ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠱᠢᠨ᠎ᠡ ᠎ᠶ᠋ᠢ ᠡᠭᠦᠳᠬᠦ᠌ ᠎ᠶ᠋ᠢ ᠠᠬᠢᠭᠤᠯᠤᠨ ᠨᠡᠭᠡᠭᠡᠯᠲᠡ᠎ᠶ᠋ᠢ ᠥᠷᠭᠡᠳᠭᠡᠵᠦ᠍ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ ᠪᠠ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ ᠎ᠢ ᠬᠥᠭ᠌ᠵᠢᠭᠡᠨ᠎ᠠ
2022-01-24 09:01:39
ᠵᠣᠬᠢᠶᠠᠭ᠍ᠴᠢ᠄
​ ᠯᠢᠶᠠᠩ ᠯᠢᠶᠠᠩ ᠱᠤᠸᠠᠢ ᠵᠧᠩ ᠱᠢᠤᠢ ᠶᠤᠸᠠᠢ
ᠣᠩᠱᠢᠭ᠍ᠰᠠᠨ ᠣᠳᠠᠭ᠎ᠠ᠄
★★★☆☆

ᠥᠩᠭᠡᠷᠡᠭ᠌ᠰᠡᠨ ᠨᠢᠭᠡ ᠵᠢᠯ᠎ᠳᠦ᠂ ᠥᠪᠥᠷ ᠮᠣᠩᠭᠣᠯ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠵᠤ ᠠᠬᠤᠢᠯᠠᠯ《ᠨᠢᠭᠡ ᠡᠳᠦᠷ᠎ᠲᠦ ᠭᠦᠶ᠋ᠴᠡᠳᠭᠡᠵᠦ᠍ ᠳᠠᠭᠤᠰᠬᠠᠬᠤ》ᠦᠢᠯᠡᠴᠢᠯᠡᠭᠡ ᠦᠷᠨᠢᠭᠦᠯᠵᠦ᠂ 67.8% ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠪᠥᠬᠥ᠌ ᠶᠠᠪᠤᠴᠠ᠎ᠳᠤ ᠰᠦᠯᠵᠢᠶ᠎ᠡ᠎ᠪᠡᠷ ᠭᠦᠶ᠋ᠴᠡᠳᠭᠡᠬᠦ᠌᠎ᠶ᠋ᠢ ᠳᠡᠮᠵᠢᠵᠦ᠍᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠥᠨᠳᠥᠷ ᠳᠠᠪᠲᠠᠮᠵᠢᠲᠤ ᠦᠶ᠋ᠯᠡᠴᠢᠯᠡᠭᠡᠨ᠎ᠦ ᠵᠦᠶ᠋ᠯᠡᠰ᠎ᠢ 《ᠮᠤᠵᠢ ᠠᠯᠤᠰᠯᠠᠨ ᠨᠡᠢᠳᠡᠮ ᠭᠦᠶ᠋ᠴᠡᠳᠭᠡᠬᠦ᠌》᠎ᠶ᠋ᠢ ᠪᠡᠶᠡᠯᠡᠭᠦᠯᠪᠡ᠃

ᠥᠩᠭᠡᠷᠡᠭ᠌ᠰᠡᠨ ᠨᠢᠭᠡ ᠵᠢᠯ᠎ᠳᠦ᠂ ᠥᠪᠥᠷ ᠮᠣᠩᠭᠣᠯ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢ 304 ᠶᠠᠪᠤᠭᠤᠯᠵᠤ᠂ ᠬᠢᠯᠢ᠎ᠪᠡᠷ ᠥᠩᠭᠡᠷᠡᠭ᠌ᠰᠡᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 6162 ᠪᠠᠢᠵᠤ᠂ 13.3% ᠪᠡᠷ ᠨᠡᠮᠡᠭ᠌ᠳᠡᠵᠦ᠍᠂ ᠭᠠᠳᠠᠭᠠᠳᠤ  ᠡᠴᠨ  ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠢ ᠲᠣᠭ᠎ᠠ 1235.6 ᠳ᠋ᠦᠩᠱᠢᠭᠤᠷ ᠲᠥᠭᠥᠷᠢᠭ᠎ᠲᠦ ᠬᠦᠷᠴᠦ᠍᠂ 17.2% ᠵᠢᠡᠷ ᠨᠡᠮᠡᠭ᠌ᠳᠡᠪᠡ᠃

ᠥᠩᠭᠡᠷᠡᠭ᠌ᠰᠡᠨ ᠨᠢᠭᠡ ᠵᠢᠯ᠎ᠳᠦ᠂ ᠥᠪᠥᠷ ᠮᠣᠩᠭᠣᠯ 47 ᠵᠦᠢᠯ᠎ᠦᠨ ᠱᠢᠨᠵᠢᠯᠡᠬᠦ᠌ ᠤᠬᠠᠭᠠᠨ ᠲᠸᠭᠨᠢᠭ  ᠮᠡᠷᠭᠡᠵᠢᠯ᠎ᠦᠨ ᠴᠢᠬᠤᠯᠠ ᠶᠡᠬᠡ ᠲᠤᠰᠭᠠᠢ ᠲᠦᠷᠦᠯ᠎ᠢ ᠵᠣᠬᠢᠶᠠᠨ ᠪᠠᠢᠭᠤᠯᠵᠤ ᠂ 445 ᠵᠦᠢᠯ᠎ᠦᠨ ᠮᠡᠷᠭᠡᠵᠢᠯ᠎ᠦᠨ ᠪᠣᠭᠣᠮᠲᠠ ᠱᠢᠪᠲᠤᠯᠬᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠠᠩᠬᠠᠳᠠᠭ᠍ᠴᠢ ᠪᠦᠯᠦᠭ 《ᠡᠭᠦᠷᠭᠡ ᠬᠦᠯᠢᠶᠡᠵᠦ ᠲᠦᠷᠦᠭᠦᠯᠡᠨ ᠬᠢᠬᠦ》 ᠲᠦᠷᠦᠯ ᠵᠦᠢᠯ᠎ᠢ 12 ᠪᠡᠶᠡᠯᠡᠭᠦᠯᠵᠦ᠍᠂ ᠠᠯᠤᠰ ᠰᠡᠷᠡᠯ᠎ᠦᠨ ᠳᠠᠭᠠᠭᠤᠯᠢ ᠤᠳᠤ 《ᠥᠪᠥᠷ ᠮᠣᠩᠭᠣᠯ ᠨᠢᠭᠡᠳᠦᠭᠡᠷ》 ᠎ᠢ ᠠᠮᠵᠢᠯᠲᠠ᠎ᠲᠠᠶ ᠬᠠᠷᠪᠤᠪᠠ᠃

ᠥᠩᠭᠡᠷᠡᠭ᠌ᠰᠡᠨ ᠨᠢᠭᠡ ᠵᠢᠯ᠎ᠢ ᠡᠷᠭᠢᠴᠡᠭᠦᠯᠬᠦᠶ᠎ᠡ ᠂ ᠥᠪᠡᠷᠲᠡᠭᠡᠨ ᠵᠠᠰᠠᠬᠤ ᠣᠷᠣᠨ 《 ᠠᠷᠪᠠᠨ ᠳᠥᠷᠪᠡᠳᠦᠭᠡᠷ ᠲᠠᠪᠤᠨ ᠵᠢᠯ 》 ᠤ᠋ᠨ  ᠡᠬᠢᠯᠡᠯᠲᠡ᠎ᠶ᠋ᠢᠨ ᠵᠢᠯ᠎ᠦᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠴᠢᠩᠭ᠎ᠠ ᠡᠵᠡᠮᠳᠡᠵᠦ᠍᠂ ᠥᠭᠡᠷᠡᠴᠢᠯᠡᠯᠲᠡ᠎ᠶ᠋ᠢᠨ ᠵᠠᠮ ᠵᠢᠡᠷ ᠨᠠᠩ ᠲᠦᠷᠭᠡᠨ ᠵᠠᠮᠨᠠᠵᠤ᠂ ᠨᠡᠭᠡᠭᠡᠯᠲᠡ᠎ᠶ᠋ᠢ ᠨᠠᠩ ᠠᠬᠢᠭᠤᠯᠵᠤ᠂ ᠱᠢᠨ᠎ᠡ᠎ᠶ᠋ᠢ ᠡᠭᠦᠳᠬᠦ᠌᠎ᠶ᠋ᠢ ᠨᠡᠩ ᠠᠬᠢᠭᠤᠯᠵᠤ᠂ ᠭᠣᠢᠳᠠ ᠰᠠᠢᠬᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠪᠠ᠃

