ᠤᠢᠷ᠎ᠠ ᠳ᠋ᠤ᠂
《ᠥᠪᠥᠷ ᠮᠣᠩᠭᠣᠯ ᠤ᠋ᠨ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠵᠢᠨ ᠬᠠᠮᠠᠭᠠᠯᠠᠯᠲᠠ
ᠪᠠ ᠴᠢᠨᠠᠷ ᠰᠠᠢᠲᠠᠶ ᠬᠥᠭ᠌ᠵᠢᠯᠲᠡ ᠵᠢᠨ ᠴᠠᠭ ᠠᠭᠤᠷ ᠤ᠋ᠨ ᠬᠢᠨᠠᠨ ᠬᠡᠮᠵᠢᠯᠲᠡ ᠵᠢᠨ ᠴᠢᠳᠠᠪᠤᠷᠢᠶ᠋ᠢ ᠳᠡᠭᠡᠭ᠌ᠰᠢᠯᠡᠭᠦᠯᠬᠦ᠌
(ᠨᠢᠭᠡᠳᠦᠭᠡᠷ ᠬᠤᠭᠤᠴᠠᠭ᠎ᠠ)》ᠲᠥᠷᠥᠯ ᠵᠦᠶ᠋ᠯ
ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠤ᠋ᠨ ᠵᠣᠬᠢᠶᠠᠨ ᠪᠠᠢᠭᠤᠯᠤᠭ᠍ᠰᠠᠨ
ᠲᠤᠰᠭᠠᠶ ᠮᠡᠷᠭᠡᠵᠢᠯᠲᠡᠨ ᠤ᠋ ᠬᠢᠨᠠᠨ ᠲᠣᠭ᠍ᠲᠠᠭᠠᠯᠲᠠ ᠢ᠋ᠢ ᠦᠡᠭᠭᠡᠷᠡᠭᠦᠯᠪᠠ ᠃
ᠲᠣᠰ ᠲᠥᠷᠥᠯ
ᠵᠦᠶ᠋ᠯ ᠢ᠋ ᠥᠷᠨᠢᠭᠦᠯᠬᠦ᠌ ᠪᠡᠷ ᠳᠠᠮᠵᠢᠨ ᠠᠮᠢ ᠠᠬᠤᠶ ᠶ᠋ᠢᠨ ᠴᠠᠭ ᠠᠭᠤᠷ ᠢ᠋ ᠬᠢᠨᠠᠨ ᠬᠡᠮᠵᠢᠬᠦ ᠥᠷᠲᠡᠭᠡ ᠢ᠋ᠢᠨ
ᠲᠤᠤᠷ ᠪᠠ ᠭᠠᠮᠱᠢᠭᠢ ᠰᠡᠷᠭᠡᠢᠯᠡᠵᠦ᠍ ᠭᠠᠮᠱᠢᠭᠢ ᠪᠠᠭᠠᠰᠭᠠᠬᠤ ᠬᠢᠨᠠᠨ ᠬᠡᠮᠵᠢᠬᠦ ᠥᠷᠲᠡᠭᠡ ᠢ᠋ᠢᠨ ᠲᠤᠤᠷ ᠢ᠋
ᠪᠠᠢᠭᠤᠯᠵᠤ ᠂ ᠴᠠᠭ ᠠᠭᠤᠷ ᠤ᠋ᠨ ᠪᠠᠲᠤᠯᠠᠭ᠎ᠠ ᠵᠢᠨ ᠴᠢᠳᠠᠪᠤᠷᠢ ᠪᠠ ᠴᠠᠭ ᠠᠭᠤᠷ ᠤ᠋ᠨ ᠭᠠᠮᠱᠢᠭᠢ ᠰᠡᠷᠭᠡᠢᠯᠡᠵᠦ᠍
ᠭᠠᠮᠱᠢᠭ ᠢ᠋ ᠪᠠᠭᠠᠰᠭᠠᠬᠤ ᠦᠶ᠋ᠯᠡᠴᠢᠯᠡᠭᠡᠨᠦ ᠴᠢᠳᠠᠪᠤᠷᠢᠶ᠋ᠢ ᠳᠡᠭᠡᠭ᠌ᠰᠢᠯᠡᠭᠦᠯᠦᠨ ᠥᠪᠡᠷᠲᠡᠭᠡᠨ ᠵᠠᠰᠠᠬᠤ
ᠣᠷᠣᠨᠤ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨᠤ ᠱᠢᠨᠵᠢᠯᠡᠬᠦ᠌ ᠤᠬᠠᠭᠠᠨᠴᠢ ᠪᠠᠷ ᠱᠢᠶ᠋ᠳᠪᠦᠷᠢᠲᠦ ᠪᠣᠳᠣᠯᠭ᠎ᠠ
ᠲᠣᠭ᠍ᠲᠠᠭᠠᠬᠤ ᠳ᠋ᠤ ᠦᠨᠳᠤᠰᠤᠯᠡᠯ ᠬᠠᠩᠭᠠᠵᠤ ᠂ ᠠᠵᠤ ᠠᠬᠤᠶ ᠨᠡᠢᠭᠡᠮᠦᠨ ᠬᠥᠭ᠌ᠵᠢᠯᠲᠡ ᠪᠠ ᠠᠮᠢ ᠠᠬᠤᠶ ᠶ᠋ᠢᠨ
ᠪᠣᠯᠪᠠᠰᠤᠨᠤ ᠪᠠᠢᠭᠤᠯᠤᠯᠲᠠ ᠳ᠋ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠲᠤᠯᠭᠠᠭᠤᠷᠢᠯᠠᠯ ᠬᠠᠩᠭᠠᠵᠤ
᠂ ᠠᠵᠢᠯ ᠲᠥᠷᠥᠯ ᠪᠠ ᠡᠷᠳᠡᠮ ᠰᠢᠨᠵᠢᠯᠡᠭᠡᠨ ᠤ᠋ ᠬᠦᠷᠢᠶᠡᠯᠡᠩ ᠭᠠᠵᠠᠷ ᠤ᠋ᠨ ᠬᠢᠨ ᠳ᠋ᠤ ᠲᠣᠭ᠎ᠠ ᠪᠠᠷᠢᠮᠲᠠ ᠵᠢ
ᠬᠠᠮᠲᠤ ᠪᠠᠷ ᠡᠳ᠋ᠯᠡᠬᠦᠯᠬᠦ ᠪᠤᠯᠤᠨ᠎ᠠ ᠃
ᠤᠢᠯᠠᠭᠠᠭᠰᠠᠨ
ᠢ᠋ᠢᠡᠷ ᠂ ᠲᠥᠷᠥᠯ ᠵᠦᠢᠯᠦᠨ ᠪᠦᠲᠦᠭᠡᠨ ᠪᠠᠢᠭᠤᠯᠤᠯᠲᠠ ᠶ᠋ᠢᠨ ᠠᠭᠤᠯᠭ᠎ᠠ ᠳ᠋ᠤ ᠠᠮᠢ ᠠᠬᠤᠶ ᠶ᠋ᠢᠨ ᠴᠠᠭ ᠠᠭᠤᠷᠢ
ᠬᠢᠨᠠᠨ ᠬᠡᠮᠵᠢᠬᠦ᠌ ᠥᠷᠲᠡᠭᠡ ᠵᠢᠨ ᠪᠦᠲᠦᠭᠡᠨ ᠪᠠᠢᠭᠤᠯᠤᠯᠲᠠ ᠪᠣᠯᠤᠨ ᠭᠠᠮᠱᠢᠭᠢ ᠰᠡᠷᠭᠡᠢᠯᠡᠨ ᠭᠠᠮᠱᠢᠭᠢ ᠪᠠᠭᠠᠰᠭᠠᠬᠤ
ᠭᠠᠵᠠᠷ ᠤ᠋ᠨ ᠴᠠᠭ ᠠᠭᠤᠷ ᠢ᠋ ᠬᠢᠨᠠᠨ ᠬᠡᠮᠵᠢᠬᠦ᠌ ᠥᠷᠲᠡᠭᠡ ᠶ᠋ᠢᠨ ᠪᠦᠲᠦᠭᠡᠨ ᠪᠠᠢᠭᠤᠯᠤᠯᠲᠠ ᠪᠠᠭᠲᠠᠨ᠎ᠠ᠃ ᠠᠮᠢ
ᠠᠬᠤᠶ ᠵᠢᠨ ᠴᠠᠭ ᠠᠭᠤᠷ ᠢ᠋ ᠬᠢᠨᠠᠨ ᠬᠡᠮᠵᠢᠬᠦ᠌ ᠥᠷᠲᠡᠭᠡ ᠶ᠋ᠢᠨ ᠪᠦᠲᠦᠭᠡᠨ ᠪᠠᠢᠭᠤᠯᠤᠯᠲᠠ ᠳ᠋ᠤ ᠂ ᠣᠶ ᠱᠢᠭᠤᠶ
ᠵᠢᠨ ᠠᠮᠢ ᠠᠬᠤᠶ ᠵᠢᠨ ᠣᠷᠣᠨ ᠂ ᠴᠦᠯᠯᠡᠷᠬᠡᠭ ᠠᠮᠢ ᠠᠬᠤᠶ ᠶ᠋ᠢᠨ ᠣᠷᠣᠨ ᠂ ᠤᠰᠤᠨ ᠴᠣᠭ᠍ᠴᠠ ᠶ᠋ᠢᠨ ᠠᠮᠢ ᠠᠬᠤᠶ
ᠶ᠋ᠢᠨ ᠣᠷᠣᠨ ᠂ ᠲᠠᠷᠢᠶᠠᠨ ᠭᠠᠵᠠᠷ ᠤ᠋ᠨ ᠠᠮᠢ ᠠᠬᠤᠶ ᠶ᠋ᠢᠨ ᠣᠷᠣᠨ ᠂ ᠭᠣᠣᠯᠳᠠᠯᠭ᠎ᠠ ᠲᠠᠶ ᠬᠣᠲᠠ ᠂ ᠣᠳᠣ ᠦᠶ᠎ᠡ
ᠶ᠋ᠢᠨ ᠮᠠᠯ ᠠᠵᠤ ᠠᠬᠤᠶ ᠲᠠᠷᠢᠶᠠᠯᠠᠩ ᠤ᠋ᠨ ᠴᠠᠭ ᠠᠭᠤᠷ ᠤ᠋ᠨ ᠲᠤᠷᠱᠢᠯᠲᠠ ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ
ᠵᠡᠷᠭᠡ ᠠᠳᠠᠯᠢ ᠪᠤᠰᠤ ᠠᠮᠢ ᠠᠬᠤᠶ ᠵᠢᠨ ᠣᠷᠣᠨ ᠬᠤᠪᠢᠶᠠᠨ ᠱᠢᠰᠲᠧᠮ ᠲᠡᠶ ᠪᠠᠢᠷᠢᠯᠠᠭᠤᠯᠵᠤ ᠂ ᠲᠣᠬᠢᠷᠠᠯᠴᠠᠭ᠍ᠰᠠᠨ
