1 ᠰᠠᠷ᠎ᠠ᠎ᠶ᠋ᠢᠨ 23 ᠤ᠋ ᠡᠳᠦᠷ ᠶᠠᠪᠤᠭ᠍ᠳᠠᠭ᠍ᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠵᠢᠷᠭᠤᠳᠤᠭᠠᠷ ᠬᠤᠷᠠᠯ᠎ᠤᠨ ᠬᠣᠶᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠬᠦᠯᠦᠯᠳᠡ ᠵᠢ ᠶᠡᠬᠡ ᠬᠤᠷᠠᠯ ᠳᠤ ᠳᠡᠪᠱᠢᠭᠦᠯᠵᠦ᠍ ᠬᠢᠨᠠᠨ ᠵᠥᠪᠯᠡᠭᠦᠯᠪᠡ᠃
ᠮᠡᠳᠡᠭᠦᠯᠦᠯᠲᠡ ᠳᠦ ᠢᠯᠡᠷᠡᠬᠦᠯᠦᠭᠰᠡᠨ᠎ᠢᠶᠡᠷ ᠂ 2021 ᠣᠨ ᠳᠤ᠂ ᠪᠥᠬᠥ᠌ ᠣᠷᠣᠨ ᠤ ᠪᠠᠢᠴᠠᠭᠠᠬᠤ ᠪᠠᠢᠭᠤᠯᠭ᠎ᠠ ᠰᠢ ᠵᠢᠨ ᠫᠢᠩ ᠦᠨ ᠬᠠᠤᠯᠢᠵᠢᠯ᠎ᠤᠨ ᠦᠵᠡᠯ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠤᠯᠤᠰ ᠲᠥᠷᠥ ᠶ᠋ᠢᠨ ᠤᠬᠠᠮᠰᠠᠷ᠂ ᠬᠠᠤᠯᠢᠵᠢᠯ ᠤᠨ ᠤᠬᠠᠮᠰᠠᠷ ᠂ ᠪᠠᠢᠴᠠᠭᠠᠬᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠭᠠᠵᠤ ᠂ ᠤᠯᠤᠰ ᠲᠥᠷᠥ᠎ᠶ᠋ᠢᠨ ᠬᠠᠷᠢᠭᠤᠴᠠᠯᠭ᠎ᠠ᠂ ᠬᠠᠤᠯᠢᠵᠢᠯ᠎ᠤᠨ ᠬᠠᠷᠢᠭᠤᠴᠠᠯᠭ᠎ᠠ᠂ ᠪᠠᠢᠴᠠᠭᠠᠬᠤ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠭᠠᠵᠤ᠂ ᠬᠠᠤᠯᠢ ᠴᠠᠭᠠᠵᠠ ᠶ᠋ᠢᠨ ᠬᠢᠨᠠᠯᠲᠠ ᠲᠠᠯᠪᠢᠬᠤ ᠤᠬᠠᠮᠰᠠᠷ ᠪᠠ ᠡᠭᠦᠷᠭᠡᠯᠡᠯ ᠢᠶᠡᠨ ᠴᠢᠩᠭᠠᠳᠭᠠᠵᠤ ᠂ ᠬᠠᠤᠯᠢ ᠬᠡᠷᠡᠭ᠌ᠵᠢᠭᠦᠯᠵᠦ ᠬᠠᠤᠯᠢ ᠪᠠᠷᠢᠬᠤ ᠲᠥᠪ ᠭᠤᠤᠯᠴᠢ ᠶ᠋ᠢ ᠪᠥᠬᠥ᠌ ᠬᠦᠴᠦᠨ ᠢᠶᠡᠷ ᠵᠢᠡᠨ ᠬᠠᠮᠠᠭᠠᠯᠠᠪᠠ᠃
