(2022 ᠣᠨ᠎ᠤ1ᠰᠠᠷ᠎ᠠ᠎ᠶ᠋ᠢᠨ23᠎ᠤ᠋ ᠡᠳᠦᠷ ᠤᠯᠤᠰ ᠲᠦᠷᠦ᠍ ᠶ᠋ᠢᠨ ᠵᠥᠪᠯᠡᠯᠭᠡᠨ᠎ᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠬᠣᠷᠢᠶ᠎ᠠ ᠢ᠋ᠢᠨ ᠲᠠᠪᠤᠳᠤᠭᠠᠷ ᠬᠤᠷᠠᠯ ᠡᠴᠡ ᠬᠢᠨᠠᠨ ᠵᠥᠪᠯᠡᠵᠦ᠍ ᠪᠠᠲᠤᠯᠠᠪᠠ )
ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ᠎ᠦ ᠠᠷᠪᠠᠨ ᠬᠣᠶᠠᠳᠤᠭᠠᠷ ᠬᠤᠭᠤᠴᠠᠭᠠᠨ ᠤ᠋ ᠬᠤᠷᠢᠶ᠎ᠠ ᠵᠢᠨ ᠲᠠᠪᠤᠳᠤᠭᠠᠷ ᠬᠤᠷᠠᠯ ᠤ᠋ᠨ ᠬᠤᠭᠤᠴᠠᠭᠠᠨ᠎ᠳᠤ᠂ ᠤᠯᠤᠰ ᠲᠥᠷᠥ ᠶ᠋ᠢᠨ ᠵᠥᠪᠯᠡᠯᠭᠡᠨ᠎ᠦ ᠭᠡᠱᠢᠭᠦᠳ᠂ ᠤᠯᠤᠰ ᠲᠥᠷᠥ ᠶ᠋ᠢᠨ ᠵᠥᠪᠯᠡᠯᠭᠡᠨ ᠦ ᠡᠯ᠎ᠡ ᠤᠷᠤᠯᠴᠠᠭᠰᠠᠨ ᠨᠢᠭᠡᠴᠢ ᠪᠠ ᠡᠯ᠎ᠡ ᠲᠤᠰᠭᠠᠶ ᠵᠥᠪᠯᠡᠯ ᠂ ᠡᠯ᠎ᠡ ᠡᠲᠡᠭᠡᠳ ᠢᠯᠭᠠᠯᠦᠨᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ᠎ᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ᠋ ᠤᠳᠠᠭ᠎ᠠ ᠪᠦᠷᠢ ᠶ᠋ᠢᠨ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠯᠬᠦᠮᠳᠡᠯ ᠪᠠ ᠠᠷᠠᠳᠴᠢᠯᠠᠯ ᠬᠣᠶᠠᠷ ᠶᠡᠬᠡ ᠭᠤᠤᠯ ᠰᠡᠳᠦᠪ᠎ᠢ ᠪᠠᠲᠤ ᠡᠵᠡᠮᠳᠡᠵᠦ᠂ ᠤᠯᠤᠰ ᠲᠥᠷᠥ ᠶ᠋ᠢᠨ ᠤᠷᠬᠢᠯᠤᠮ᠎ᠠ ᠬᠠᠯᠠᠭᠤᠨ ᠰᠡᠳᠬᠢᠯᠭᠡ ᠪᠣᠯᠤᠨ ᠬᠤᠷᠴᠠ ᠴᠢᠩᠭ᠎ᠠ ᠲᠡᠦᠭᠡᠳᠦ ᠡᠭᠦᠷᠭᠡᠯᠡᠯ᠎ᠢᠶᠡᠷ ᠭᠡᠱᠢᠭᠦᠨ ᠤ᠋ ᠡᠷᠬᠡ᠎ᠪᠡᠨ ᠨᠠᠷᠢᠨ ᠬᠢᠨᠠᠮᠠᠭᠠᠶ ᠬᠡᠷᠡᠭ᠌ᠵᠢᠭᠦᠯᠵᠦ᠍᠂ ᠰᠠᠨᠠᠯ ᠳᠤᠷᠠᠳᠤᠯᠭ᠎ᠠ ᠶ᠋ᠢ ᠢᠳᠡᠪᠬᠢᠲᠡᠶ ᠠᠰᠢᠭᠯᠠᠨ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ ᠂ ᠬᠠᠮᠲᠤ ᠶ᠋ᠢᠨ ᠲᠠᠨᠢᠯᠲᠠ᠎ᠵᠢ ᠨᠢᠭ᠍ᠲᠠᠷᠠᠭᠤᠯᠪᠠ᠃
1 ᠰᠠᠷ᠎ᠠ ᠶ᠋ᠢᠨ 21 ᠤ᠋ ᠡᠳᠦᠷ᠎ᠦᠨ15 ᠴᠠᠭ ᠪᠣᠯᠲᠠᠯ᠎ᠠ ᠨᠡᠢᠲᠡ 773 ᠬᠤᠪᠢ ᠰᠠᠨᠠᠯ ᠳᠤᠷᠠᠳᠤᠯᠭ᠎ᠠ ᠶ᠋ᠢ ᠬᠦᠯᠢᠶᠡᠨ ᠠᠪᠴᠠᠶ᠃ 《ᠳᠤᠮᠳᠠᠳᠤ ᠤᠯᠤᠰ ᠤ᠋ᠨ ᠠᠷᠠᠳ ᠤ᠋ᠨ ᠤᠯᠤᠰ ᠲᠥᠷᠥ ᠶ᠋ᠢᠨ ᠵᠥᠪᠯᠡᠯᠭᠡᠨ᠎ᠦ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠷᠢᠶ᠎ᠠ ᠵᠢᠨ ᠰᠠᠨᠠᠯ ᠳᠤᠷᠠᠳᠤᠯᠭ᠎ᠠ ᠶ᠋ᠢᠨ ᠠᠵᠢᠯ ᠤ᠋ᠨ ᠲᠦᠷᠢᠮ 》 ᠢ᠋ ᠦᠨᠳᠦᠰᠦᠯᠡᠵᠦ᠂ ᠠᠩᠬ᠎ᠠ ᠠᠯᠬᠤᠮ ᠬᠢᠨᠠᠨ ᠪᠠᠢᠴᠠᠭᠠᠬᠤ᠎ᠪᠠᠷ ᠳᠡᠮᠵᠢᠨ ᠂ 632 ᠬᠤᠪᠢ ᠰᠠᠨᠠᠯ ᠳᠤᠷᠠᠳᠤᠯᠭ᠎ᠠ ᠶ᠋ᠢ ᠬᠡᠷᠡᠭ ᠪᠣᠯᠭᠠᠨ ᠳᠡᠩᠰᠡᠯᠡᠬᠤ ᠪᠡᠷ ᠪᠤᠯᠵᠠᠢ᠃ ᠬᠡᠷᠡᠭ ᠪᠣᠯᠭᠠᠨ ᠳᠠᠩᠰᠠᠯᠠᠭ᠍ᠰᠠᠨ ᠨᠣᠷᠮ᠎ᠠ᠎ᠨᠢ 81.8% ᠳ᠋ᠤ ᠬᠦᠷᠴᠦ᠍᠂ 79 ᠬᠤᠪᠢ ᠰᠠᠨᠠᠯ ᠳᠤᠷᠠᠳᠤᠯᠭ᠎ᠠ ᠶ᠋ᠢ ᠨᠡᠢᠳᠬᠡᠨ ᠰᠢᠢᠳᠪᠦᠷᠢᠯᠡᠵᠦ ᠂ 61 ᠬᠤᠪᠢ ᠮᠡᠳᠡᠭᠡ ᠵᠠᠩᠭᠢ ᠪᠠ ᠰᠠᠨᠠᠯ ᠰᠠᠨᠠᠭᠤᠯᠭ᠎ᠠ ᠶ᠋ᠢ ᠱᠢᠯᠵᠢᠭᠦᠯᠦᠨ᠂ 1 ᠬᠤᠪᠢ ᠰᠠᠨᠠᠯ ᠳᠤᠷᠠᠳᠤᠯᠭ᠎ᠠ ᠶ᠋ᠢ ᠬᠦᠴᠦᠨ ᠥᠬᠡᠶ ᠪᠣᠯᠭᠠᠪᠠ᠃
