1 ᠰᠠᠷ᠎ᠠ ᠶ᠋ᠢᠨ 23 ᠤ᠋ ᠡᠳᠦᠷ ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠰᠠᠨᠠᠯ ᠵᠥᠪᠯᠡᠯᠭᠡ ᠶ᠋ᠢ ᠬᠢᠨᠠᠨ ᠪᠠᠢᠴᠠᠭᠠᠬᠤ ᠵᠥᠪᠯᠡᠯ ᠬᠤᠷᠠᠯ ᠬᠢᠵᠦ ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠵᠢᠷᠭᠤᠳᠤᠭᠠᠷ ᠬᠤᠷᠠᠯᠤᠨ ᠰᠠᠨᠠᠯ ᠵᠦᠪᠯᠡᠯᠭᠡ ᠪᠤᠯᠭᠠᠬᠤ ᠪᠠᠷ ᠪᠠᠢᠭ᠎ᠠ ᠰᠠᠨᠠᠯ ᠵᠥᠪᠯᠡᠯᠭᠡ ᠶ᠋ᠢ ᠬᠢᠨᠠᠨ ᠪᠠᠢᠴᠠᠭᠠᠪᠠ᠃
ᠶᠡᠬᠡ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠪᠠᠢᠩᠭᠤ ᠶ᠋ᠢᠨ ᠲᠡᠷᠢᠭᠦᠯᠡᠭ᠌ᠴᠢ ᠳ᠋ᠤᠸᠠᠨ ᡁᠢ ᠴᠢᠶᠠᠩ ᠬᠤᠷᠠᠯᠳᠤ ᠣᠷᠣᠯᠴᠠᠵᠤ ᠶᠠᠷᠢᠶ᠎ᠠ ᠲᠠᠯᠪᠢᠵᠠᠢ᠃
ᠲᠥᠯᠥᠭᠡᠯᠡᠭ᠌ᠴᠢᠳ ᠰᠠᠨᠠᠯ ᠵᠥᠪᠯᠡᠯᠭᠡ ᠲᠤᠷᠠᠳᠬᠤ ᠪᠣᠯ ᠦᠨᠳᠦᠰᠦᠨ ᠬᠠᠤᠯᠢ ᠪᠠ ᠬᠠᠤᠯᠢ ᠴᠠᠭᠠᠵᠠᠠᠴᠠ ᠣᠯᠭᠣᠭ᠍ᠰᠠᠨ ᠡᠷᠬᠡ ᠮᠥᠨ᠃ ᠶᠡᠬᠡ ᠬᠤᠷᠠᠯᠠᠴᠠ ᠲᠣᠭ᠍ᠲᠠᠭᠠᠭ᠍ᠰᠠᠨ ᠰᠠᠨᠠᠯ ᠵᠥᠪᠯᠡᠯᠭᠡ ᠲᠡᠪᠰᠢᠬᠦᠯᠬᠦ ᠵᠢ ᠬᠢᠵᠠᠭᠠᠷᠯᠠᠬᠤ ᠴᠠᠭ(1 ᠰᠠᠷ᠎ᠠ ᠶ᠋ᠢᠨ 22 ᠤ᠋ᠨ ᠡᠳᠦᠷ ᠤ᠋ᠨ 18 ᠴᠠᠭ) ᠪᠣᠯᠲᠠᠯ᠎ᠠ ᠂ ᠰᠠᠨᠠᠯ ᠵᠥᠪᠯᠡᠯᠭᠡ ᠰᠠᠨᠠᠯ ᠰᠠᠨᠠᠭᠤᠯᠭ᠎ᠠ ᠶ᠋ᠢᠨ ᠳᠤᠭᠤᠢᠯᠠᠩ 21 ᠬᠤᠪᠢ ᠰᠠᠨᠠᠯ ᠵᠥᠪᠯᠡᠯᠭᠡ ᠶ᠋ᠢ ᠬᠦᠯᠢᠶᠡᠨ ᠠᠪᠴᠤ᠂ ᠲᠡᠭᠦᠨᠦ ᠳᠣᠲᠣᠷᠠᠬᠢ 16 ᠬᠤᠪᠢ ᠨᠢ ᠰᠠᠨᠠᠯ ᠵᠥᠪᠯᠡᠯᠭᠡ ᠶ᠋ᠢᠨ ᠦᠨᠳᠦᠰᠦᠨ ᠱᠠᠭᠠᠷᠳᠠᠯᠭ᠎ᠠ ᠪᠠ ᠨᠥᠬᠥᠴᠡᠯᠳᠦ ᠨᠡᠢᠴᠡᠵᠦ᠍ ᠪᠠᠢᠨ᠎ᠠ ᠭᠡᠵᠦ ᠦᠵᠡᠪᠡ᠃ ᠡᠭᠦᠨᠳ᠋ᠤ ᠬᠠᠤᠯᠢ ᠲᠣᠭ᠍ᠲᠠᠭᠠᠬᠤ ᠲᠤᠬᠠᠢ 15 ᠬᠤᠪᠢ ᠰᠠᠨᠠᠯ ᠵᠥᠪᠯᠡᠯᠭᠡ ᠂ ᠬᠢᠨᠠᠯᠲᠠ ᠲᠠᠯᠪᠢᠬᠤ ᠲᠤᠬᠠᠢ 1 ᠬᠤᠪᠢ ᠰᠠᠨᠠᠯ ᠵᠥᠪᠯᠡᠯᠭᠡ ᠪᠤᠢ᠃
ᠬᠤᠷᠠᠯ ᠳᠡᠭᠡᠷ᠎ᠡ᠂ ᠰᠠᠨᠠᠯ ᠵᠥᠪᠯᠡᠯᠭᠡ ᠶ᠋ᠢ ᠬᠢᠨᠠᠨ ᠪᠠᠢᠴᠠᠭᠠᠬᠤ ᠵᠦᠪᠯᠡᠯ 16 ᠬᠤᠪᠢ ᠰᠠᠨᠠᠯ ᠵᠥᠪᠯᠡᠯᠭᠡ ᠳ᠋ᠤ ᠬᠢᠨᠠᠨ ᠪᠠᠢᠴᠠᠭᠠᠯᠳᠠ ᠬᠢᠵᠡᠢ᠃ ᠬᠤᠷᠠᠯ ᠤ᠋ᠨ ᠳᠠᠷᠠᠭ᠎ᠠ ᠶᠡᠬᠡ ᠬᠤᠷᠠᠯ ᠤ᠋ᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠭᠤᠷᠪᠠᠳᠤᠭᠠᠷ ᠬᠤᠷᠠᠯᠳᠤ ᠳᠡᠪᠱᠢᠭᠦᠯᠵᠦ᠍ ᠬᠢᠨᠠᠨ ᠵᠦᠪᠯᠡᠬᠦᠯᠵᠦ ᠪᠠᠲᠤᠯᠠᠭᠤᠯᠤᠨ᠎ᠠ᠃