ᠡᠷᠡᠭᠦᠦ᠍ ᠶ᠋ᠢᠨ ᠬᠡᠷᠡᠭ ᠢ ᠪᠠᠢᠴᠠᠭᠠᠬᠤ ᠲᠠᠯ᠎ᠠ ᠪᠠᠷ ᠂ ᠬᠥᠮᠦᠨ ᠦ ᠪᠡᠶ᠎ᠡ ᠪᠠ ᠡᠳ᠋ ᠬᠦᠷᠦᠨᠭ᠌ᠭᠡ ᠶ᠋ᠢᠨ ᠡᠷᠬᠡ ᠳᠦ ᠬᠦᠨᠳᠦ ᠨᠣᠴᠢᠲᠠᠢ ᠬᠠᠯᠳᠠᠭ᠍ᠰᠠᠨ᠂ ᠤᠯᠤᠰ ᠣᠷᠣᠨ᠎ᠤ ᠠᠮᠤᠷ ᠲᠦᠪᠱᠢᠨ ᠪᠠ ᠤᠯᠠᠨ ᠨᠡᠢᠲᠡ᠎ᠶ᠋ᠢᠨ ᠠᠮᠤᠷ ᠲᠦᠪᠱᠢᠨ᠎ᠳᠦ ᠬᠣᠣᠷ ᠬᠥᠨᠥᠭᠡᠯ ᠤᠴᠠᠷᠠᠭᠤᠯᠤᠭ᠍ᠰᠠᠨ ᠡᠷᠡᠭᠦᠦ᠍ ᠶ᠋ᠢᠨ ᠶᠠᠯᠠᠲᠤ ᠬᠡᠷᠡᠭ ᠲᠦ ᠴᠢᠩᠭ᠎ᠠ ᠴᠣᠬᠢᠯᠲᠠ ᠥᠭ᠌ᠴᠦ᠂ 9769 ᠬᠥᠮᠦᠨ᠎ᠢ ᠪᠠᠷᠢᠪᠴᠢᠯᠠᠬᠤ᠎ᠶ᠋ᠢ ᠵᠥᠪᠱᠢᠶᠡᠷᠡᠵᠦ᠍᠂ 30731 ᠬᠥᠮᠦᠨ᠎ᠢ ᠵᠠᠭᠠᠯᠳᠤᠪᠠ᠃ ᠬᠠᠷ᠎ᠠ ᠪᠦᠯᠦᠭ᠌ᠲᠡᠨ ᠬᠠᠷᠭᠢᠰ ᠬᠦᠴᠦᠨ ᠢ ᠠᠷᠢᠯᠭᠠᠬᠤ ᠪᠠᠢᠩᠭᠤ ᠶ᠋ᠢᠨ ᠵᠠᠰᠠᠯᠲᠠ ᠶ᠋ᠢ ᠠᠬᠢᠭᠤᠯᠵᠤ᠂ 《ᠦᠰᠭᠡᠬᠦ ᠦᠭᠡᠢ ᠂ ᠪᠠᠭᠤᠷᠠᠭᠤᠯᠬᠤ ᠦᠭᠡᠢ 》 ᠬᠠᠤᠯᠢᠵᠢᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ ᠂ ᠬᠠᠷ᠎ᠠ ᠪᠦᠯᠦᠭ᠌ᠲᠡᠨ ᠬᠠᠷᠭᠢᠰ ᠬᠦᠴᠦᠨ ᠦ ᠶᠠᠯᠠᠲᠤ ᠡᠳᠡᠭᠡᠳ᠎ᠢ 300 ᠬᠥᠮᠦᠨ᠎ᠢ ᠵᠠᠭᠠᠯᠳᠤᠪᠠ᠃ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠬᠠᠮᠵᠢᠯᠴᠠᠨ ᠠᠬᠢᠭᠤᠯᠵᠤ᠂ ᠡᠷᠬᠡ ᠲᠤᠱᠢᠶᠠᠯ᠎ᠢᠶᠠᠨ ᠠᠱᠢᠭ᠍ᠯᠠᠨ ᠶᠠᠯ᠎ᠠ ᠬᠢᠭ᠌ᠰᠡᠨ 753 ᠬᠥᠮᠦᠨ᠎ᠢ ᠵᠠᠭᠠᠯᠳᠤᠪᠠ᠃《ᠵᠠᠭᠤᠨ ᠡᠳᠦᠷ᠎ᠦᠨ ᠪᠤᠭᠤᠮᠳᠠ ᠰᠢᠪᠳᠤᠯᠬᠤ》 ᠠᠵᠢᠯᠯᠠᠭ᠎ᠠ᠎ᠶ᠋ᠢ ᠥᠷᠨᠢᠭᠦᠯᠵᠦ᠍᠂ ᠬᠠᠤᠯᠢ ᠴᠠᠭᠠᠵᠠ ᠵᠢᠨ ᠠᠵᠢᠯᠳᠠᠨ᠎ᠤ ᠡᠷᠬᠡ ᠲᠤᠱᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭ᠌ᠯᠡᠭ᠌ᠰᠡᠨ᠂ ᠬᠤᠪᠢ᠎ᠶ᠋ᠢᠨ ᠨᠠᠢᠷ ᠬᠠᠷᠠᠵᠤ ᠬᠠᠤᠯᠢ ᠶᠣᠰᠣ᠎ᠶ᠋ᠢ ᠭᠠᠵᠢᠭᠤᠳᠠᠭᠤᠯᠤᠭ᠍ᠰᠠᠨ ᠵᠡᠷᠭᠡ ᠡᠷᠬᠡ ᠲᠤᠱᠢᠶᠠᠯ᠎ᠢᠶᠠᠨ ᠠᠱᠢᠭ᠍ᠯᠠᠨ ᠶᠠᠯ᠎ᠠ ᠬᠢᠭ᠌ᠰᠡᠨ 98 ᠬᠥᠮᠦᠨ᠎ᠢ ᠬᠡᠷᠡᠭ ᠪᠣᠯᠭᠠᠨ ᠲᠠᠩᠰᠠᠯᠠᠵᠤ ᠲᠠᠩᠨᠠᠨ ᠪᠠᠢᠴᠠᠭᠠᠪᠠ᠂ ᠡᠨᠡ ᠨᠢ ᠲᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 100% ᠪᠡᠷ ᠨᠡᠮᠡᠭ᠌ᠳᠡᠵᠡᠢ᠃ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠡᠮᠬᠢ ᠵᠢᠷᠤᠮ᠎ᠢ ᠡᠪᠳᠡᠭ᠌ᠰᠡᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠵᠦ᠍ ᠂ 1022 ᠬᠥᠮᠦᠨ᠎ᠢ ᠪᠠᠷᠢᠪᠴᠢᠯᠠᠬᠤ᠎ᠶ᠋ᠢ ᠵᠥᠪᠱᠢᠶᠡᠷᠡᠵᠦ᠍ ᠂ 2261 ᠬᠥᠮᠦᠨ᠎ᠢ ᠵᠠᠭᠠᠯᠳᠤᠪᠠ᠃ ᠬᠡᠷᠡᠭ᠎ᠲᠦ ᠬᠣᠯᠪᠣᠭ᠍ᠳᠠᠭ᠍ᠰᠠᠨ ᠵᠤᠭᠤᠰ᠎ᠤᠨ ᠲᠤᠭ᠎ᠠ ᠨᠢ 8.53 ᠳ᠋ᠦᠩᠱᠢᠭᠤᠷ ᠲᠥᠭᠥᠷᠢᠭ ᠲᠦ᠍ ᠬᠦᠷᠦᠭᠰᠡᠨ ᠂ 41 ᠲᠦᠮᠡ ᠭᠠᠷᠤᠶ ᠭᠡᠱᠢᠭᠦᠨ᠎ᠲᠡᠶ 《ᠳᠧ ᠢ ᠲᠠᠩ》 ᠤ᠋ᠨ ᠣᠨᠴᠠ ᠶᠡᠬᠡ ᠳᠠᠮᠵᠢᠭᠤᠯᠤᠨ ᠪᠣᠷᠣᠯᠠᠭᠤᠯᠤᠭ᠍ᠰᠠᠨ ᠬᠡᠷᠡᠭᠢ᠋ ᠤᠷᠢᠳᠴᠢᠯᠠᠨ ᠭᠠᠷᠳᠠᠨ ᠪᠠᠢᠴᠠᠭᠠᠵᠤ᠂ ᠳᠠᠩᠨᠠᠨ ᠪᠠᠢᠴᠠᠭᠠᠬᠤ᠎ᠶ᠋ᠢ ᠬᠥᠲᠥᠯᠥᠨ ᠵᠢᠯᠣᠭᠣᠳᠴᠤ᠌᠂ 19 ᠬᠥᠮᠦᠨ᠎ᠢ ᠪᠠᠷᠢᠪᠴᠢᠯᠠᠬᠤ᠎ᠶ᠋ᠢ ᠵᠥᠪᠱᠢᠶᠡᠷᠡᠪᠡ᠃ ᠬᠡᠷᠡᠭ ᠪᠠᠢᠲᠠᠯ᠎ᠠ ᠳᠠᠩᠰᠠᠯᠠᠬᠤ ᠦᠭᠡᠢ ᠂ ᠬᠡᠷᠡᠭ ᠢ ᠳᠠᠷᠤᠭᠠᠳ ᠪᠠᠢᠴᠠᠭᠠᠬᠤ ᠦᠭᠡᠢ ᠂ ᠶᠠᠯ᠎ᠠ ᠲᠠᠶ ᠪᠠᠢᠲᠠᠯ᠎ᠠ ᠨᠡᠬᠡᠮᠵᠢᠯᠡᠬᠦ᠌ ᠦᠭᠡᠢ ᠵᠡᠷᠭᠡ ᠠᠰᠠᠭᠤᠳᠠᠯ ᠢ ᠡᠷᠡᠰ ᠵᠠᠯᠠᠷᠠᠭᠤᠯᠵᠤ ᠂ 324 ᠬᠡᠷᠡᠭ ᠢ ᠱᠠᠯᠠᠪᠳᠠᠭᠤᠯᠤᠨ ᠬᠡᠷᠡᠭ ᠪᠣᠯᠭᠠᠨ ᠳᠠᠩᠰᠠᠯᠠᠭᠤᠯᠵᠤ ᠂ 514 ᠬᠡᠷᠡᠭ ᠢ ᠬᠢᠨᠠᠯᠲᠠ ᠲᠠᠯᠪᠢᠨ ᠬᠦᠴᠦᠨ ᠦᠭᠡᠢ ᠪᠤᠯᠭᠠᠵᠤ᠂ ᠬᠠᠤᠯᠢ ᠠᠴᠠ ᠵᠥᠷᠢᠴᠡᠨ ᠲᠠᠩᠨᠠᠨ ᠪᠠᠢᠴᠠᠭᠠᠬᠤ ᠠᠵᠢᠯᠯᠠᠭ᠎ᠠ ᠵᠢ 2231 ᠵᠠᠯᠠᠷᠠᠭᠤᠯᠪᠠ᠃
ᠢᠷᠭᠡᠨ᠎ᠦ ᠵᠠᠷᠭᠤ᠎ᠳᠤ ᠬᠢᠨᠠᠯᠲᠠ ᠲᠠᠯᠪᠢᠬᠤ ᠲᠠᠯ᠎ᠠ᠎ᠪᠠᠷ ᠂ 《 ᠭᠣᠣᠯᠴᠢ ᠵᠠᠷᠭᠤ》 ᠶ᠋ᠢᠨ ᠲᠤᠬᠠᠢ ᠤᠯᠠᠨ ᠲᠦᠮᠡᠨ᠎ᠦ ᠬᠦᠰᠡᠯ ᠡᠷᠡᠮᠡᠯᠵᠡᠯ᠎ᠳᠦ ᠢᠳᠡᠪᠬᠢᠲᠡᠢ ᠬᠠᠨᠳᠤᠵᠤ᠂ ᠦᠨᠡᠬᠡᠷ ᠪᠤᠷᠤᠭᠤᠳᠠᠭᠰᠠᠨ ᠢᠷᠭᠡᠨ᠎ᠦ ᠬᠡᠷᠡᠭ᠎ᠦᠨ ᠰᠢᠬᠦᠨ ᠲᠠᠰᠤᠯᠤᠯᠳᠠ ᠶ᠋ᠢ 119 ᠬᠤᠪᠢ ᠡᠰᠡᠷᠬᠦᠴᠡᠨ ᠵᠠᠭᠠᠯᠳᠤᠵᠤ ᠂ ᠡᠰᠡᠷᠭᠦᠴᠡᠨ ᠵᠠᠭᠠᠯᠳᠤᠭᠠᠳ ᠬᠤᠪᠢᠷᠠᠭᠤᠯᠤᠭ᠍ᠰᠠᠨ ᠨᠤᠷᠮ᠎ᠠ ᠨᠢ 86.7% ᠳ᠋ᠤ ᠬᠦᠷᠴᠡᠢ; ᠳᠠᠬᠢᠨ ᠱᠢᠭᠦᠯᠭᠡᠬᠦ᠌ ᠪᠠᠢᠴᠠᠭᠠᠬᠤ ᠰᠠᠨᠠᠭᠤᠯᠭ᠎ᠠ᠎ᠶ᠋ᠢ 