ᠠᠵᠢᠭ᠍ᠯᠠᠨ ᠬᠡᠮᠵᠢᠬᠦ᠌ ᠲᠥᠬᠥᠭᠡᠷᠦᠮᠵᠢ ᠵᠢ ᠪᠠᠢᠭᠤᠯᠤᠨ᠎ᠠ ᠃ ᠵᠢᠱ᠌ᠢᠶᠡᠯᠡᠪᠡᠯ ᠂ ᠠᠯᠠᠱᠠ ᠠᠭᠤᠯᠠ ᠂ ᠳᠠᠯᠠᠨ
ᠬᠠᠷ᠎ᠠ ᠠᠭᠤᠯᠠ ᠶ᠋ᠢᠨ ᠣᠶ ᠱᠢᠭᠤᠶ ᠶ᠋ᠢᠨ ᠠᠮᠢ ᠠᠬᠤᠶ ᠶ᠋ᠢᠨ ᠣᠷᠣᠨ ᠳ᠋ᠤ ᠣᠶ ᠱᠢᠭᠤᠶ ᠶ᠋ᠢᠨ ᠠᠭᠤᠷ ᠠᠮᠢᠰᠭᠤᠯ
ᠤ᠋ᠨ ᠰᠠᠭᠤᠷᠢ ᠬᠦᠴᠦᠨ ᠵᠦᠶ᠋ᠯ ᠢ᠋ ᠬᠢᠨᠠᠨ ᠬᠡᠮᠵᠢᠬᠦ ᠥᠷᠲᠡᠭᠡ ᠂ ᠮᠣᠳᠣᠯᠢᠭ ᠤᠷᠭᠤᠮᠠᠯ ᠤ᠋ᠨ ᠤᠷᠭᠤᠴᠠ ᠶ᠋ᠢᠨ
ᠬᠤᠭᠤᠴᠠᠭ᠎ᠠ ᠶ᠋ᠢ ᠬᠢᠨᠠᠨ ᠬᠡᠮᠵᠢᠬᠦ ᠥᠷᠲᠡᠭᠡ ᠵᠡᠷᠬᠡ ᠵᠢ ᠪᠠᠢᠭᠤᠯᠵᠤ ᠂ ᠲᠩᠷᠢ ᠡᠯᠡᠰᠤ᠂ ᠪᠠᠳᠠᠶ ᠶ᠋ᠢᠨ ᠵᠢᠷᠠᠨ ᠂ ᠤᠯᠠᠭᠠᠨᠪᠤᠬ᠎ᠠ ᠂ ᠬᠥᠪᠴᠢ ᠶ᠋ᠢᠨ ᠡᠯᠡᠰᠦ
ᠪᠠ ᠮᠤᠤᠠᠤᠰᠤ ᠶ᠋ᠢᠨ ᠡᠯᠡᠰᠦᠷᠬᠡᠭ ᠭᠠᠵᠠᠷ ᠵᠡᠷᠭᠡ ᠡᠯᠡᠰᠦᠨ ᠴᠥᠯ ᠤ᠋ᠨ ᠠᠮᠢ ᠠᠬᠤᠶ ᠵᠢᠨ ᠣᠷᠣᠨ ᠳ᠋ᠤ ᠤᠷᠭᠤᠮᠠᠯ
ᠤ᠋ᠨ ᠪᠦᠷᠬᠦᠴᠡ ᠢ᠋ᠢ ᠬᠢᠨᠠᠨ ᠬᠡᠮᠵᠢᠬᠦ ᠠᠦ᠋ᠲ᠋ᠣ᠋ ᠬᠡᠮᠵᠢᠭᠦᠷᠯᠢᠭ ᠂ ᠬᠥᠷᠥᠰᠥ᠍ ᠱᠢᠷᠣᠶ ᠵᠢᠨ ᠴᠢᠬᠢᠭ ᠤ᠋ᠨ
ᠪᠠᠢᠳᠠᠯ ᠢ᠋ ᠬᠢᠨᠠᠨ ᠬᠡᠮᠵᠢᠬᠦ ᠠᠦ᠋ᠲ᠋ᠣ᠋ ᠬᠡᠮᠵᠢᠭᠦᠷᠯᠢᠭ ᠂ 100 ᠮᠧᠲ᠋ᠷᠦᠨ ᠴᠠᠭ ᠠᠭᠤᠷ ᠤ᠋ᠨ ᠱᠠᠲᠤᠯᠢᠭ
