ᠲᠦᠷᠦᠭᠦᠬᠡᠨ
ᠳ᠋ᠤ ᠂《ᠨᠣᠭᠣᠭᠠᠨ ᠠᠪᠤᠷᠭᠤ》ᠲᠠᠯ᠎ᠠ ᠨᠤᠲᠤᠭ
ᠵᠢᠡᠷ ᠠᠶᠠᠯᠠᠵᠤ ᠡᠬᠢᠯᠡᠭᠰᠡᠨ ᠶᠠᠪᠤᠳᠠᠯ ᠰᠦᠯᠵᠢᠶ᠎ᠡ ᠵᠢᠨ ᠬᠠᠯᠠᠮᠰᠢᠯ ᠪᠤᠯᠤᠭᠰᠠᠨ ᠶᠤᠮ ᠃
C487/8 ᠤᠳᠠᠭ᠎ᠠ
ᠵᠢᠨ ᠡᠨᠡ ᠬᠦ᠌ ᠭᠠᠯᠲᠤ ᠲᠡᠷᠭᠡ ᠥᠪᠴᠢ ᠨᠤᠭᠤᠭᠠᠨ ᠦᠩᠭᠡ ᠲᠠᠢ ᠪᠤᠯᠬᠤᠷ ᠠᠶᠠᠨᠴᠢᠳ ᠲᠡᠭᠦᠨ ᠢ᠋《ᠨᠣᠭᠣᠭᠠᠨ ᠠᠪᠤᠷᠭᠤ》ᠬᠡᠮᠡᠨ ᠳᠣᠲᠣᠨᠣᠴᠢᠯᠠᠨ
ᠨᠡᠷᠡᠯᠡᠵᠦ᠍᠂ ᠬᠥᠬᠡᠬᠣᠲᠠ ᠵᠢᠨ ᠵᠡᠭᠦᠨ ᠥᠷᠲᠡᠭᠡ ᠡᠴᠡ ᠯᠢᠨ ᠾᠧ ᠥᠷᠲᠡᠭᠡ ᠬᠥᠷᠬᠥ᠌ ᠳ᠋ᠤ ᠵᠥᠪᠬᠡᠨ 3 ᠴᠠᠭ
20 ᠮᠢᠨᠦ᠋ᠲ ᠯᠡ ᠬᠡᠷᠡᠭ᠌ᠰᠡᠳᠡᠭ ᠃《ᠨᠣᠭᠣᠭᠠᠨ ᠠᠪᠤᠷᠭᠤ》 ᠠᠶᠠᠯᠠᠵᠤ ᠡᠬᠢᠯᠡᠭᠰᠡᠨ ᠵᠢᠡᠷ ᠪᠠᠶᠠᠨᠨᠠᠭᠤᠷ ᠬᠣᠲᠠ ᠮᠠᠨ ᠤ᠋ ᠣᠷᠣᠨ ᠤ᠋ ᠳᠤᠮᠳᠠ ᠪᠠᠷᠠᠭᠤᠨ
ᠪᠠᠶ᠎ᠠ ᠵᠢᠨ ᠭᠠᠵᠠᠷ ᠣᠷᠣᠨ ᠤ᠋ ᠬᠣᠲᠠ ᠵᠢᠨ ᠬᠣᠭᠣᠷᠣᠨᠳᠣᠬᠢ ᠲᠦᠷᠭᠡᠨ ᠤ᠋ ᠭᠠᠯᠲᠤ ᠲᠡᠷᠭᠡ ᠵᠢᠨ《ᠨᠠᠢᠵᠠ ᠵᠢᠨ ᠲᠣᠭᠣᠷᠢᠭ》ᠲᠦ᠍ ᠤᠷᠤᠪᠠ᠃ ᠡᠢᠨ ᠬᠦ᠌ ᠳᠦᠭᠦᠮ ᠳᠦᠲᠡ ᠵᠠᠮ ᠬᠠᠷᠢᠯᠴᠠᠭ᠎ᠠ ᠨᠢ ᠣᠷᠣᠨ ᠤ᠋ ᠲᠥᠪ ᠬᠦᠬᠡᠬᠤᠳᠠ ᠡᠴᠡ《ᠪᠣᠭᠣᠮᠲᠠ ᠵᠢᠨ ᠭᠠᠳᠠᠨᠠᠬᠢ ᠠᠮᠤ ᠵᠢᠨ ᠰᠠᠩ》ᠬᠡᠮᠡᠭᠳᠡᠭᠰᠡᠨ
ᠪᠠᠶᠠᠨᠨᠠᠭᠤᠷ ᠬᠦᠷᠲᠡᠯ᠎ᠡ ᠬᠥᠭ᠌ᠵᠢᠯᠲᠡ ᠵᠢᠨ ᠰᠢᠨ᠎ᠠ ᠠᠵᠠ ᠲᠣᠬᠢᠶᠠᠯ ᠢ᠋ ᠠᠪᠴᠢᠷᠠᠵᠠᠢ᠃ ᠨᠢᠰᠭᠦ ᠮᠡᠲᠦ ᠳᠠᠪᠬᠢᠵᠤ
ᠪᠤᠢ《ᠨᠣᠭᠣᠭᠠᠨ ᠠᠪᠤᠷᠭᠤ》ᠬᠦᠰᠡᠯ ᠵᠡᠭᠦᠳᠦ
ᠶ᠋ᠢ ᠠᠴᠢᠶᠠᠯᠠᠨ ᠥᠪᠥᠷ ᠮᠣᠩᠭᠣᠯ ᠤ᠋ᠨ ᠬᠤᠳᠠ ᠬᠥᠳᠡᠭᠡ ᠣᠷᠣᠨ ᠪᠦᠰᠡ ᠵᠢᠨ ᠵᠣᠬᠢᠴᠠᠩᠭᠤᠢ ᠬᠥᠭ᠌ᠵᠢᠯᠲᠡ ᠳ᠋ᠤ
ᠠᠮᠢᠳᠤᠯᠢᠭ ᠬᠦᠴᠦᠨ ᠨᠠᠮᠠᠷᠢᠯᠡᠯᠠ ᠃
ᠥᠩᠭᠡᠷᠡᠭ᠌ᠰᠡᠨ
ᠨᠢᠭᠡ ᠵᠢᠯ ᠳ᠋ᠤ᠂ ᠥᠪᠥᠷ ᠮᠣᠩᠭᠣᠯ ᠤ᠋ᠨ ᠬᠣᠲᠠ ᠬᠥᠳᠡᠭᠡ ᠣᠷᠣᠨ ᠪᠦᠰᠡ ᠵᠢᠨ ᠵᠣᠬᠢᠴᠠᠩᠭᠤᠶ ᠬᠥᠭ᠌ᠵᠢᠯᠲᠡ ᠯᠠᠪᠳᠠᠭᠤᠨ
ᠪᠠᠲᠤᠲᠠᠶ ᠠᠭᠢᠵᠤ᠂ ᠮᠠᠰᠢ ᠤᠯᠠᠨ ᠰᠦᠷᠯᠢᠭ ᠵᠢᠪᠬᠤᠭ᠎ᠠ ᠪᠦᠬᠦᠢ ᠬᠤᠪᠢᠷᠠᠯᠲᠠ ᠶ᠋ᠢ ᠠᠪᠴᠢᠷᠠᠨ᠂ ᠠᠯᠢ ᠣᠯᠠᠨ
ᠦᠷ᠎ᠡ ᠪᠦᠲᠦᠭᠡᠯ ᠨᠢ ᠬᠥᠮᠦᠰ ᠤ᠋ᠨ ᠰᠡᠳᠭᠢᠯ ᠢ᠋ ᠬᠦᠭᠵᠢᠬᠡᠨ᠎ᠠ ᠄ ᠮᠠᠯᠵᠢᠬᠤ ᠲᠠᠷᠢᠶᠠᠯᠠᠬᠤ ᠣᠷᠣᠨ ᠳ᠋ᠦ᠍
4704 ᠺᠢᠯᠣᠮᠧᠲ᠋ᠷ ᠤᠷᠲᠤ ᠵᠠᠰᠠᠮᠠᠯ ᠵᠠᠮ ᠵᠠᠰᠠᠵᠤ᠂ 6814 ᠡᠷᠦᠬᠡ ᠵᠢᠨ ᠨᠤᠷᠠᠬᠤ ᠠᠶᠤᠯᠲᠠᠶ ᠬᠡᠷ ᠪᠠᠢᠱᠢᠩ
ᠢ᠋ ᠥᠭᠡᠷᠡᠴᠢᠯᠡᠨ ᠰᠢᠨᠡᠳᠭᠡᠵᠤ ᠂ 15.1 ᠲᠦᠮᠡᠨ ᠠᠰᠠᠭᠤᠳᠠᠯ ᠲᠠᠢ ᠵᠣᠷᠯᠣᠩ ᠢ᠋ ᠴᠡᠭ᠌ᠴᠡᠯᠡᠨ ᠰᠠᠢᠵᠢᠷᠠᠭᠤᠯᠪᠠ