212 ᠬᠤᠪᠢ ᠳᠤᠷᠠᠳᠴᠤ᠌ ᠂ ᠱᠢᠭᠦᠬᠦ᠌ ᠬᠣᠷᠢᠶᠠᠨ᠎ᠤ ᠬᠦᠯᠢᠶᠡᠨ ᠠᠪᠤᠭ᠍ᠰᠠᠨ ᠨᠤᠷᠮ᠎ᠠ 95.85% ᠳ᠋ᠤ ᠬᠦᠷᠪᠡ᠃ ᠣᠯᠠᠨ ᠲᠦᠮᠡᠨ᠎ᠦ ᠲᠣᠰᠭᠠᠯ ᠶᠡᠬᠡ ᠭᠦᠢᠴᠡᠳᠭᠡᠬᠦ᠌ ᠳ᠋ᠤ ᠪᠡᠷᠬᠡ ᠠᠰᠠᠭᠤᠳᠠᠯ᠎ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠰᠭᠠᠢ ᠵᠦᠢᠯ ᠦᠨ ᠬᠢᠨᠠᠯᠲᠠ ᠥᠷᠨᠢᠭᠦᠯᠵᠦ᠍᠂ ᠭᠦᠢᠴᠡᠳᠭᠡᠬᠦ᠌ ᠵᠣᠭᠣᠰ ᠢ 3.12 ᠳ᠋ᠦᠩᠱᠢᠭᠤᠷ ᠲᠥᠭᠥᠷᠢᠭ ᠱᠠᠯᠠᠪᠳᠠᠭᠤᠯᠤᠨ ᠲᠠᠷᠬᠠᠭᠠᠪᠠ; ᠱᠢᠭᠦᠬᠦ᠌ ᠬᠣᠷᠢᠶᠠᠨ᠎ᠤ ᠬᠦᠢᠴᠡᠳᠬᠡᠬᠦ ᠠᠵᠢᠯ ᠳ᠋ᠤ ᠬᠠᠪᠰᠤᠷᠴᠤ᠂ ᠰᠢᠬᠦᠨ ᠳᠠᠰᠤᠯᠤᠯᠳᠠ ᠵᠢ ᠭᠦᠢᠴᠡᠳᠭᠡᠬᠦ᠌ ᠶ᠋ᠢ ᠲᠡᠪᠴᠢᠭ᠌ᠰᠡᠨ ᠶᠠᠯ᠎ᠠ ᠬᠢᠭ᠌ᠰᠡᠨ 44 ᠬᠥᠮᠦᠨ ᠢ ᠱᠢᠭᠦᠬᠦ᠌ ᠬᠣᠷᠢᠶᠠᠨ᠎ᠳᠤ ᠵᠠᠭᠠᠯᠳᠤᠪᠠ᠃
ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠲᠠᠯ᠎ᠠ ᠪᠠᠷ ᠂ ᠵᠠᠰᠠᠭ ᠵᠠᠬᠢᠷᠭᠠᠨ᠎ᠤ ᠪᠠᠢᠴᠠᠭᠠᠯᠳᠠ ᠵᠢᠨ ᠲᠥᠪ ᠭᠣᠣᠯᠴᠢ ᠪᠠᠷ ᠬᠠᠤᠯᠢ ᠪᠠᠷᠢᠬᠤ ᠳᠤ ᠬᠢᠨᠠᠯᠲᠠ ᠲᠠᠯᠪᠢᠬᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶ᠋ᠢ ᠠᠬᠢᠭᠤᠯᠬᠤ᠎ᠳᠤ ᠦᠵᠡᠭᠦᠯᠬᠦ᠌ ᠬᠤᠤᠰ ᠦᠢᠯᠡᠳᠦᠯ ᠢ ᠪᠠᠳᠠᠷᠠᠭᠤᠯᠵᠤ ᠂ ᠦᠨᠡᠬᠡᠷ ᠪᠤᠷᠤᠭᠤ ᠲᠠᠶ ᠭᠡᠵᠦ᠍ ᠦᠵᠡᠭ᠌ᠰᠡᠨ ᠵᠠᠰᠠᠭ ᠵᠠᠬᠢᠷᠭᠠᠨ ᠤ ᠲᠠᠰᠤᠯᠤᠨ ᠲᠣᠭ᠍ᠲᠠᠭᠠᠯᠲᠠ᠎ᠳᠤ ᠡᠰᠡᠷᠭᠦᠴᠡᠨ ᠵᠠᠭᠠᠯᠳᠤᠬᠤ ᠪᠠ ᠲᠠᠬᠢᠨ ᠰᠢᠬᠦᠯᠳᠡ ᠬᠢᠯᠭᠡᠬᠦ ᠪᠠᠢᠴᠠᠭᠠᠬᠤ ᠰᠠᠨᠠᠭᠤᠯᠭ᠎ᠠ ᠵᠢ 21 ᠬᠤᠪᠢ ᠳᠤᠷᠠᠳᠴᠤ᠌᠂ ᠱᠢᠭᠦᠨ ᠲᠠᠰᠤᠯᠬᠤ ᠳᠡᠰ ᠳᠠᠷᠠᠭᠠᠯᠠᠯ ᠪᠠ ᠭᠦᠢᠴᠡᠳᠭᠡᠬᠦ᠌ ᠠᠵᠢᠯᠯᠠᠭ᠎ᠠ ᠳᠤ 1715 ᠬᠤᠪᠢ ᠪᠠᠢᠴᠠᠭᠠᠬᠤ ᠰᠠᠨᠠᠭᠤᠯᠭ᠎ᠠ ᠳᠤᠷᠠᠳᠴᠤ᠌᠂ ᠵᠠᠰᠠᠭ ᠵᠠᠬᠢᠷᠭᠠᠨ᠎ᠤ ᠪᠠᠢᠭᠤᠯᠭ᠎ᠠ ᠶ᠋ᠢᠨ ᠬᠠᠤᠯᠢ ᠶ᠋ᠢ ᠵᠥᠷᠢᠴᠡᠨ ᠡᠷᠬᠡ ᠲᠤᠱᠢᠶᠠᠯ ᠢᠶᠠᠨ ᠬᠡᠷᠡᠭ᠌ᠵᠢᠭᠦᠯᠦᠭ᠌ᠰᠡᠨ ᠪᠤᠶᠤ ᠡᠷᠬᠡ ᠲᠤᠱᠢᠶᠠᠯ ᠢᠶᠠᠨ ᠬᠡᠷᠡᠭ᠌ᠵᠢᠭᠦᠯᠦᠭ᠌ᠰᠡᠨ ᠦᠭᠡᠢ ᠵᠡᠷᠭᠡ ᠦᠢᠯᠡ ᠠᠵᠢᠯᠯᠠᠭ᠎ᠠ ᠳᠤ 535 ᠬᠤᠪᠢ ᠪᠠᠢᠴᠠᠭᠠᠬᠤ ᠰᠠᠨᠠᠭᠤᠯᠭ᠎ᠠ ᠳᠤᠷᠠᠳᠪᠠ᠃
ᠨᠡᠢᠲᠡ ᠶ᠋ᠢᠨ ᠠᠰᠠᠷᠠᠮᠵᠢ ᠶ᠋ᠢᠨ ᠵᠠᠷᠭᠤ ᠶ᠋ᠢ ᠪᠠᠢᠴᠠᠭᠠᠬᠤ ᠲᠠᠯ᠎ᠠ ᠪᠠᠷ ᠂ ᠤᠯᠠᠨ ᠨᠡᠢᠲᠡ ᠶ᠋ᠢᠨ ᠠᠱᠢᠭ ᠲᠤᠰᠠ ᠶ᠋ᠢ ᠲᠥᠯᠥᠭᠡᠯᠡᠬᠦ᠌ ᠡᠬᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠍᠂ ᠨᠡᠢᠲᠡ᠎ᠶ᠋ᠢᠨ ᠠᠰᠠᠷᠠᠮᠵᠢ᠎ᠶ᠋ᠢᠨ ᠬᠠᠮᠠᠭᠠᠯᠠᠯᠲᠠ᠎ᠶ᠋ᠢᠨ ᠬᠠᠤᠯᠢ ᠳ᠋ᠤ ᠲᠣᠭ᠍ᠲᠠᠭᠠᠭ᠍ᠰᠠᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 308 ᠬᠤᠪᠢ ᠢᠷᠭᠡᠨ᠎ᠦ ᠬᠡᠷᠡᠭ᠎ᠦᠨ ᠨᠡᠢᠲᠡ ᠶ᠋ᠢᠨ ᠠᠰᠠᠷᠠᠮᠵᠢ᠎ᠶ᠋ᠢᠨ ᠵᠠᠷᠭᠤ ᠂ 3920 