ᠬᠡᠷᠡᠭ ᠪᠤᠯᠭᠠᠨ ᠳᠠᠩᠰᠠᠯᠠᠬᠤ᠎ᠪᠠᠷ ᠪᠠᠢᠭ᠎ᠠ ᠰᠠᠨᠠᠯ ᠳᠤᠷᠠᠳᠤᠯᠭ᠎ᠠ᠎ᠳᠤ᠂ ᠭᠡᠱᠢᠭᠦᠨ ᠤ᠋ ᠬᠤᠪᠢ ᠬᠦᠮᠦᠨ᠎ᠤ ᠰᠠᠨᠠᠯ ᠳᠤᠷᠠᠳᠤᠯᠭ᠎ᠠ ᠪᠠ ᠨᠡᠷ᠎ᠡ ᠬᠤᠯᠪᠤᠭᠠᠯᠠᠭᠰᠠᠨ ᠰᠠᠨᠠᠯ ᠳᠤᠷᠠᠳᠤᠯᠭ᠎ᠠ 413 ᠬᠤᠪᠢ ᠪᠠᠢᠵᠤ᠂ 65.3% ᠵᠢ ᠡᠵᠡᠯᠡᠪᠡ ; ᠡᠯ᠎ᠡ ᠠᠷᠠᠳᠴᠢᠯᠠᠭ᠍ᠰᠠᠨ ᠨᠠᠮ ᠪᠦᠯᠦᠭ᠂ ᠠᠷᠠᠳ ᠤ᠋ᠨ ᠪᠦᠯᠬᠦᠮ ᠂ ᠤᠯᠤᠰ ᠲᠦᠷᠦ᠍ ᠶ᠋ᠢᠨ ᠵᠥᠪᠯᠡᠯᠭᠡᠨ᠎ᠦ ᠡᠯ᠎ᠡ ᠲᠤᠰᠭᠠᠢ ᠵᠥᠪᠯᠡᠯ ᠪᠠ ᠡᠲᠡᠭᠡᠳᠢᠯᠭᠠᠯ ᠤ᠋ᠨ ᠳᠤᠷᠠᠳᠤᠭ᠍ᠰᠠᠨ ᠰᠠᠨᠠᠯ ᠳᠤᠷᠠᠳᠤᠯᠭ᠎ᠠ 219 ᠬᠤᠪᠢ ᠪᠠᠢᠵᠤ᠂ 34.7% ᠵᠢ ᠡᠵᠡᠯᠡᠵᠦ᠍᠂ ᠲᠡᠭᠡᠷ᠎ᠡ ᠵᠢᠯ᠎ᠤᠨ ᠠᠳᠠᠯᠢ ᠬᠤᠭᠤᠴᠠᠭᠠᠨ ᠤ᠋ ᠬᠢ᠎ᠡᠴᠡ 56 ᠬᠤᠪᠢ ᠨᠡᠮᠡᠭ᠌ᠳᠡᠵᠦ᠍᠂ 34.4% ᠪᠡᠷ ᠨᠡᠮᠡᠭ᠌ᠳᠡᠪᠡ᠃ ᠡᠭᠦᠨ᠎ᠳᠦ ᠠᠵᠤ ᠠᠬᠤᠶ ᠶ᠋ᠢᠨ ᠪᠦᠲᠦᠭᠡᠨ ᠪᠠᠢᠭᠤᠯᠤᠯᠲᠠ ᠶ᠋ᠢᠨ ᠲᠤᠬᠠᠢ ᠰᠠᠨᠠᠯ ᠳᠤᠷᠠᠳᠤᠯᠭ᠎ᠠ 226 ᠬᠤᠪᠢ ᠪᠠᠢᠵᠤ᠂ 35.7% ᠶ᠋ᠢ ᠡᠵᠡᠯᠡᠵᠡᠢ; ᠤᠯᠤᠰ ᠲᠦᠷᠦ᠍ ᠶ᠋ᠢᠨ ᠪᠠᠢᠭᠤᠯᠤᠯᠲᠠ ᠶ᠋ᠢᠨ ᠲᠤᠬᠠᠢ ᠰᠠᠨᠠᠯ ᠳᠤᠷᠠᠳᠤᠯᠭ᠎ᠠ 26 ᠬᠤᠪᠢ ᠪᠠᠢᠵᠤ ᠂ 4.1% ᠶ᠋ᠢ ᠡᠵᠡᠯᠡᠪᠡ ; ᠰᠣᠶᠣᠯ ᠤ᠋ᠨ ᠪᠠᠢᠭᠤᠯᠤᠯᠲᠠ ᠶ᠋ᠢᠨ ᠲᠤᠬᠠᠢ ᠰᠠᠨᠠᠯ ᠳᠤᠷᠠᠳᠤᠯᠭ᠎ᠠ 43 ᠬᠤᠪᠢ ᠪᠠᠢᠵᠤ ᠂ 6.8% ᠶ᠋ᠢ ᠡᠵᠡᠯᠡᠪᠡ ; ᠨᠡᠢᠭᠡᠮ᠎ᠦᠨ ᠪᠠᠢᠭᠤᠯᠤᠯᠲᠠ ᠶ᠋ᠢᠨ ᠲᠤᠬᠠᠢ ᠰᠠᠨᠠᠯ ᠳᠤᠷᠠᠳᠤᠯᠭ᠎ᠠ 238 ᠬᠤᠪᠢ ᠪᠠᠢᠵᠤ ᠂ 37.7% ᠶ᠋ᠢ ᠡᠵᠡᠯᠡᠪᠡ ; ᠠᠮᠢ ᠠᠬᠤᠶ ᠶ᠋ᠢᠨ ᠪᠣᠯᠪᠠᠰᠤᠨ ᠤ᠋ ᠪᠠᠢᠭᠤᠯᠤᠯᠲᠠ ᠶ᠋ᠢᠨ ᠲᠤᠬᠠᠢ ᠰᠠᠨᠠᠯ ᠳᠤᠷᠠᠳᠤᠯᠭ᠎ᠠ 99 ᠬᠤᠪᠢ ᠪᠠᠢᠵᠤ ᠂ 15.7% ᠶ᠋ᠢ ᠡᠵᠡᠯᠡᠪᠡ᠃
ᠲᠤᠰ ᠤᠳᠠᠭ᠎ᠠ ᠶ᠋ᠢᠨ ᠬᠤᠷᠠᠯ ᠤ᠋ᠨ ᠰᠠᠨᠠᠯ ᠳᠤᠷᠠᠳᠤᠯᠭ᠎ᠠ ᠳᠣᠣᠷᠠᠬᠢ ᠮᠡᠲᠦ ᠣᠨᠴᠠᠯᠢᠭ᠎ᠲᠠᠶ᠄ ᠨᠢᠭᠡ᠎ᠳᠦ ᠂ ᠶᠡᠷᠦᠩᠬᠡᠢ ᠱᠦᠵᠢ ᠰᠢ ᠵᠢᠨ ᠫᠢᠩ ᠪᠣᠯᠤᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠤᠷᠢᠶ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ ᠤ᠋ ᠬᠥᠲᠥᠯᠪᠦᠷᠢ᠎ᠲᠡᠶ ᠨᠢᠭ᠍ᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠱᠢᠨ᠎ᠡ ᠪᠠᠢᠷᠢᠯᠠᠭᠤᠯᠤᠯᠲᠠ ᠱᠢᠨ᠎ᠡ ᠱᠠᠭᠠᠷᠳᠠᠯᠭ᠎ᠠ ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶ᠋ᠢᠨ ᠲᠣᠭᠣᠷᠢᠨ᠎ᠳᠤ ᠂ 《 ᠬᠣᠶᠠᠷ ᠬᠠᠯᠬᠠᠪᠴᠢ 》᠂ 《 ᠬᠣᠶᠠᠷ ᠰᠠᠭᠤᠷᠢᠨ》᠂ 《 ᠨᠢᠭᠡ ᠪᠡᠬᠢᠯᠡᠯᠲᠡ 》 ᠵᠢᠨ ᠪᠦᠳᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠭᠡᠱᠢᠭᠦᠳ᠎ᠦᠨ ᠳᠡᠭᠡᠳᠦ ᠬᠡᠮᠵᠢᠶᠡᠨ᠎ᠦ ᠤᠯᠤᠰ ᠲᠦᠷᠦ᠍ ᠶ᠋ᠢᠨ ᠤᠬᠠᠮᠰᠠᠷ᠎ᠢ ᠢᠯᠡᠷᠡᠭᠦᠯᠪᠡ; ᠬᠣᠶᠠᠷ᠎ᠲᠤ᠂ ᠠᠷᠠᠳ ᠤ᠋ᠨ ᠠᠮᠢᠳᠤᠷᠠᠯ᠎ᠢ ᠰᠠᠢᠵᠢᠷᠠᠭᠤᠯᠬᠤ ᠬᠡᠷᠡᠭ᠌ᠴᠡᠭᠡ ᠪᠠ ᠠᠷᠠᠳ ᠣᠯᠠᠨ ᠤ᠋ ᠠᠩᠬᠠᠷᠴᠤ᠌ ᠪᠠᠢᠭ᠎ᠠ ᠬᠠᠯᠠᠮᠰᠢᠯ ᠠᠰᠠᠭᠤᠳᠠᠯ᠎ᠲᠠᠶ ᠨᠢᠭ᠍ᠲᠠ ᠤᠶᠠᠯᠳᠤᠭᠤᠯᠤᠨ ᠂ ᠭᠡᠱᠢᠭᠦᠳ᠎ᠦᠨ ᠠᠷᠠᠳ ᠤ᠋ᠨ ᠲᠥᠯᠥᠭᠡ ᠪᠠᠢᠬᠤ ᠬᠠᠢᠷ᠎ᠠ ᠰᠡᠳᠭᠢᠯᠭᠡ ᠶ᠋ᠢ ᠭᠦᠢᠴᠡᠳ ᠢᠯᠡᠷᠡᠭᠦᠯᠪᠡ; ᠭᠤᠷᠪᠠ᠎ᠳᠤ᠂ ᠰᠡᠳᠦᠪ ᠰᠤᠩᠭᠤᠯᠳᠠ ᠨᠡᠡᠭ ᠴᠢᠭᠯᠡᠬᠦᠯᠦᠯᠳᠦ ᠴᠢᠨᠠᠷᠲᠠᠢ᠂ ᠰᠡᠳᠬᠢᠨ ᠪᠤᠳᠤᠯᠬᠢᠯᠠᠯ ᠨᠡᠡᠭ ᠭᠦᠨᠵᠡᠭᠡᠢ ᠂ ᠰᠠᠨᠠᠭᠤᠯᠭ᠎ᠠ ᠨᠡᠡᠭ ᠪᠤᠳᠠᠲᠠᠢ ᠂ ᠶᠠᠰᠤ ᠴᠢᠨᠠᠷ ᠢᠯᠡᠳᠲᠡ ᠳᠡᠭᠡᠭᠰᠢᠯᠡᠵᠦ ᠂ ᠠᠷᠠᠳ ᠤ᠋ᠨ ᠤᠯᠤᠰ ᠲᠥᠷᠥ ᠶ᠋ᠢᠨ ᠵᠥᠪᠯᠡᠯᠭᠡᠨ᠎ᠦ ᠨᠡᠢᠭᠡᠮ ᠵᠢᠷᠤᠮ ᠤ᠋ᠨ ᠵᠥᠪᠯᠡᠬᠦ᠌ ᠠᠷᠠᠳᠴᠢᠯᠠᠯ ᠤ᠋ᠨ ᠴᠢᠬᠤᠯᠠ ᠠᠷᠭ᠎ᠠ ᠵᠠᠮ ᠪᠠ ᠲᠤᠰᠭᠠᠢ ᠵᠥᠪᠯᠡᠬᠦ᠌ ᠪᠠᠢᠭᠤᠯᠤᠮᠵᠢ᠎ᠵᠢᠨ ᠦᠢᠯᠡᠳᠦᠯ᠎ᠵᠢᠡᠨ ᠭᠦᠢᠴᠡᠳ ᠢᠯᠡᠷᠡᠭᠦᠯᠪᠡ᠃
ᠶᠡᠬᠡ ᠬᠤᠷᠠᠯ ᠲᠡᠭᠦᠰᠦᠭ᠌ᠰᠡᠨ᠎ᠦ ᠲᠠᠷᠠᠭ᠎ᠠ ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠦᠷᠦ᠍ ᠶ᠋ᠢᠨ ᠵᠥᠪᠯᠡᠯᠭᠡᠨ ᠦᠷᠬᠦᠯᠵᠢᠯᠡᠨ ᠰᠠᠨᠠᠯ ᠳᠤᠷᠠᠳᠤᠯᠭ᠎ᠠ ᠵᠢᠨ ᠵᠥᠪᠯᠡᠯ᠎ᠦᠨ ᠭᠡᠱᠢᠭᠦᠳ᠎ᠡᠴᠡ ᠰᠠᠨᠠᠯ ᠬᠤᠷᠢᠶᠠᠵᠤ᠂ ᠰᠠᠨᠠᠯ ᠳᠤᠷᠠᠳᠤᠯᠭ᠎ᠠ ᠶ᠋ᠢᠨ ᠵᠥᠪᠯᠡᠯ᠎ᠦᠨ ᠡᠷᠬᠢᠯᠡᠭ᠌ᠴᠢ ᠶ᠋ᠢᠨ ᠬᠤᠷᠠᠯ᠎ᠢ ᠬᠤᠷᠠᠯᠳᠤᠭᠤᠯᠵᠤ ᠲᠠᠬᠢᠨ ᠬᠢᠨᠠᠬᠤ ᠶ᠋ᠢᠨ ᠬᠠᠮᠲᠤ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠢ ᠲᠣᠭ᠍ᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ᠎ᠡᠴᠡ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ᠎ᠲᠠᠶ ᠬᠠᠮᠲᠤᠷᠠᠨ ᠰᠠᠨᠠᠯ ᠳᠤᠷᠠᠳᠤᠯᠭ᠎ᠠ᠎ᠵᠢ ᠲᠤᠱᠢᠶᠠᠨ ᠱᠢᠶ᠋ᠳᠪᠦᠷᠢᠯᠡᠭᠦᠯᠬᠦ᠌ ᠬᠤᠷᠠᠯ ᠬᠤᠷᠠᠯᠳᠤᠭᠤᠯᠵᠤ ᠂ ᠬᠡᠷᠡᠭ ᠪᠣᠯᠭᠠᠨ ᠳᠠᠩᠰᠠᠯᠠᠭᠰᠠᠨ ᠰᠠᠨᠠᠯ ᠳᠤᠷᠠᠳᠤᠯᠭ᠎ᠠ ᠶ᠋ᠢ ᠡᠯ᠎ᠡ ᠳᠠᠭᠠᠭᠠᠨ ᠭᠦᠢᠴᠡᠳᠭᠡᠬᠦ᠌ ᠨᠢᠭᠡᠴᠢ᠎ᠳᠦ ᠲᠤᠰ ᠲᠤᠰ ᠬᠦᠷᠭᠡᠨ ᠱᠢᠶ᠋ᠳᠪᠦᠷᠢᠯᠡᠭᠦᠯᠦᠨᠡ᠃ ᠲᠤᠰ ᠤᠳᠠᠭ᠎ᠠ ᠵᠢᠨ ᠬᠤᠷᠠᠯ᠎ᠤᠨ ᠰᠠᠨᠠᠯ ᠳᠤᠷᠠᠳᠤᠯᠭ᠎ᠠ ᠳᠡᠪᠰᠢᠭᠦᠯᠬᠦ ᠴᠠᠭ ᠡᠴᠡ ᠦᠩᠭᠡᠷᠡᠭᠰᠡᠨ ᠤ᠋ ᠳᠠᠷᠠᠭ᠎ᠠ ᠬᠤᠷᠢᠶᠠᠨ ᠣᠯᠤᠭ᠍ᠰᠠᠨ ᠰᠠᠨᠠᠯ ᠳᠤᠷᠠᠳᠤᠯᠭ᠎ᠠ ᠶ᠋ᠢ ᠡᠩ᠎ᠦᠨ ᠦᠶ᠎ᠡ ᠶ᠋ᠢᠨ ᠰᠠᠨᠠᠯ ᠳᠤᠷᠠᠳᠤᠯᠭ᠎ᠠ ᠪᠡᠷ ᠦᠵᠡᠵᠦ᠂ᠲᠣᠭ᠍ᠲᠠᠭ᠍ᠰᠠᠨ ᠲᠡᠰ ᠲᠡᠷᠡᠭᠠᠯᠠᠯ ᠵᠢᠡᠷ ᠬᠢᠨᠠᠨ ᠪᠠᠢᠴᠠᠭᠠᠵᠤ ᠲᠤᠱᠢᠶᠠᠨ ᠰᠢᠢᠳᠪᠦᠷᠢᠯᠡᠭᠦᠯᠦᠨ᠎ᠡ᠃ ᠬᠡᠷᠡᠭ ᠪᠣᠯᠭᠠᠨ ᠳᠠᠩᠰᠠᠯᠠᠭ᠍ᠰᠠᠨ ᠦᠭᠡᠢ ᠰᠠᠨᠠᠯ ᠳᠤᠷᠠᠳᠤᠯᠭ᠎ᠠ ᠶ᠋ᠢ ᠪᠠᠢᠳᠠᠯ᠎ᠢ ᠨᠢ ᠦᠵᠡᠵᠦ᠍ ᠰᠠᠨᠠᠯ ᠰᠠᠨᠠᠭᠤᠯᠭ᠎ᠠ ᠵᠡᠷᠭᠡ ᠬᠡᠯᠪᠡᠷᠢ᠎ᠪᠡᠷ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠦ ᠱᠢᠯᠵᠢᠭᠦᠯᠦᠨ ᠬᠦᠷᠭᠡᠵᠦ᠍ ᠯᠠᠪᠯᠠᠯᠲᠠ ᠪᠤᠯᠭᠠᠨ᠎ᠠ᠃