᠃ ᠠᠭᠠᠷ ᠤ᠋ᠨ ᠠᠶᠠᠯᠠᠯ ᠤ᠋ᠨ ᠭᠤᠤᠯ ᠱᠤᠭᠤᠮ ᠪᠠ ᠰᠠᠯᠪᠤᠷᠢ ᠱᠤᠭᠤᠮ ᠢ᠋ ᠲᠦᠷᠭᠡᠳᠭᠡᠨ ᠪᠠᠢᠭᠤᠯᠵᠤ᠂ ᠬᠥᠬᠡᠬᠣᠲᠠ
ᠡᠴᠡ ᠵᠸᠩᠵᠸᠤ ᠂ ᠵᠢᠨᠠᠨ ᠂ ᠰᠢ ᠠᠨ ᠳ᠋ᠤ ᠰᠢᠭᠤᠳ ᠬᠦᠷᠬᠦ ᠲᠦᠷᠭᠡᠨ ᠤ᠋ ᠭᠠᠯᠲᠤ ᠲᠡᠷᠭᠡ ᠶ᠋ᠢ ᠵᠠᠯᠭᠠᠭ᠎ᠠ ᠪᠠᠷ
ᠨᠡᠪᠲᠡᠷᠡᠭᠦᠯᠤᠨ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠤ᠋ᠨ 161 ᠵᠦᠶ᠋ᠯ ᠤ᠋ᠨ ᠵᠠᠰᠠᠭ ᠤ᠋ᠨ ᠶᠠᠪᠤᠳᠠᠯ
ᠤ᠋ᠨ ᠦᠶ᠋ᠯᠡᠴᠢᠯᠡᠭᠡᠨ ᠤ᠋ ᠶᠠᠪᠤᠳᠠᠯ ᠢ᠋《ᠳᠥᠷᠪᠡᠨ ᠬᠣᠲᠠ
ᠳ᠋ᠤ ᠨᠡᠢᠳᠡᠮ ᠭᠦᠶ᠋ᠴᠡᠳᠭᠡᠬᠦ᠌》ᠶ᠋ᠢ ᠪᠡᠶᠡᠯᠡᠭᠦᠯᠪᠡ
᠃
ᠥᠪᠡᠷᠲᠡᠭᠡᠨ
ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ
ᠤ᠋ᠨ ᠵᠢᠷᠭᠤᠳᠤᠭᠠᠷ ᠬᠤᠷᠠᠯ ᠳᠡᠭᠡᠷ᠎ᠡ ᠱᠢᠨ᠎ᠡ ᠨᠢᠭᠡ ᠵᠢᠯ ᠤ᠋ᠨ ᠬᠦᠭᠵᠢᠯᠳᠡ ᠵᠢᠨ ᠵᠢᠷᠤᠭ ᠲᠥᠰᠦᠪ ᠢ᠋ ᠵᠢᠷᠤᠭ᠍ᠯᠠᠪᠠ
᠃ ᠬᠤᠲᠠ ᠬᠥᠳᠡᠭᠡ ᠣᠷᠣᠨ ᠪᠦᠰᠡ ᠵᠢᠨ ᠵᠣᠬᠢᠴᠠᠩᠭᠤᠢ ᠬᠥᠭ᠌ᠵᠢᠯᠲᠡ ᠶ᠋ᠢ ᠬᠡᠷᠬᠢᠨ ᠬᠦᠴᠦᠯᠡᠨ ᠠᠬᠢᠭᠤᠯᠵᠤ ᠂ ᠪᠦᠬᠦ᠌
ᠣᠷᠣᠨ ᠤ᠋ ᠡᠯ᠎ᠡ ᠭᠠᠵᠠᠷ ᠤ᠋ᠨ ᠦᠷᠢᠰᠦᠯᠳᠦᠨ ᠬᠥᠭ᠌ᠵᠢᠭ᠌ᠰᠡᠨ ᠠᠮᠢᠳᠤᠯᠢᠭ ᠪᠠᠢᠳᠠᠯ ᠢ᠋ ᠪᠤᠢ ᠪᠣᠯᠭᠠᠬᠤ ᠪᠤᠢ
? ᠵᠦᠷᠢᠶᠠᠴᠢᠯᠡᠭ᠌ᠰᠡᠨ
ᠵᠣᠬᠢᠴᠠᠩᠭᠤᠢ ᠬᠥᠭ᠌ᠵᠢᠯᠲᠡ ᠶ᠋ᠢ ᠬᠡᠷᠬᠢᠨ ᠠᠬᠢᠭᠤᠯᠵᠤ᠂ ᠲᠠᠩ ᠭᠠᠭ᠍ᠴᠠ ᠨᠡᠮᠡᠭ᠌ᠳᠡᠯ ᠤ᠋ᠨ ᠲᠤᠢᠯ ᠢ᠋ ᠤᠯᠠᠨ
ᠬᠥᠳᠡᠯᠭᠡᠬᠦ᠌ ᠬᠦᠴᠦᠨᠳᠤ ᠡᠬᠢ ᠰᠤᠷᠪᠤᠯᠵᠢ ᠪᠣᠯᠭᠠᠨ ᠬᠤᠪᠢᠷᠠᠭᠤᠯᠬᠤ ᠪᠤᠢ?ᠡᠨᠡ ᠲᠤᠬᠠᠢ ᠲᠥᠯᠥᠭᠡᠯᠡᠭ᠌ᠴᠢᠳ ᠭᠡᠱᠢᠭᠦᠳ ᠪᠦᠭᠦᠳᠡᠭᠡᠷ ᠰᠠᠨᠠᠯ ᠰᠠᠨᠠᠭᠤᠯᠭ᠎ᠠ ᠳᠤᠷᠠᠳᠴᠤ ᠠᠷᠭ᠎ᠠ
ᠤᠬᠠᠭᠠᠨ ᠭᠠᠷᠭᠠᠵᠠᠭᠠᠨᠠ ᠃
ᠬᠦᠯᠢᠶᠡᠰᠤᠯᠡᠯ ᠢ᠋ ᠡᠪᠳᠡᠵᠤ ᠤᠷᠤᠨ ᠪᠦᠰᠨ ᠬᠥᠷᠰᠢ ᠵᠡᠷᠭᠡᠯᠡᠳᠡᠭᠡ ᠪᠡᠷ ᠵᠢᠡᠨ ᠬᠠᠮᠳᠤ ᠪᠡᠷ ᠤᠷᠤᠭ᠍ᠰᠢᠯᠠᠨᠠ
ᠨᠢᠳᠤᠨᠤᠨ ᠤ᠋
11 ᠰᠠᠷ᠎ᠠ ᠳ᠋ᠤ᠂ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨ ᠡᠴᠡ《ᠬᠥᠬᠡᠬᠣᠲᠠ ᠪᠤᠭᠤᠲᠤ ᠣᠷᠳᠣᠰ ᠤᠯᠠᠭᠠᠨᠴᠠᠪ ᠤ᠋ᠨ〈ᠠᠷᠪᠠᠨ ᠳᠥᠷᠪᠡᠳᠦᠭᠡᠷ
ᠲᠠᠪᠤᠨ ᠵᠢᠯ〉ᠤ᠋ᠨ ᠨᠢᠭᠡ ᠴᠣᠭ᠍ᠴᠠᠵᠢᠭ᠍ᠰᠠᠨ ᠬᠥᠭ᠌ᠵᠢᠯᠲᠡ ᠵᠢᠨ ᠲᠥᠯᠥᠪᠵᠢᠭᠦᠯᠭᠡ》ᠶ᠋ᠢ ᠳᠠᠷᠤᠮᠠᠯᠯᠠᠨ ᠲᠠᠷᠬᠠᠭᠠᠵᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠤ᠋ᠨ ᠨᠢᠭᠡ