ᠬᠢᠨᠠᠨ ᠬᠡᠮᠵᠢᠬᠦ ᠰᠤᠪᠤᠷᠭ᠎ᠠ ᠵᠡᠷᠬᠡ ᠵᠢ ᠪᠠᠢᠭᠤᠯᠤᠨ᠎ᠠ ᠃
ᠭᠠᠮᠱᠢᠭᠢ ᠰᠡᠷᠭᠡᠢᠯᠡᠨ
ᠭᠠᠮᠱᠢᠭ ᠢ᠋ ᠪᠠᠭᠠᠰᠭᠠᠬᠤ ᠭᠠᠵᠠᠷ ᠤ᠋ᠨ ᠴᠠᠭ ᠠᠭᠤᠷ ᠤ᠋ᠨ ᠬᠢᠨᠠᠨ ᠬᠡᠮᠵᠢᠬᠦ ᠥᠷᠲᠡᠭᠡ ᠵᠢᠨ ᠪᠥᠲᠥᠭᠡᠨ ᠪᠠᠢᠭᠤᠯᠤᠯᠲᠠ
ᠳ᠋ᠤ ᠭᠤᠤᠯᠳᠠᠭᠤ ᠨᠢᠭᠡ ᠪᠦᠯᠦᠭ ᠴᠠᠭ ᠠᠭᠤᠷ ᠤ᠋ᠨ ᠭᠠᠮᠱᠢᠭ ᠤ᠋ᠨ ᠲᠦᠭ᠌ᠰᠢᠭᠦᠷᠢ ᠶᠡᠬᠡᠲᠡᠶ ᠣᠷᠣᠨ ᠂ ᠶᠡᠬᠡ ᠬᠣᠲᠠ
ᠶ᠋ᠢᠨ ᠴᠠᠭ ᠠᠭᠤᠷ ᠤ᠋ᠨ ᠭᠠᠮᠱᠢᠭ ᠤ᠋ᠨ ᠵᠢᠱ᠌ᠢᠶ᠎ᠡ ᠦᠵᠡᠭᠦᠯᠬᠦ᠌ ᠣᠷᠣᠨ ᠂ ᠬᠠᠲᠤᠨ ᠭᠤᠤᠯ ᠤ᠋ᠨ ᠬᠥᠪᠡᠭᠡ ᠳᠠᠭᠠᠤ
ᠶ᠋ᠢᠨ ᠭᠤᠤᠯ ᠤ᠋ᠨ ᠲᠠᠩ ᠤ᠋ᠨ ᠣᠷᠣᠨ ᠵᠡᠷᠬᠡ ᠭᠠᠵᠠᠷ ᠤ᠋ᠨ ᠴᠠᠭ ᠠᠭᠤᠷ ᠤ᠋ᠨ ᠬᠢᠨᠠᠨ ᠬᠡᠮᠵᠢᠬᠦ ᠴᠢᠳᠠᠪᠤᠷᠢ ᠶ᠋ᠢ
ᠳᠡᠭᠡᠭ᠌ᠰᠢᠯᠡᠭᠦᠯᠬᠦ᠌ ᠲᠣᠭᠣᠷᠢᠨ ᠳ᠋ᠤ ᠂ ᠬᠠᠲᠤᠨ ᠭᠤᠤᠯ ᠳᠠᠭᠠᠤ ᠶ᠋ᠢᠨ 7 ᠠᠢᠮᠠᠭ ᠬᠣᠲᠠ ᠳ᠋ᠤ ᠣᠶᠤᠨᠲᠤ ᠱᠢᠨ᠎ᠡ
ᠬᠡᠯᠪᠡᠷᠢ ᠶ᠋ᠢᠨ ᠴᠠᠭ ᠠᠭᠤᠷ ᠤ᠋ᠨ ᠠᠵᠢᠭ᠍ᠯᠠᠨ ᠬᠡᠮᠵᠢᠬᠦ ᠠᠦ᠋ᠲ᠋ᠣ᠋ ᠥᠷᠲᠡᠭᠡ ᠂ ᠭᠤᠷᠪᠠᠨ ᠭᠢᠯᠪᠢᠯᠭᠡᠨ ᠵᠢᠡᠷ
