ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍ ᠶ᠋ᠢᠨ ᠵᠥᠪᠯᠡᠯᠭᠡᠨ᠎ᠦ ᠠᠷᠪᠠᠨ ᠬᠣᠶᠠᠳᠤᠭᠠᠷ ᠬᠤᠭᠤᠴᠠᠭᠠᠨ᠎ᠤ ᠬᠤᠷᠢᠶᠠᠨ᠎ᠤ ᠰᠠᠨᠠᠯ ᠳᠤᠷᠠᠳᠤᠯᠭ᠎ᠠ᠎ᠶ᠋ᠢᠨ ᠵᠥᠪᠯᠡᠯ ᠡᠴᠡ ᠤᠢ᠍ᠢᠯᠠᠭᠠᠭ᠍ᠰᠠᠠᠵᠢᠡᠷ᠂ 1 ᠰᠠᠷ᠎ᠠ᠎ᠶ᠋ᠢᠨ 21᠎ᠤ᠋ ᠡᠳᠦᠷ᠎ᠦᠨ15 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠬᠣᠶᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ ᠨᠡᠢ᠌ᠲᠡ 773 ᠬᠤᠪᠢ ᠰᠠᠨᠠᠯ ᠳᠤᠷᠠᠳᠤᠯᠭ᠎ᠠ᠎ᠶ᠋ᠢ ᠬᠤᠷᠢᠶᠠᠨ ᠤᠯᠵᠥ᠂ ᠠᠩᠬ᠎ᠠ ᠠᠯᠬᠤᠮ ᠬᠢᠨᠠᠨ ᠪᠠᠢᠴᠠᠭᠠᠭᠠᠳ 632 ᠬᠤᠪᠢ᠎ᠶ᠋ᠢ ᠨᠢ ᠰᠠᠨᠠᠯ ᠲᠤᠷᠠᠳᠤᠯᠭ᠎ᠠ ᠪᠡᠷ ᠲᠠᠡᠭᠰᠠᠯᠠᠪᠠ᠃
ᠲᠣᠰ ᠤᠳᠠᠭ᠎ᠠ᠎ᠶ᠋ᠢᠨ ᠶᠡᠬᠡ ᠬᠤᠷᠠᠯ᠎ᠳᠤ ᠬᠤᠷᠢᠶᠠᠨ ᠤᠯᠤᠬᠰᠠᠨ ᠰᠠᠨᠠᠯ ᠳᠤᠷᠠᠳᠤᠯᠭ᠎ᠠ᠎ᠨᠢ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠵᠢᠨ ᠥᠪᠥᠷ ᠮᠣᠩᠭᠣᠯ ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ ᠲᠠᠢ ᠨᠢᠭᠳᠠ ᠤᠶᠠᠯᠳᠤᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠱᠢᠨ᠎ᠡ ᠪᠠᠢᠷᠢᠯᠠᠭᠤᠯᠤᠯᠲᠠ ᠱᠢᠨ᠎ᠡ ᠱᠠᠭᠠᠷᠳᠠᠯᠭ᠎ᠠ᠎ᠵᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠭᠤᠷᠢᠨ ᠳ᠋ᠤ᠂《ᠬᠣᠶᠠᠷ ᠬᠠᠯᠬᠠᠪᠴᠢ》 ᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠥᠲᠥᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠡᠱᠢᠭᠦᠳ᠎ᠦᠨ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠤᠬᠠᠮᠰᠠᠷ ᠢ ᠢᠯᠡᠷᠡᠭᠦᠯᠪᠡ; ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠬᠡᠷᠡᠭ᠌ᠴᠡᠭᠡ ᠱᠠᠭᠠᠷᠳᠠᠯᠭ᠎ᠠ ᠪᠠ ᠠᠷᠠᠳ ᠤᠯᠠᠨ᠎ᠤ ᠬᠠᠯᠠᠮᠵᠢᠯᠠᠨ ᠠᠩᠬᠠᠷᠴᠤ᠌ ᠪᠠᠢᠭ᠎ᠠ ᠬᠠᠯᠠᠮᠰᠢᠯ ᠠᠰᠠᠭᠤᠳᠠᠯ᠎ᠲᠠᠶ ᠨᠢᠭ᠍ᠲᠠ ᠤᠶᠠᠯᠳᠤᠵᠤ᠂ ᠭᠡᠱᠢᠭᠦᠳ᠎ᠦᠨ ᠠᠷᠠᠳ᠎ᠤᠨ ᠲᠥᠯᠥᠭᠡ ᠪᠠᠢᠬᠤ ᠬᠠᠢᠷ᠎ᠠ ᠰᠡᠳᠭᠢᠯᠭᠡ᠎ᠶ᠋ᠢ ᠭᠦᠢᠴᠡᠳ ᠢᠯᠡᠷᠡᠭᠦᠯᠪᠡ; ᠰᠡᠳᠦᠪ ᠰᠣᠩᠭᠣᠯᠲᠠ ᠨᠡᠩ ᠬᠠᠨᠳᠤᠯᠭᠠᠲᠤ ᠴᠢᠨᠠᠷᠲᠠᠢ᠂ ᠰᠡᠳᠬᠢᠮᠵᠢ ᠨᠡᠩ ᠭᠦᠨᠵᠡᠭᠡᠢ᠂ ᠰᠠᠨᠠᠯ ᠰᠠᠨᠠᠭᠤᠯᠭ᠎ᠠ ᠨᠡᠩ ᠪᠣᠳᠠᠲᠠᠢ ᠪᠠᠢᠵᠤ᠂ ᠶᠠᠰᠤ ᠴᠢᠨᠠᠷ ᠨᠢ ᠢᠯᠡᠳᠲᠡ ᠳᠡᠭᠡᠭ᠌ᠰᠢᠯᠡᠵᠦ᠍᠂ ᠠᠷᠠᠳ ᠤᠨ ᠤᠯᠤᠰ ᠲᠦᠷᠦ᠍ ᠶ᠋ᠢᠨ ᠵᠥᠪᠯᠡᠯᠭᠡᠨ᠎ᠦ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ᠎ᠤᠨ ᠴᠢᠬᠤᠯᠠ ᠠᠷᠭ᠎ᠠ ᠵᠠᠮ ᠪᠠ ᠲᠤᠰᠭᠠᠢ ᠵᠥᠪᠯᠡᠬᠦ᠌ ᠪᠠᠢᠭᠤᠯᠤᠮᠵᠢ ᠵᠢᠨ ᠦᠢᠯᠡᠳᠦᠯ ᠢ ᠭᠦᠢᠴᠡᠳ ᠢᠯᠡᠷᠡᠭᠦᠯᠪᠡ᠃ ᠳᠠᠩᠰᠠᠯᠠᠬᠤ᠎ᠪᠠᠷ ᠪᠠᠢᠭ᠎ᠠ ᠰᠠᠨᠠᠯ ᠳᠤᠷᠠᠳᠤᠯᠭ᠎ᠠ᠎ᠳᠤ᠂ ᠠᠵᠤ ᠠᠬᠤᠢ ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠠᠯ᠎ᠠ᠎ᠶ᠋ᠢᠨ ᠰᠠᠨᠠᠯ ᠳᠤᠷᠠᠳᠤᠯᠭ᠎ᠠ 226 ᠬᠤᠪᠢ᠂ ᠤᠯᠤᠰ ᠲᠦᠷᠦ᠍ ᠶ᠋ᠢᠨ ᠪᠠᠢᠭᠤᠯᠤᠯᠲᠠ᠎ᠶ᠋ᠢᠨ ᠲᠠᠯ᠎ᠠ ᠶ᠋ᠢᠨ ᠰᠠᠨᠠᠯ ᠳᠤᠷᠠᠳᠤᠯᠭ᠎ᠠ 26 ᠬᠤᠪᠢ᠂ ᠰᠣᠶᠣᠯ ᠤᠨ ᠪᠠᠢᠭᠤᠯᠤᠯᠲᠠ᠎ᠶ᠋ᠢᠨ ᠲᠠᠯ᠎ᠠ ᠶ᠋ᠢᠨ ᠰᠠᠨᠠᠯ ᠳᠤᠷᠠᠳᠤᠯᠭ᠎ᠠ 43 ᠬᠤᠪᠢ᠂ ᠨᠡᠢᠭᠡᠮ ᠦᠨ ᠪᠠᠢᠭᠤᠯᠤᠯᠲᠠ᠎ᠶ᠋ᠢᠨ ᠲᠠᠯ᠎ᠠ᠎ᠶ᠋ᠢᠨ ᠰᠠᠨᠠᠯ ᠳᠤᠷᠠᠳᠤᠯᠭ᠎ᠠ 238 ᠬᠤᠪᠢ᠂ ᠠᠮᠢ ᠠᠬᠤᠢ ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠠᠯ᠎ᠠ ᠶ᠋ᠢᠨ ᠰᠠᠨᠠᠯ ᠳᠤᠷᠠᠳᠤᠯᠭ᠎ᠠ 99 ᠬᠤᠪᠢ ᠪᠤᠢ᠃
ᠣᠢᠯᠠᠭᠠᠭ᠍ᠰᠠᠨ᠎ᠢᠶᠠᠷ᠂ ᠶᠡᠬᠡ ᠬᠤᠷᠠᠯ ᠲᠡᠭᠦᠰᠦᠭ᠌ᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠶ᠋ᠢᠨ ᠵᠥᠪᠯᠡᠯᠭᠡᠨ᠎ᠨᠢ ᠰᠠᠨᠠᠯ ᠳᠤᠷᠠᠳᠤᠯᠭ᠎ᠠ᠎ᠶ᠋ᠢᠨ ᠵᠥᠪᠯᠡᠯ᠎ᠦᠨ ᠭᠡᠱᠢᠭᠦᠳ ᠦᠨ ᠰᠠᠨᠠᠯ᠎ᠢ ᠤᠯᠠᠮ ᠨᠢᠭᠡ ᠠᠯᠬᠤᠮ ᠬᠤᠷᠢᠶᠠᠵᠤ᠂ ᠰᠠᠨᠠᠯ ᠳᠤᠷᠠᠳᠤᠯᠭ᠎ᠠ ᠶ᠋ᠢᠨ ᠵᠥᠪᠯᠡᠯ᠎ᠦᠨ ᠡᠷᠬᠢᠯᠡᠭ᠌ᠴᠢᠨᠡᠷᠦᠨ ᠬᠤᠷᠠᠯ᠎ᠢ ᠬᠤᠷᠠᠯᠳᠤᠭᠤᠯᠵᠤ ᠳᠠᠬᠢᠨ ᠬᠢᠨᠠᠬᠤ᠎ᠶ᠋ᠢᠨ ᠬᠠᠮᠲᠤ ᠡᠴᠦᠰ᠎ᠦᠨ ᠬᠢᠨᠠᠨ ᠪᠠᠢᠴᠠᠭᠠᠭ᠍ᠰᠠᠨ ᠦᠷ᠎ᠡ ᠳ᠋ᠦᠩ ᠢ ᠲᠣᠭ᠍ᠲᠠᠭᠠᠨ᠎ᠠ᠃ ᠳᠠᠩᠰᠠᠯᠠᠭᠰᠠᠨ ᠰᠠᠨᠠᠯ ᠳᠤᠷᠠᠳᠤᠯᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶ᠎ᠠ᠂ ᠵᠠᠰᠠᠭ᠎ᠤᠨ ᠣᠷᠳᠣᠨ ᠲᠠᠢ ᠬᠠᠮᠲᠤᠷᠠᠨ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠶ᠋ᠳᠪᠦᠷᠢᠯᠡᠭᠦᠯᠬᠦ᠌ ᠬᠤᠷᠠᠯ ᠬᠤᠷᠠᠯᠳᠤᠭᠤᠯᠵᠤ᠂ ᠡᠯ᠎ᠡ ᠳᠠᠭᠠᠭᠠᠨ ᠭᠦᠢᠴᠡᠳᠭᠡᠬᠦ᠌ ᠨᠢᠭᠡᠴᠢ ᠳᠦ ᠲᠤᠰᠢᠶᠠᠨ ᠱᠢᠶ᠋ᠳᠪᠦᠷᠢᠯᠡᠭᠦᠯᠬᠦ᠌ ᠪᠣᠯᠤᠨ᠎ᠠ᠃