ᠴᠣᠭ᠍ᠴᠠᠵᠢᠭ᠍ᠰᠠᠨ ᠬᠥᠭ᠌ᠵᠢᠯᠲᠡ ᠵᠢᠨ ᠣᠷᠣᠨ ᠵᠠᠶ ᠵᠢᠨ ᠪᠠᠢᠷᠢᠱᠢᠯ ᠢ᠋ ᠪᠠᠢᠭᠤᠯᠬᠤ᠂ ᠣᠷᠣᠨ ᠪᠦᠰᠡ ᠵᠢᠨ ᠱᠢᠨᠵᠢᠯᠡᠬᠦ᠌
ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠥᠨᠳᠥᠷᠯᠢᠭ ᠢ᠋ ᠬᠠᠮᠵᠢᠯᠴᠠᠨ ᠪᠠᠢᠭᠤᠯᠬᠤ᠂ ᠣᠳᠣᠬᠢᠴᠢᠯᠠᠭ᠍ᠰᠠᠨ
ᠠᠵᠤ ᠦᠶ᠋ᠯᠡᠰ ᠤ᠋ᠨ ᠱᠢᠰᠲ᠋ᠧᠮ ᠢ᠋ ᠬᠠᠮᠵᠢᠯᠴᠠᠨ ᠪᠠᠢᠭᠤᠯᠬᠤ ᠂ ᠰᠠᠭᠤᠷᠢ ᠲᠥᠬᠥᠭᠡᠷᠦᠮᠵᠢ ᠵᠢᠨ ᠬᠠᠷᠢᠯᠴᠠᠨ ᠬᠤᠯᠪᠤᠯᠳᠤᠨ
ᠬᠠᠷᠢᠯᠴᠠᠨ ᠨᠡᠪᠲᠡᠷᠡᠯᠴᠡᠬᠦ᠌ ᠲᠦᠪᠱᠢᠨ ᠢ᠋ ᠳᠡᠭᠡᠭ᠌ᠰᠢᠯᠡᠭᠦᠯᠬᠦ᠌ ᠂ ᠬᠠᠲᠤᠨ ᠭᠤᠤᠯ ᠤ᠋ᠨ ᠲᠤᠬᠤᠢ ᠵᠢᠨ ᠰᠠᠪᠠ
ᠭᠠᠵᠠᠷ ᠤ᠋ᠨ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠶ᠋ᠢ ᠬᠠᠮᠲᠤ ᠪᠠᠷ ᠪᠠᠢᠭᠤᠯᠬᠤ᠂ ᠣᠯᠠᠨ ᠨᠡᠢᠲᠡ
ᠵᠢᠨ ᠦᠶ᠋ᠯᠡᠴᠢᠯᠡᠭᠡ ᠶ᠋ᠢ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ ᠶ᠋ᠢ ᠲᠦᠷᠭᠡᠳᠭᠡᠬᠦ᠌ ᠂ ᠳᠣᠲᠣᠭᠠᠳᠤ
ᠬᠠᠭᠤᠷᠠᠶ ᠵᠢᠨ ᠥᠭᠡᠷᠡᠴᠢᠯᠡᠯᠲᠡ ᠨᠡᠭᠡᠭᠡᠯᠲᠡ ᠵᠢᠨ ᠥᠨᠳᠥᠷᠯᠢᠭ ᠢ᠋ ᠬᠠᠮᠲᠤᠷᠠᠨ ᠪᠠᠢᠭᠤᠯᠬᠤ ᠵᠡᠷᠭᠡ 7 ᠲᠠᠯ᠎ᠠ
ᠪᠠᠷ ᠬᠠᠮᠵᠢᠯᠴᠠᠨ ᠬᠣᠯᠪᠣᠭᠠᠯᠠᠨ ᠬᠥᠳᠡᠯᠦᠯᠴᠡᠵᠦ᠍᠂ ᠣᠷᠣᠨ ᠪᠦᠰᠡ ᠵᠢᠨ ᠱᠢᠨ᠎ᠡ ᠶ᠋ᠢ ᠡᠭᠦᠳᠬᠦ᠌ ᠴᠢᠳᠠᠪᠤᠷᠢ
ᠪᠠ ᠥᠷᠢᠰᠥᠯᠳᠦᠬᠦ᠌ ᠴᠢᠳᠠᠪᠤᠷᠢ ᠶ᠋ᠢ ᠴᠢᠩᠭᠠᠳᠭᠠᠨ᠎ᠠ ᠭᠡᠵᠦ᠍ ᠲᠣᠳᠣᠷᠬᠠᠢᠯᠠᠪᠠ ᠃
ᠵᠠᠰᠠᠭ ᠤ᠋ᠨ
ᠣᠷᠳᠣᠨ ᠤ᠋ ᠠᠵᠢᠯ ᠤ᠋ᠨ ᠢᠯᠡᠳᠭᠡᠯ ᠳ᠋ᠤ᠂ ᠵᠡᠭᠦᠨ ᠳᠤᠮᠳᠠ ᠪᠠᠷᠠᠭᠤᠨ ᠣᠷᠣᠨ ᠤ᠋ ᠵᠦᠷᠢᠶᠠᠴᠢᠯᠡᠭ᠌ᠰᠡᠨ ᠵᠣᠬᠢᠴᠠᠩᠭᠤᠢ
ᠬᠥᠭ᠌ᠵᠢᠯᠲᠡ ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠡᠯ᠎ᠡ ᠭᠠᠵᠠᠷ ᠤ᠋ᠨ ᠬᠢᠨ ᠢ᠋ ᠬᠦᠳᠦᠯᠦᠨ ᠵᠢᠯᠣᠭᠣᠳᠴᠤ᠌
ᠪᠠᠢᠭᠠᠳ ᠳᠠᠪᠠᠭᠤᠯᠢᠭ ᠣᠨᠴᠠᠯᠢᠭ ᠲᠠᠭᠠᠨ ᠰᠠᠭᠤᠷᠢᠯᠠᠨ ᠂ ᠠᠵᠢᠯ ᠵᠢᠡᠨ ᠬᠤᠪᠢᠶᠠᠷᠢᠯᠠᠵᠤ ᠬᠠᠮᠵᠢᠯᠴᠠᠨ ᠠᠵᠢᠯᠯᠠᠬᠤ
ᠶ᠋ᠢ ᠴᠢᠩᠭᠠᠳᠭᠠᠬᠤ ᠬᠡᠷᠡᠭ᠌ᠲᠡᠢ ᠭᠡᠵᠤ ᠵᠢᠭᠠᠵᠤ ᠭᠠᠷᠭᠠᠪᠠ ᠃ ᠡᠨᠡ ᠪᠣᠯ 《ᠴᠡᠭ》ᠪᠠ《ᠲᠠᠯ᠎ᠠ》ᠵᠢᠨ ᠬᠤᠪᠢᠰᠤᠩᠭᠤᠶ
ᠪᠣᠳᠣᠯᠬᠢᠯᠠᠯ᠂《ᠠᠪᠬᠤ》ᠪᠠ 《ᠬᠠᠶᠠᠬᠤ》ᠵᠢᠨ ᠬᠤᠪᠢᠰᠤᠩᠭᠤᠶ
ᠡᠵᠡᠮᠳᠡᠯ ᠮᠥᠨ᠂ ᠡᠨᠡ ᠬᠦ᠌ ᠲᠤᠪ ᠲᠣᠳᠣᠷᠬᠠᠶ ᠡᠭᠦᠷᠭᠡ ᠵᠢᠨ ᠲᠥᠯᠥᠪᠵᠢᠭᠦᠯᠭᠡ ᠳ᠋ᠦ᠍ ᠲᠥᠯᠥᠭᠡᠯᠡᠭ᠌ᠴᠢᠳ ᠭᠡᠱᠢᠭᠦᠳ
ᠢᠲᠡᠭᠡᠯ ᠳᠦᠭᠦᠷᠡᠩ ᠂ ᠤᠮᠤᠭ ᠲᠡᠭᠦᠯᠳᠡᠷ ᠪᠠᠢᠨ᠎ᠠ ᠃
《ᠤᠯᠠᠭᠠᠨᠬᠠᠳᠠ
ᠬᠤᠳᠠ ᠪᠣᠯᠤᠨ ᠲᠦᠩᠯᠢᠶᠣᠤ ᠬᠤᠳᠠ ᠬᠦᠷᠰᠢ ᠵᠡᠷᠬᠡᠯᠡᠳᠡᠬᠡ ᠪᠠᠢᠷᠢᠰᠢᠵᠤ᠂ ᠴᠥᠮ ᠮᠠᠨᠤ ᠤᠯᠤᠰ ᠤ᠋ᠨ ᠪᠡᠭᠡᠵᠢᠩ
ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌ ᠵᠢ ᠠᠬᠢᠭᠤᠯᠬᠤ ᠵᠢᠴᠢ ᠵᠡᠭᠦᠨ ᠬᠣᠢᠲᠤ ᠣᠷᠣᠨ ᠢ᠋ ᠬᠥᠭ᠌ᠵᠢᠭᠦᠯᠦᠨ
ᠮᠠᠨᠳᠤᠭᠤᠯᠬᠤ ᠬᠥᠭ᠌ᠵᠢᠯᠲᠡ ᠵᠢᠨ ᠪᠠᠢᠯᠳᠤᠬᠤ ᠪᠤᠳᠤᠯᠭ᠎ᠠ ᠵᠢᠨ ᠴᠢᠬᠤᠯᠠ ᠣᠷᠣᠨ ᠪᠦᠰᠡ ᠪᠠ ᠵᠠᠩᠭᠢᠯᠠᠭ᠎ᠠ ᠵᠢᠨ
ᠬᠤᠳᠠ ᠪᠠᠢᠵᠤ ᠂ ᠬᠠᠮᠲᠤᠷᠠᠯᠴᠠᠭᠠᠨ ᠤ᠋ ᠲᠠᠯᠳᠠ ᠬᠦᠴᠦ ᠪᠡᠷ ᠯᠤᠲᠤ ᠶᠡᠬᠡ ᠶᠤᠮ ᠃ ᠣᠳᠣᠬᠠᠨ ᠳ᠋ᠤ ᠪᠢᠳᠡ ᠶᠠᠭ
ᠲᠡᠮᠦᠷ ᠵᠠᠮ ᠂ ᠵᠠᠰᠠᠮᠠᠯ ᠵᠠᠮ ᠂ ᠨᠡᠢᠳᠡᠮ ᠤ᠋ᠨ ᠬᠡᠷᠡᠭ᠌ᠯᠡᠭᠡᠨ ᠤ᠋ ᠠᠭᠠᠷ ᠤ᠋ᠨ ᠠᠶᠠᠯᠠᠯ ᠵᠡᠷᠭᠡ ᠰᠠᠭᠤᠷᠢ
ᠲᠥᠬᠥᠭᠡᠷᠦᠮᠵᠢ ᠵᠢᠨ ᠬᠠᠷᠢᠯᠴᠠᠨ ᠬᠤᠯᠪᠤᠯᠳᠤᠨ ᠬᠠᠷᠢᠯᠴᠠᠨ ᠨᠡᠪᠲᠡᠷᠡᠯᠴᠡᠬᠦ᠌ ᠂ ᠰᠤᠷᠭᠠᠨ ᠬᠥᠮᠦᠵᠢᠯ ᠂ ᠡᠷᠡᠭᠦᠯ
ᠬᠠᠮᠠᠭᠠᠯᠠᠯ ᠂ ᠣᠷᠣᠨ ᠰᠠᠭᠤᠴᠠ ᠂ ᠨᠡᠢᠭᠡᠮ ᠤ᠋ᠨ ᠪᠠᠲᠤᠯᠠᠭ᠎ᠠ ᠵᠡᠷᠭᠡ ᠣᠯᠠᠨ ᠨᠡᠢᠲᠡ ᠵᠢᠨ ᠦᠶ᠋ᠯᠡᠴᠢᠯᠡᠭᠡ
ᠶ᠋ᠢ ᠬᠠᠷᠢᠯᠴᠠᠨ ᠨᠡᠪᠲᠡᠷᠡᠭᠦᠯᠵᠦ᠍ ᠬᠠᠮᠲᠤ ᠪᠠᠷ ᠡᠳ᠋ᠯᠡᠬᠦ ᠶ᠋ᠢ ᠢᠳᠡᠪᠬᠢᠲᠡᠶ ᠠᠬᠢᠭᠤᠯᠤᠨ ᠂ ᠡᠬᠢ ᠪᠠᠶᠠᠯᠢᠭ
ᠢ᠋ ᠬᠠᠮᠲᠤ ᠪᠠᠷ ᠡᠳ᠋ᠯᠡᠬᠦ᠌᠂ ᠬᠠᠷᠢᠯᠴᠠᠨ ᠠᠱᠢᠭ᠍ᠲᠠᠶ ᠬᠠᠮᠲᠤ ᠪᠡᠷ ᠬᠦᠭᠵᠢᠬᠦ ᠪᠡᠷ ᠲᠠᠮᠵᠢᠨ ᠬᠣᠶᠠᠷ ᠭᠠᠵᠠᠷ
ᠤ᠋ᠨ ᠰᠠᠭᠤᠭᠠᠯᠢ ᠠᠷᠠᠳ ᠤ᠋ᠨ ᠠᠮᠢᠳᠤᠷᠠᠯ ᠳ᠋ᠤ ᠲᠥᠬᠥᠮ ᠦᠵᠡᠭᠦᠯᠵᠦ᠍ ᠂ ᠪᠣᠳᠠᠲᠤ ᠠᠱᠢᠭ ᠬᠦᠷᠲᠡᠭᠡᠨ᠎ᠡ》ᠬᠡᠵᠤ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ
ᠤ᠋ᠨ ᠲᠥᠯᠥᠭᠡᠯᠡᠭ᠌ᠴᠢ ᠂ ᠤᠯᠠᠭᠠᠨᠬᠠᠳᠠ ᠬᠣᠲᠠ ᠵᠢᠨ ᠨᠠᠮ ᠤ᠋ᠨ ᠬᠣᠷᠢᠶᠠᠨ ᠤ᠋ ᠳᠡᠳ᠋ ᠱᠦᠵᠢ ᠂ ᠬᠣᠲᠠ ᠵᠢᠨ ᠳᠠᠷᠤᠭ᠎ᠠ
ᠸᠠᠩ ᠸᠠᠩ ᠱᠧᠩ ᠶᠠᠷᠢᠨ᠎ᠠ᠃ ᠲᠠᠬᠦᠨ ᠤ᠋ ᠬᠡᠯᠡᠬᠦ ᠪᠡᠷ ᠂ ᠲᠠᠷᠠᠭᠠᠴᠢ ᠵᠢᠨ ᠠᠯᠬᠤᠮ ᠳ᠋ᠤ ᠤᠯᠠᠭᠠᠨᠬᠠᠳᠠ ᠬᠢᠭᠡᠳ
ᠲᠦᠩᠯᠢᠶᠣᠤ ᠠᠵᠤ ᠦᠶ᠋ᠯᠡᠰ ᠤ᠋ᠨ ᠬᠥᠭ᠌ᠵᠢᠯᠲᠡ ᠵᠢᠨ ᠬᠠᠷᠢᠯᠴᠠᠨ ᠨᠥᠬᠥᠪᠥᠷᠢᠯᠡᠬᠦ᠌ ᠴᠢᠨᠠᠷ ᠢ᠋ ᠬᠦᠴᠦᠯᠡᠨ ᠡᠵᠡᠮᠳᠡᠵᠦ᠍
᠂ ᠠᠵᠤ ᠦᠶ᠋ᠯᠡᠰ ᠢ᠋ ᠵᠣᠯᠭᠠᠭᠤᠯᠬᠤ ᠬᠣᠯᠪᠣᠭ᠍ᠳᠠᠯᠳᠤ ᠴᠢᠨᠠᠷ ᠢ᠋ ᠣᠨᠣᠪᠴᠢᠲᠠᠶ ᠡᠷᠢᠨ ᠤᠯᠵᠤ ᠂ ᠠᠵᠤ ᠦᠶ᠋ᠯᠡᠰ
ᠤ᠋ᠨ ᠬᠠᠷᠢᠯᠴᠠᠨ ᠠᠭᠤᠰᠤᠯᠴᠠᠬᠤ ᠂ ᠬᠠᠷᠢᠯᠴᠠᠨ ᠠᠬᠢᠭᠤᠯᠬᠤ ᠂ ᠬᠠᠷᠢᠯᠴᠠᠨ ᠬᠣᠯᠪᠣᠯᠳᠤᠵᠤ ᠢᠵᠢ ᠪᠦᠷᠢᠳᠦᠭᠦᠯᠬᠦ᠌
᠂ ᠴᠢᠳᠠᠮᠵᠢ ᠪᠠᠨ ᠬᠠᠷᠢᠯᠴᠠᠨ ᠨᠥᠬᠥᠪᠥᠷᠢᠯᠡᠬᠦ ᠶ᠋ᠢ ᠪᠡᠶᠡᠯᠡᠭᠦᠯᠵᠦ᠍ ᠂ ᠠᠵᠤ ᠠᠬᠤᠶ ᠨᠡᠢᠭᠡᠮ ᠤ᠋ᠨ ᠴᠢᠨᠠᠷ
ᠰᠠᠢᠲᠠᠶ ᠬᠥᠭ᠌ᠵᠢᠯᠲᠡ ᠶ᠋ᠢ ᠬᠠᠮᠳᠤ ᠪᠡᠷ ᠠᠬᠢᠭᠤᠯᠬᠤ ᠪᠤᠯᠤᠨ᠎ᠠ ᠃
ᠵᠦᠷᠢᠶᠡᠴᠢᠯᠡᠭ᠌ᠰᠡᠨ
ᠵᠣᠬᠢᠴᠠᠩᠭᠤᠶ ᠬᠥᠭ᠌ᠵᠢᠯᠲᠡ ᠵᠢᠨ ᠪᠠᠢᠷᠢᠰᠢᠭᠤᠯᠤᠯᠲᠠ ᠳᠤᠤᠷ᠎ᠠ ᠂ ᠪᠦᠬᠦ᠌ ᠣᠷᠣᠨ ᠤ᠋ ᠡᠯ᠎ᠡ ᠭᠠᠵᠠᠷ ᠤ᠋ᠨ ᠬᠢᠨ
ᠭᠤᠤᠯ ᠴᠣᠭ᠍ᠴᠠ ᠵᠢᠨ ᠴᠢᠳᠠᠮᠵᠢᠲᠤ ᠣᠷᠣᠨ ᠤ᠋ ᠪᠠᠢᠷᠢ ᠲᠣᠭ᠍ᠲᠠᠭᠠᠯᠲᠠ ᠶᠣᠰᠣᠭᠠᠷ ᠳᠠᠪᠠᠭᠤᠯᠢᠭ ᠵᠢᠡᠨ ᠪᠠᠳᠠᠷᠠᠭᠤᠯᠵᠠᠭᠠᠯᠡ
᠃
ᠬᠥᠯᠥᠨ ᠪᠤᠢ᠌ᠷ
ᠬᠤᠲᠠ ᠬᠥᠬᠡᠮᠳᠦᠭ ᠨᠣᠭᠣᠭᠠᠨ ᠠᠭᠤᠯᠠ ᠤᠰᠤ ᠪᠠᠨ ᠰᠠᠬᠢᠨ ᠬᠠᠮᠠᠭᠠᠯᠠᠵᠤ᠂ ᠠᠮᠢ ᠠᠬᠤᠢ ᠵᠢ ᠠᠵᠤ ᠦᠢᠯᠡᠰᠵᠢᠬᠦᠯᠬᠦ
᠂ ᠠᠵᠤ ᠦᠢᠯᠡᠰ ᠢ᠋ ᠠᠮᠢ ᠠᠬᠤᠢ᠌ᠵᠢᠭᠤᠯᠬᠤ ᠵᠢ ᠪᠦᠬᠦ᠌ ᠲᠠᠯ᠎ᠠ ᠪᠠᠷ ᠠᠬᠢᠭᠤᠯᠵᠤ᠂ ᠠᠵᠤ ᠠᠬᠤᠢ ᠨᠡᠢᠭᠡᠮ ᠤ᠋ᠨ
ᠥᠨᠢᠳᠡ ᠵᠢᠨ ᠦᠷᠭᠦᠯᠵᠢᠯᠡᠬᠦ᠌ ᠬᠥᠭ᠌ᠵᠢᠯᠲᠡ ᠵᠢᠨ ᠰᠠᠭᠤᠷᠢ ᠶ᠋ᠢ ᠪᠡᠬᠢᠵᠢᠭᠦᠯᠪᠡ᠃
ᠦᠬᠠᠢ ᠬᠤᠳᠠ
ᠬᠡᠯᠪᠡᠷᠢ ᠪᠡᠨ ᠬᠤᠪᠢᠷᠠᠭᠤᠯᠤᠨ ᠬᠥᠭ᠌ᠵᠢᠵᠦ᠍ ᠂ ᠠᠵᠤ ᠦᠢᠯᠡᠰ ᠤ᠋ᠨ ᠰᠠᠭᠤᠷᠢ ᠵᠢ ᠳᠡᠭᠡᠳᠦ ᠳᠡᠰᠵᠢᠬᠦᠯᠬᠦ ᠂
ᠠᠵᠤ ᠦᠢᠯᠡᠰ ᠤ᠋ᠨ ᠬᠡᠯᠬᠢᠶ᠎ᠡ ᠵᠢ ᠣᠳᠣᠬᠢᠴᠢᠯᠠᠬᠤ ᠂ ᠠᠵᠤ ᠦᠢᠯᠡᠰ ᠤ᠋ᠨ ᠪᠦᠲᠦᠴᠡ ᠵᠢ ᠲᠤᠬᠢᠷᠠᠭᠤᠯᠬᠤ ᠲᠠᠯ᠎ᠠ
ᠪᠡᠷ ᠱᠢᠨ᠎ᠡ ᠠᠬᠢᠴᠠ ᠲᠠᠶ ᠪᠣᠯᠪᠠ ᠃
ᠤᠯᠠᠭᠠᠨᠬᠠᠳᠠ
ᠪᠤᠯᠤᠨ ᠲᠦᠩᠯᠢᠶᠣᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠢᠷᠡᠭᠦᠯᠵᠦ᠍ ᠂ 《ᠬᠤᠤᠰ ᠣᠳᠣᠨ》ᠪᠤᠯᠵᠤ ᠭᠢᠯᠠᠯᠵᠠᠨ
᠂ ᠥᠪᠥᠷ ᠮᠣᠩᠭᠣᠯ ᠤ᠋ᠨ ᠵᠡᠭᠦᠨ ᠪᠠᠶ᠎ᠠ ᠵᠢᠨ ᠭᠠᠵᠠᠷ ᠣᠷᠣᠨ ᠤ᠋ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ
ᠳᠤᠮᠳᠠ《ᠬᠤᠤᠰ ᠬᠣᠲᠠ ᠵᠢᠨ ᠲᠡᠮᠳᠡᠭ᠌ᠯᠡᠯ》ᠢ᠋ ᠪᠢᠴᠢᠭᠯᠡᠨ᠎ᠠ
᠃
᠁
ᠪᠥᠬᠥ᠌ ᠲᠠᠯ᠎ᠠ ᠪᠠᠷ ᠬᠥᠭ᠌ᠵᠢᠭᠦᠯᠦᠨ ᠮᠠᠨᠳᠤᠭᠤᠯᠵᠤ ᠠᠭᠤᠳᠠᠮ