ᠬᠤᠪᠢ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢ ᠱᠢᠢᠳᠪᠦᠷᠢᠯᠡᠵᠦ᠍᠂ 29.92 ᠳ᠋ᠦᠩᠱᠢᠭᠤᠷ ᠲᠥᠭᠥᠷᠢᠭ᠎ᠦᠨ ᠤᠯᠤᠰ᠎ᠤᠨ ᠥᠮᠴᠢᠯᠡᠯ᠎ᠦᠨ ᠡᠳ᠋ ᠬᠦᠷᠦᠨᠭ᠌ᠭᠡ᠎ᠶ᠋ᠢᠨ ᠡᠷᠬᠡ ᠠᠱᠢᠭ᠎ᠢ ᠱᠠᠯᠠᠪᠳᠠᠭᠤᠯᠤᠨ ᠬᠤᠷᠢᠶᠠᠨ ᠠᠪᠤᠪᠠ᠃ ᠬᠣᠶᠠᠷ ᠲᠠᠯ᠎ᠠ ᠪᠠᠷ ᠢᠶᠠᠨ ᠠᠱᠢᠭ ᠬᠦᠷᠳᠡᠬᠦ ᠂ ᠣᠯᠠᠨ ᠲᠠᠯ᠎ᠠ᠎ᠪᠠᠷ ᠠᠱᠢᠭ ᠬᠦᠷᠲᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠵᠠᠷᠭᠤ᠎ᠶ᠋ᠢᠨ ᠮᠠᠷᠭᠤᠯᠳᠤᠭᠠᠨ᠎ᠤ ᠠᠰᠠᠭᠤᠳᠠᠯ᠎ᠢ ᠵᠠᠷᠭᠤᠯᠳᠤᠬᠤ ᠠᠴᠠ ᠡᠮᠦᠨ᠎ᠡ ᠱᠢᠢᠳᠪᠦᠷᠢᠯᠡᠬᠦ᠌ ᠪᠡᠷ ᠴᠢᠷᠮᠠᠢᠵᠤ ᠂ ᠪᠦᠬᠦ᠌ ᠵᠢᠯ ᠳᠦ ᠵᠠᠰᠠᠭ ᠵᠠᠬᠢᠷᠭᠠᠨ ᠤ ᠪᠠᠢᠭᠤᠯᠭ᠎ᠠ ᠳᠤ ᠵᠠᠭᠠᠯᠳᠤᠬᠤ ᠠᠴᠠ ᠡᠮᠦᠨ᠎ᠡ ᠪᠠᠢᠴᠠᠭᠠᠬᠤ ᠰᠠᠨᠠᠭᠤᠯᠭ᠎ᠠ ᠵᠢ 3187 ᠬᠤᠪᠢ ᠭᠠᠷᠭᠠᠵᠤ ᠂ ᠴᠡᠭ᠌ᠴᠡᠯᠡᠨ ᠰᠠᠢᠵᠢᠷᠠᠭᠤᠯᠤᠭ᠍ᠰᠠᠨ ᠨᠣᠷᠮ᠎ᠠ ᠨᠢ 97.8% ᠳ᠋ᠤ ᠬᠦᠷᠪᠡ᠃ ᠨᠡᠢᠲᠡ᠎ᠶ᠋ᠢᠨ ᠠᠰᠠᠷᠠᠮᠵᠢ ᠶ᠋ᠢ ᠬᠦᠨᠳᠦ ᠨᠣᠴᠢᠲᠠᠢ ᠬᠣᠬᠢᠷᠠᠭᠤᠯᠤᠭ᠍ᠰᠠᠨ ᠪᠠ ᠪᠠᠢᠴᠠᠭᠠᠬᠤ ᠰᠠᠨᠠᠭᠤᠯᠭ᠎ᠠ ᠶ᠋ᠢ ᠦᠯᠦ ᠨᠠᠢᠳᠠᠪᠤᠷᠢᠵᠢᠭᠤᠯᠤᠭ᠍ᠰᠠᠨ 248 ᠬᠡᠷᠡᠭ ᠢ ᠬᠠᠤᠯᠢ ᠶᠣᠰᠣᠭᠠᠷ ᠵᠠᠭᠠᠯᠳᠤᠵᠤ᠂ ᠱᠢᠭᠦᠬᠦ᠌ ᠬᠣᠷᠢᠶᠠᠨ ᠤ ᠳᠡᠮᠵᠢᠯᠭᠡ᠎ᠶ᠋ᠢᠨ ᠨᠤᠷᠮ᠎ᠠ 100% ᠳ᠋ᠤ ᠬᠦᠷᠪᠡ᠃