ᠪᠠᠢᠷᠢ ᠲᠣᠭ᠍ᠲᠠᠭᠠᠬᠤ ᠬᠡᠮᠵᠢᠭᠦᠷᠯᠢᠭ ᠂ ᠬᠥᠷᠥᠰᠥ᠍ ᠱᠢᠷᠣᠶ ᠵᠢᠨ ᠴᠢᠬᠢᠭᠤᠨ ᠪᠠᠢᠳᠠᠯ ᠢ᠋ ᠠᠵᠢᠭ᠍ᠯᠠᠨ ᠬᠡᠮᠵᠢᠬᠦ
ᠠᠦ᠋ᠲ᠋ᠣ᠋ ᠬᠡᠮᠵᠢᠭᠦᠷᠯᠢᠭ ᠂ ᠬᠣᠲᠠ ᠶ᠋ᠢᠨ ᠴᠠᠭ ᠠᠭᠤᠷ ᠤ᠋ᠨ ᠠᠵᠢᠭ᠍ᠯᠠᠨ ᠬᠡᠮᠵᠢᠬᠦ ᠠᠦ᠋ᠲ᠋ᠣ᠋ ᠥᠷᠲᠡᠭᠡ ᠪᠠ
ᠵᠠᠰᠠᠮᠠᠯ ᠵᠠᠮ ᠤ᠋ᠨ ᠵᠠᠮ ᠬᠠᠷᠢᠯᠴᠠᠭᠠᠨ ᠤ᠋ ᠴᠠᠭ ᠠᠭᠤᠷ ᠢ᠋ ᠬᠢᠨᠠᠨ ᠬᠡᠮᠵᠢᠬᠦ ᠦᠷᠲᠡᠭᠡ ᠵᠢ ᠰᠢᠨᠡᠳᠬᠡᠬᠦ
ᠪᠤᠶᠤ ᠨᠠᠷᠢᠯᠢᠭᠵᠢᠭᠤᠯᠤᠨ ᠪᠦᠲᠦᠭᠡᠨ ᠪᠠᠢᠭᠤᠯᠤᠨ᠎ᠠ ᠃ ᠠᠵᠢᠭ᠍ᠯᠠᠯᠲᠠ ᠶ᠋ᠢᠨ ᠡᠯᠧᠮᠧᠨ᠋ᠲ ᠲᠦ᠍ ᠭᠤᠤᠯᠳᠠᠭᠤ ᠳᠤᠯᠠᠭᠠᠨᠤ
ᠬᠡᠮᠵᠢᠶ᠎ᠡ ᠂ ᠴᠢᠭᠢᠭᠦᠨ ᠬᠡᠮᠵᠢᠶ᠎ᠡ ᠂ ᠰᠠᠯᠬᠢᠨᠤ ᠴᠢᠭ᠌ᠯᠡᠯ ᠂ ᠰᠠᠯᠬᠢᠨᠤ ᠬᠤᠷᠳᠤᠴᠠ ᠂ ᠠᠭᠠᠷ ᠤ᠋ᠨ ᠳᠠᠷᠤᠯᠲᠠ
᠂ ᠲᠤᠨᠳᠠᠰᠤ ᠂ ᠬᠢᠯᠪᠢᠯᠭᠡᠨ ᠂ ᠵᠠᠮ ᠤ᠋ᠨ ᠭᠠᠳᠠᠷᠭᠤ ᠶ᠋ᠢᠨ ᠳᠤᠯᠠᠭᠠᠨᠤ ᠬᠡᠮᠵᠢᠶ᠎ᠡ ᠂ ᠵᠠᠮ ᠤ᠋ᠨ ᠭᠠᠳᠠᠷᠭᠤ
ᠶ᠋ᠢᠨ ᠪᠠᠢᠳᠠᠯ ᠂ ᠲᠤᠨᠳᠠᠰᠤᠨᠤ ᠦᠵᠡᠭ᠌ᠳᠡᠯ ᠵᠢᠴᠢ ᠬᠠᠷᠠᠭᠠᠨ ᠵᠠᠶ ᠳ᠋ᠤ ᠰᠠᠭᠠᠳ ᠲᠠᠶ ᠴᠠᠭ ᠠᠭᠤᠷ ᠤ᠋ᠨ ᠦᠵᠡᠭ᠌ᠳᠡᠯ
ᠵᠡᠷᠭᠡ ᠪᠣᠶ ᠃