《ᠬᠥᠭ᠌ᠵᠢᠯᠲᠡ ᠬᠡᠳᠦᠢ ᠬᠦᠴᠢᠷᠳᠡᠬᠦ ᠲᠤᠰᠤᠮ᠂ ᠬᠡᠯᠪᠡᠷᠢ᠎ᠪᠡᠨ ᠬᠤᠪᠢᠷᠠᠭᠤᠯᠬᠤ ᠳ᠋ᠤ ᠬᠡᠳᠦᠢ ᠬᠦᠴᠢᠷᠳᠡᠬᠦ ᠲᠤᠰᠤᠮ᠂ ᠥᠭᠡᠷᠡᠴᠢᠯᠡᠯᠲᠡ᠎ᠡᠴᠡ ᠠᠮᠢᠵᠢᠷᠠᠯ᠎ᠤᠨ ᠬᠦᠴᠦᠨ ᠤᠯᠬᠤ᠂ ᠱᠢᠨ᠎ᠡ᠎ᠶ᠋ᠢ ᠡᠭᠦᠳᠬᠦ᠌᠎ᠡᠴᠡ ᠬᠥᠳᠡᠯᠭᠡᠬᠦ᠌ ᠬᠦᠴᠦᠨ ᠤᠯᠬᠤ᠂ ᠨᠡᠬᠡᠬᠡᠯᠳᠡ᠎ᠡᠴᠡ ᠦᠷ᠎ᠡ ᠠᠱᠢᠭ ᠤᠯᠬᠤ᠎ᠶ᠋ᠢ ᠨᠡᠩ ᠢᠯᠡᠭᠦᠦ ᠪᠠᠷᠢᠮᠲᠠᠯᠠᠬᠤ ᠬᠡᠷᠡᠭ᠌ᠲᠡᠢ 》᠃ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠳ᠋ᠡᠬᠢ ᠡᠲᠡᠭᠡᠷ ᠣᠷᠭᠢᠯᠤᠮ᠎ᠠ ᠬᠠᠯᠠᠭᠤᠨ ᠦᠭᠡ ᠥᠭᠦᠯᠡᠪᠦᠷᠢ᠎ᠨᠢ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠭᠡᠱᠢᠭᠦᠳ ᠢ᠋ ᠵᠤᠷᠢᠬᠵᠢᠭᠤᠯᠵᠤ᠂ ᠲᠡᠳᠡ ᠬᠦᠴᠢᠷ ᠪᠡᠷᠭᠡ ᠵᠢ ᠮᠡᠳᠡᠵᠦ ᠪᠠᠢᠬᠰᠠᠨ ᠴᠸ᠋ ᠵᠤᠷᠢᠭ ᠲᠠᠢ ᠪᠡᠷ ᠡᠷᠡᠮᠡᠭᠡᠢᠯᠡᠨ ᠤᠷᠤᠬᠰᠢᠯᠠᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠲᠠᠰᠤᠷᠠᠯᠲᠠ ᠥᠬᠡᠶ ᠠᠬᠢᠭᠤᠯᠵᠤ᠂ ᠴᠢᠨᠠᠷ᠎ᠤᠨ ᠦᠰᠦᠷᠦᠯᠲᠡ᠎ᠶ᠋ᠢ ᠪᠡᠶᠡᠯᠡᠭᠦᠯᠦᠨ᠎ᠡ ᠭᠡᠵᠦ᠍ ᠲᠤᠰ ᠲᠤᠰ ᠢᠯᠡᠳᠭᠡᠵᠡᠭᠡᠪᠡ᠃

ᠥᠭᠡᠷᠡᠴᠢᠯᠡᠯᠲᠡ ᠬᠢᠭ᠌ᠰᠡᠳ ᠯᠡ ᠤᠷᠤᠭ᠍ᠰᠢᠯᠠᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠰᠠᠢᠨ ᠮᠠᠭᠤ ᠨᠢ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠮᠠᠨᠳᠤᠯ ᠪᠠᠭᠤᠷᠠᠯ᠂ ᠦᠶ᠋ᠯᠡᠳᠪᠦᠷᠢᠯᠡᠯ᠎ᠦᠨ ᠡᠯᠧᠮᠧᠨ᠋ᠲ᠎ᠦᠨ ᠪᠥᠭᠡᠮᠨᠡᠷᠡᠯ ᠰᠠᠷᠨᠢᠯ ᠪᠠ ᠬᠥᠭ᠌ᠵᠢᠯᠲᠡ᠎ᠶ᠋ᠢᠨ ᠬᠥᠳᠡᠯᠭᠡᠭ᠌ᠴᠢ ᠡᠨᠧᠷᠭᠢ᠎ᠶ᠋ᠢᠨ ᠬᠦᠴᠦᠷᠬᠡᠭ ᠪᠠᠭᠤᠷᠠᠶ  ᠵᠢ  ᠰᠢᠭᠤᠳ  ᠨᠦᠯᠦᠬᠡᠯᠡᠵᠦ  ᠪᠠᠢᠳᠠᠬ᠃  ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠂ ᠦᠷᠭᠦᠯᠵᠢᠯᠡᠨ ᠶᠡᠬᠡ ᠬᠦᠴᠦ᠍ ᠣᠷᠣᠭᠤᠯᠵᠤ ᠪᠠᠢᠭᠠᠳ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠎ᠡ ᠭᠡᠵᠦ᠍ ᠳᠤᠷᠠᠳᠴᠠᠢ᠂ ᠡᠨᠡ ᠨᠢ ᠲᠥᠯᠥᠭᠡᠯᠡᠭ᠌ᠴᠢᠳ ᠭᠡᠱᠢᠭᠦᠳ᠎ᠦᠨ ᠬᠦᠷ ᠬᠥᠭ᠌ᠵᠢᠶᠡᠨᠲᠡᠢ ᠶᠠᠷᠢᠯᠴᠠᠬᠤ ᠰᠡᠳᠦᠪ ᠪᠣᠯᠵᠠᠢ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠲᠦᠩᠯᠢᠶᠣᠤ ᠬᠣᠲᠠ᠎ᠶ᠋ᠢᠨ ᠳᠠᠷᠤᠭ᠎ᠠ ᠭᠦᠸᠧ ᠢᠦᠶ ᠹᠧᠩ ᠢᠯᠡᠷᠬᠡᠢᠯᠡᠬᠦ᠌᠎ᠳᠡᠭᠡᠨ᠂ ᠲᠦᠩᠯᠢᠶᠣᠤ ᠬᠣᠲᠠ ᠥᠭᠡᠷᠡᠴᠢᠯᠡᠯᠲᠡ ᠨᠡᠭᠡᠭᠡᠯᠲᠡ᠎ᠶ᠋ᠢ ᠪᠠᠷᠢᠮᠳᠠᠯᠠᠬᠤ ᠪᠤᠯᠤᠨ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌  ᠵᠢ ᠬᠠᠮᠵᠢᠯᠴᠠᠭᠤᠯᠤᠨ ᠬᠦᠴᠦᠯᠡᠵᠦ᠂ᠭᠤᠤᠯᠳᠠᠯᠭ᠎ᠠ᠎ᠲᠠᠶ ᠬᠦᠷᠢᠶ᠎ᠡ ᠴᠠᠷᠠᠭᠠᠨ᠎ᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠂ ᠨᠡᠭᠡᠭᠡᠯᠲᠡ ᠬᠢᠵᠦ᠍ ᠬᠠᠮᠲᠤᠷᠠᠯᠴᠠᠬᠤ᠎ᠶ᠋ᠢ ᠦᠷᠭᠦᠯᠵᠢᠯᠡᠨ ᠥᠷᠭᠡᠳᠭᠡᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠂ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭ᠌ᠵᠢᠭᠡᠨ᠎ᠡ ᠭᠡᠵᠡᠶ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠣᠷᠳᠣᠰ ᠬᠣᠲᠠ᠎ᠶ᠋ᠢᠨ ᠣᠷᠣᠯᠠᠭ᠍ᠴᠢ  ᠳᠠᠷᠤᠭ᠎ᠠ ᠳ᠋ᠦ᠋ ᠬᠣᠶ ᠯᠢᠶᠠᠩ᠎ᠤᠨ ᠦᠵᠡᠬᠦ᠌᠎ᠪᠡᠷ᠂ ᠵᠠᠰᠠᠭ᠎ᠤᠨ ᠣᠷᠳᠣᠨ ᠪᠠ ᠬᠤᠳᠠᠯᠳᠤᠭᠠᠨ᠎ᠤ ᠬᠣᠭᠣᠷᠣᠨᠳᠣᠬᠢ ᠳᠣᠲᠣᠨᠣ ᠴᠢᠬᠡᠴᠢ ᠱᠢᠨ᠎ᠡ  ᠬᠡᠯᠪᠡᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ᠎ᠳᠤ᠂ ᠵᠠᠰᠠᠭ᠎ᠤᠨ ᠣᠷᠳᠣᠨ ᠭᠠᠷ ᠭᠦᠶ᠋ᠴᠡᠳᠭᠡᠯ ᠬᠢᠬᠦ᠌ ᠵᠢᠴᠢ ᠠᠮᠠᠯᠠᠯᠲᠠ᠎ᠪᠠᠨ ᠪᠡᠶᠡᠯᠡᠭᠦᠯᠬᠦ᠌ ᠲᠠᠯ᠎ᠠ᠎ᠪᠠᠷ ᠨᠠᠩ ᠢᠳᠡᠪᠬᠢᠲᠡᠶ᠂ ᠦᠨᠡᠨ ᠪᠣᠳᠠᠲᠠᠶ ᠠᠵᠢᠯᠯᠠᠭ᠎ᠠ ᠠᠪᠴᠤ᠌᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠰᠠᠨᠠᠭᠠᠰᠢᠷᠠᠯ᠎ᠢ ᠵᠣᠷᠢᠭ᠍ᠲᠠᠶ᠎ᠪᠠᠷ ᠱᠢᠶ᠋ᠳᠪᠦᠷᠢᠯᠡᠵᠦ᠍ ᠥᠭ᠌ᠬᠦ ᠬᠡᠷᠡᠭ᠌ᠲᠡᠶ᠃ ᠪᠦᠬᠦ᠌ ᠬᠣᠲᠠ᠎ᠶ᠋ᠢᠨ ᠵᠠᠰᠠᠭ᠎ᠤᠨ ᠣᠷᠳᠣᠨ ᠨᠢᠭᠡᠪᠦᠷᠢ᠎ᠶ᠋ᠢᠨ ᠵᠥᠪᠯᠡᠯ ᠠᠯᠪᠠᠨ ᠭᠡᠷ ᠲᠣᠪᠴᠢᠶ᠎ᠠ ᠨᠢ ᠴᠥᠮ ᠬᠣᠲᠠ᠎ᠶ᠋ᠢᠨ ᠠᠷᠠᠳ᠎ᠲᠤ ᠲᠤᠱᠢᠶᠠᠯ᠎ᠤᠨ ᠮᠡᠳᠡᠭᠦᠯᠦᠯᠲᠡ ᠬᠢᠵᠦ᠍᠂ ᠠᠵᠤ ᠠᠬᠤᠢᠯᠠᠯᠲᠠᠨ᠎ᠤ ᠲᠥᠯᠥᠭᠡᠯᠡᠭ᠌ᠴᠢ᠎ᠶ᠋ᠢ ᠪᠠᠭ᠍ᠲᠠᠭᠠᠭ᠍ᠰᠠᠨ ᠬᠦᠮᠦᠰ᠎ᠤᠨ ᠦᠨᠡᠯᠡᠯᠲᠡ᠎ᠶ᠋ᠢ ᠬᠦᠯᠢᠶᠡᠬᠦ᠌ ᠬᠡᠷᠡᠭ᠌ᠲᠡᠶ᠃

ᠵᠠᠰᠠᠭ᠎ᠤᠨ ᠣᠷᠳᠣᠨ᠎ᠤ ᠳᠡᠮᠵᠢᠯᠭᠡ ᠣᠮᠣᠭ ᠲᠡᠭᠦᠯᠳᠡᠷ ᠪᠠᠢᠪᠠᠯ ᠂ ᠠᠵᠤ ᠠᠬᠤᠢᠯᠠᠯ ᠨᠢᠭᠡ ᠰᠡᠳᠭᠢᠯ ᠨᠢᠭᠡ ᠵᠣᠷᠢᠭ᠎ᠢᠶᠠᠷ ᠬᠦᠭᠵᠢᠵᠦ᠂ ᠪᠦᠭᠦᠳᠡ ᠪᠦᠭᠦᠳᠡᠭᠡᠷ ᠰᠠᠶᠢ ᠵᠣᠷᠢᠭ ᠲᠡᠭᠦᠯᠳᠡᠷ ᠪᠠᠢᠵᠤ ᠴᠢᠳᠠᠨ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠬᠣᠪᠣᠷ ᠰᠢᠷᠤᠢ᠎ᠶᠢᠨ ᠦᠢᠯᠡᠳᠭᠦᠨ᠎ᠤ  ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠯᠢᠦ ᠫᠸᠩ ᠄ 《 ᠶᠡᠬᠡ ᠬᠦᠴᠦ᠍ ᠣᠷᠣᠭᠤᠯᠵᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠦᠭᠰᠡᠨ ᠡᠴᠡ ᠠᠵᠤ ᠠᠬᠤᠢᠯᠠᠯᠲᠠᠳ᠎ᠤᠨ ᠬᠣᠢᠱᠢᠳᠠ᠎ᠶ᠋ᠢᠨ ᠰᠠᠨᠠᠭᠠᠰᠢᠷᠠᠯ᠎ᠢ ᠱᠢᠢᠳᠪᠦᠷᠢᠯᠡᠵᠦ᠍ ᠥᠭ᠌ᠴᠡᠢ ᠂ ᠳᠠᠷᠠᠭᠠᠴᠢ᠎ᠶ᠋ᠢᠨ ᠠᠵᠢᠯ᠎ᠳᠠᠭᠠᠨ ᠪᠢᠳᠠ ᠪᠦᠬᠦ᠌ ᠤᠶᠤᠨ ᠴᠢᠳᠠᠯ᠎ᠢᠶᠠᠨ ᠠᠵᠤ ᠠᠬᠤᠢᠯᠠᠯ᠎ᠤᠨ ᠵᠠᠭᠤᠨ ᠵᠢᠯ᠎ᠦᠨ ᠨᠡᠷᠡᠲᠦ ᠲᠡᠮᠳᠡᠭ ᠡᠭᠦᠳᠬᠦ᠌ ᠬᠠᠷᠠᠯᠲᠠ᠎ᠳᠤ ᠴᠢᠭᠯᠡᠭᠦᠯᠵᠦ᠂ ᠵᠠᠰᠠᠭ᠎ᠤᠨ ᠣᠷᠳᠣᠨ᠎ᠤ ᠵᠣᠷᠢᠭ᠍ᠵᠢᠭᠤᠯᠤᠯ ᠪᠣᠯᠤᠨ ᠳᠡᠮᠵᠢᠯᠭᠡ᠎ᠶ᠋ᠢ ᠬᠥᠰᠡᠷᠳᠡᠭᠦᠯᠬᠦ᠌ ᠦᠭᠡᠢ》ᠬᠡᠵᠦ  ᠢᠳᠡᠬᠡᠯ  ᠲᠡᠬᠦᠯᠳᠡᠷ  ᠶᠠᠷᠢᠨ᠎ᠠ᠃

《ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠠᠬᠢᠭᠤᠯᠬᠤ ᠭᠤᠷᠪᠠᠨ ᠵᠢᠯ᠎ᠦᠨ ᠠᠵᠢᠯᠯᠠᠭ᠎ᠠ ᠵᠢ ᠪᠡᠶᠡᠯᠡᠬᠦᠯᠬᠦ》 ᠂ 《ᠡᠳ᠋᠎ᠦᠨ ᠵᠠᠰᠠᠭ᠎ᠤᠨ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌》᠂ 《 ᠴᠠᠬᠢᠯᠭᠠᠨ᠎ᠤ ᠦᠨ᠎ᠡ᠎ᠶ᠋ᠢᠨ ᠵᠠᠬ᠎ᠠ ᠳᠡᠯᠭᠡᠭᠦᠷ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ 》 ᠁ ᠭᠤᠤᠯᠳᠠᠯᠭ᠎ᠠ᠎ᠲᠠᠶ ᠬᠦᠷᠢᠶ᠎ᠡ ᠴᠠᠷᠠᠭᠠᠨ᠎ᠦ ᠥᠭᠡᠷᠡᠴᠢᠯᠡᠯᠲᠡ᠎ᠶ᠋ᠢᠨ ᠲᠠᠯ᠎ᠠ᠎ᠪᠠᠷ 2022 ᠣᠨ᠎ᠳᠤ ᠮᠠᠨ᠎ᠤ ᠣᠷᠣᠨ ᠦᠷᠭᠦᠯᠵᠢᠯᠡᠨ ᠬᠦᠴᠦᠯᠡᠬᠦ᠌ ᠪᠣᠯᠤᠨ᠎ᠠ᠃

《ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠺᠣᠮᠫᠠᠨᠢ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠬᠦᠴᠦᠯᠡᠨ ᠠᠬᠢᠭᠤᠯᠵᠦ᠂ ᠠᠷᠠᠯᠵᠢᠶᠠᠨ᠎ᠤ ᠲᠦᠷᠢᠮ᠎ᠦᠨ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠠᠷᠠᠯᠵᠢᠶᠠᠨ᠎ᠤ ᠲᠥᠷᠥᠯ ᠵᠦᠶ᠋ᠯ᠎ᠢ ᠨᠡᠮᠡᠭ᠌ᠳᠡᠭᠦᠯᠵᠦ᠍᠂ ᠠᠷᠠᠯᠵᠢᠶᠠᠨ᠎ᠤ ᠴᠢᠳᠠᠮᠵᠢ᠎ᠶ᠋ᠢ ᠳᠡᠭᠡᠭ᠌ᠰᠢᠯᠡᠭᠦᠯᠵᠦ᠍᠂ ᠮᠠᠨ᠎ᠤ ᠣᠷᠣᠨ᠎ᠤ ᠪᠣᠬᠢᠷᠲᠤᠯ ᠥᠬᠡᠶ ᠡᠨᠧᠷᠭᠢ᠎ᠶ᠋ᠢ ᠪᠥᠬᠥ᠌ ᠤᠯᠤᠰ᠎ᠤᠨ ᠨᠠᠩ ᠶᠡᠬᠡ ᠬᠡᠪᠴᠢᠶᠡᠨ᠎ᠳᠦ ᠱᠢᠯᠢᠳᠡᠭ᠌ᠵᠢᠭᠦᠯᠦᠨ ᠳᠣᠭᠢᠷᠠᠭᠤᠯᠬᠤ᠎ᠶ᠋ᠢ ᠪᠡᠶᠡᠯᠡᠭᠦᠯᠵᠦ᠍᠂ ᠮᠣᠩᠭᠣᠯ ᠤᠯᠤᠰ ᠲᠠᠬᠢ ᠶᠢᠰᠦᠳᠦᠭᠡᠷ ᠭᠠᠳᠠᠭ᠍ᠰᠢ ᠬᠦᠷᠭᠡᠬᠦ᠌ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ᠎ᠡ》ᠭᠡᠵᠦ᠍ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠢᠶᠠ ᠵᠧᠨ ᠭᠦᠸᠧ ᠶᠠᠷᠢᠪᠠ᠃

ᠨᠡᠭᠡᠭᠡᠯᠲᠡ ᠬᠢᠭᠰᠡᠳ ᠯᠡ ᠬᠦᠴᠦᠷᠭᠡᠭᠵᠢᠨ᠎ᠡ᠃ ᠥᠪᠥᠷ ᠮᠣᠩᠭᠣᠯ ᠤᠮᠠᠷᠠᠰᠢ ᠣᠷᠣᠰ ᠮᠣᠩᠭᠣᠯ᠎ᠲᠠᠶ  ᠵᠠᠯᠭᠠᠯᠳᠤᠵᠤ᠂ 《ᠤᠮᠠᠷᠠᠲᠤ᠎ᠶᠢᠨ ᠭᠤᠷᠪᠠᠨ ᠤᠷᠤᠨ》 ᠎ᠢ ᠰᠤᠨᠳᠠᠯᠠᠵᠤ᠂ ᠨᠠᠶ᠋ᠮᠠᠨ ᠮᠤᠵᠢ ᠣᠷᠣᠨ᠎ᠲᠠᠶ ᠬᠥᠷᠱᠢᠯᠡᠵᠦ᠍ ᠂ ᠪᠡᠭᠡᠵᠢᠩ ᠲᠢᠶᠠᠨᠵᠢᠨ ᠂ ᠵᠡᠭᠦᠨ ᠬᠣᠢᠲᠤ ᠣᠷᠣᠨ ᠵᠡᠷᠭᠡ ᠭᠤᠤᠯ ᠵᠠᠬ᠎ᠠ ᠳᠡᠯᠭᠡᠭᠦᠷ ᠪᠠ ᠲᠡᠯᠡᠶ᠎ᠳᠦ ᠭᠠᠷᠬᠤ ᠭᠠᠷᠠᠮ ᠎ᠲᠠᠶ ᠤᠢᠷ᠎ᠠ ᠪᠠᠢᠵᠤ᠂ ᠪᠦᠸᠧᠬᠠᠶ ᠲᠠᠩᠭᠢᠰ᠎ᠢ ᠲᠣᠭᠣᠷᠢᠭ᠍ᠰᠠᠨ ᠠᠵᠤ ᠠᠬᠤᠶ᠎ᠶ᠋ᠢᠨ ᠬᠦᠷᠢᠶᠡᠨ᠎ᠦ ᠳᠣᠲᠣᠷ᠎ᠠ ᠭᠠᠵᠠᠷ ᠪᠣᠯᠬᠤ ᠪᠥᠭᠡᠳ ᠪᠠᠰᠠ ᠵᠡᠭᠦᠨ ᠬᠣᠢᠲᠤ ᠣᠷᠣᠨ᠎ᠤ ᠠᠵᠤ ᠠᠬᠤᠶ᠎ᠶ᠋ᠢᠨ ᠬᠦᠷᠢᠶᠡᠨ᠎ᠦ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠨᠠᠩ ᠴᠤ᠌ ᠤᠮᠠᠷᠠᠲᠤ ᠣᠷᠣᠨ᠎ᠢ ᠪᠠᠷᠠᠭᠤᠨ ᠬᠣᠢᠲᠤ ᠣᠷᠣᠨ᠎ᠲᠠᠶ ᠬᠣᠯᠪᠣᠬᠤ ᠴᠢᠬᠤᠯᠠ ᠠᠵᠤ ᠠᠬᠤᠶ᠎ᠶ᠋ᠢᠨ ᠵᠠᠮ ᠪᠣᠯᠤᠨ᠎ᠠ᠃

ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠪᠠ ᠲᠦᠷᠭᠡᠨ᠎ᠦ ᠲᠡᠮᠦᠷ ᠵᠠᠮ᠎ᠤᠨ ᠱᠤᠭᠤᠮ ᠲᠠᠰᠤᠷᠠᠯᠳᠠ ᠦᠭᠡᠢ ᠨᠡᠮᠡᠭ᠌ᠳᠡᠭ᠌ᠰᠡᠨ ᠡᠴᠡ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠭᠣᠣᠯ ᠰᠡᠳᠦᠪᠲᠦ ᠳᠡᠭᠡᠳᠦ ᠲᠡᠰ᠎ᠤᠨ ᠲᠦᠷᠦᠭᠦᠴᠦᠳ᠎ᠦᠨ ᠬᠤᠷᠠᠯ ᠵᠢᠴᠢ ᠪᠦᠬᠦ᠌ ᠤᠯᠤᠰ᠎ᠤᠨ ᠰᠢᠯᠢᠳᠡᠭ ᠬᠦᠴᠦᠷᠬᠡᠭ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ᠎ᠢ ᠡᠷᠬᠢᠯᠡᠭ᠌ᠰᠡᠨ ᠬᠦᠷᠲᠡᠯ᠎ᠡ᠂ ᠤᠢ᠍ᠢᠷ᠎ᠠ᠎ᠶ᠋ᠢᠨ ᠵᠢᠯ᠎ᠡᠴᠡ᠂ ᠦᠪᠡᠷᠲᠡᠭᠡᠨ ᠵᠠᠰᠠᠬᠤ ᠣᠷᠣᠨ ᠤᠷᠤᠨ ᠪᠠᠢᠷᠢ᠎ᠶᠢᠨ ᠳᠠᠪᠠᠭᠤᠯᠢᠭ᠎ᠢᠶᠠᠨ ᠨᠡᠭᠡᠭᠡᠯᠳᠠ᠎ᠶ᠋ᠢᠨ ᠳᠠᠪᠠᠭᠤᠯᠢᠭ ᠂ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ ᠂ ᠥᠪᠥᠷ ᠮᠣᠩᠭᠣᠯ᠎ᠤᠷᠢᠳ ᠡᠮᠦᠨ᠎ᠡ ᠪᠠᠢᠭ᠎ᠠ ᠦᠭᠡᠢ ᠨᠡᠭᠡᠭᠡᠯᠳᠠ᠎ᠶ᠋ᠢᠨ ᠳᠦᠷᠰᠦ ᠪᠠᠢᠳᠠᠯ᠎ᠢᠶᠠᠷ ᠳᠡᠯᠡᠬᠡᠢ᠎ᠶᠢᠨ ᠬᠠᠷᠠᠭᠠᠨ ᠳ᠋ᠤ ᠲᠤᠳᠤᠷᠠᠪᠠ᠃

