1 ᠰᠠᠷᠠ ᠶ᠋ᠢᠨ 23 ᠤ᠋ ᠡᠳᠦᠷ ᠶᠠᠪᠤᠭ᠍ᠳᠠᠭ᠍ᠰᠠᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨᠤ ᠠᠷᠠᠳᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠵᠢᠷᠭᠤᠳᠤᠭᠠᠷ ᠬᠤᠷᠠᠯᠤᠨ ᠬᠣᠶᠠᠳᠤᠭᠠᠷ ᠤᠳᠠᠭᠠᠶ᠋ᠢᠨ ᠪᠦᠭᠦᠳᠡ ᠬᠤᠷᠠᠯ ᠳᠡᠭᠡᠷᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶ᠋ᠢᠨ ᠱᠢᠭᠦᠬᠦ᠌ ᠬᠤᠷᠢᠶᠠ ᠵᠢᠨ ᠠᠵᠢᠯ ᠤᠨ ᠮᠡᠲᠡᠭᠦᠯᠦᠯᠲᠡ ᠵᠢ ᠶᠡᠬᠡ ᠬᠤᠷᠠᠯ ᠳᠤ ᠳᠡᠪᠱᠢᠭᠦᠯᠤᠨ ᠬᠢᠨᠠᠨ ᠵᠥᠪᠯᠡᠭᠦᠯᠪᠡ ᠃
ᠮᠡᠳᠡᠭᠦᠯᠦᠯᠲᠡ ᠳᠦ ᠢᠯᠡᠷᠡᠭᠦᠯᠦᠭ᠌ᠰᠡᠨ ᠢᠶᠡᠷ ᠂ 2021 ᠣᠨ ᠳᠤ ᠂ ᠪᠥᠬᠥ᠌ ᠣᠷᠣᠨ ᠤ ᠱᠢᠭᠦᠬᠦ᠌ ᠬᠣᠷᠢᠶᠠ 《 ᠬᠠᠤᠯᠢ ᠴᠠᠭᠠᠵᠠ ᠶ᠋ᠢᠨ ᠬᠡᠷᠡᠭ ᠨᠢᠭᠡ ᠪᠦᠷᠢᠡᠴᠡ ᠠᠷᠠᠳ ᠣᠯᠠᠨ ᠳᠤ ᠲᠥᠪ ᠭᠤᠤᠯᠴᠢ ᠱᠢᠳᠤᠷᠭᠤ ᠶᠣᠰᠣ ᠶ᠋ᠢ ᠮᠡᠳᠡᠷᠡᠭᠦᠯᠬᠦ᠌ ᠪᠡᠷ ᠴᠢᠷᠮᠠᠢᠬᠤ》 ᠬᠠᠷᠠᠯᠲᠠ ᠶ᠋ᠢᠨ ᠲᠣᠭᠣᠷᠢᠨᠳᠤ᠂ ᠶᠡᠬᠡ ᠲᠠᠯᠠ ᠳᠤ ᠦᠶ᠋ᠯᠡᠴᠢᠯᠡᠬᠦ᠌᠂ ᠠᠷᠠᠳᠤᠨ ᠲᠥᠯᠥᠭᠡ ᠬᠠᠤᠯᠢ ᠬᠡᠷᠡᠭᠵᠢᠬᠦᠯᠬᠦ ᠂ ᠲᠥᠪ ᠭᠤᠤᠯᠴᠢᠪᠠᠷ ᠬᠠᠤᠯᠢ ᠪᠠᠷᠢᠬᠤ ᠶ᠋ᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭᠠᠪᠠᠨ ᠦᠨᠡᠨᠴᠢᠪᠡᠷ ᠭᠦᠶ᠋ᠴᠡᠳᠭᠡᠵᠦ᠍᠂ ᠨᠠᠮ ᠤᠨ ᠲᠡᠦᠬᠡ ᠶ᠋ᠢᠨ ᠰᠤᠷᠤᠯᠴᠠᠯᠭᠠ ᠬᠥᠮᠦᠵᠢᠯ ᠪᠠ ᠤᠯᠤᠰ ᠲᠥᠷᠥ᠍ ᠬᠠᠤᠯᠢ ᠴᠠᠭᠠᠵᠠ ᠶ᠋ᠢᠨ ᠡᠩᠨᠡᠭᠡᠨ ᠦ ᠬᠥᠮᠦᠵᠢᠯ ᠴᠡᠭ᠌ᠴᠡᠯᠡᠯᠲᠡ ᠶ᠋ᠢ ᠯᠠᠪᠳᠠᠭᠤᠨ ᠪᠠᠲᠤᠲᠠᠶ ᠥᠷᠨᠢᠭᠦᠯᠵᠦ᠍ ᠂ ᠡᠯᠡ ᠵᠦᠶ᠋ᠯ ᠦᠨ ᠠᠵᠢᠯ ᠱᠢᠨᠡ ᠠᠬᠢᠴᠠᠲᠠᠶ ᠪᠣᠯᠪᠠ ᠃ ᠪᠥᠬᠥ᠌ ᠣᠷᠣᠨᠤ ᠱᠢᠭᠦᠬᠦ᠌ ᠬᠣᠷᠢᠶᠠ 87.2 ᠲᠦᠮᠡᠨ ᠬᠡᠷᠡᠭ ᠢ ᠭᠥᠯᠢᠶᠡᠨ ᠠᠪᠴᠤ᠌ ᠱᠢᠶ᠋ᠳᠪᠦᠷᠢᠯᠡᠵᠦ᠂ 86.8 ᠲᠦᠮᠡᠨ ᠬᠡᠷᠡᠭ ᠢ ᠨᠢ ᠱᠢᠭᠦᠨ ᠳᠠᠭᠤᠰᠭᠠᠵᠤ᠂ ᠬᠡᠷᠡᠭ ᠢ᠋ ᠳᠠᠭᠤᠰᠭᠠᠭ᠍ᠰᠠᠨ ᠨᠣᠷᠮᠠ ᠪᠥᠬᠥ᠌ ᠤᠯᠤᠰᠲᠤ ᠠᠷᠪᠠᠨ ᠨᠢᠭᠡᠲᠦᠭᠡᠷᠲᠦ ᠵᠢᠭ᠍ᠰᠠᠭᠠᠭ᠍ᠳᠠᠪᠠ᠃ ᠡᠭᠦᠨ ᠳᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶ᠋ᠢᠨ ᠱᠢᠭᠦᠬᠦ᠌ ᠬᠣᠷᠢᠶᠠ 1.05 ᠲᠦᠮᠡᠨ ᠬᠡᠷᠡᠭ ᠢ ᠭᠥᠯᠢᠶᠡᠨ ᠠᠪᠴᠤ᠌ ᠱᠢᠶ᠋ᠳᠪᠦᠷᠢᠯᠡᠵᠦ ᠂ 1.03 ᠲᠦᠮᠡᠨ ᠬᠡᠷᠡᠭᠢ ᠨᠢ ᠱᠢᠭᠦᠨ ᠳᠠᠭᠤᠰᠭᠠᠵᠤ ᠂ ᠬᠡᠷᠡᠭ ᠢ᠋ ᠳᠠᠭᠤᠰᠭᠠᠭ᠍ᠰᠠᠨ ᠨᠣᠷᠮᠠ ᠪᠥᠬᠥ᠌ ᠤᠯᠤᠰᠤᠨ ᠥᠨᠳᠥᠷ ᠵᠡᠷᠭᠡᠶ᠋ᠢᠨ ᠱᠢᠭᠦᠬᠦ᠌ ᠬᠣᠷᠢᠶᠠᠳᠤ ᠳᠣᠯᠣᠳᠤᠭᠠᠷᠲᠤ ᠵᠢᠭ᠍ᠰᠠᠭᠠᠭ᠍ᠳᠠᠪᠠ᠃
ᠪᠦᠬᠦ᠌ ᠣᠷᠣᠨ ᠤ ᠱᠢᠭᠦᠬᠦ᠌ ᠬᠣᠷᠢᠶᠠ ᠤᠯᠤᠰ ᠤᠨ ᠶᠡᠷᠦᠩᠬᠡᠢ ᠠᠮᠤᠷ ᠲᠦᠪᠱᠢᠨᠦ ᠦᠵᠡᠯᠲᠡ ᠶ᠋ᠢ ᠪᠠᠷᠢᠮᠲᠠᠯᠠᠨ ᠲᠤᠭᠤᠱᠢᠯᠠᠭᠤᠯᠵᠤ᠂ ᠠᠮᠤᠭᠤᠯᠠᠩᠳᠤ ᠥᠪᠥᠷ ᠮᠣᠩᠭᠣᠯ᠂ ᠬᠠᠤᠯᠢᠵᠢᠯ ᠤᠨ ᠥᠪᠥᠷ ᠮᠣᠩᠭᠣᠯᠤᠨ ᠪᠠᠢᠭᠤᠯᠤᠯᠲᠠᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠪᠡ᠃ ᠤᠯᠤᠰ ᠲᠦᠷᠦ᠍ ᠶ᠋ᠢᠨ ᠠᠮᠤᠷ ᠲᠦᠪᠱᠢᠨ ᠪᠠ ᠨᠡᠢᠭᠡᠮ ᠦᠨ ᠲᠣᠭ᠍ᠲᠠᠭᠤᠨ ᠪᠠᠢᠳᠠᠯ ᠢ ᠡᠷᠡᠰ ᠬᠠᠮᠠᠭᠠᠯᠠᠵᠤ᠂ ᠶᠠᠯᠠᠲᠤ ᠬᠡᠷᠡᠭ ᠢ ᠬᠠᠤᠯᠢ ᠶᠣᠰᠣᠭᠠᠷ ᠵᠠᠯᠬᠠᠭᠠᠨ ᠱᠢᠢᠳᠭᠡᠵᠦ᠍ ᠂ ᠠᠷᠠᠳ ᠲᠦᠮᠡᠨ ᠢ ᠬᠠᠮᠠᠭᠠᠯᠠᠨ ᠂ ᠨᠢᠭᠡᠳᠦᠭᠡᠷ ᠱᠢᠭᠦᠯᠲᠡᠶ᠋ᠢᠨ ᠡᠷᠡᠭᠦᠦ᠍ ᠶ᠋ᠢᠨ ᠬᠡᠷᠡᠭ ᠢ ᠨᠡᠢ᠌ᠲᠡ 2.6 ᠲᠦᠮᠡᠨ ᠬᠤᠪᠢ ᠱᠢᠭᠦᠨ ᠳᠠᠭᠤᠰᠭᠠᠵᠤ ᠂ 3.6 ᠲᠦᠮᠡᠨ ᠶᠠᠯᠠᠲᠠᠨᠢ ᠱᠢᠭᠦᠨ ᠱᠢᠢᠳᠭᠡᠪᠡ᠃ ᠲᠤᠰᠭᠠᠢ ᠲᠡᠮᠡᠴᠡᠯ ᠦᠨ ᠦᠷᠡ ᠪᠦᠲᠦᠭᠡᠯ ᠢ ᠪᠡᠬᠢᠵᠢᠭᠦᠯᠵᠦ᠍ ᠂ ᠬᠠᠷᠠ ᠪᠦᠯᠦᠭ᠌ᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠢᠩᠭᠤᠵᠢᠭᠤᠯᠬᠤ ᠶ᠋ᠢ ᠠᠬᠢᠭᠤᠯᠵᠤ ᠂ ᠬᠡᠷᠡᠭ ᠢ ᠱᠢᠢᠳᠪᠦᠷᠢᠯᠡᠬᠦ᠌ ᠶ᠋ᠢ ᠴᠢᠩᠭᠠ ᠠᠳᠭᠤᠬᠤ ᠶ᠋ᠢ ᠪᠠᠷᠢᠮᠲᠠᠯᠠᠵᠤ᠂ ᠬᠠᠷᠠ ᠪᠦᠯᠦᠭ᠌ᠲᠡᠨ ᠬᠠᠷᠭᠢᠰ ᠬᠦᠴᠦᠨ ᠳᠦ ᠬᠣᠯᠪᠣᠭ᠍ᠳᠠᠭ᠍ᠰᠠᠨ 92 ᠬᠡᠷᠡᠭ 1406 ᠬᠥᠮᠦᠨᠢ ᠱᠢᠭᠦᠵᠦ ᠂ ᠬᠠᠷᠠ ᠪᠦᠯᠦᠭ᠌ᠲᠡᠨ ᠬᠠᠷᠭᠢᠰ ᠬᠦᠴᠦᠨ ᠳᠦ ᠬᠣᠯᠪᠣᠭ᠍ᠳᠠᠭ᠍ᠰᠠᠨ ᠡᠳ᠋ ᠬᠦᠷᠦᠩᠭᠡ ᠶ᠋ᠢ ᠰᠢᠨᠡ ᠪᠡᠷ 36.5 ᠳ᠋ᠦᠩᠱᠢᠭᠤᠷ ᠲᠥᠭᠥᠷᠢᠭ ᠬᠤᠷᠢᠶᠠᠨ ᠠᠪᠴᠠᠢ᠃ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠱᠢᠨ ᠢ ᠬᠠᠮᠠᠭᠠᠯᠠᠵᠤ ᠂ ᠨᠢᠭᠡᠳᠦᠭᠡᠷ ᠱᠢᠭᠦᠯᠲᠡ ᠶ᠋ᠢᠨ ᠬᠦᠨᠳᠦ ᠶᠡᠬᠡ ᠬᠠᠷᠢᠭᠤᠴᠠᠯᠭᠠ ᠶ᠋ᠢᠨ ᠡᠨᠳᠡᠯ ᠂ ᠬᠥᠳᠡᠯᠮᠦᠷᠢ ᠶ᠋ᠢᠨ ᠠᠮᠤᠷ ᠲᠦᠪᠱᠢᠨ ᠦ ᠬᠦᠨᠳᠦ ᠶᠡᠬᠡ ᠡᠨᠳᠡᠯ ᠵᠡᠷᠭᠡ ᠶᠠᠯᠠᠲᠤ ᠬᠡᠷᠡᠭ ᠢ 105 ᠬᠤᠪᠢ ᠱᠢᠭᠦᠵᠦ ᠲᠠᠭᠤᠰᠬᠠᠵᠠᠢ᠃ ᠢᠳᠡᠭᠡᠨ ᠦ ᠵᠦᠢᠯ ᠡᠮ ᠦᠨ ᠵᠦᠢᠯ ᠦᠨ ᠠᠮᠤᠷ ᠲᠦᠪᠱᠢᠨ ᠳᠦ ᠬᠣᠣᠷ ᠬᠥᠨᠥᠭᠡᠯ ᠤᠴᠠᠷᠠᠭᠤᠯᠤᠭ᠍ᠰᠠᠨ ᠶᠠᠯᠠᠲᠤ ᠬᠡᠷᠡᠭ ᠢ ᠴᠢᠩᠭᠠ ᠱᠢᠢᠳᠭᠡᠵᠦ᠍ ᠂ ᠬᠠᠮᠢᠶᠠ ᠪᠦᠬᠦᠢ ᠶᠠᠯᠠᠲᠤ ᠬᠡᠷᠡᠭ ᠢ 97 ᠬᠤᠪᠢ ᠱᠢᠭᠦᠨ ᠳᠠᠭᠤᠰᠭᠠᠵᠤ᠂ ᠠᠷᠠᠳ ᠣᠯᠠᠨ ᠤ ᠡᠷᠡᠭᠦᠯ ᠮᠡᠨᠳᠦ᠍ ᠶ᠋ᠢᠨ ᠡᠷᠬᠡ ᠠᠱᠢᠭ ᠢ ᠪᠠᠲᠤᠯᠠᠪᠠ᠃ ᠣᠯᠠᠨ ᠬᠥᠮᠦᠨ ᠳᠦ ᠬᠣᠯᠪᠣᠭ᠍ᠳᠠᠭ᠍ᠰᠠᠨ ᠠᠵᠤ ᠠᠬᠤᠢ ᠶ᠋ᠢᠨ ᠶᠠᠯᠠᠲᠤ ᠠᠵᠢᠯᠯᠠᠭᠠ ᠳᠤ ᠴᠢᠩᠭᠠ ᠴᠣᠬᠢᠯᠲᠠ ᠥᠭ᠌ᠴᠦ ᠂ ᠬᠠᠮᠢᠶᠠ ᠪᠦᠬᠦᠢ ᠬᠡᠷᠡᠭ ᠢ 1021 ᠬᠤᠪᠢ ᠱᠢᠭᠦᠨ ᠳᠠᠭᠤᠰᠭᠠᠵᠤ ᠂ ᠠᠵᠤ ᠠᠬᠤᠢ ᠶ᠋ᠢᠨ ᠡᠮᠬᠢ ᠳᠢᠭ᠌ᠯᠢᠮ ᠢ ᠦᠨᠡᠨᠬᠦ᠌ ᠬᠠᠮᠠᠭᠠᠯᠠᠪᠠ ᠃ ᠴᠠᠬᠢᠯᠭᠠᠨ ᠬᠣᠯᠪᠣᠭᠠ ᠰᠦᠯᠵᠢᠶᠡᠨ ᠦ ᠮᠡᠬᠡᠯᠡᠯ ᠵᠡᠷᠭᠡ ᠬᠠᠤᠯᠢ ᠶ᠋ᠢ ᠵᠥᠷᠢᠴᠡᠭ᠌ᠰᠡᠨ ᠶᠠᠯᠠᠲᠤ ᠠᠵᠢᠯᠯᠠᠭᠠ ᠳᠤ ᠴᠢᠩᠭᠠ ᠴᠣᠬᠢᠯᠲᠠ ᠥᠭ᠌ᠴᠦ ᠂ 《 ᠴᠥᠷᠬᠡᠯᠡᠭᠡ ᠵᠢᠭᠡᠯᠡᠯᠭᠡ 》 ᠶ᠋ᠢ ᠴᠢᠩᠭᠠ ᠱᠢᠢᠳᠭᠡᠵᠦ᠍ ᠂ ᠬᠠᠮᠢᠶᠠ ᠪᠦᠬᠦᠢ ᠬᠡᠷᠡᠭ ᠢ 857 ᠬᠤᠪᠢ ᠱᠢᠭᠦᠨ ᠳᠠᠭᠤᠰᠭᠠᠵᠤ ᠂ ᠠᠷᠠᠳ ᠣᠯᠠᠨ ᠤ ᠡᠳ᠋ ᠬᠥᠷᠥᠩᠭᠡ ᠶ᠋ᠢᠨ ᠠᠮᠤᠷ ᠲᠦᠪᠱᠢᠨᠢ ᠬᠠᠮᠠᠭᠠᠯᠠᠪᠠ᠃ ᠠᠶᠤᠯᠲᠠᠢᠪᠠᠷ ᠲᠡᠷᠭᠡ ᠵᠢᠯᠣᠭᠣᠳᠤᠭ᠍ᠰᠠᠨ ᠨᠢᠭᠡᠳᠦᠭᠡᠷ ᠱᠢᠭᠦᠯᠲᠡᠶ᠋ᠢᠨ ᠶᠠᠯᠠ᠂ ᠵᠠᠮ ᠬᠠᠷᠢᠯᠴᠠᠭᠠᠨ ᠤ ᠡᠨᠳᠡᠯ ᠭᠠᠷᠭᠠᠭ᠍ᠰᠠᠨ ᠶᠠᠯᠠᠲᠤ ᠬᠡᠷᠡᠭ ᠢ 1.2 ᠲᠦᠮᠡᠨ ᠬᠤᠪᠢ ᠱᠢᠭᠦᠨ ᠳᠠᠭᠤᠰᠭᠠᠵᠤ ᠂ ᠠᠷᠠᠳ ᠤᠯᠠᠨ ᠤ ᠶᠠᠪᠤᠵᠤ ᠰᠠᠭᠤᠬᠤ ᠠᠮᠤᠷ ᠲᠦᠪᠱᠢᠨ ᠢ ᠬᠠᠮᠠᠭᠠᠯᠠᠪᠠ ᠃ ᠡᠮᠡᠭ᠌ᠲᠡᠢᠴᠦᠳ ᠬᠡᠦᠬᠡᠳ ᠦᠨ ᠬᠠᠤᠯᠢ ᠶᠣᠰᠣᠨ ᠤ ᠡᠷᠬᠡ ᠠᠱᠢᠭ ᠲᠤ ᠬᠣᠣᠷ ᠬᠥᠨᠥᠭᠡᠯ ᠤᠴᠠᠷᠠᠭᠤᠯᠤᠭ᠍ᠰᠠᠨ ᠶᠠᠯᠠᠲᠤ ᠬᠡᠷᠡᠭ ᠢ ᠴᠢᠩᠭᠠ ᠱᠢᠢᠳᠭᠡᠵᠦ᠍ ᠂ ᠬᠠᠯᠠ ᠦᠵᠡᠭᠦᠯᠦᠭ᠌ᠰᠡᠨ ᠂ ᠮᠡᠬᠡᠯᠡᠨ ᠬᠤᠳᠠᠯᠳᠤᠭ᠍ᠰᠠᠨ ᠂ ᠪᠡᠯᠭᠡᠶ᠋ᠢᠨ ᠬᠠᠯᠳᠠᠯᠭᠠ ᠬᠢᠭ᠌ᠰᠡᠨ ᠵᠡᠷᠭᠡ ᠨᠢᠭᠡᠳᠦᠭᠡᠷ ᠱᠢᠭᠦᠯᠲᠡ ᠶ᠋ᠢᠨ ᠶᠠᠯᠠᠲᠤ ᠬᠡᠷᠡᠭ ᠢ 926 ᠬᠤᠪᠢ ᠱᠢᠭᠦᠨ ᠳᠠᠭᠤᠰᠭᠠᠵᠤ ᠂ 1829 ᠶᠠᠯᠠᠲᠤ ᠡᠲᠡᠭᠡᠳ ᠢ ᠱᠢᠭᠦᠨ ᠱᠢᠢᠳᠭᠡᠪᠡ ᠃
