《〈ᠴᠢᠨᠠᠷ ᠰᠠᠢᠲᠠᠶ
ᠬᠥᠭ᠌ᠵᠢᠯᠲᠡ ᠵᠢᠨ ᠰᠠᠭᠤᠷᠢ ᠶ᠋ᠢ ᠪᠡᠬᠢᠵᠢᠭᠦᠯᠬᠦ᠌〉〈ᠠᠵᠤ ᠦᠢᠯᠡᠰ
ᠢ᠋ ᠲᠤᠭᠳᠠᠪᠤᠷᠢᠵᠢᠭᠤᠯᠵᠤ ᠠᠵᠤ ᠦᠶ᠋ᠯᠡᠰ ᠤ᠋ᠨ ᠬᠡᠯᠬᠢᠶ᠎ᠡ ᠶ᠋ᠢ ᠴᠢᠩᠭᠠᠳᠬᠠᠨ ᠬᠥᠳᠡᠯᠭᠡᠬᠦ᠌ ᠡᠨᠧᠷᠭᠢ ᠶ᠋ᠢ
ᠪᠣᠢᠵᠢᠭᠤᠯᠬᠤ〉ᠪᠣᠯ ᠲᠣᠰ ᠤᠳᠠᠭ᠎ᠠ ᠵᠢᠨ ᠬᠣᠶᠠᠷ ᠬᠤᠷᠠᠯ ᠤ᠋ᠨ ᠬᠠᠯᠠᠮᠱᠢᠯ ᠪᠤᠯᠬᠤ ᠪᠦᠭᠡᠳ ᠪᠠᠰᠠ ᠴᠤ᠌ ᠬᠠᠷᠠᠴᠢᠨ
ᠬᠣᠱᠢᠭᠤᠨ ᠤ᠋ ᠨᠠᠮ ᠤ᠋ᠨ ᠬᠣᠷᠢᠶ᠎ᠠ ᠪᠠ ᠵᠠᠰᠠᠭ ᠤ᠋ᠨ ᠣᠷᠳᠣᠨ ᠤ᠋ ᠡᠷᠬᠡᠪᠰᠢ ᠡᠭᠦᠷᠭᠡᠯᠡᠬᠦ᠌ ᠴᠢᠬᠤᠯᠠ ᠶᠡᠬᠡ
ᠬᠠᠷᠢᠭᠤᠴᠠᠯᠭ᠎ᠠ ᠮᠥᠨ ᠂ ᠪᠢᠳᠡ ᠤᠷᠤᠨ ᠨᠤᠳᠤᠭ ᠤ᠋ᠨ ᠵᠢᠡᠨ ᠪᠣᠳᠠᠲᠤ ᠪᠠᠢᠳᠠᠯ ᠲᠠᠶ ᠤᠶᠠᠯᠳᠤᠭᠤᠯᠤᠨ ᠲᠡᠷᠡ ᠶᠣᠰᠣᠭᠠᠷᠨᠢ
ᠲᠤᠭᠤᠱᠢᠯᠠᠭᠤᠯᠤᠨ ᠨᠠᠢᠳᠠᠪᠤᠷᠢᠵᠢᠭᠤᠯᠤᠨ᠎ᠠ》ᠭᠡᠵᠤ ᠥᠪᠡᠷᠲᠡᠭᠡᠨ
ᠵᠠᠰᠠᠬᠤ ᠣᠷᠣᠨ ᠤ᠋ ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠂ ᠬᠠᠷᠠᠴᠢᠨ ᠬᠣᠱᠢᠭᠤᠨ
ᠤ᠋ ᠨᠠᠮ ᠤ᠋ᠨ ᠬᠣᠷᠢᠶᠠᠨ ᠤ᠋ ᠱᠦᠵᠢ ᠹᠠᠩ ᠷᠦᠢ ᠬᠡᠯᠡᠯ᠎ᠡ ᠃
ᠹᠠᠩ ᠷᠦᠢ᠂
ᠣᠢᠷ᠎ᠠ ᠵᠢᠨ ᠵᠢᠯ ᠡᠴᠡ ᠨᠠᠭᠠᠰᠢ ᠂ ᠬᠠᠷᠠᠴᠢᠨ ᠬᠣᠱᠢᠭᠤ ᠰᠠᠢᠨ ᠰᠠᠢᠬᠠᠨ ᠠᠮᠢ ᠠᠬᠤᠶ ᠂ ᠣᠷᠣᠨ ᠪᠠᠢᠷᠢ ᠂ ᠰᠣᠶᠣᠯ
