1 ᠰᠠᠷ᠎ᠠ᠎ᠶ᠋ᠢᠨ 23 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ 2021 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠲᠥᠰᠦᠯ ᠂ ᠥᠪᠡᠷᠲᠡᠭᠡᠨ ᠵᠠᠰᠠᠬᠤ ᠣᠷᠣᠨ᠎ᠤ 2021 ᠣᠨ᠎ᠤ ᠲᠥᠰᠦᠪ᠎ᠢ ᠭᠦᠢᠴᠡᠳᠭᠡᠭ᠌ᠰᠡᠨ ᠪᠠᠢᠳᠠᠯ ᠪᠠ 2022 ᠣᠨ᠎ᠤ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠲᠥᠰᠦᠯ᠎ᠢ ᠰᠤᠳᠤᠯᠤᠨ ᠶᠠᠷᠢᠯᠴᠠᠪᠠ᠃
ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠳ᠋ᠤᠸᠠᠨ ᡁᠢ ᠴᠢᠶᠠᠩ ᠬᠤᠷᠠᠯ᠎ᠢ ᠡᠷᠬᠢᠯᠡᠵᠡᠢ᠃
ᠥᠪᠡᠷᠲᠡᠭᠡᠨ ᠵᠠᠰᠠᠬᠤ ᠣᠷᠣᠨ᠎ᠤ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ ᠂ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠡᠴᠡ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠬᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠎ᠶ᠋ᠢ ᠪᠠᠷᠢᠮᠲᠠᠯᠠᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠌᠎ᠶ᠋ᠢ ᠶᠡᠬᠡᠪᠡᠷ ᠠᠬᠢᠭᠤᠯᠵᠤ᠂ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢᠨ ᠡᠷᠴᠢᠮ᠎ᠢᠶᠡᠨ ᠦᠨᠡᠨ ᠬᠦ᠌ ᠴᠢᠩᠭᠠᠷᠠᠭᠤᠯᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠦ᠍᠂ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ ᠪᠠ ᠠᠮᠢᠵᠢᠷᠠᠯ᠎ᠤᠨ ᠬᠦᠴᠦᠨ᠎ᠢ ᠬᠦᠴᠦᠯᠡᠨ ᠴᠢᠩᠭᠠᠳᠭᠠᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠬᠤ ᠰᠠᠨᠠᠯ ᠰᠠᠨᠠᠭᠤᠯᠭᠠᠳᠤᠷᠠᠳᠴᠠᠶ᠃
ᠥᠪᠡᠷᠲᠡᠭᠡᠨ ᠵᠠᠰᠠᠬᠤ ᠣᠷᠣᠨ᠎ᠤ 2022 ᠣᠨ᠎ᠤ ᠡᠳ᠋᠎ᠦᠨ ᠵᠠᠰᠠᠭ᠎ᠤᠨ ᠲᠥᠰᠦᠪ᠎ᠦᠨ ᠡᠭᠦᠷᠭᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠡᠴᠡ ᠢᠳᠡᠪᠬᠢᠲᠡᠶ ᠡᠳ᠋᠎ᠦᠨ ᠵᠠᠰᠠᠭ᠎ᠤᠨ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠤ ᠠᠬᠤᠶ᠎ᠶ᠋ᠢᠨ ᠡᠷᠬᠢᠯᠳᠡ ᠵᠢ ᠵᠣᠬᠢᠰᠲᠠᠶ ᠬᠡᠪᠴᠢᠶᠡᠨ᠎ᠳᠦ ᠪᠠᠢᠯᠭᠠᠬᠤ᠎ᠶ᠋ᠢ ᠪᠠᠲᠤᠯᠠᠨ᠂ ᠲᠥᠰᠦᠪ᠎ᠦᠨ ᠬᠢᠵᠠᠭᠠᠷᠯᠠᠯ ᠪᠠ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠡᠳ᠋᠎ᠦᠨ ᠵᠠᠰᠠᠭ᠎ᠤᠨ ᠪᠠᠯᠠ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠥᠷᠢ ᠥᠭ᠌ᠴᠡᠭᠡ᠎ᠶ᠋ᠢᠨ ᠲᠦᠭ᠌ᠰᠢᠭᠦᠷᠢ᠎ᠶ᠋ᠢ ᠢᠳᠡᠪᠬᠢᠲᠡᠶ ᠪᠥᠭᠡᠳ ᠯᠠᠪᠳᠠᠭᠤᠨ᠎ᠢᠶᠠᠷ ᠰᠡᠷᠭᠡᠢᠯᠡᠨ ᠠᠷᠢᠯᠭᠠᠵᠦ᠂ ᠲᠥᠰᠦᠪ᠎ᠦᠨ ᠬᠠᠮᠢᠶᠠᠷᠤᠯᠲᠠ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠣᠲᠣ ᠦᠶ᠎ᠡ᠎ᠶ᠋ᠢᠨ ᠡᠳ᠋᠎ᠦᠨ ᠵᠠᠰᠠᠭ ᠭᠠᠢᠯᠢ᠎ᠶ᠋ᠢᠨ ᠪᠠᠢᠭᠤᠯᠤᠮᠵᠢ ᠵᠢ ᠲᠦᠷᠭᠡᠳᠭᠡᠨ ᠪᠠᠢᠭᠤᠯᠬᠤ ᠲᠤᠬᠠᠶ ᠰᠠᠨᠠᠯ ᠰᠠᠨᠠᠭᠤᠯᠭᠠᠳᠤᠷᠠᠳᠪᠠ᠃
ᠬᠤᠷᠠᠯ ᠡᠴᠡ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠬᠦᠯᠦᠯᠳᠡ (ᠲᠥᠰᠦᠯ )᠂ ᠥᠪᠡᠷᠲᠡᠭᠡᠨ ᠵᠠᠰᠠᠬᠤ ᠣᠷᠣᠨ᠎ᠤ 2021 ᠣᠨ᠎ᠤ ᠲᠥᠰᠦᠪ᠎ᠢ ᠬᠦᠢᠴᠡᠳᠭᠡᠭᠰᠡᠨ ᠪᠠᠢᠳᠠᠯ ᠪᠠ 2022 ᠣᠨ᠎ᠤ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ(ᠲᠥᠰᠦᠯ ) ᠶ᠋ᠢ ᠵᠠᠷᠴᠢᠮ ᠳᠡᠭᠡᠷ᠎ᠡ᠎ᠪᠡᠨ ᠪᠠᠲᠤᠯᠠᠵᠤ ᠂ ᠴᠢᠨᠠᠬᠰᠢᠳᠠ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭ᠌ᠰᠡᠨᠦ ᠳᠠᠷᠠᠭ᠎ᠠ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