1 ᠰᠠᠷ᠎ᠠ ᠶ᠋ᠢᠨ 23 ᠤ᠋ ᠡᠳᠦᠷ ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠬᠠᠤᠯᠢ ᠲᠦᠷᠢᠮ᠎ᠦᠨ ᠵᠥᠪᠯᠡᠯ ᠳᠥᠴᠢᠨ ᠳᠣᠯᠣᠳᠤᠭᠠᠷ ᠤᠳᠠᠭ᠎ᠠ ᠶ᠋ᠢᠨ ᠪᠦᠭᠦ ᠬᠡᠰᠢᠬᠦᠳ᠎ᠤᠨ ᠬᠤᠷᠠᠯ ᠬᠢᠵᠦ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠬᠠᠤᠯᠢ ᠲᠤᠬᠲᠠᠭᠠᠯ᠎ᠦᠨ ᠳᠤᠭᠤᠢᠯᠠᠩ ᠤᠨ ᠳᠤᠷᠠᠳᠤᠭ᠍ᠰᠠᠨ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠬᠡᠷᠡᠭ ᠵᠥᠪᠯᠡᠬᠦ᠌ ᠲᠦᠷᠢᠮ(ᠵᠠᠰᠠᠪᠤᠷᠢ ᠣᠷᠣᠭᠤᠯᠬᠤ ᠲᠥᠰᠦᠯ ᠦᠨ ᠪᠠᠲᠤᠯᠠᠭᠤᠯᠬᠤ ᠨᠤᠤᠷᠠᠭ)》 (ᠬᠢᠨᠠᠨ ᠵᠦᠪᠰᠢᠶᠡᠷᠡᠬᠦᠯᠬᠦ ᠪᠡᠷ ᠲᠡᠪᠰᠢᠬᠦᠯᠬᠦ ᠨᠤᠤᠷᠠᠭ)᠎ᠢ᠋ ᠨᠢᠭᠡᠳᠦᠯᠲᠡᠢ ᠬᠢᠨᠠᠨ ᠵᠥᠪᠯᠡᠪᠡ᠃
ᠬᠠᠤᠯᠢ ᠲᠦᠷᠢᠮ᠎ᠦᠨ ᠵᠥᠪᠯᠡᠯ᠂ ᠵᠠᠰᠠᠪᠤᠷᠢ ᠣᠷᠣᠭᠤᠯᠬᠤ ᠲᠥᠰᠦᠯ ᠦᠨ ᠪᠠᠲᠤᠯᠠᠭᠤᠯᠬᠤ ᠨᠤᠤᠷᠠᠭ ᠬᠢᠨᠠᠨ ᠵᠦᠪᠰᠢᠶᠡᠷᠡᠬᠦᠯᠬᠦ ᠪᠡᠷ ᠲᠡᠪᠰᠢᠬᠦᠯᠬᠦ ᠨᠤᠤᠷᠠᠭ᠎ᠲᠤ ᠡᠯ᠎ᠡ ᠲᠥᠯᠥᠭᠡᠯᠡᠭ᠌ᠴᠢᠳ ᠦᠨ ᠪᠦᠯᠬᠦᠮ ᠦᠨ ᠬᠢᠨᠠᠨ ᠵᠥᠪᠯᠡᠭ᠌ᠰᠡᠨ ᠰᠠᠨᠠᠯ ᠪᠠ ᠬᠤᠷᠠᠯ᠎ᠡᠴᠡ ᠡᠮᠦᠨ᠎ᠡ ᠡᠯ᠎ᠡ ᠲᠥᠯᠥᠭᠡᠯᠡᠭ᠌ᠴᠢᠳ ᠦᠨ ᠪᠦᠯᠬᠦᠮ᠎ᠦᠨ ᠰᠤᠳᠤᠯᠤᠨ ᠤᠩᠱᠢᠵᠤ ᠶᠠᠷᠢᠯᠴᠠᠨ ᠬᠠᠷᠢᠭᠤ ᠲᠤᠰᠭᠠᠭ᠍ᠰᠠᠨ ᠰᠠᠨᠠᠯ᠎ᠢ ᠭᠦᠶ᠋ᠴᠡᠳ ᠱᠢᠩᠭᠡᠭᠡᠨ ᠠᠪᠴᠤ᠂ ᠠᠵᠢᠯ ᠤᠨ ᠪᠣᠳᠠᠲᠤ ᠪᠠᠢᠳᠠᠯ᠎ᠲᠠᠶ ᠨᠠᠩ ᠢᠯᠡᠭᠦᠦ ᠨᠡᠢᠴᠡᠵᠦ᠍᠂ ᠬᠠᠤᠯᠢ ᠲᠣᠭ᠍ᠲᠠᠭᠠᠬᠤ ᠠᠵᠢᠯ᠎ᠳ᠋ᠤ ᠪᠥᠬᠥ᠌ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠲᠤᠭᠤᠰᠢᠯᠠᠭᠤᠯᠤᠬᠰᠠᠨ ᠨᠢᠭᠡ ᠤᠳᠠᠭᠠᠨ ᠤ ᠠᠮᠢᠳᠤᠯᠢᠭ ᠦᠶ᠋ᠯᠡᠳᠦᠯᠭᠡ ᠪᠤᠯᠵᠠᠢ᠂ ᠶᠡᠬᠡ ᠬᠤᠷᠠᠯ ᠤᠨ ᠲᠡᠷᠢᠭᠦᠯᠡᠭ᠌ᠴᠢᠳ᠎ᠦᠨ ᠪᠦᠯᠬᠦᠮ ᠳᠦ ᠳᠡᠪᠱᠢᠭᠦᠯᠵᠦ᠍᠂ ᠶᠡᠬᠡ ᠬᠤᠷᠠᠯ᠎ᠤᠨ ᠪᠥᠬᠥ ᠬᠡᠰᠢᠬᠦᠳ᠎ᠤᠨ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠵᠦ᠍ ᠪᠠᠲᠤᠯᠠᠭᠤᠯᠬᠤ᠎ᠶ᠋ᠢ ᠵᠥᠪᠱᠢᠶᠡᠷᠡᠵᠦ᠍ ᠪᠠᠢᠨ᠎ᠠ ᠬᠡᠵᠦ ᠦᠵᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号