ᠲᠥᠯᠥᠭᠡᠯᠡᠭ᠌ᠴᠢᠳ ᠭᠡᠱᠢᠭᠦᠳ᠎ᠦᠨ ᠦᠵᠡᠬᠦ᠌᠎ᠪᠡᠷ᠂ ᠥᠪᠡᠷᠲᠡᠭᠡᠨ ᠵᠠᠰᠠᠬᠤ ᠣᠷᠣᠨ ᠨᠡᠭᠡᠭᠡᠯᠲᠡ ᠬᠢᠬᠦ᠌ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠢᠯᠡᠳᠲᠡ ᠦᠷ᠎ᠡ ᠪᠦᠲᠦᠮᠵᠢ ᠤᠯᠪᠠ᠃ ᠭᠡᠪᠡᠴᠦ᠍ ᠨᠡᠭᠡᠭᠡᠯᠳᠡ ᠬᠢᠬᠦ ᠪᠠᠨ ᠠᠬᠢᠭᠤᠯᠬᠤ ᠲᠤᠳᠤᠮ ᠬᠥᠭ᠌ᠵᠢᠯᠲᠡ᠎ᠶ᠋ᠢᠨ ᠵᠠᠮ ᠨᠡᠩ ᠥᠷᠭᠡᠨ ᠠᠭᠤᠳᠠᠮ ᠪᠤᠯᠵᠤ ᠴᠢᠳᠠᠨ᠎ᠠ᠃

ᠣᠳᠣᠬᠠᠨ ᠳ᠋ᠤ᠂ ᠥᠪᠡᠷᠲᠡᠭᠡᠨ ᠵᠠᠰᠠᠬᠤ ᠣᠷᠣᠨ ᠵᠣᠷᠢᠭ ᠱᠢᠭᠤᠳᠴᠤ᠌᠂ ᠦᠷᠭᠦᠯᠵᠢᠯᠡᠨ ᠬᠦᠴᠦᠯᠡᠵᠦ᠍᠂ ᠨᠡᠭᠡᠭᠡᠯᠲᠡ᠎ᠶ᠋ᠢ ᠥᠷᠭᠡᠳᠭᠡᠬᠦ᠌ ᠠᠷᠭ᠎ᠠ ᠬᠡᠮᠵᠢᠶ᠎ᠡ᠎ᠶ᠋ᠢ ᠪᠦᠲᠦᠮᠵᠢᠲᠡᠶ ᠨᠠᠢᠳᠠᠪᠤᠷᠢᠵᠢᠭᠤᠯᠤᠨ᠎ᠠ᠃

— 《ᠲᠠᠯᠪᠢᠬᠤ》 ᠪᠠ 《ᠰᠡᠷᠭᠡᠢᠯᠡᠬᠦ᠌》 ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠨᠢᠭᠡ ᠲᠠᠯ᠎ᠠ᠎ᠪᠠᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠣᠳᠠᠲᠠᠶ ᠠᠳᠭᠤᠵᠤ᠂ ᠨᠥᠭᠥᠭᠡ ᠲᠠᠯ᠎ᠠ᠎ᠪᠠᠷ ᠬᠢᠯᠢ᠎ᠶ᠋ᠢᠨ ᠪᠣᠭᠣᠮᠲᠠ᠎ᠶ᠋ᠢᠨ ᠰᠠᠭᠠᠳ ᠥᠬᠡᠶ ᠨᠡᠪᠲᠡᠷᠡᠬᠦ᠌᠎ᠶ᠋ᠢ ᠰᠠᠢᠲᠤᠷ ᠠᠳᠭᠤᠵᠤ᠂ 《ᠨᠢᠭᠡ ᠪᠦᠰᠡ ᠨᠢᠭᠡ ᠵᠠᠮ》 ᠎ᠢ᠋ ᠬᠠᠮᠲᠤ᠎ᠪᠠᠷ ᠪᠥᠲᠥᠭᠡᠨ ᠪᠠᠢᠭᠤᠯᠬᠤ᠎ᠳᠤ ᠢᠳᠡᠪᠬᠢᠲᠡᠶ ᠠᠭᠤᠰᠤᠯᠴᠠᠵᠦ᠂ ᠣᠷᠣᠰ ᠮᠣᠩᠭᠣᠯ᠎ᠯᠤᠭ᠎ᠠ᠎ᠶ᠋ᠢᠨ ᠡᠯ᠎ᠡ ᠬᠦᠷᠢᠶ᠎ᠡ ᠴᠠᠷᠠᠭᠠᠨ᠎ᠦ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠬᠢᠯᠢ᠎ᠶ᠋ᠢᠨ ᠪᠣᠭᠣᠮᠲᠠ᠎ᠶ᠋ᠢᠨ ᠬᠦᠶ᠋ᠰᠦ ᠤᠷᠤᠨ᠎ᠢ ᠥᠷᠭᠡᠳᠭᠡᠨ ᠥᠭᠡᠷᠡᠴᠢᠯᠡᠬᠦ᠌᠂ ᠬᠣᠯᠪᠣᠭᠠᠯᠠᠨ ᠲᠡᠭᠡᠭᠡᠪᠦᠷᠢᠯᠡᠬᠦ᠌ ᠵᠠᠮ᠎ᠤᠨ ᠴᠢᠳᠠᠪᠤᠷᠢ᠎ᠶ᠋ᠢ ᠨᠥᠬᠥᠪᠥᠷᠢᠯᠡᠬᠦ᠌᠂ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ᠎ᠶ᠋ᠢᠨ ᠲᠦᠭᠦᠭᠡᠷᠦᠮᠵᠢ᠎ᠶ᠋ᠢᠨ ᠳᠤᠲᠠᠭᠤᠳᠠᠯ᠎ᠢ ᠨᠥᠬᠥᠪᠥᠷᠢᠯᠡᠬᠦ᠌ ᠵᠡᠷᠭᠡ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍ ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ᠎ᠶ᠋ᠢ ᠴᠣᠭ᠍ᠴᠠᠯᠠᠬᠤ᠎ᠳᠤ ᠪᠣᠳᠠᠲᠠᠶ ᠰᠠᠭᠤᠷᠢ ᠲᠠᠯᠪᠢᠨ᠎ᠠ᠃

— ᠮᠠᠨᠵᠤᠤᠷ᠂ ᠡᠷᠢᠶᠡᠨ ᠬᠣᠲᠠ᠎ᠶ᠋ᠢᠨ ᠤᠯᠤᠰ᠎ᠤᠨ ᠭᠣᠣᠯᠳᠠᠯᠭ᠎ᠠ᠎ᠲᠠᠶ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠣᠷᠣᠨ᠎ᠤ ᠴᠢᠳᠠᠮᠵᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠩ᠎ᠦᠨ ᠪᠣᠭᠣᠮᠲᠠ᠎ᠶ᠋ᠢᠨ ᠠᠵᠤ ᠠᠬᠤᠢ᠎ᠶ᠋ᠢ ᠶᠡᠬᠡ ᠪᠡᠷ ᠬᠥᠭ᠌ᠵᠢᠭᠦᠯᠦᠨ᠎ᠡ᠃

— ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠦ ᠭᠠᠯᠲᠤ ᠲᠡᠷᠭᠡ᠎ᠶ᠋ᠢᠨ ᠣᠷᠣᠯᠴᠠᠬᠤ ᠬᠡᠮᠵᠢᠢ᠎ᠡ᠎ᠶ᠋ᠢ ᠳᠡᠭᠡᠭ᠌ᠰᠢᠯᠡᠭᠦᠯᠵᠦ᠍᠂ ᠭᠠᠳᠠᠭᠠᠳᠤ ᠪᠡᠯᠡ᠎ᠶ᠋ᠢ ᠲᠠᠲᠠᠬᠤ ᠪᠠ ᠭᠠᠳᠠᠭᠠᠳᠤ ᠠᠷᠠᠯᠵᠢᠶᠠᠨ᠎ᠤ ᠬᠡᠪᠴᠢᠢ᠎ᠡ᠎ᠶ᠋ᠢ ᠥᠷᠭᠡᠳᠭᠡᠨ᠎ᠡ᠃

