ᠵᠢᠶᠠ ᠵᠧᠨ ᠭᠦᠸᠧ ᠭᠡᠱᠢᠭᠦᠨ᠄ ᠣᠳᠣ ᠦᠶ᠎ᠡ᠎ᠶ᠋ᠢᠨ ᠡᠨᠧᠷᠭᠢ᠎ᠶ᠋ᠢᠨ ᠰᠠᠭᠤᠷᠢᠨ᠎ᠤ ᠪᠦᠲᠦᠭᠡᠨ ᠪᠠᠢᠭᠤᠯᠤᠯᠲᠠ ᠎ᠶ᠋ᠢ ᠠᠬᠢᠭᠤᠯᠬᠤ ᠳᠠᠭᠠᠭᠤᠯᠤᠭᠴᠢ ᠪᠣᠯᠬᠤ᠎ᠪᠠᠷ ᠴᠢᠷᠮᠠᠢᠨ᠎ᠠ
2022-01-24 09:24:14
ᠵᠣᠬᠢᠶᠠᠭ᠍ᠴᠢ᠄
​ᠱᠢᠤᠢ ᠶᠤᠸᠠᠢ ᠠᠯᠤᠰ
ᠣᠩᠱᠢᠭ᠍ᠰᠠᠨ ᠣᠳᠠᠭ᠎ᠠ᠄
★★★☆☆

4248001_alm_1642965546317_m.jpg

ᠵᠢᠶᠠ ᠵᠧᠨ ᠭᠦᠸᠧ ᠭᠡᠱᠢᠭᠦᠨ


《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠳᠤᠷᠠᠳᠤᠭ᠍ᠰᠠᠨ〈ᠲᠤᠯᠤᠭᠠᠨ ᠲᠠᠯ᠎ᠠ ᠪᠠᠷ ᠬᠦᠴᠦᠯᠡᠬᠦ᠌〉ᠨᠢ ᠮᠠᠨ᠎ᠤ ᠣᠷᠣᠨ᠎ᠤ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠵᠤ᠂ ᠤᠨᠴᠠᠭᠠᠢᠯᠠᠨ ᠦᠭᠡᠷᠡᠴᠢᠯᠡᠯᠲᠡ᠎ᠶ᠋ᠢ ᠬᠦᠴᠦᠯᠡᠨ ᠭᠦᠨᠵᠡᠭᠡᠢᠷᠡᠭᠦᠯᠵᠦ᠍ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ ᠨᠡᠭᠡᠭᠡᠯᠲᠡ᠎ᠶ᠋ᠢ ᠥᠷᠭᠡᠳᠭᠡᠬᠦ᠌ ᠪᠠᠢᠷᠢᠯᠠᠭᠤᠯᠤᠯᠲᠠ ᠪᠠ ᠱᠠᠭᠠᠷᠳᠠᠯᠭ᠎ᠠ᠎ᠨᠢ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠣᠳᠭᠤ ᠴᠢᠨᠠᠷ᠎ᠲᠠᠶ ᠪᠠᠢᠵᠤ᠂ ᠪᠢᠳᠡᠨ᠎ᠦ ᠴᠠᠬᠢᠯᠭᠠᠨ ᠬᠦᠴᠦᠨ᠎ᠦ ᠡᠨᠧᠷᠭᠢ᠎ᠶ᠋ᠢᠨ ᠪᠣᠬᠢᠷᠲᠤᠯ ᠥᠬᠡᠶ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ᠎ᠳᠤ ᠴᠢᠭ᠌ᠯᠡᠯ ᠪᠠ ᠠᠷᠭ᠎ᠠ ᠵᠠᠮ᠎ᠢ ᠲᠣᠳᠣᠷᠬᠠᠢᠯᠠᠵᠤ ᠦᠭᠭᠦᠭᠰᠡᠨ ᠪᠠᠢᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠵᠢᠶᠠ ᠵᠧᠨ ᠭᠦᠸᠧ ᠶᠠᠷᠢᠨ᠎ᠠ᠃

ᠵᠢᠶᠠ ᠵᠧᠨ ᠭᠦᠸᠧ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠨᠢ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠶᠡᠬᠡ ᠲᠠᠯ᠎ᠠ᠎ᠶ᠋ᠢ ᠤᠬᠠᠮᠰᠠᠷ᠎ᠠᠴᠠ᠎ᠪᠠᠨ ᠳᠠᠭᠠᠬᠤ ᠪᠠ ᠲᠡᠭᠦᠨ ᠳ᠋ᠤ ᠦᠶ᠋ᠯᠡᠴᠢᠯᠡᠵᠦ᠍᠂《ᠬᠣᠶᠠᠷ᠎ᠢ ᠲᠦᠷᠦᠭᠦᠯᠡᠨ ᠬᠢᠬᠦ᠌》᠂《ᠬᠣᠶᠠᠷ᠎ᠢ ᠳᠠᠪᠠᠭᠤᠯᠬᠤ》 ᠬᠠᠷᠠᠯᠲᠠ᠎ᠶ᠋ᠢᠨ ᠱᠠᠭᠠᠷᠳᠠᠯᠭ᠎ᠠ᠎ᠶ᠋ᠢᠨ ᠲᠣᠭᠣᠷᠢᠨ᠎ᠳᠤ᠂《ᠬᠠᠷᠢᠭᠤᠴᠠᠯᠭᠠᠲᠤ ᠦᠪᠦᠷ ᠮᠤᠩᠭᠤᠯ᠎ᠤᠨ ᠴᠠᠬᠢᠯᠭᠠᠨ ᠬᠦᠴᠦᠨ᠎ᠤ ᠪᠦᠯᠦᠭᠯᠡᠯ᠂ ᠪᠣᠬᠢᠷᠲᠤᠯ ᠥᠬᠡᠶ ᠦᠪᠦᠷ ᠮᠤᠩᠭᠤᠯ᠎ᠤᠨ ᠴᠠᠬᠢᠯᠭᠠᠨ ᠬᠦᠴᠦᠨ᠎ᠤ ᠪᠦᠯᠦᠭᠯᠡᠯ᠂ ᠲᠣᠭᠠᠴᠢᠯᠠᠭ᠍ᠰᠠᠨ ᠦᠪᠦᠷ ᠮᠤᠩᠭᠤᠯ᠎ᠤᠨ ᠴᠠᠬᠢᠯᠭᠠᠨ ᠬᠦᠴᠦᠨ᠎ᠤ ᠪᠦᠯᠦᠭᠯᠡᠯ᠂ ᠨᠡᠭᠡᠭᠡᠯᠲᠡᠲᠦ ᠦᠪᠦᠷ ᠮᠣᠩᠭᠣᠯ᠎ᠤᠨ ᠴᠠᠬᠢᠯᠭᠠᠨ ᠬᠦᠴᠦᠨ᠎ᠤ ᠪᠦᠯᠦᠭᠯᠡᠯ》᠎ᠢ᠋ ᠲᠦᠷᠭᠡᠳᠭᠡᠨ ᠪᠥᠲᠥᠭᠡᠨ ᠪᠠᠢᠭᠤᠯᠤᠨ᠎ᠠ ᠭᠡᠵᠦ ᠢᠯᠡᠷᠬᠡᠢᠯᠡᠪᠡ᠃

ᠲᠡᠭᠦᠨ᠎ᠤ ᠲᠡᠨᠢᠯᠴᠠᠭᠤᠯᠤᠭᠰᠠᠨ ᠵᠢᠡᠷ᠂ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠠᠵᠤ ᠠᠬᠤᠢᠯᠠᠯ ᠨᠢ ᠲᠠᠪᠤᠨ ᠲᠠᠯ᠎ᠠ᠎ᠠᠴᠠ ᠭᠠᠷᠳᠠᠬᠤ ᠪᠤᠯᠤᠨ᠎ᠠ᠃ ᠴᠠᠬᠢᠯᠭᠠᠨ᠎ᠲᠤᠤᠷ᠎ᠤᠨ ᠪᠦᠲᠦᠴᠡ᠎ᠶ᠋ᠢ ᠬᠦᠴᠦᠯᠡᠨ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ 800 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠪᠠᠯᠠ ᠣᠷᠣᠭᠤᠯᠤᠨ ᠪᠠᠲᠤ ᠴᠢᠩᠭ᠎ᠠ ᠤᠶᠤᠨᠴᠢ ᠴᠠᠬᠢᠯᠭᠠᠨ᠎ᠤ ᠲᠤᠤᠷ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠡᠨᠧᠷᠭᠢ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠳᠦ ᠦᠶ᠋ᠯᠡᠴᠢᠯᠡᠨ᠎ᠡ;ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ᠌  ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠬᠦᠴᠦᠯᠡᠨ ᠲᠦᠷᠭᠡᠳᠭᠡᠵᠦ᠍᠂ ᠭᠠᠳᠠᠭ᠍ᠰᠢ ᠬᠦᠷᠭᠡᠬᠦ᠌ ᠴᠢᠳᠠᠪᠤᠷᠢ᠎ᠶ᠋ᠢ ᠶᠡᠬᠡ ᠪᠡᠷ ᠳᠡᠭᠡᠭ᠌ᠰᠢᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠶ ᠡᠨᠧᠷᠭᠢ᠎ᠶ᠋ᠢ ᠪᠦᠬᠦ᠌ ᠤᠯᠤᠰ᠎ᠤᠨ ᠨᠡᠩ ᠶᠡᠬᠡ ᠬᠡᠪᠴᠢᠶᠡᠨ᠎ᠳᠦ ᠱᠢᠯᠢᠳᠡᠭ᠌ᠵᠢᠭᠦᠯᠦᠨ ᠲᠣᠬᠢᠷᠠᠭᠤᠯᠬᠤ᠎ᠶ᠋ᠢ ᠪᠡᠶᠡᠯᠡᠭᠦᠯᠦᠨ᠎ᠡ;ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠬᠦᠴᠦ᠍᠎ᠪᠡᠨ ᠬᠠᠮᠲᠤᠳᠭᠠᠨ ᠱᠢᠨ᠎ᠡ ᠡᠨᠧᠷᠭᠢ᠎ᠪᠡᠷ ᠭᠣᠣᠯ ᠴᠣᠭ᠍ᠴᠠ ᠪᠣᠯᠭᠠᠭ᠍ᠰᠠᠨ ᠱᠢᠨ᠎ᠡ ᠬᠡᠯᠪᠡᠷᠢ ᠵᠢᠨ ᠴᠠᠬᠢᠯᠭᠠᠨ ᠬᠦᠴᠦᠨ᠎ᠦ ᠱᠢᠰᠲ᠋ᠧᠮ᠎ᠦᠨ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠤᠭᠤᠮᠳᠠ ᠰᠢᠪᠲᠤᠯᠬᠤ ᠠᠵᠢᠯ᠎ᠢ ᠥᠷᠨᠢᠭᠦᠯᠦᠨ᠎ᠡ;ᠥᠭᠡᠷᠡᠴᠢᠯᠡᠯᠲᠡ᠎ᠶ᠋ᠢ ᠬᠦᠴᠦᠯᠡᠨ ᠭᠦᠨᠵᠡᠭᠡᠢᠷᠡᠭᠦᠯᠵᠦ᠍ ᠬᠥᠭ᠌ᠵᠢᠯᠲᠡ᠎ᠶ᠋ᠢᠨ ᠳᠠᠪᠠᠭᠤᠯᠢᠭ᠎ᠢ ᠪᠣᠶ ᠪᠣᠯᠭᠠᠨ᠂ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠴᠠᠬᠢᠯᠭᠠᠨ ᠬᠦᠴᠦᠨ᠎ᠦ ᠠᠷᠠᠯᠵᠢᠶᠠᠨ᠎ᠤ  ᠵᠠᠬ᠎ᠠ ᠳᠡᠯᠭᠡᠭᠦᠷ᠎ᠦᠨ ᠲᠠᠪᠴᠠᠩ᠎ᠤᠨ ᠴᠢᠳᠠᠮᠵᠢ ᠪᠠ ᠠᠷᠠᠯᠵᠢᠶᠠᠨ᠎ᠤ ᠲᠦᠷᠢᠮ᠎ᠦᠨ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠲᠤᠯᠭᠠᠭᠤᠷᠢᠯᠠᠨ ᠦᠶ᠋ᠯᠡᠴᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ;ᠭᠠᠳᠠᠭ᠍ᠰᠢ ᠨᠡᠭᠡᠭᠡᠯᠲᠡ ᠬᠢᠬᠦ᠌ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠬᠦᠴᠦᠯᠡᠨ ᠪᠠᠢᠭᠤᠯᠵᠤ᠂ ᠮᠣᠩᠭᠣᠯ ᠤᠯᠤᠰ᠎ᠲᠤ ᠴᠠᠬᠢᠯᠭᠠᠨ ᠬᠦᠷᠭᠡᠬᠦ᠌ 8 ᠵᠤᠷᠪᠤᠰ  ᠵᠠᠮ᠎ᠢ ᠪᠣᠶ ᠪᠣᠯᠭᠠᠭ᠍ᠰᠠᠨ ᠰᠠᠭᠤᠷᠢᠨ ᠳᠡᠭᠡᠷ᠎ᠡ᠂ ᠴᠡᠭᠡ ᠪᠣᠭᠣᠮᠲᠠ᠎ᠶ᠋ᠢᠨ 110 ᠺᠢᠯᠦᠸᠠᠲ᠎ᠤᠨ ᠶᠢᠰᠦᠳᠦᠭᠡᠷ ᠵᠤᠷᠪᠤᠰ ᠮᠣᠩᠭᠣᠯ ᠤᠯᠤᠰ᠎ᠲᠤ ᠴᠠᠬᠢᠯᠭᠠᠨ ᠬᠦᠷᠭᠡᠬᠦ᠌  ᠵᠠᠮ᠎ᠢ ᠪᠥᠲᠥᠭᠡᠨ ᠪᠠᠢᠭᠤᠯᠬᠤ ᠪᠤᠯᠤᠨ᠎ᠠ ᠃

《ᠪᠢᠳᠠ ᠠᠵᠤ ᠠᠬᠤᠢᠯᠠᠯ᠎ᠢᠶᠠᠨ ᠥᠪᠡᠷᠲᠡᠭᠡᠨ ᠵᠠᠰᠠᠬᠤ ᠣᠷᠣᠨ᠎ᠤ ᠤᠳᠤ ᠦᠶ᠎ᠡ᠎ᠶ᠋ᠢᠨ ᠡᠨᠧᠷᠭᠢ᠎ᠶ᠋ᠢᠨ ᠰᠠᠭᠤᠷᠢᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ〈ᠲᠠᠭᠠᠭᠤᠯᠤᠭ᠍ᠴᠢ〉 ᠪᠠ〈ᠰᠠᠭᠤᠷᠢ〉ᠪᠣᠯᠭᠠᠨ ᠪᠦᠳᠦᠭᠡᠨ ᠪᠠᠢᠭᠤᠯᠬᠤ ᠳ᠋ᠤ ᠢᠲᠡᠭᠡᠯ᠎ᠲᠡᠶ ᠪᠠᠢᠨ᠎ᠠ》 ᠭᠡᠵᠦ᠍ ᠵᠢᠶᠠ ᠵᠧᠨ ᠭᠦᠸᠧ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号