ᠡᠭᠦᠨ ᠦ ᠬᠠᠮᠲᠤ ᠂ ᠪᠥᠬᠥ᠌ ᠣᠷᠣᠨ ᠤ ᠱᠢᠭᠦᠬᠦ᠌ ᠬᠣᠷᠢᠶᠠ ᠱᠠᠮᠱᠢᠵᠤ ᠢᠯᠵᠠᠷᠠᠨ ᠳᠣᠷᠣᠢᠳᠠᠭ᠍ᠰᠠᠨ ᠶᠠᠯᠠᠲᠤ ᠠᠵᠢᠯᠯᠠᠭᠠ ᠶ᠋ᠢ ᠡᠷᠡᠰ ᠵᠠᠯᠬᠠᠭᠠᠨ ᠱᠢᠢᠳᠭᠡᠵᠦ᠍᠂ 《ᠪᠠᠷᠰᠢ ᠴᠣᠬᠢᠬᠤ 》 《 ᠢᠯᠠᠭᠠᠶ᠋ᠢ ᠴᠣᠬᠢᠬᠤ 》 ᠥᠨᠳᠥᠷ ᠳᠠᠷᠤᠯᠲᠠᠲᠤ ᠪᠠᠢᠳᠠᠯ ᠢ ᠪᠠᠲᠤᠯᠠᠵᠤ ᠂ ᠨᠢᠭᠡᠳᠦᠭᠡᠷ ᠱᠢᠭᠦᠯᠲᠡ ᠶ᠋ᠢᠨ ᠱᠠᠮᠱᠢᠵᠤ ᠬᠡᠭᠡᠯᠢ ᠢᠳᠡᠵᠦ᠍ ᠬᠠᠬᠤᠤᠯᠢ ᠲᠦᠯᠬᠢᠭ᠌ᠰᠡᠨ᠂ ᠲᠤᠱᠢᠶᠠᠯ ᠢᠶᠠᠨ ᠭᠤᠲᠤᠭᠠᠭ᠍ᠰᠠᠨ ᠵᠡᠷᠭᠡ ᠶᠠᠯᠠᠲᠤ ᠬᠡᠷᠡᠭ ᠦᠨ 592 ᠬᠡᠷᠡᠭ 834 ᠬᠥᠮᠦᠨ ᠢ ᠱᠢᠭᠦᠨ ᠳᠠᠭᠤᠰᠭᠠᠪᠠ᠃ ᠬᠡᠭᠡᠯᠢ ᠲᠦᠯᠬᠢᠭ᠌ᠰᠡᠨ ᠶᠠᠯᠠᠲᠤ ᠠᠵᠢᠯᠯᠠᠭᠠ ᠶ᠋ᠢ ᠵᠠᠯᠬᠠᠭᠠᠨ ᠱᠢᠢᠳᠭᠡᠬᠦ᠌ ᠡᠷᠴᠢᠮ ᠢᠶᠡᠨ ᠴᠢᠩᠭᠠᠷᠠᠭᠤᠯᠵᠤ ᠂ ᠨᠢᠭᠡᠳᠦᠭᠡᠷ ᠱᠢᠭᠦᠯᠲᠡ ᠶ᠋ᠢᠨ ᠬᠡᠭᠡᠯᠢ ᠲᠦᠯᠬᠢᠭ᠌ᠰᠡᠨ᠂ ᠬᠡᠭᠡᠯᠢ ᠬᠠᠬᠤᠤᠯᠢ ᠵᠠᠭᠤᠴᠢᠯᠠᠬᠰᠠᠨ 36 ᠬᠡᠷᠡᠭ 43 ᠬᠥᠮᠦᠨ ᠢ ᠰᠢᠭᠦᠨ ᠳᠠᠭᠤᠰᠭᠠᠪᠠ᠃