— ᠪᠡᠭᠡᠵᠢᠩ ᠲᠢᠶᠠᠨᠵᠢᠨ ᠾᠸᠪᠸᠢ ᠂ ᠬᠥᠬᠡᠮᠥ᠋ᠷᠡᠨ᠎ᠦ ᠭᠤᠷᠪᠠᠯᠵᠢᠨ ᠬᠣᠢᠭ ᠂ ᠭᠤᠸᠠᠩᠳᠦ᠋ᠩ ᠱᠢᠶᠠᠩᠭᠠᠩ ᠣᠣᠮᠧᠨ ᠪᠣᠯᠤᠨ ᠬᠠᠳᠤᠨ ᠭᠣᠣᠯ ᠳᠠᠭᠠᠤ᠎ᠶ᠋ᠢᠨ ᠮᠤᠵᠢ ᠣᠷᠣᠨ ᠂ ᠬᠥᠷᠰᠢ ᠵᠡᠷᠭᠡᠯᠡᠳᠡᠭᠡ ᠮᠤᠵᠢ ᠣᠷᠣᠨ᠎ᠯᠤᠭ᠎ᠠ᠎ᠶ᠋ᠢᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠤᠨᠴᠠᠭᠠᠢᠯᠠᠨ ᠡᠨᠧᠷᠭᠢ᠂ ᠠᠮᠢ ᠠᠬᠤᠢ ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠣᠯᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠂ ᠰᠤᠷᠭᠠᠨ ᠬᠥᠮᠦᠵᠢᠯ ᠂ ᠡᠮ ᠡᠮᠨᠡᠯᠭᠡ ᠂ ᠴᠢᠳᠠᠪᠤᠷᠢᠲᠠᠨ ᠵᠡᠷᠭᠡ ᠭᠣᠣᠯᠳᠠᠯᠭ᠎ᠠ᠎ᠲᠠᠶ ᠬᠦᠷᠢᠶ᠎ᠡ ᠴᠠᠷᠠᠭᠠᠨ᠎ᠳᠦ ᠱᠢᠪᠲᠤᠯᠤᠯᠲᠠ ᠭᠠᠷᠭᠠᠬᠤ᠎ᠶ᠋ᠢ ᠡᠷᠢᠯᠬᠢᠯᠡᠵᠦ᠍ ᠂ ᠨᠢᠭᠡ ᠨᠢ ᠨᠢᠭᠡ᠎ᠲᠡᠶ ᠬᠠᠷᠠᠭᠠᠯᠵᠠᠬᠤ ᠂ ᠨᠢᠭᠡ ᠨᠢ ᠤᠯᠠᠨ᠎ᠲᠠᠶ ᠬᠠᠮᠲᠤᠷᠠᠯᠴᠠᠬᠤ ᠵᠦᠢᠯᠡᠰ᠎ᠢ ᠣᠨᠣᠴᠠᠲᠠᠢ᠎ᠪᠠᠷ ᠲᠥᠯᠥᠪᠵᠢᠭᠦᠯᠵᠦ᠍᠂ ᠳᠡᠭᠡᠳᠦ ᠲᠡᠰ᠎ᠤᠨ ᠠᠵᠤ ᠦᠢᠯᠡᠰ᠎ᠢ ᠨᠡᠩ ᠰᠠᠢᠲᠤᠷ ᠵᠣᠯᠭᠠᠭᠤᠯᠵᠤ ᠂ ᠳᠠᠭᠠᠭᠤᠯᠤᠭ᠍ᠴᠢ ᠠᠵᠤ ᠠᠬᠤᠢᠯᠠᠯ᠎ᠢ ᠬᠦᠳᠦᠯᠦᠨ ᠳᠠᠭᠠᠭᠤᠯᠵᠤ ᠂ ᠲᠡᠷᠢᠭᠦᠨ᠎ᠦ ᠡᠯᠧᠮᠧᠨ᠋ᠲ᠎ᠢ ᠱᠢᠩᠭᠡᠭᠡᠨ ᠠᠪᠴᠤ᠌ ᠂ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠢ ᠨᠡᠭᠡᠭᠡᠨ᠎ᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠯᠢᠦ ᠹᠸᠢ ᠮᠢᠩ᠎ᠦᠨ ᠦᠵᠡᠬᠦ᠌᠎ᠪᠡᠷ᠂ ᠤᠯᠠᠭᠠᠨᠴᠠᠪ ᠬᠣᠲᠠ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ᠎ᠶ᠋ᠢ ᠴᠢᠷᠮᠠᠢᠨ ᠪᠠᠢᠭᠤᠯᠵᠤ᠂ ᠤᠯᠠᠭᠠᠨᠴᠠᠪ ᠬᠣᠲᠠ ᠪᠣᠯᠤᠨ ᠡᠷᠢᠶᠡᠨ ᠬᠣᠲᠠ᠎ᠶ᠋ᠢᠨ ᠪᠠᠷᠠᠭᠠᠨ᠎ᠤ ᠭᠦᠶ᠋ᠯᠭᠡᠭᠡᠨ᠎ᠦ ᠭᠤᠤᠯ ᠬᠦᠷᠢᠶᠡᠯᠡᠩ᠎ᠢ ᠦᠨᠡᠨ ᠬᠦ᠌ ᠪᠠᠢᠭᠤᠯᠵᠤ᠂《ᠨᠢᠭᠡ ᠪᠦᠰᠡ ᠨᠢᠭᠡ ᠵᠠᠮ》 ᠎ᠤ᠋ᠨ ᠡᠷᠴᠢᠨ ᠳ᠋ᠤ ᠬᠥᠭ᠌ᠵᠢᠯᠲᠡ᠎ᠶ᠋ᠢᠨ ᠱᠢᠨ᠎ᠡ ᠠᠵᠠ ᠲᠣᠬᠢᠶᠠᠯ᠎ᠢ ᠡᠷᠢᠯᠬᠢᠯᠡᠬᠦ᠌ ᠬᠡᠷᠡᠭ᠌ᠲᠡᠶ᠃

《ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ ᠮᠥᠨ᠂ ᠮᠠᠨ᠎ᠤ ᠤᠯᠤᠰ᠎ᠤᠨ ᠮᠣᠩᠭᠣᠯ ᠤᠯᠤᠰ᠎ᠯᠤᠭ᠎ᠠ᠎ᠶ᠋ᠢᠨ ᠮᠥᠩᠭᠥᠨ ᠭᠦᠶ᠋ᠯᠭᠡᠭᠡᠨ᠎ᠦ ᠬᠠᠮᠲᠤᠷᠠᠯᠴᠠᠭᠠᠨ᠎ᠤ ᠴᠢᠬᠤᠯᠠ ᠴᠤᠩᠬᠤᠪᠴᠢ ᠮᠥᠨ᠂ ᠬᠣᠶᠠᠷ ᠲᠠᠯ᠎ᠠ᠎ᠶ᠋ᠢᠨ ᠮᠥᠩᠭᠥᠨ ᠭᠦᠶ᠋ᠯᠭᠡᠭᠡᠨ᠎ᠦ ᠱᠢᠰᠲ᠋ᠧᠮ᠎ᠦᠨ ᠣᠯᠠᠨ ᠲᠠᠰ ᠳᠠᠪᠬᠤᠷᠭ᠎ᠠ᠎ᠶ᠋ᠢᠨ ᠲᠣᠭ᠍ᠲᠠᠮᠠᠯ ᠬᠤᠭᠤᠴᠠᠭ᠎ᠠ᠎ᠲᠠᠶ᠎ᠪᠠᠷ ᠨᠡᠪᠲᠡᠷᠡᠯᠴᠡᠵᠦ᠍ ᠰᠣᠯᠢᠯᠴᠠᠭ᠎ᠠ ᠬᠠᠮᠲᠤᠷᠠᠯᠴᠠᠭ᠎ᠠ ᠬᠢᠬᠦ᠌ ᠲᠣᠭ᠍ᠲᠠᠴᠠ᠎ᠶ᠋ᠢ ᠬᠦᠴᠦᠯᠡᠨ ᠪᠠᠢᠭᠤᠯᠵᠤ ᠂ ᠥᠪᠥᠷ ᠮᠣᠩᠭᠣᠯ᠎ᠤᠨ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠮᠣᠩᠭᠣᠯ ᠤᠯᠤᠰ᠎ᠤᠨ ᠴᠢᠨᠠᠷ ᠰᠠᠢᠲᠠᠶ ᠲᠥᠷᠥᠯ ᠵᠦᠶ᠋ᠯ᠎ᠳᠦ ᠢᠲᠡᠭᠡᠮᠵᠢ ᠣᠯᠭᠣᠬᠤ ᠳᠡᠮᠵᠢᠯᠭᠡ᠎ᠶ᠋ᠢᠨ ᠡᠷᠴᠢᠮ᠎ᠢ  ᠴᠢᠩᠭᠠᠷᠠᠭᠤᠯᠬᠤ ᠬᠡᠷᠡᠭ᠌ᠲᠡᠶ》ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰ᠎ᠤᠨ ᠪᠠᠩᠬᠢ᠎ᠶ᠋ᠢᠨ ᠥᠪᠥᠷ ᠮᠣᠩᠭᠣᠯ᠎ᠤᠨ ᠬᠤᠪᠢᠶᠠᠷᠢ ᠪᠠᠩᠬᠢ ᠎ᠶ᠋ᠢᠨ ᠨᠠᠮ᠎ᠤᠨ ᠬᠣᠷᠢᠶᠠᠨ᠎ᠤ ᠱᠦᠵᠢ᠂ ᠪᠠᠩᠬᠢ᠎ᠶ᠋ᠢᠨ ᠳᠠᠷᠤᠭ᠎ᠠ ᠭ᠋ᠤ ᠸᠸᠨ ᠶᠦᠩ ᠶᠠᠷᠢᠨ᠎ᠠ᠃