ᠲᠠᠯ᠎ᠠ ᠵᠣᠯ ᠵᠢᠷᠭᠠᠯ ᠵᠢᠡᠷ ᠪᠢᠯᠬᠠᠨ᠎ᠠ
《ᠵᠠᠮ ᠵᠠᠰᠠᠬᠤ
ᠡᠴᠡ ᠡᠮᠦᠨ᠎ᠡ ᠡᠨᠳᠡ ᠡᠩᠬᠦᠯ ᠳᠤᠩᠬᠤᠯ ᠪᠠᠢᠵᠤ ᠂ ᠵᠢᠭᠠᠬᠠᠨ ᠪᠣᠷᠣᠭᠠᠨ ᠤᠷᠤᠭᠰᠠᠭᠠᠷ ᠭᠡᠷ ᠤ᠋ᠨ ᠡᠭᠦᠳᠡ ᠡᠴᠡ
ᠪᠠᠨ ᠴᠦ᠍ ᠭᠠᠷᠴᠤ᠌ ᠳᠡᠢᠯᠬᠦ᠌ ᠦᠭᠡᠢ ᠪᠤᠯᠴᠢᠬᠠᠳᠠᠭ᠃ ᠰᠡᠬᠦᠯᠡᠷ ᠨᠢ ᠬᠣᠱᠢᠭᠤᠨ ᠡᠴᠡ ᠪᠢᠳᠡᠨ ᠳ᠋ᠤ ᠵᠠᠮ ᠵᠠᠰᠠᠵᠤ
ᠥᠭ᠌ᠭᠦᠭ᠌ᠰᠡᠨ ᠡᠴᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠭᠠᠳᠠᠭ᠍ᠰᠢ ᠵᠥᠭᠡᠭᠡᠪᠦᠷᠢᠯᠡᠵᠦ᠍ ᠲᠠᠢᠯᠬᠦ ᠪᠤᠯᠵᠤ᠂ ᠡᠪᠦᠯ ᠳ᠋ᠡᠭᠡᠨ ᠨᠡᠭᠦᠷᠡᠰᠦ᠂ ᠠᠮᠤ ᠪᠤᠳᠠᠭ᠎ᠠ ᠠᠴᠢᠭᠰᠠᠨ ᠮᠠᠰᠢᠨ ᠲᠡᠷᠬᠡ ᠨᠠᠭᠠᠰᠢ ᠴᠠᠭᠠᠰᠢ ᠰᠦᠯᠵᠢᠯᠳᠤᠨ
ᠠᠮᠢᠳᠤᠷᠠᠯ ᠤ᠋ᠨ ᠨᠥᠬᠥᠴᠡᠯ ᠶᠡᠬᠡ ᠰᠠᠢᠵᠢᠷᠠᠭᠰᠠᠨ ᠰᠢᠤ !》ᠭᠡᠵᠦ ᠴᠠᠬᠠᠷ
ᠪᠠᠷᠠᠭᠤᠨ ᠭᠠᠷᠤᠨ ᠬᠣᠢᠲᠤ ᠬᠣᠱᠢᠭᠤᠨ ᠤ᠋ ᠪᠤᠩᠬᠤᠨ ᠪᠠᠯᠭᠠᠰᠤ ᠵᠢᠨ ᠭᠤᠤ ᠢᠦᠢ ᠯᠢᠶᠠᠩ ᠲᠣᠰᠭᠣᠨ ᠤ᠋ ᠱᠢᠶᠧ ᠹᠧᠩ
ᠵᠢᠶᠦ᠋ᠨ ᠨᠠᠰᠤᠲᠠᠨ ᠵᠠᠰᠠᠮᠠᠯ ᠵᠠᠮ ᠳᠡᠭᠡᠷ᠎ᠡ ᠬᠤᠷᠠᠭ᠍ᠰᠠᠨ ᠴᠠᠰᠤ ᠶ᠋ᠢ ᠴᠡᠪᠡᠷᠯᠡᠬᠦ᠌ ᠵᠢᠨ ᠳᠠᠭᠠᠤ ᠰᠤᠷᠪᠤᠯᠵᠢᠯᠠᠭ᠍ᠴᠢ
ᠳ᠋ᠤ ᠲᠣᠰᠭᠣᠨ ᠤ᠋ ᠪᠠᠨ ᠬᠤᠪᠢᠷᠠᠯᠲᠠ ᠶ᠋ᠢ ᠪᠠᠶᠠᠷᠳᠠᠢᠬᠠᠨ ᠶᠠᠷᠢᠨ᠎ᠠ᠃ ᠳᠥᠭᠥᠮ ᠳᠥᠲᠡ ᠵᠠᠮ ᠬᠠᠷᠢᠯᠴᠠᠭ᠎ᠠ
ᠨᠢ ᠤᠳᠤ ᠦᠶ᠎ᠡ ᠵᠢᠨ ᠬᠤᠳᠠ ᠵᠢᠨ ᠪᠣᠯᠪᠠᠰᠤᠨ ᠢ᠋ ᠮᠠᠯᠴᠢᠨ ᠲᠠᠷᠢᠶᠠᠴᠢᠨ ᠤ᠋ ᠳᠡᠷᠭᠡᠳᠡ ᠬᠦᠷᠭᠡᠭ᠌ᠰᠡᠨ ᠵᠢᠡᠷ
ᠪᠠᠷᠠᠬᠤ ᠦᠬᠡᠢ ᠬᠤᠳᠠ ᠵᠢᠨ ᠰᠠᠭᠤᠭᠠᠯᠢ ᠠᠷᠠᠳ ᠲᠦ᠍ ᠢᠷᠠᠭᠤ ᠰᠠᠢᠬᠠᠨ ᠬᠥᠳᠡᠭᠡ ᠨᠤᠲᠤᠭ ᠤ᠋ᠨ ᠠᠮᠢᠳᠤᠷᠠᠯ ᠢ᠋
ᠪᠡᠶᠡᠴᠢᠯᠡᠨ ᠤᠢ᠍ᠢᠯᠠᠭᠠᠭᠤᠯᠬᠤ ᠪᠤᠯᠵᠠᠢ ᠃
ᠬᠤᠳᠠ ᠬᠥᠳᠡᠭᠡ
ᠣᠷᠣᠨ ᠪᠦᠰᠡ ᠵᠢᠨ ᠵᠣᠬᠢᠴᠠᠩᠭᠤᠢ ᠬᠥᠭ᠌ᠵᠢᠯᠲᠡ ᠵᠢᠨ ᠭᠣᠣᠯ ᠬᠦᠴᠢᠷᠳᠡᠯ ᠤ᠋ᠨ ᠴᠡᠭ ᠬᠥᠳᠡᠭᠡ ᠲᠣᠰᠭᠣᠨ ᠳ᠋ᠤ ᠪᠤᠢ
᠃ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠤ᠋ᠨ ᠬᠤᠭᠤᠴᠠᠭᠠᠨ ᠳ᠋ᠤ᠂ ᠬᠥᠳᠡᠭᠡ ᠲᠣᠰᠭᠣᠨ ᠢ᠋ ᠬᠥᠭ᠌ᠵᠢᠭᠦᠯᠦᠨ
ᠮᠠᠨᠳᠤᠭᠤᠯᠬᠤ ᠶ᠋ᠢ ᠬᠡᠷᠬᠢᠨ ᠪᠦᠬᠦ᠌ ᠲᠠᠯ᠎ᠠ ᠪᠠᠷ ᠠᠬᠢᠭᠤᠯᠵᠤ ᠂ ᠬᠤᠳᠠ ᠬᠥᠳᠡᠭᠡ ᠣᠷᠣᠨ ᠪᠦᠰᠡ ᠵᠢᠨ ᠴᠢᠨᠠᠷ
ᠰᠠᠢᠲᠠᠢ ᠵᠣᠬᠢᠴᠠᠩᠭᠤᠢ ᠬᠥᠭ᠌ᠵᠢᠯᠲᠡ ᠵᠢᠨ ᠱᠢᠨ᠎ᠡ ᠪᠠᠢᠳᠠᠯ ᠢ᠋ ᠪᠤᠢ ᠪᠣᠯᠭᠠᠬᠤ ᠨᠢ ᠲᠥᠯᠥᠭᠡᠯᠡᠭ᠌ᠴᠢᠳ ᠭᠡᠱᠢᠭᠦᠳ
