ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠪᠡ
2022-01-24 08:34:34
ᠵᠣᠬᠢᠶᠠᠭ᠍ᠴᠢ᠄
​ ᠯᠢ ᠬᠠᠨ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 23 ᠎ᠤ᠋ ᠡᠳᠦᠷ ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠳᠤ ᠣᠷᠣᠯᠴᠠᠵᠦ ᠪᠠᠢᠭ᠎ᠠ ᠲᠥᠯᠥᠭᠡᠯᠡᠭ᠌ᠴᠢᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃

ᠲᠥᠯᠥᠭᠡᠯᠡᠭ᠌ᠴᠢᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠳᠡᠬᠢ ᠥᠩᠭᠡᠷᠡᠭ᠌ᠰᠡᠨ ᠨᠢᠭᠡ ᠵᠢᠯ᠎ᠦᠨ ᠠᠵᠢᠯ᠎ᠤᠨ ᠳ᠋ᠦᠩᠨᠡᠯᠲᠡ᠎ᠨᠢ ᠪᠥᠬᠥ᠌ ᠲᠠᠯ᠎ᠠ ᠵᠢᠨ ᠪᠦᠭᠡᠳ ᠪᠤᠰᠤᠳᠴᠢ ᠪᠠᠢᠵᠤ᠂ ᠦᠨᠡᠨ᠎ᠡᠴᠡ ᠵᠥᠪ᠎ᠢ ᠡᠷᠢᠵᠦ᠍ ᠂ ᠡᠨᠡ ᠵᠢᠯ᠎ᠦᠨ ᠠᠵᠢᠯ᠎ᠤᠨ ᠪᠠᠢᠷᠢᠯᠠᠭᠤᠯᠤᠯᠲᠠ᠎ᠨᠢ ᠡᠭᠦᠷᠭᠡ ᠬᠠᠷᠢᠭᠤᠴᠠᠯᠭ᠎ᠠ᠎ᠶ᠋ᠢᠨ ᠲᠣᠭᠣᠷᠢᠨ᠎ᠳᠤ ᠭᠤᠤᠯᠳᠠᠯᠭ᠎ᠠ᠎ᠵᠢ ᠳᠣᠪᠣᠢᠯᠭᠠᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠱᠠᠭᠠᠷᠳᠠᠯᠭ᠎ᠠ᠎ᠳᠤ ᠪᠦᠷᠢᠮᠦᠰᠦᠨ ᠨᠡᠢᠴᠡᠪᠡ᠃ ᠨᠢᠭᠡ ᠵᠢᠯ᠎ᠦᠨ ᠲᠤᠷᠰᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠴᠢᠩᠭ᠎ᠠ ᠳᠠᠭᠠᠵᠤ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠬᠠᠤᠯᠢᠵᠢᠯ᠎ᠤᠨ ᠪᠠᠢᠭᠤᠯᠤᠯᠲᠠ᠎ᠳᠤ ᠲᠠᠯᠪᠢᠭ᠍ᠰᠠᠨ ᠬᠦᠰᠡᠯ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠵᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠡᠷᠡᠭ᠌ᠴᠡᠭᠡ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠵᠤ᠂ ᠬᠠᠤᠯᠢ᠎ᠳ᠋ᠤ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠪᠦᠲᠦᠮᠵᠢᠲᠡᠶ ᠭᠦᠶ᠋ᠴᠡᠳᠭᠡᠵᠦ᠍᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠴᠢᠬᠤᠯᠠ ᠬᠤᠪᠢ ᠨᠡᠮᠡᠷᠢ ᠦᠵᠡᠭᠦᠯᠵᠡᠶ ᠭᠡᠵᠤ ᠦᠵᠡᠵᠡᠭᠡᠪᠡ᠃

