
ᠵᠠᠩ ᠵᠶ᠋ᠢ ᠫᠸᠩ ᠲᠥᠯᠥᠭᠡᠯᠡᠭ᠌ᠴᠢ
《ᠪᠤᠭᠤᠲᠤ᠎ᠶ᠋ᠢᠨ ᠴᠠᠩ ᠠᠨ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠎ᠤ ᠬᠢᠵᠠᠭᠠᠷᠲᠤ ᠺᠣᠮᠫᠠᠨᠢ ᠰᠤᠳᠤᠯᠤᠨ ᠨᠡᠭᠡᠭᠡᠬᠦ᠌᠎ᠪᠡᠷ ᠭᠤᠤᠯ ᠪᠣᠯᠭᠠᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠂ ᠤᠯᠤᠰ᠎ᠤᠨ ᠲᠠᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠬᠦᠴᠦᠲᠡᠶ ᠳᠡᠮᠵᠢᠯᠭᠡ ᠳᠤᠤᠷ᠎ᠠ᠂ ᠣᠯᠠᠨ ᠵᠦᠶ᠋ᠯ᠎ᠦᠨ ᠮᠡᠷᠭᠡᠵᠢᠯ ᠨᠢ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠦ ᠲᠦᠪᠱᠢᠨ᠂ ᠳᠡᠯᠡᠬᠡᠶ᠎ᠶ᠋ᠢᠨ ᠲᠡᠷᠢᠭᠦᠨ᠎ᠦ ᠲᠦᠪᠱᠢᠨ᠎ᠳᠦ ᠬᠦᠷᠴᠡᠶ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠪᠤᠭᠤᠲᠤ᠎ᠶ᠋ᠢᠨ ᠴᠠᠩ ᠠᠨ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠎ᠤ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠵᠠᠩ ᠵᠶ᠋ᠢ ᠫᠸᠩ ᠪᠠᠶᠠᠷᠲᠠᠢᠬᠠᠨ ᠶᠠᠷᠢᠨ᠎ᠠ᠃
ᠲᠡᠭᠦᠨ᠎ᠦ ᠲᠠᠨᠢᠯᠴᠠᠭᠤᠯᠤᠭ᠍ᠰᠠᠨ᠎ᠢᠶᠠᠷ᠂ ᠲᠣᠰ ᠺᠣᠮᠫᠠᠨᠢ᠎ᠶ᠋ᠢᠨ ᠣᠨᠴᠠ ᠲᠥᠷᠥᠯ᠎ᠦᠨ ᠴᠠᠬᠢᠯᠭᠠᠨ ᠮᠠᠱᠢᠨ᠎ᠨᠢ ᠬᠡᠲᠦ ᠳᠤᠤᠷ᠎ᠠ ᠬᠤᠷᠳᠤᠴᠠ᠎ᠪᠠᠷ ᠠᠵᠢᠯᠯᠠᠵᠤ ᠪᠣᠯᠬᠤ ᠪᠥᠭᠡᠳ ᠪᠠᠰᠠ ᠬᠡᠲᠦ ᠥᠨᠳᠥᠷ ᠬᠤᠷᠳᠤᠴᠠ᠎ᠪᠠᠷ ᠠᠵᠢᠯᠯᠠᠵᠤ ᠪᠣᠯᠤᠨ᠎ᠠ᠂ ᠳᠤᠤᠷ᠎ᠠ ᠬᠤᠷᠳᠤᠴᠠ᠎ᠪᠠᠷ ᠠᠵᠢᠯᠯᠠᠬᠤ ᠦᠶ᠎ᠡ᠎ᠳᠦ ᠴᠠᠬᠢᠯᠭᠠᠨ ᠮᠠᠱᠢᠨᠨᠢᠭᠡ ᠲᠤᠭᠤᠷᠢᠭ ᠡᠷᠬᠢᠯᠳᠦᠬᠦ᠎ᠳᠦ 42 ᠬᠤᠨᠤᠭ ᠤᠷᠴᠢᠮ ᠬᠡᠷᠡᠭ᠌ᠯᠡᠵᠦ᠍ ᠂ ᠲᠦᠷᠭᠡᠨ ᠬᠤᠷᠳᠤᠴᠠ᠎ᠪᠠᠷ ᠠᠵᠢᠯᠯᠠᠬᠤ ᠦᠶ᠎ᠡ᠎ᠳᠦ ᠮᠢᠨᠦ᠋ᠲ ᠪᠦᠷᠢ 50000 ᠤᠳᠠᠭ᠎ᠠ ᠡᠷᠭᠢᠳᠡᠭ᠃ ᠲᠡᠭ᠎ᠡᠴᠡ ᠳᠣᠷᠣᠭ᠍ᠰᠢ 196°C ᠤ᠋ᠨ ᠬᠡᠲᠦ ᠳᠤᠤᠷ᠎ᠠ ᠳᠤᠯᠠᠭᠠᠨ᠎ᠳᠤ ᠠᠵᠢᠯᠯᠠᠵᠤ ᠪᠣᠯᠬᠤ ᠮᠥᠷᠲᠡᠭᠡᠨ ᠪᠠᠰᠠ ᠲᠡᠭ᠎ᠡᠴᠡ ᠳᠡᠭᠡᠭ᠌ᠰᠢ 150°C ᠤ᠋ᠨ ᠥᠨᠳᠥᠷ ᠳᠤᠯᠠᠭᠠᠨ᠎ᠳᠤ ᠠᠵᠢᠯᠯᠠᠵᠤ ᠪᠣᠯᠤᠨ᠎ᠡ᠃ 《ᠮᠠᠨ᠎ᠤ ᠰᠤᠳᠤᠯᠤᠨ ᠦᠢᠯᠡᠳᠦᠭᠰᠡᠨ ᠥᠨᠳᠥᠷ ᠪᠦᠲᠦᠮᠵᠢᠲᠦ᠂ ᠳᠤᠤᠷ᠎ᠠ ᠱᠤᠤᠬᠢᠶᠠᠨᠳᠤ ᠴᠠᠬᠢᠯᠭᠠᠨ ᠮᠠᠱᠢᠨ᠎ᠨᠢ ᠠᠵᠢᠯ ᠲᠥᠷᠥᠯ᠎ᠦᠨ ᠤᠯᠠᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ 11000 ᠮᠧᠲ᠋ᠷ᠎ᠦᠨ ᠲᠡᠯᠡᠶ᠎ᠶ᠋ᠢᠨ ᠭᠦᠨᠳᠤ ᠠᠵᠢᠯᠯᠠᠬᠤ ᠵᠢ ᠪᠡᠶᠡᠯᠡᠭᠦᠯᠪᠡ》 ᠭᠡᠵᠦ ᠬᠡᠯᠡᠵᠦ ᠪᠠᠢᠯ᠎ᠠ᠃
ᠵᠠᠩ ᠵᠢᠶ ᠫᠧᠩ᠎ᠦᠨ ᠦᠵᠡᠬᠦ᠌᠎ᠪᠡᠷ ᠂ ᠰᠤᠳᠤᠯᠤᠨ ᠨᠡᠭᠡᠭᠡᠬᠦ᠌ ᠪᠠᠯᠠ ᠣᠷᠣᠭᠤᠯᠤᠯᠲᠠ ᠪᠣᠯ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠰᠠᠭᠤᠷᠢ ᠪᠠ ᠪᠠᠲᠤᠯᠠᠭ᠎ᠠ ᠮᠥᠨ᠃ 《〈ᠠᠷᠪᠠᠨ ᠭᠤᠷᠪᠠᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠤ᠂ ᠮᠠᠨ᠎ᠤ ᠺᠣᠮᠫᠠᠨᠢ᠎ᠶ᠋ᠢᠨ ᠵᠢᠯ ᠪᠦᠷᠢ᠎ᠶ᠋ᠢᠨ ᠰᠤᠳᠤᠯᠤᠨ ᠨᠡᠭᠡᠭᠡᠬᠦ᠌ ᠪᠡᠯᠡ ᠣᠷᠣᠭᠤᠯᠤᠯᠲᠠ᠎ᠶ᠋ᠢᠨ ᠡᠵᠡᠯᠡᠬᠦ᠌ ᠬᠠᠷᠢᠴᠠᠯ 20 % ᠡᠴᠡ ᠳᠡᠭᠡᠭ᠌ᠰᠢ ᠪᠠᠢᠵᠤ ᠂ ᠠᠵᠤ ᠠᠬᠤᠢᠯᠠᠯ᠎ᠤᠨ ᠭᠣᠣᠯ ᠪᠣᠯᠬᠤ ᠠᠵᠤ ᠠᠬᠤᠢ᠎ᠶ᠋ᠢᠨ ᠭᠦᠢᠴᠡᠳᠭᠡᠯ ᠲᠣᠭ᠎ᠠ 20 % ᠡᠴᠡ ᠳᠡᠭᠡᠭ᠌ᠰᠢᠬᠢ ᠨᠡᠮᠡᠭ᠌ᠳᠡᠯ᠎ᠢ ᠪᠡᠶᠡᠯᠡᠭᠦᠯᠪᠡ᠃ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠳᠤ ᠪᠢᠳᠡ ᠱᠢᠨᠵᠢᠯᠡᠬᠡ ᠰᠤᠳᠤᠯᠭᠠᠨ᠎ᠤ ᠪᠡᠯᠡ ᠣᠷᠣᠭᠤᠯᠤᠯᠲᠠ᠎ᠪᠠᠨ ᠤᠯᠠᠮ ᠨᠢᠭᠡ ᠠᠯᠬᠤᠮ ᠨᠡᠮᠡᠭ᠌ᠳᠡᠭᠦᠯᠵᠦ᠍ ᠂ ᠮᠡᠷᠭᠡᠵᠢᠯ᠎ᠦᠨ ᠰᠤᠳᠤᠯᠤᠨ ᠨᠡᠭᠡᠭᠡᠯᠲᠡ᠎ᠪᠡᠷ ᠳᠠᠮᠵᠢᠭᠤᠯᠤᠨ ᠠᠵᠤ ᠠᠬᠤᠢᠯᠠᠯ᠎ᠤᠨ ᠭᠤᠤᠯ ᠪᠣᠯᠬᠤ ᠠᠵᠤ ᠠᠬᠤᠶ᠎ᠶ᠋ᠢᠨ ᠭᠦᠶ᠋ᠴᠡᠳᠭᠡᠯ ᠲᠣᠭ᠎ᠠ᠎ᠶ᠋ᠢ 30 % ᠡᠴᠠ ᠳᠡᠭᠡᠭ᠌ᠰᠢ ᠨᠡᠮᠡᠭ᠌ᠳᠡᠭᠦᠯᠬᠦ᠌᠎ᠪᠡᠷ ᠴᠢᠷᠮᠠᠢᠨ᠎ᠠ》ᠭᠡᠪᠡ᠃
ᠡᠭᠦᠨ᠎ᠡᠴᠡ ᠭᠠᠳᠠᠨ᠎ᠠ᠂ ᠮᠡᠷᠭᠡᠵᠢᠯ᠎ᠦᠨ ᠱᠢᠨ᠎ᠡ ᠡᠭᠦᠳᠦᠯᠲᠡ ᠨᠢ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ ᠪᠠ ᠱᠢᠨ᠎ᠡ᠎ᠶ᠋ᠢ ᠡᠭᠦᠳᠬᠦ᠌ ᠲᠣᠭ᠍ᠲᠠᠴᠠ᠎ᠶ᠋ᠢᠨ ᠲᠡᠭᠦᠯᠳᠡᠷᠵᠢᠯᠲᠡ᠎ᠡᠴᠡ ᠰᠠᠯᠵᠤ ᠴᠢᠳᠠᠬᠤ ᠦᠭᠡᠢ ᠶᠤᠮ᠂ ᠵᠠᠩ ᠵᠶ᠋ᠢ ᠫᠸᠩ ᠡᠭᠦᠨ᠎ᠢ ᠠᠩᠬᠠᠷᠤᠭᠰᠠᠭᠠᠷ ᠢᠷᠡᠵᠠᠢ᠃ ᠲᠡᠷᠡ ᠤᠷᠢᠳ ᠬᠣᠵᠢᠳ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠳᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠎ᠶ᠋ᠢᠨ ᠵᠣᠬᠢᠶᠠᠨ ᠪᠠᠢᠭᠤᠯᠤᠭ᠍ᠰᠠᠨ ᠪᠠᠢᠴᠠᠭᠠᠨ ᠰᠤᠳᠤᠯᠬᠤ ᠠᠵᠢᠯᠯᠠᠭ᠎ᠠ᠎ᠳᠤ ᠤᠯᠠᠨ ᠤᠳᠠᠭ᠎ᠠ ᠣᠷᠣᠯᠴᠠᠵᠤ ᠂ 《ᠥᠪᠡᠷᠲᠡᠭᠡᠨ ᠵᠠᠰᠠᠬᠤ ᠣᠷᠣᠨ᠎ᠤ ᠬᠣᠪᠣᠷ ᠴᠤᠬᠠᠭ ᠲᠤᠰᠭᠠᠢ ᠮᠡᠷᠭᠡᠵᠢᠯ᠎ᠦᠨ ᠪᠣᠯᠪᠠᠰᠤᠷᠠᠯ᠎ᠤᠨ ᠰᠠᠭᠤᠷᠢ ᠮᠥᠩᠭᠥ᠌ ᠪᠠᠢᠭᠤᠯᠬᠤ ᠲᠤᠬᠠᠢ ᠰᠠᠨᠠᠭᠤᠯᠭ᠎ᠠ》 ᠂ 《ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠳᠡᠮᠵᠢᠬᠦ᠌ ᠴᠢᠳᠠᠪᠤᠷᠢᠲᠠᠨ᠎ᠤ ᠪᠠᠢᠭᠤᠯᠤᠯᠲᠠ᠎ᠶ᠋ᠢ ᠡᠷᠡᠮᠡᠯᠵᠡᠬᠦ᠌ ᠲᠤᠬᠠᠢ ᠰᠠᠨᠠᠭᠤᠯᠭ᠎ᠠ》 ᠵᠡᠷᠭᠡ᠎ᠶ᠋ᠢ ᠳᠤᠷᠠᠳᠴᠤ᠌ ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠢᠳᠡᠪᠬᠢᠲᠡᠢ ᠬᠠᠷᠢᠭᠤ ᠲᠤᠰᠭᠠᠯ᠎ᠢ ᠤᠯᠪᠠ᠃ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ 《ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠬᠠᠮᠤᠭ᠎ᠤᠨ ᠴᠢᠬᠤᠯᠠ 《ᠪᠣᠭᠣᠮᠢ》 ᠵᠢᠨ ᠬᠦᠴᠢᠷ ᠠᠰᠠᠭᠤᠳᠠᠯ᠎ᠢ ᠴᠠᠭ ᠲᠤᠬᠠᠶ᠎ᠳᠤᠨᠢ᠂ ᠬᠠᠮᠤᠭ᠎ᠤᠨ ᠣᠨᠣᠪᠴᠢᠲᠠᠶ᠎ᠪᠠᠷ ᠱᠢᠶ᠋ᠳᠪᠦᠷᠢᠯᠡᠵᠦ᠍ ᠴᠢᠳᠠᠨ᠎ᠠ᠃
ᠭᠤᠤᠯᠯᠠᠬᠤ ᠮᠡᠷᠭᠡᠵᠢᠯ᠎ᠢ ᠵᠡᠪᠡᠯ ᠦᠪᠡᠰᠦᠪᠠᠨ ᠡᠵᠡᠮᠳᠡᠬᠦ ᠬᠡᠷᠡᠭ᠌ᠲᠡᠶ᠃ ᠵᠠᠩ ᠵᠢᠶ ᠫᠧᠩ ᠵᠢᠴᠢ ᠲᠡᠭᠦᠨ᠎ᠦ ᠪᠦᠯᠬᠦᠮ᠎ᠦᠨ᠎ᠬᠢᠨ ᠲᠣᠰ ᠤᠳᠠᠭᠠᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠢᠶᠠᠷ ᠠᠵᠠ ᠲᠣᠬᠢᠶᠠᠯ ᠪᠣᠯᠭᠠᠵᠤ ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠴᠢᠩᠭ᠎ᠠ ᠳᠠᠭᠠᠵᠤ᠂ ᠳᠡᠭᠡᠳᠦ ᠲᠠᠰ᠎ᠤᠨ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠎ᠢ ᠰᠤᠳᠤᠯᠤᠨ ᠨᠡᠭᠡᠭᠡᠬᠦ᠌ ᠠᠵᠢᠯ᠎ᠢ ᠦᠷᠭᠦᠯᠵᠢᠯᠡᠨ ᠥᠷᠨᠢᠭᠦᠯᠵᠦ᠍᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠥᠪᠡᠷ᠎ᠦᠨ ᠬᠤᠪᠢ ᠨᠡᠮᠡᠷᠢ᠎ᠪᠡᠨ ᠦᠵᠡᠭᠦᠯᠬᠦ ᠪᠤᠯᠤᠨ᠎ᠠ᠃