ᠶᠠᠯᠠᠲᠤ ᠠᠵᠢᠯᠯᠠᠭᠠ ᠳᠤ ᠴᠢᠩᠭᠠ ᠴᠣᠬᠢᠯᠲᠠ ᠥᠭ᠌ᠬᠦ ᠶ᠋ᠢᠨ ᠬᠠᠮᠲᠤ ᠪᠦᠬᠦ᠌ ᠣᠷᠣᠨ ᠤ ᠱᠢᠭᠦᠬᠦ᠌ ᠬᠣᠷᠢᠶᠠ ᠬᠥᠮᠦᠨ ᠦ ᠡᠷᠬᠡ ᠶ᠋ᠢᠨ ᠬᠠᠤᠯᠢ ᠴᠠᠭᠠᠵᠠ ᠶ᠋ᠢᠨ ᠪᠠᠲᠤᠯᠠᠭᠠ ᠶ᠋ᠢ ᠲᠠᠰᠤᠷᠠᠯᠲᠠ ᠦᠭᠡᠢ ᠴᠢᠩᠭᠠᠳᠭᠠᠵᠤ ᠂ ᠶᠠᠯᠠ ᠪᠠ ᠡᠷᠡᠭᠦᠦ᠍ ᠶ᠋ᠢ ᠬᠠᠤᠯᠢᠪᠠᠷ ᠲᠣᠭ᠍ᠲᠠᠭᠠᠬᠤ ᠂ ᠰᠡᠵᠢᠭ᠌ᠲᠦ ᠶᠠᠯᠠ ᠶ᠋ᠢ ᠶᠠᠯᠠ ᠦᠯᠦ᠍ ᠬᠢᠭ᠌ᠰᠡᠨᠢᠶᠡᠷ ᠪᠤᠳᠤᠬᠤ᠂ ᠭᠡᠷᠡᠴᠢ ᠪᠠᠷᠢᠮᠲᠠ ᠪᠡᠷ ᠲᠠᠰᠤᠯᠤᠨ ᠲᠣᠭ᠍ᠲᠠᠭᠠᠬᠤ ᠵᠠᠷᠴᠢᠮ ᠢ ᠪᠠᠷᠢᠮᠲᠠᠯᠠᠵᠤ ᠂ 60 ᠵᠠᠭᠠᠯᠳᠤᠭ᠍ᠳᠠᠭ᠍ᠴᠢ ᠶ᠋ᠢ ᠶᠠᠯᠠ ᠦᠭᠡᠢ ᠪᠡᠷ ᠬᠠᠤᠯᠢ ᠶᠣᠰᠣᠭᠠᠷ ᠵᠠᠷᠯᠠᠪᠠ ᠃ ᠦᠨᠡᠨ ᠪᠤᠳᠠᠳᠠᠢ ᠵᠢ ᠡᠷᠬᠢᠮᠯᠡᠵᠦ ᠂ ᠪᠤᠷᠤᠭᠤ ᠪᠠᠶ᠋ᠢᠪᠠᠯ ᠵᠠᠪᠠᠯ ᠵᠠᠯᠠᠷᠠᠭᠤᠯᠵᠤ᠂ ᠱᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠲᠡᠰ ᠲᠠᠷᠠᠭᠠᠯᠠᠯ ᠶᠣᠰᠣᠭᠠᠷ 47 ᠬᠤᠪᠢ ᠡᠷᠡᠭᠦᠦ᠍ᠶ᠋ᠢᠨ ᠬᠡᠷᠡᠭ ᠢ ᠳᠠᠬᠢᠨ ᠱᠢᠭᠦᠵᠦ᠍ ᠥᠭᠡᠷᠡᠴᠢᠯᠡᠨ ᠲᠠᠰᠤᠯᠪᠠ᠃ ᠤᠯᠤᠰ ᠤᠨ ᠲᠥᠯᠥᠪᠦᠷᠢ ᠶ᠋ᠢᠨ ᠬᠡᠷᠡᠭᠢ 405 ᠬᠤᠪᠢ ᠱᠢᠭᠦᠨ ᠳᠠᠭᠤᠰᠭᠠᠵᠤ᠂ ᠲᠥᠯᠥᠪᠦᠷᠢ ᠭᠤᠶᠤᠴᠢᠯᠠᠭ᠍ᠴᠢ ᠶ᠋ᠢᠨ ᠬᠠᠤᠯᠢ ᠶᠣᠰᠣᠨ ᠤ ᠡᠷᠬᠡ ᠠᠱᠢᠭ ᠢ ᠪᠠᠲᠤᠯᠠᠪᠠ ᠃