ᠤ᠋ᠨ ᠬᠥᠭ᠌ᠵᠢᠶᠡᠨᠲᠡᠢ ᠶᠠᠷᠢᠯᠴᠠᠬᠤ ᠰᠡᠳᠦᠪ ᠪᠣᠯᠪᠠ ᠃
《ᠬᠥᠳᠡᠭᠡ ᠲᠣᠰᠭᠣᠨ
ᠢ᠋ ᠬᠥᠭ᠌ᠵᠢᠭᠦᠯᠦᠨ ᠮᠠᠨᠳᠤᠭᠤᠯᠬᠤ ᠶ᠋ᠢ ᠪᠦᠬᠦ᠌ ᠲᠠᠯ᠎ᠠ ᠪᠠᠷ ᠠᠬᠢᠭᠤᠯᠬᠤ ᠳ᠋ᠤ ᠴᠢᠳᠠᠪᠤᠷᠢᠲᠠᠨ ᠢ᠋ ᠬᠥᠭ᠌ᠵᠢᠭᠦᠯᠦᠨ
ᠮᠠᠨᠳᠤᠭᠤᠯᠬᠤ ᠪᠤᠯ ᠵᠠᠩᠭᠢᠯᠠᠭ᠎ᠠ ᠪᠤᠯᠬᠤ ᠶᠤᠮ》ᠭᠡᠵᠦ ᠥᠪᠡᠷᠲᠡᠭᠡᠨ
ᠵᠠᠰᠠᠬᠤ ᠣᠷᠣᠨ ᠤ᠋ ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠲᠦᠴᠢᠦᠸᠠᠨ
ᠱᠢᠶᠠᠨ ᠤ᠋ ᠵᠢᠷᠭᠤᠭᠠᠨ ᠭᠡᠷ ᠪᠠᠯᠭᠠᠰᠤ ᠵᠢᠨ ᠾᠧ ᠹᠸᠩ ᠲᠣᠰᠭᠣᠨ ᠤ᠋ ᠨᠠᠮ ᠤ᠋ᠨ ᠡᠭᠦᠷ ᠤ᠋ᠨ ᠱᠦᠵᠢ ᠂ ᠲᠣᠰᠭᠣᠨ
ᠤ᠋ ᠵᠥᠪᠯᠡᠯ ᠤ᠋ᠨ ᠡᠷᠬᠢᠯᠡᠭ᠌ᠴᠢ ᠰᠦᠨ ᠮᠢᠩ ᠬᠡᠯᠡᠨ᠎ᠠ ᠃《ᠵᠠᠰᠠᠭ ᠤ᠋ᠨ
ᠣᠷᠳᠣᠨ ᠤ᠋ ᠠᠵᠢᠯ ᠤ᠋ᠨ ᠢᠯᠡᠳᠭᠡᠯ ᠳ᠋ᠤ ᠂ ᠣᠷᠣᠨ ᠨᠤᠲᠤᠭ ᠤ᠋ᠨ ᠴᠢᠳᠠᠪᠤᠷᠢᠲᠠᠨ ᠂ ᠱᠢᠯᠢᠳᠡᠭ ᠤᠶᠤᠲᠠᠳ ᠤ᠋ᠨ
ᠨᠤᠲᠤᠭᠲᠠᠭᠠᠨ ᠪᠤᠴᠠᠵᠤ ᠦᠢᠯᠡᠰ ᠪᠤᠰᠭᠠᠬᠤᠶ᠋ᠢ ᠲᠡᠮᠵᠢᠵᠥ᠍ ᠂〈ᠴᠢᠳᠠᠪᠤᠷᠢᠲᠠᠨ
ᠤ᠋ ᠠᠵᠤ ᠠᠬᠤᠢ》ᠵᠢ ᠬᠥᠭ᠌ᠵᠢᠭᠦᠯᠦᠨᠡ ᠭᠡᠵᠦ᠍ ᠳᠤᠷᠠᠳᠪᠠ ᠃ ᠴᠢᠳᠠᠪᠤᠷᠢᠲᠠᠨ ᠢ᠋ ᠣᠷᠣᠭᠤᠯᠤᠨ ᠠᠪᠴᠢᠷᠠᠬᠤ ᠨᠡᠩ
ᠤᠯᠠᠨ ᠲᠦᠷᠦ᠍ ᠵᠢᠨ ᠪᠤᠳᠤᠯᠭ᠎ᠠ ᠭᠠᠷᠴᠦ ᠂ ᠴᠠᠯᠢᠩ ᠣᠯᠭᠣᠮᠵᠢ ᠂ ᠭᠡᠷ ᠪᠦᠯᠢ ᠵᠢᠨ ᠠᠵᠢᠯ ᠣᠯᠭᠣᠯᠲᠠ ᠂ ᠦᠷ᠎ᠡ
ᠬᠡᠦᠬᠡᠳ ᠤ᠋ᠨ ᠰᠤᠷᠭᠠᠨ ᠬᠥᠮᠦᠵᠢᠯ ᠂ ᠡᠮᠴᠢᠯᠡᠬᠡᠨ ᠣᠷᠣᠨ ᠰᠠᠭᠤᠴᠠ ᠵᠡᠷᠭᠡ ᠲᠠᠯ᠎ᠠ ᠪᠠᠷ ᠬᠠᠷᠠᠭᠠᠯᠵᠠᠯ ᠦᠵᠡᠭᠦᠯᠵᠦ᠍
᠂ ᠱᠢᠯᠢᠳᠡᠭ ᠴᠢᠳᠠᠪᠤᠷᠢᠲᠠᠨ ᠢ᠋ ᠬᠥᠳᠡᠭᠡ ᠲᠣᠰᠭᠣᠨ ᠳ᠋ᠤ ᠦᠯᠡᠳᠡᠭᠡᠨ ᠂ ᠪᠦᠬᠦ᠌ ᠰᠡᠳᠭᠢᠯ ᠪᠦᠬᠦ᠌ ᠵᠣᠷᠢᠭ ᠵᠢᠡᠷ
ᠵᠢᠡᠨ ᠮᠠᠯᠴᠢᠨ ᠲᠠᠷᠢᠶᠠᠴᠢᠨ ᠳ᠋ᠤ ᠦᠢᠯᠡᠴᠢᠯᠡᠭᠦᠯᠬᠦ᠌ᠶ᠋ᠢ ᠬᠦᠰᠡᠭᠰᠡᠨ ᠪᠠᠢᠨ᠎ᠠ 》ᠬᠡᠵᠤ ᠰᠦᠨ ᠮᠢᠩ ᠶᠠᠷᠢᠯ᠎ᠠ ᠃
ᠬᠤᠳᠠ ᠬᠥᠳᠡᠭᠡ
ᠣᠷᠣᠨ ᠪᠦᠰᠡ ᠶ᠋ᠢᠨ ᠵᠣᠬᠢᠴᠠᠩᠭᠤᠢ ᠬᠥᠭ᠌ᠵᠢᠯᠳᠠ ᠵᠢᠨ ᠶᠠᠪᠤᠴᠠ ᠳ᠋ᠤ ᠬᠥᠳᠡᠭᠡ ᠲᠣᠰᠭᠣᠨ ᠨᠢ ᠠᠵᠤ ᠦᠢᠯᠡᠳᠪᠦᠷᠢ
ᠵᠢᠨ ᠳᠡᠮᠵᠢᠯᠭᠡ ᠂ ᠬᠤᠳᠠ ᠵᠢᠨ ᠲᠠᠢ᠌ᠴᠢᠯᠠᠯᠳᠠ ᠶ᠋ᠢ ᠭᠠᠭ᠍ᠴᠠ ᠲᠠᠯ᠎ᠠ ᠡᠴᠡ ᠯᠡ ᠬᠦᠯᠢᠶᠡᠨ ᠠᠪᠳᠠᠭ ᠪᠢᠰᠢ᠃
ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨᠦ ᠭᠡᠱᠢᠭᠦᠨ ᠂ ᠠᠯᠠᠱᠠ ᠵᠡᠭᠦᠨ ᠬᠣᠱᠢᠭᠤᠨ
ᠤ᠋ ᠲᠤᠨᠭᠬᠤ ᠨᠠᠭᠤᠷ ᠤ᠋ᠨ ᠲᠠᠯ᠎ᠠ ᠨᠤᠲᠤᠭ ᠤ᠋ᠨ ᠵᠢᠭᠤᠯᠴᠢᠯᠠᠯ ᠤ᠋ᠨ ᠬᠢᠵᠠᠭᠠᠷᠲᠤ ᠺᠣᠮᠫᠠᠨᠢ ᠵᠢᠨ ᠪᠠᠢᠩᠭᠤ