ᠲᠥᠯᠥᠭᠡᠯᠡᠭ᠌ᠴᠢᠳ᠂ 2021 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠭᠤᠤᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠶ᠋ᠯᠡᠴᠢᠯᠡᠬᠦ᠌᠎ᠶ᠋ᠢ ᠪᠠᠷᠢᠮᠲᠠᠯᠠᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠂ ᠬᠠᠤᠯᠢᠵᠢᠯ᠎ᠤᠨ ᠥᠪᠥᠷ ᠮᠣᠩᠭᠣᠯ᠎ᠤᠨ ᠪᠠᠢᠭᠤᠯᠤᠯᠲᠠ ᠵᠡᠷᠭᠡ ᠲᠠᠯ᠎ᠠ᠎ᠪᠠᠷ ᠲᠤᠱᠢᠶᠠᠯ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠦ᠍᠂ ᠢᠯᠡᠳᠲᠡ ᠦᠷ᠎ᠡ ᠪᠦᠲᠦᠮᠵᠢ ᠣᠯᠵᠤ ᠂ ᠨᠠᠮ ᠪᠣᠯᠤᠨ ᠤᠯᠤᠰ᠎ᠤᠨ ᠠᠵᠢᠯ᠎ᠤᠨ ᠭᠤᠤᠯᠳᠠᠯᠭ᠎ᠠ ᠬᠠᠮᠢᠭ᠎ᠠ ᠪᠠᠢᠪᠠᠯ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ ᠲᠡᠨᠳᠡ ᠬᠦᠷᠳᠡᠯ᠎ᠠ ᠲᠠᠭᠠᠨ ᠤᠷᠤᠭᠰᠢᠯᠠᠵᠤ᠂ ᠦᠶ᠋ᠯᠡᠳᠦᠯ᠎ᠢᠶᠡᠨ ᠲᠡᠨᠳᠡ ᠬᠦᠷᠲᠡᠯ᠎ᠡ ᠪᠠᠳᠠᠷᠠᠭᠤᠯᠬᠤ᠎ᠶ᠋ᠢ ᠦᠨᠡᠨ ᠬᠦ᠌ ᠪᠡᠶᠡᠯᠡᠭᠦᠯᠵᠠᠢ ᠭᠡᠵᠦ᠍ ᠦᠵᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠤᠯᠠᠭᠠᠨᠴᠠᠪ ᠬᠤᠳᠠ᠎ᠶ᠋ᠢᠨ ᠹᠸᠩᠵᠸᠨ ᠬᠤᠳᠠ᠎ᠶ᠋ᠢᠨ ᠾᠸᠢ ᠲᠦ᠎ᠲᠡᠶ ᠪᠠᠯᠭᠠᠰᠤᠨ᠎ᠤ ᠮᠤᠤ ᠡᠯ ᠱᠠᠨ ᠲᠣᠰᠭᠣᠨ᠎ᠤ ᠨᠠᠮ᠎ᠤᠨ ᠡᠭᠦᠷ᠎ᠦᠨ ᠱᠦᠵᠢ ᠭᠦᠸᠧ ᠵᠢᠶᠠᠨ ᠭᠤᠸᠠᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠢ ᠢᠮᠠᠭ᠍ᠲᠠ ᠪᠦᠬᠦ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠲᠠᠯᠪᠢᠵᠦ ᠲᠥᠯᠥᠪᠵᠢᠭᠦᠯᠦᠨ ᠠᠬᠢᠭᠤᠯᠵᠤ᠂ ᠠᠷᠠᠳ ᠲᠦᠮᠡᠨ᠎ᠳᠦ ᠠᠱᠢᠭ ᠲᠤᠰᠠ ᠤᠯᠭᠤᠵᠤ᠂ ᠠᠷᠠᠳ ᠲᠦᠮᠡᠨ᠎ᠤ ᠬᠦᠰᠡᠯ ᠱᠠᠭᠠᠷᠳᠠᠯᠭ᠎ᠠ᠎ᠳᠤ ᠬᠠᠷᠢᠭᠤᠯᠳᠠ ᠦᠭᠬᠦ ᠵᠣᠷᠢᠯᠲᠠ ᠤᠬᠠᠮᠰᠠᠷ᠎ᠢ ᠠᠮᠢᠳᠤᠯᠢᠭ᠎ᠢᠶᠠᠷ ᠲᠠᠢᠯᠪᠤᠷᠢᠯᠠᠪᠠ᠃ ᠠᠷᠠᠳ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠢᠷᠠᠭᠤ ᠠᠯᠳᠠᠷᠲᠤ ᠲᠤᠱᠢᠶᠠᠯ ᠬᠠᠷᠢᠭᠤᠴᠠᠯᠭ᠎ᠠ ᠪᠠ ᠳᠠᠷᠬᠠᠨ ᠡᠭᠦᠷᠭᠡ᠎ᠪᠡᠨ ᠴᠢᠷᠮᠠᠢᠨ ᠰᠠᠢᠲᠤᠷ ᠭᠦᠢᠴᠡᠳᠭᠡᠨ᠎ᠠ  ᠭᠡᠵᠤ ᠢᠯᠡᠳᠭᠡᠪᠡ᠃

ᠮᠡᠳᠡᠭᠦᠯᠦᠯᠲᠡ᠎ᠶ᠋ᠢ ᠬᠢᠨᠠᠨ ᠵᠥᠪᠯᠡᠬᠦ᠌ ᠦᠶ᠎ᠡ᠎ᠳᠦ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠂ ᠤᠯᠠᠭᠠᠨᠬᠠᠳᠠ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠺᠠᠳ᠋ᠷ ᠰᠥᠩ ᠴᠧᠨ 《 ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠨᠠᠮ᠎ᠤᠨ ᠤᠳᠤᠷᠢᠳᠤᠯᠭ᠎ᠠ ᠭᠡᠬᠦ᠌ ᠡᠨᠡ ᠬᠦ᠌ ᠬᠠᠮᠤᠭ᠎ᠤᠨ ᠳᠡᠭᠡᠳᠦ ᠤᠯᠤᠰ ᠲᠦᠷᠦ᠍᠎ᠶ᠋ᠢᠨ ᠵᠠᠷᠴᠢᠮ᠎ᠢ ᠪᠠᠷᠢᠮᠲᠠᠯᠠᠬᠤ᠎ᠶ᠋ᠢᠨ ᠬᠠᠮᠲᠤ ᠂ ᠲᠡᠭᠦᠨ᠎ᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠡᠯ᠎ᠡ ᠲᠠᠯ᠎ᠠ᠎ᠳᠤ  ᠨᠠᠢᠳᠠᠪᠤᠷᠢᠵᠢᠭᠤᠯᠵᠡᠢ》 ᠭᠡᠵᠤ ᠬᠡᠯᠡᠪᠡ᠃

ᠲᠥᠯᠥᠭᠡᠯᠡᠭ᠌ᠴᠢᠳ᠂ ᠬᠣᠢᠱᠢᠳᠠ ᠲᠥᠯᠥᠭᠡᠯᠡᠭ᠌ᠴᠢᠳ᠎ᠦᠨ ᠦᠶ᠋ᠯᠡᠳᠦᠯ᠎ᠵᠢᠡᠨ ᠦᠷᠭᠦᠯᠵᠢᠯᠡᠨ ᠭᠦᠶ᠋ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠎ᠶ᠋ᠢ ᠨᠠᠩ ᠰᠠᠢᠲᠤᠷ ᠠᠬᠢᠭᠤᠯᠵᠤ᠂ ᠬᠢᠨᠠᠯᠲᠠ ᠲᠠᠯᠪᠢᠬᠤ ᠡᠭᠦᠷᠭᠡ ᠴᠢᠳᠠᠪᠬᠢ᠎ᠪᠠᠨ ᠨᠠᠩ ᠰᠠᠢᠲᠤᠷ ᠪᠠᠳᠠᠷᠠᠭᠤᠯᠵᠦ᠍ ᠂ ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠨᠠᠩ ᠰᠠᠢᠲᠤᠷ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠣ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号