠢ ᠪᠠᠢᠭᠤᠯᠬᠤ᠎ᠶ᠋ᠢ ᠢᠳᠡᠪᠬᠢᠲᠡᠶ ᠠᠬᠢᠭᠤᠯᠵᠤ ᠂ ᠣᠢᠲᠤ ᠭᠠᠵᠠᠷ ᠨᠤᠲᠤᠭ ᠪᠡᠯᠴᠢᠭᠡᠷ᠎ᠦᠨ ᠬᠠᠮᠢᠶᠠᠷᠤᠯᠲᠠ ᠬᠠᠮᠠᠭᠠᠯᠠᠯᠲᠠ ᠳᠤᠮᠳᠠᠬᠢ ᠲᠣᠪᠣᠢᠮ᠎ᠠ ᠠᠰᠠᠭᠤᠳᠠᠯ᠎ᠳᠤ ᠴᠢᠭ᠌ᠯᠡᠭᠦᠯᠦᠨ ᠲᠤᠰᠭᠠᠶ ᠠᠵᠢᠯᠯᠠᠭ᠎ᠠ ᠥᠷᠨᠢᠭᠦᠯᠦᠨ᠂ ᠣᠶ ᠱᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ᠎ᠢ ᠡᠪᠳᠡᠬᠦ᠌᠎ᠳᠦ ᠴᠣᠬᠢᠯᠲᠠ ᠥᠭ᠌ᠬᠦ ᠡᠷᠴᠢᠮ᠎ᠢᠶᠡᠨ ᠴᠢᠩᠭᠠᠷᠠᠭᠤᠯᠵᠤ ᠂ ᠬᠡᠭᠡᠷ᠎ᠡ᠎ᠶ᠋ᠢᠨ ᠠᠮᠢᠲᠠᠨ ᠤᠷᠭᠤᠮᠠᠯ᠎ᠤᠨ ᠬᠠᠮᠠᠭᠠᠯᠠᠯᠲᠠ ᠬᠠᠮᠢᠶᠠᠷᠤᠯᠲᠠ᠎ᠶ᠋ᠢ ᠴᠢᠩᠭᠠᠳᠭᠠᠪᠠ᠃

ᠲᠠᠷᠠᠭᠠᠴᠢ᠎ᠪᠡᠷ ᠂ ᠮᠠᠨ᠎ᠤ ᠣᠷᠣᠨ ᠡᠯ᠎ᠡ ᠱᠠᠲᠤᠨ᠎ᠤ ᠣᠶ᠎ᠰᠢᠭᠤᠢ ᠶ᠋ᠢᠨ ᠳᠠᠷᠤᠭ᠎ᠠ᠎ᠶ᠋ᠢᠨ ᠱᠠᠯᠠᠪᠳᠠᠭᠤᠯᠤᠨ ᠪᠠᠢᠴᠠᠭᠠᠬᠤ ᠲᠣᠭᠣᠷᠢᠨ ᠪᠠᠢᠴᠠᠭᠠᠬᠤ᠎ᠶ᠋ᠢ ᠭᠦᠨᠵᠡᠭᠡᠶ ᠥᠷᠨᠢᠭᠦᠯᠵᠦ᠍ ᠂ ᠡᠯ᠎ᠡ ᠱᠠᠲᠤᠨ᠎ᠤ ᠣᠶ ᠰᠢᠭᠤᠢ᠎ᠶ᠋ᠢᠨ ᠳᠠᠷᠤᠭ᠎ᠠ᠎ᠶ᠋ᠢᠨ ᠲᠦᠷᠢᠮ᠎ᠦᠨ ᠠᠵᠢᠯ᠎ᠤᠨ ᠬᠢᠨᠠᠨ ᠰᠢᠯᠭᠠᠯᠳᠠ᠎ᠶ᠋ᠢ ᠰᠠᠢᠲᠤᠷ ᠵᠣᠬᠢᠶᠠᠨ ᠪᠠᠢᠭᠤᠯᠤᠨ ᠥᠷᠨᠢᠭᠦᠯᠦᠨ᠎ᠡ᠃ ᠭᠠᠴᠠᠭ᠎ᠠ ᠲᠣᠰᠭᠣᠨ᠎ᠤ ᠱᠠᠲᠤᠨ᠎ᠤ ᠣᠶ ᠱᠢᠭᠤᠶ᠎ᠶ᠋ᠢᠨ ᠳᠠᠷᠤᠭ᠎ᠠ ᠂ ᠣᠶ ᠱᠢᠭᠤᠶ ᠬᠠᠮᠠᠭᠠᠯᠠᠭ᠍ᠴᠢ ᠪᠣᠯᠤᠨ ᠨᠤᠲᠤᠭ ᠪᠡᠯᠴᠢᠭᠡᠷ᠎ᠦᠨ ᠬᠠᠮᠢᠶᠠᠷᠤᠭ᠍ᠴᠢ᠎ᠪᠠᠷ ᠭᠣᠣᠯ ᠴᠣᠭ᠍ᠴᠠ ᠪᠣᠯᠭᠠᠭ᠍ᠰᠠᠨ《ᠨᠢᠭᠡ ᠳᠠᠷᠤᠭ᠎ᠠ ᠬᠣᠶᠠᠷ ᠭᠡᠰᠢᠭᠦᠨ》᠎ᠤ᠋ ᠡᠬᠢ ᠡᠭᠦᠰᠦᠯ᠎ᠦᠨ ᠬᠠᠮᠢᠶᠠᠷᠤᠯᠲᠠ᠎ᠶ᠋ᠢᠨ ᠱᠢᠰᠲᠧᠮ ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠣᠶ ᠱᠢᠭᠤᠶ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠰᠡᠷᠭᠦᠭᠡᠬᠦ᠌ ᠢᠨᠵᠧᠨᠧᠷᠢᠩ᠎ᠢ ᠰᠠᠢᠲᠤᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍ ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠵᠠᠰᠠᠬᠤ ᠪᠠ ᠪᠢᠲᠡᠭᠦᠮᠵᠢᠯᠡᠨ ᠬᠠᠮᠠᠭᠠᠯᠠᠬᠤ᠎ᠶ᠋ᠢ ᠴᠢᠩᠭᠠᠳᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号