ᠵᠢᠨ ᠳᠡᠳ᠋ ᠶᠡᠷᠦᠩᠬᠡᠶ ᠳᠠᠭᠠᠭᠠᠮᠠᠯ ᠬᠠᠨ ᠹᠦ᠋ ᠬᠤᠸᠠ ᠄《ᠬᠥᠳᠡᠭᠡ ᠲᠣᠰᠭᠣᠨ
ᠤ᠋ ᠵᠢᠭᠤᠯᠴᠢᠯᠠᠯ ᠢ᠋ ᠶᠡᠬᠡ ᠪᠡᠷ ᠬᠥᠭ᠌ᠵᠢᠭᠦᠯᠬᠦ᠌ ᠪᠡᠷ ᠳᠡᠮᠵᠢᠨ ᠬᠥᠳᠡᠭᠡ ᠲᠣᠰᠭᠣᠨ ᠤ᠋ ᠡᠬᠢ ᠪᠠᠶᠠᠯᠢᠭ ᠢ᠋
ᠭᠦᠶ᠋ᠴᠡᠳ ᠠᠱᠢᠭ᠍ᠯᠠᠬᠤ ᠪᠠ ᠠᠭᠤᠳᠠᠯᠵᠤ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠬᠦᠴᠦᠨ
ᠨᠡᠮᠡᠷᠢᠯᠡᠬᠦ᠌ᠶ᠋ᠢ ᠬᠦᠰᠡᠵᠦ᠍ ᠪᠠᠢᠨ᠎ᠠ ᠃ ᠤᠨᠴᠠᠯᠢᠬ᠍ᠳᠤ ᠮᠠᠯ ᠠᠵᠤ ᠠᠬᠤᠶ ᠂ ᠠᠭᠤᠯᠠ ᠤᠰᠤ ᠣᠶ ᠲᠠᠷᠢᠶ᠎ᠠ
᠂ ᠬᠥᠳᠡᠭᠡ ᠲᠣᠰᠭᠣᠨ ᠤ᠋ ᠰᠠᠭᠤᠷᠢᠱᠢᠯ ᠂ ᠪᠠᠷᠢᠯᠭ᠎ᠠ ᠵᠢᠨ ᠳᠦᠷᠰᠦ ᠪᠠᠢᠳᠠᠯ ᠂ ᠲᠡᠦᠬᠡ ᠰᠣᠶᠣᠯ ᠵᠡᠷᠭᠡ ᠡᠬᠢ
ᠪᠠᠶᠠᠯᠢᠭ ᠲᠦ᠍ ᠲᠦᠱᠢᠭ᠌ᠯᠡᠨ ᠂ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠠᠵᠤ ᠦᠶ᠋ᠯᠡᠰ ᠤ᠋ᠨ ᠬᠡᠯᠬᠢᠶ᠎ᠡ
ᠶ᠋ᠢ ᠤᠷᠲᠤᠳᠭᠠᠵᠤ ᠪᠣᠯᠤᠨ᠎ᠠ ᠃ ᠡᠭᠦᠨ ᠤ᠋ ᠬᠠᠮᠲᠤ ᠨᠡᠢᠭᠡᠮ ᠤ᠋ᠨ ᠬᠥᠷᠥᠩᠭᠡ ᠂ ᠲᠠᠭᠠᠭᠤᠯᠤᠭᠴᠢ ᠠᠵᠤ ᠠᠬᠤᠢᠯᠠᠯ
ᠢ᠋ ᠢᠳᠡᠪᠬᠢᠲᠡᠶ ᠪᠡᠷ ᠣᠷᠣᠭᠤᠯᠤᠨ ᠠᠪᠴᠢᠷᠠᠵᠤ ᠂ ᠥᠷᠲᠡᠭ ᠤ᠋ᠨ ᠬᠡᠯᠬᠢᠶ᠎ᠠ ᠪᠠ ᠣᠷᠣᠯᠭ᠎ᠠ ᠵᠢᠨ ᠬᠡᠯᠬᠢᠶ᠎ᠠ
ᠵᠢ ᠳᠡᠭᠡᠭ᠌ᠰᠢᠯᠡᠭᠦᠯᠦᠨ ᠂ ᠠᠵᠤ ᠦᠢᠯᠡᠰ ᠤ᠋ᠨ ᠠᠭᠤᠰᠤᠯᠴᠠᠨ ᠬᠥᠭ᠌ᠵᠢᠬᠦ᠌ᠶ᠋ᠢ ᠠᠬᠢᠭᠤᠯᠵᠤ ᠂ ᠮᠠᠯᠴᠢᠨ ᠲᠠᠷᠢᠶᠠᠴᠢᠨ
ᠤ᠋ ᠣᠷᠣᠯᠭ᠎ᠠ ᠵᠢᠨ ᠨᠡᠮᠡᠭᠳᠡᠯ ᠢ᠋ ᠲᠠᠢᠴᠢᠯᠠᠬᠤ ᠴᠢᠬᠤᠯᠠᠳᠠᠢ》ᠭᠡᠵᠦ ᠶᠠᠷᠢᠨ᠎ᠠ᠃
ᠬᠥᠭ᠌ᠵᠢᠯᠲᠡ
ᠵᠢᠨ ᠪᠦᠬᠦᠯᠢ ᠴᠣᠭ᠍ᠴᠠ ᠵᠢᠨ ᠦᠷ᠎ᠡ ᠪᠦᠲᠦᠮᠵᠢ ᠶ᠋ᠢ ᠴᠢᠬᠤᠯᠠᠴᠢᠯᠠᠪᠠᠯ ᠰᠠᠶᠢ ᠳᠤᠲᠠᠭᠤᠳᠠᠯ ᠢ᠋ ᠬᠦᠢᠴᠡᠳ ᠨᠥᠬᠥᠪᠥᠷᠢᠯᠡᠵᠦ᠍
ᠴᠢᠳᠠᠨ᠎ᠠ ᠃《ᠨᠢᠭᠡ ᠬᠤᠳᠠ ᠨᠢᠭᠡ ᠭᠠᠵᠠᠷ》ᠤ᠋ᠨ ᠣᠯᠵᠤ ᠠᠯᠳᠠᠬᠤ
ᠵᠢᠨ ᠪᠣᠳᠣᠯᠭᠠᠰᠢᠷᠠᠯ ᠡᠴᠡ ᠰᠠᠯᠪᠠᠯ ᠰᠠᠶᠢ ᠬᠥᠭ᠌ᠵᠢᠯᠲᠡ ᠵᠢᠨ ᠦᠷ᠎ᠡ ᠪᠦᠲᠦᠭᠡᠯ ᠢ᠋ ᠠᠷᠠᠳ ᠲᠦᠮᠡᠨ ᠳ᠋ᠤ ᠨᠡᠩ
ᠤᠯᠠᠨ ᠂ ᠨᠡᠩ ᠡᠷᠬᠡ ᠲᠡᠭ᠌ᠰᠢᠪᠡᠷ ᠬᠦᠷᠲᠡᠭᠡᠵᠦ᠍ ᠴᠢᠳᠠᠨ᠎ᠠ ᠃ ᠬᠤᠲᠠ ᠬᠥᠳᠡᠭᠡ ᠣᠷᠣᠨ ᠪᠦᠰᠡ ᠵᠢᠨ ᠵᠣᠬᠢᠴᠠᠩᠭᠤᠢ
ᠬᠥᠭ᠌ᠵᠢᠯᠲᠡ ᠳᠣᠣᠷᠠᠬᠢ ᠥᠪᠥᠷ ᠮᠣᠩᠭᠣᠯ ᠶᠠᠭ ᠬᠠᠨ ᠭᠠᠷᠤᠳᠢ ᠵᠢᠭᠦᠷ ᠵᠢᠡᠨ ᠳᠡᠯᠭᠡᠨ ᠳᠡᠭᠦᠯᠢᠨ ᠨᠢᠰᠬᠦ ᠰᠢᠭ
ᠱᠢᠨ᠎ᠡ ᠠᠶᠠᠨ ᠳ᠋ᠠᠭᠠᠨ ᠮᠤᠷᠳᠠᠯ᠎ᠠ ᠃