ᠱᠢᠨ᠎ᠡ᠎ᠶ᠋ᠢ ᠡᠭᠦᠳᠦᠭ᠌ᠴᠢᠳ ᠯᠡ ᠢᠯᠠᠨ᠎ᠠ᠃ 2021 ᠣᠨ᠎ᠳᠤ᠂ ᠥᠪᠥᠷ ᠮᠣᠩᠭᠣᠯ᠎ᠤᠨ《ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ ᠲᠦᠷᠭᠡᠨ ᠪᠥᠭᠡᠳ ᠯᠠᠪᠳᠠᠭᠤᠨ ᠶᠠᠪᠤᠭ᠍ᠳᠠᠵᠤ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠬᠦᠷᠢᠶ᠎ᠡ ᠴᠠᠷᠠᠭᠠᠨ ᠳ᠋ᠤ ᠶᠡᠬᠡ ᠶᠠᠪᠤᠳᠠᠯ᠂ ᠪᠠᠶᠠᠷᠲᠤ ᠶᠠᠪᠤᠳᠠᠯ ᠲᠠᠰᠤᠷᠠᠯᠳᠡ ᠦᠭᠡᠢ ᠪᠠᠢᠯ᠎ᠠ — ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ 《 ᠦᠬᠡᠷ᠎ᠦᠨ ᠤᠳᠤᠮᠯᠠᠯ᠎ᠢ ᠰᠠᠢᠵᠢᠷᠠᠭᠤᠯᠬᠤ ᠪᠠ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ》ᠮᠡᠷᠭᠡᠵᠢᠯ᠎ᠦᠨ ᠪᠦᠯᠬᠦᠮ ᠱᠢᠯᠢᠳᠡᠭ ᠰᠠᠢ᠌ᠨ ᠬᠣᠣᠰ ᠪᠤᠯᠴᠢᠩᠲᠤ ᠦᠬᠡᠷ᠎ᠦᠨ ᠱᠢᠨ᠎ᠡ ᠡᠭᠦᠯᠳᠡᠷ᠎ᠢ ᠠᠮᠵᠢᠯᠲᠠᠲᠠᠢ ᠪᠣᠢᠵᠢᠭᠤᠯᠪᠠ;ᠳᠡᠯᠡᠬᠡᠶ᠎ᠶ᠋ᠢᠨ ᠠᠩᠬᠠᠳᠠᠭ᠍ᠴᠢ 120 ᠲᠣᠨ᠎ᠤ ᠴᠤᠯᠤ ᠴᠠᠬᠢᠯᠭᠠᠨ ᠬᠤᠪᠢᠰᠤᠮᠠᠯ ᠭᠥᠶᠥᠳᠡᠯᠳᠦ ᠳᠠᠮᠵᠢᠭᠤᠯᠭ᠎ᠠ᠎ᠶ᠋ᠢᠨ ᠠᠭᠤᠷᠬᠠᠶ᠎ᠶ᠋ᠢᠨ ᠴᠠᠬᠢᠯᠭᠠᠨ ᠬᠦᠷᠳᠦᠳᠦ ᠥᠪᠡᠰᠦᠪᠡᠨ ᠪᠠᠭᠤᠯᠭᠠᠬᠤ ᠲᠡᠷᠭᠡ ᠲᠦᠩᠯᠢᠶᠣᠤ᠎ᠳᠤ ᠠᠱᠢᠭ᠍ᠯᠠᠯᠲᠠ᠎ᠳᠤ ᠣᠷᠣᠪᠠ;ᠪᠤᠭᠤᠲᠤ᠎ᠶ᠋ᠢᠨ ᠺᠧ ᠷᠦᠢ ᠪᠢᠴᠢᠯ ᠰᠣᠷᠢᠨᠵᠢᠨ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠤᠯᠤᠰ᠎ᠤᠨ ᠳᠣᠲᠣᠭᠠᠳᠤ᠎ᠶ᠋ᠢᠨ ᠠᠩᠬ᠎ᠠ ᠡᠭᠦᠳᠦᠭ᠌ᠰᠡᠨ ᠬᠠᠯᠠᠭᠤᠨ ᠳᠠᠷᠤᠯᠲᠠᠲᠤ ᠰᠣᠷᠢᠨᠵᠢᠨ ᠨᠤᠨᠲᠠᠭ᠎ᠤᠨ ᠤᠷᠠᠯᠠᠯ᠎ᠤᠨ ᠮᠡᠷᠭᠡᠵᠢᠯ ᠨᠢ ᠭᠠᠳᠠᠭᠠᠳᠤ᠎ᠶ᠋ᠢᠨ ᠭᠠᠭ᠍ᠴᠠᠭᠠᠷ ᠡᠵᠡᠮᠱᠢᠯ᠎ᠢ ᠡᠪᠳᠡᠪᠡ ᠁

ᠨᠢᠭᠡ ᠭᠠᠵᠠᠷ ᠣᠷᠣᠨ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠪᠡᠯ ᠰᠠᠶᠢ ᠬᠦᠰᠡᠯ ᠡᠷᠡᠮᠡᠯᠵᠡᠯ ᠲᠡᠢ ᠰᠠᠷᠠᠭᠤᠯ ᠢᠷᠡᠭᠡᠳᠦᠶ᠎ᠲᠡᠶ ᠪᠠᠢᠵᠤ ᠴᠢᠳᠠᠨ᠎ᠠ᠃

《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠣᠷᠣᠨ᠎ᠤ ᠳᠣᠲᠣᠷᠠᠬᠢ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ ᠵᠡᠷᠭᠡ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠠᠴᠠ 1672 ᠵᠦᠶ᠋ᠯ᠎ᠦᠨ ᠱᠢᠨ᠎ᠡ᠎ᠶ᠋ᠢ ᠡᠭᠦᠳᠬᠦ᠌ ᠬᠠᠮᠲᠤᠷᠠᠯᠴᠠᠭᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠴᠤᠭ᠍ᠯᠠᠭᠤᠯᠪᠠ;ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠵᠢᠨ ᠬᠢᠨ᠎ᠢ ᠵᠤᠬᠢᠶᠠᠨ ᠪᠠᠢᠭᠤᠯᠤᠨ 《4 + 8 + N》 ᠬᠠᠮᠲᠤᠷᠠᠯᠴᠠᠭᠠᠨ᠎ᠤ ᠭᠣᠣᠯ ᠴᠣᠭ᠍ᠴᠠ᠎ᠯᠤᠭ᠎ᠠ ᠬᠠᠮᠲᠤᠷᠠᠯᠴᠠᠭ᠎ᠠ ᠵᠤᠯᠭᠠᠯᠴᠠᠭ᠎ᠠ ᠥᠷᠨᠢᠭᠦᠯᠵᠦ᠍ ᠂ 300 ᠭᠠᠷᠤᠢ ᠵᠦᠢᠯ᠎ᠦᠨ ᠬᠠᠮᠲᠤᠷᠠᠯᠴᠠᠭᠠᠨ᠎ᠤ ᠵᠥᠪᠯᠡᠯᠴᠡᠭᠡᠷ ᠲᠤᠬᠢᠷᠠᠯᠴᠠᠪᠠ;ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠥᠯᠥᠪᠯᠡᠭᠡ᠎ᠪᠡᠷ ᠳᠠᠮᠵᠢᠭᠤᠯᠤᠨ 400 ᠭᠠᠷᠤᠢ ᠬᠠᠮᠲᠤᠷᠠᠯᠴᠠᠭᠠᠨ᠎ᠤ ᠵᠦᠢᠯᠡᠰ᠎ᠢ ᠳᠡᠮᠵᠢᠵᠦ᠂ ᠳᠡᠮᠵᠢᠭᠰᠡᠨ ᠵᠠᠷᠤᠳᠠᠯ ᠨᠢ 11.2 ᠳ᠋ᠦᠩᠱᠢᠭᠤᠷ ᠲᠥᠭᠥᠷᠢᠭ ᠪᠠᠢᠵᠤ᠂ ᠨᠡᠢᠭᠡᠮ᠎ᠦᠨ ᠬᠢᠨ᠎ᠢ ᠬᠦᠲᠦᠯᠦᠨ ᠵᠢᠯᠤᠭᠤᠳᠴᠤ ᠪᠠᠢᠭᠠᠳ 29.2 ᠳ᠋ᠦᠩᠱᠢᠭᠤᠷ ᠲᠥᠭᠥᠷᠢᠭ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠠᠷᠤᠳᠠᠯ᠎ᠢ ᠣᠷᠣᠭᠤᠯᠪᠠ;ᠣᠷᠣᠨ᠎ᠤ ᠭᠠᠳᠠᠨᠠᠬᠢ 200 ᠭᠠᠷᠤᠶ ᠱᠢᠨᠵᠢᠯᠡᠭᠡ ᠰᠤᠳᠤᠯᠭᠠᠨ᠎ᠤ ᠨᠢᠭᠡᠴᠢ ᠨᠢ ᠥᠪᠡᠷᠲᠡᠭᠡᠨ ᠵᠠᠰᠠᠬᠤ ᠣᠷᠣᠨ᠎ᠤ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠳᠦ ᠦᠢᠯᠡᠴᠢᠯᠡᠭᠰᠡᠨ ᠪᠠᠢᠨ᠎ᠠ᠃

ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠳ᠋ᠤ᠂ ᠱᠢᠨ᠎ᠡ᠎ᠶ᠋ᠢ ᠡᠭᠦᠳᠬᠦ᠌ ᠬᠡᠯᠪᠡᠷᠢ ᠵᠢᠨ ᠥᠪᠥᠷ ᠮᠣᠩᠭᠣᠯ᠎ᠢ ᠲᠦᠷᠭᠡᠳᠭᠡᠨ ᠪᠠᠢᠭᠤᠯᠬᠤ ᠵᠢ ᠪᠠᠰᠠ 2022 ᠣᠨ᠎ᠤ ᠠᠵᠢᠯ᠎ᠤᠨ ᠭᠣᠣᠯᠳᠠᠯᠭ᠎ᠠ ᠪᠤᠯᠭᠠᠭᠰᠠᠨ ᠪᠠᠢᠨ᠎ᠠ᠃

《ᠬᠢᠩᠭᠠᠨ ᠠᠢᠮᠠᠭ᠎ᠤᠨ᠎ᠬᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠲᠣᠭᠣᠷᠢᠨ᠎ᠳᠤ ᠠᠩᠬᠠᠷᠤᠯ ᠎ᠢᠶᠠᠨ ᠲᠥᠪᠯᠡᠷᠡᠭᠦᠯᠦᠨ ᠬᠦᠴᠦᠨ᠎ᠢᠶᠡᠨ ᠲᠥᠪᠯᠡᠷᠡᠭᠦᠯᠵᠦ᠍᠂〈ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ〉ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌᠂ ᠠᠮᠢ ᠠᠬᠤᠶ᠎ᠶ᠋ᠢᠨ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ᠂ ᠤᠯᠠᠮᠵᠢᠯᠠᠯᠲᠤ ᠠᠵᠤ ᠦᠶ᠋ᠯᠡᠰ᠎ᠢ ᠳᠡᠭᠡᠭ᠌ᠰᠢᠯᠡᠭᠦᠯᠦᠨ ᠥᠭᠡᠷᠡᠴᠢᠯᠡᠬᠦ᠌ ᠵᠡᠷᠭᠡ ᠬᠦᠷᠢᠶ᠎ᠡ ᠴᠠᠷᠠᠭᠠᠨ᠎ᠳᠦ ᠮᠡᠷᠭᠡᠵᠢᠯ᠎ᠦᠨ ᠪᠣᠭᠣᠮᠲᠠ ᠱᠢᠪᠲᠤᠯᠤᠯᠲᠠ ᠬᠢᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠪᠦᠲᠦᠭᠡᠭ᠌ᠳᠡᠬᠦᠨ᠎ᠦ ᠨᠡᠮᠡᠯᠲᠡ ᠥᠷᠲᠡᠭ᠎ᠢ ᠳᠡᠭᠡᠭ᠌ᠰᠢᠯᠡᠭᠦᠯᠦᠨ᠎ᠡ》ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠯᠢᠦ ᠵᠢᠶᠠᠨ ᠰᠢ ᠶᠠᠷᠢᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠬᠥᠯᠥᠨ ᠪᠣᠢᠷ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠵᠠᠩ ᠲᠢᠩ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢᠨ ᠲᠣᠭᠣᠷᠢᠨ᠎ᠳᠤ᠂ ᠬᠥᠯᠥᠨ ᠪᠣᠢᠷ᠎ᠢ ᠲᠣᠭᠠᠴᠢᠯᠠᠭ᠍ᠰᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠂ ᠲᠣᠰ ᠲᠣᠰ᠎ᠤᠨ ᠣᠨᠴᠠᠯᠢᠭ᠎ᠲᠠᠶ ᠲᠣᠭᠠᠴᠢᠯᠠᠭ᠍ᠰᠠᠨ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠤᠨ ᠬᠦᠷᠢᠶ᠎ᠡ ᠬᠡᠪᠴᠢᠶ᠎ᠡ᠎ᠶ᠋ᠢ ᠴᠣᠭ᠍ᠴᠠᠯᠠᠬᠤ᠎ᠳᠤ ᠣᠷᠣᠭᠤᠯᠵᠤ᠂ ᠠᠵᠤ ᠠᠬᠤᠶ᠎ᠶ᠋ᠢᠨ ᠬᠥᠭ᠌ᠵᠢᠯᠲᠡ᠎ᠶ᠋ᠢ ᠡᠬᠢ ᠪᠠᠶᠠᠯᠢᠭ᠎ᠲᠤ ᠲᠦᠱᠢᠭ᠌ᠯᠡᠬᠦ᠌ ᠬᠡᠯᠪᠡᠷᠢ᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠳᠠᠰᠢ ᠬᠤᠪᠢᠷᠠᠭᠤᠯᠬᠤ᠎ᠶ᠋ᠢ ᠢᠳᠡᠪᠬᠢᠲᠡᠶ ᠠᠬᠢᠭᠤᠯᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠭ᠍ᠰᠠᠨ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠣᠶ ᠪᠣᠯᠭᠠᠨ᠎ᠠ ᠭᠡᠰᠡᠨ ᠰᠠᠨᠠᠯ ᠰᠠᠨᠠᠭᠤᠯᠭ᠎ᠠ ᠳᠤᠷᠠᠳᠪᠠ᠃

ᠥᠭᠡᠷᠡᠴᠢᠯᠡᠯᠲᠡ ᠬᠢᠵᠦ᠍᠂ ᠴᠢᠯᠥᠭᠡᠲᠡᠢ ᠶᠠᠪᠤᠯᠴᠠᠵᠤ᠂ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠬᠤᠷ᠎ᠠ᠎ᠶ᠋ᠢᠨ ᠳᠠᠷᠠᠭᠠᠬᠢ ᠬᠤᠯᠤᠰᠤᠨ ᠰᠦᠶ᠎ᠡ ᠮᠡᠲᠦ ᠪᠤᠢ ᠪᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠳᠦ ᠠᠮᠢᠵᠢᠷᠠᠯ᠎ᠤᠨ ᠬᠦᠴᠦᠨ ᠣᠯᠭᠣᠪᠠ᠃

ᠥᠭᠡᠷᠡᠴᠢᠯᠡᠯᠲᠡ ᠨᠡᠬᠡᠬᠡᠯᠳᠡ ᠨᠢ ᠡᠭᠦᠷᠢᠲᠡ ᠶᠠᠪᠤᠭ᠍ᠳᠠᠬᠤ᠎ᠠᠴᠠ ᠪᠢᠰᠢ ᠳᠠᠭᠤᠰᠭᠤ ᠦᠬᠡᠢ ᠶᠤᠮ;ᠬᠥᠭ᠌ᠵᠢᠯᠲᠡ᠎ᠳᠦ ᠬᠢᠵᠠᠭᠠᠷ ᠦᠭᠡᠢ᠂ ᠱᠢᠨ᠎ᠡ᠎ᠶ᠋ᠢ ᠡᠭᠦᠳᠬᠦ᠌᠎ᠳᠦ ᠦᠵᠦᠭᠦᠷ ᠦᠭᠡᠢ᠃ ᠥᠨᠥᠳᠦᠷ᠎ᠦᠨ ᠥᠪᠥᠷ ᠮᠣᠩᠭᠣᠯ ᠶᠠᠭ ᠲᠠᠰᠤᠷᠠᠯᠲᠠ ᠥᠬᠡᠶ ᠬᠦᠴᠦᠨ ᠬᠤᠷᠠᠮᠳᠤᠭᠤᠯᠵᠤ᠂ ᠱᠢᠨ᠎ᠡ ᠴᠠᠭ ᠦᠶ᠎ᠡ᠎ᠶ᠋ᠢᠨ ᠥᠭᠡᠷᠡᠴᠢᠯᠡᠯᠲᠡ ᠨᠡᠭᠡᠭᠡᠯᠲᠡ᠎ᠶ᠋ᠢᠨ ᠭᠠᠪᠱᠢᠭᠠᠢᠯᠠᠭ᠍ᠴᠢ ᠪᠣᠯᠵᠣ ᠪᠠᠢᠨᠠᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号