ᠢᠷᠭᠡᠨᠱᠢᠯ ᠵᠡᠷᠭᠡ ᠳᠠᠪᠠᠭᠤᠯᠢᠭᠲᠠᠭᠠᠨ ᠲᠦᠱᠢᠭ᠌ᠯᠡᠨ ᠂ ᠪᠥᠬᠥ᠌ ᠣᠷᠣᠨ ᠪᠦᠰᠡ ᠵᠢᠨ ᠵᠢᠭᠤᠯᠴᠢᠯᠠᠯᠢ ᠬᠥᠭ᠌ᠵᠢᠭᠦᠯᠬᠦ᠌
ᠶ᠋ᠢ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠬᠦᠴᠦᠯᠡᠬᠦ᠌ ᠴᠡᠭ ᠵᠢᠡᠨ ᠪᠣᠯᠭᠠᠪᠠ᠃ ᠣᠯᠠᠨ ᠵᠢᠯ ᠤ᠋ᠨ ᠴᠢᠷᠮᠠᠢᠯᠭ᠎ᠠ ᠪᠠᠷ ᠳᠠᠮᠵᠢᠨ ᠨᠢᠭᠡᠨᠲᠡ ᠪᠦᠬᠦ᠌ ᠣᠷᠣᠨ ᠪᠦᠰᠡ ᠪᠦᠬᠦ᠌ ᠤᠯᠠᠷᠢᠯ ᠤ᠋ᠨ ᠵᠢᠭᠤᠯᠴᠢᠯᠠᠯ ᠤ᠋ᠨ ᠰᠠᠭᠤᠷᠢ ᠶ᠋ᠢ ᠲᠠᠯᠪᠢᠪᠠ᠃ ᠵᠠᠯᠭᠠᠭᠠᠳ
ᠪᠢᠳᠡ《ᠠᠷᠢᠭᠤᠨ ᠲᠤᠬᠢᠯᠢᠭ ᠬᠠᠷᠠᠴᠢᠨ·ᠡᠷᠡᠭᠦᠯ ᠮᠡᠨᠳᠦ᠍
ᠵᠢᠨ ᠠᠮᠢ ᠠᠬᠤᠶ ᠵᠢᠨ ᠵᠢᠭᠤᠯᠴᠢᠯᠠᠯ》ᠤ᠋ᠨ ᠬᠥᠭ᠌ᠵᠢᠯᠲᠡ
ᠵᠢᠨ ᠪᠠᠢᠷᠢ ᠲᠣᠭ᠍ᠲᠠᠭᠠᠯᠲᠠ ᠪᠤᠯᠤᠨ《ᠤᠯᠤᠰ ᠤ᠋ᠨ ᠪᠥᠬᠥ᠌
ᠪᠦᠰᠡ ᠵᠢᠨ ᠵᠢᠭᠤᠯᠴᠢᠯᠠᠯ ᠤ᠋ᠨ ᠵᠢᠱ᠌ᠢᠶ᠎ᠡ ᠦᠵᠡᠭᠦᠯᠬᠦ᠌ ᠱᠢᠶᠠᠨ》ᠢ᠋ ᠡᠭᠦᠳᠦᠨ
ᠪᠠᠢᠭᠤᠯᠬᠤ ᠬᠠᠷᠠᠯᠲᠠ ᠵᠢᠨ ᠲᠣᠭᠣᠷᠢᠨ ᠳ᠋ᠤ ᠂ ᠵᠢᠭᠤᠯᠴᠢᠯᠠᠯ ᠤ᠋ᠨ ᠠᠵᠤ ᠦᠶ᠋ᠯᠡᠰ ᠤ᠋ᠨ ᠬᠡᠯᠬᠢᠶ᠎ᠡ ᠶ᠋ᠢ ᠤᠷᠲᠤᠳᠭᠠᠵᠤ᠂
ᠵᠢᠭᠤᠯᠴᠢᠯᠠᠯ ᠤ᠋ᠨ ᠬᠡᠷᠡᠭ᠌ᠯᠡᠭᠡᠨᠦ ᠪᠠᠯᠠ ᠣᠷᠣᠭᠤᠯᠤᠯᠲᠠ ᠶ᠋ᠢ ᠥᠷᠭᠡᠳᠭᠡᠨ᠂ ᠤᠯᠠᠭᠠᠨᠬᠠᠳᠠ ᠵᠢᠨ ᠡᠮᠦᠨᠡᠲᠦ
ᠬᠡᠰᠡᠭ ᠤ᠋ᠨ《ᠵᠤᠭ᠎ᠠ ᠰᠡᠯᠡᠭᠦᠴᠡᠯ ᠡᠷᠡᠭᠦᠯᠵᠢᠯ ᠰᠤᠪᠢᠯᠠᠯᠲᠠ ᠠᠮᠠᠷᠠᠯᠲᠠ ᠵᠢᠨ ᠵᠢᠭᠤᠯᠴᠢᠯᠠᠯ》ᠪᠤᠯᠤᠨ《ᠬᠤᠳᠠ ᠵᠢᠨ ᠲᠡᠭᠦᠷᠭᠡ
ᠵᠢᠨ ᠬᠥᠳᠡᠭᠡ ᠲᠣᠰᠭᠣᠨ ᠤ᠋ ᠵᠤᠭ᠎ᠠ ᠰᠡᠯᠡᠬᠦᠴᠡᠯ》ᠭᠡᠬᠦ᠌ ᠬᠣᠶᠠᠷ
ᠵᠢᠭᠤᠯᠴᠢᠯᠠᠯ ᠤ᠋ᠨ ᠲᠦᠷᠦᠯ ᠲᠡᠮᠳᠡᠭ ᠢ᠋ ᠴᠤᠭᠴᠠᠯᠠᠨ᠎ᠠ ᠬᠡᠵᠠᠢ ᠃

ᠹᠠᠩ ᠷᠦᠢ ᠲᠥᠯᠥᠭᠡᠯᠡᠭ᠌ᠴᠢ
《ᠬᠠᠷᠠᠴᠢᠨ ᠬᠣᠱᠢᠭᠤᠨ
ᠤ᠋ ᠮᠥᠰᠥ᠍ ᠴᠠᠰᠤᠨ ᠤ᠋ ᠵᠢᠭᠤᠯᠴᠢᠯᠠᠯ ᠤ᠋ᠨ ᠠᠵᠤ ᠦᠶ᠋ᠯᠡᠰᠢ ᠤᠯᠤᠰ ᠤ᠋ᠨ ᠳᠣᠲᠣᠭᠠᠳᠤ ᠵᠢᠨ ᠲᠡᠷᠢᠭᠦᠨᠦ ᠭᠠᠵᠠᠷ
ᠣᠷᠣᠨ ᠲᠠᠶ ᠬᠠᠷᠢᠴᠠᠭᠤᠯᠪᠠᠯ ᠪᠠᠰᠠ ᠨᠡᠷ᠎ᠡ ᠠᠯᠳᠠᠷᠱᠢᠯ ᠵᠢᠡᠷ ᠥᠨᠳᠥᠷ ᠪᠢᠰᠢ ᠂ ᠥᠷᠢᠰᠥᠯᠳᠦᠭᠡᠨᠦ ᠲᠦᠪᠱᠢᠨ
ᠠᠨᠠᠢ᠂ ᠰᠠᠭᠤᠷᠢ ᠲᠥᠬᠥᠭᠡᠷᠦᠮᠵᠢ ᠲᠡᠭᠦᠯᠳᠡᠷ ᠪᠤᠰᠤ ᠵᠡᠷᠭᠡ ᠠᠰᠠᠭᠤᠳᠠᠯ ᠣᠷᠣᠱᠢᠵᠤ ᠪᠠᠢᠨ᠎ᠠ᠃ ᠠᠷᠠᠳ ᠤ᠋ᠨ
ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠪᠣᠯᠤᠭ᠍ᠰᠠᠨ ᠤ᠋ ᠬᠤᠪᠢᠳᠤ᠂ ᠪᠢ ᠡᠨᠡ ᠵᠢᠯ〈ᠬᠠᠷᠠᠴᠢᠨ ᠬᠣᠱᠢᠭᠤᠨ ᠤ᠋ ᠮᠥᠰᠥ᠍ ᠴᠠᠰᠤᠨ ᠤ᠋ ᠵᠢᠭᠤᠯᠴᠢᠯᠠᠯ ᠤ᠋ᠨ ᠴᠢᠨᠠᠷ ᠰᠠᠢᠲᠠᠶ ᠬᠥᠭ᠌ᠵᠢᠯᠲᠡ
ᠶ᠋ᠢ ᠠᠬᠢᠭᠤᠯᠬᠤ ᠲᠤᠬᠠᠢ〉ᠰᠠᠨᠠᠭᠤᠯᠭ᠎ᠠ
ᠵᠢ ᠠᠪᠴᠢᠷᠠᠯ᠎ᠠ》 ᠬᠡᠮᠡᠨ ᠹᠠᠩ
ᠷᠦᠢ ᠬᠡᠯᠡᠨ᠎ᠠ ᠃
ᠲᠠᠷᠠᠭᠠᠴᠢ ᠵᠢᠨ
ᠠᠯᠬᠤᠮᠳᠤ ᠬᠠᠷᠠᠴᠢᠨ ᠬᠣᠱᠢᠭᠤᠨ ᠤ᠋ ᠵᠢᠭᠤᠯᠴᠢᠯᠠᠯ ᠤ᠋ᠨ ᠠᠵᠤ ᠦᠶ᠋ᠯᠡᠰ ᠤ᠋ᠨ ᠬᠥᠭ᠌ᠵᠢᠯᠲᠡ ᠵᠢᠨ ᠴᠢᠭ᠌ᠯᠡᠯ
ᠤ᠋ᠨ ᠲᠤᠬᠠᠶ ᠹᠠᠩ ᠷᠦᠢ ᠳᠥᠷᠪᠡᠨ ᠲᠠᠯ᠎ᠠ ᠡᠴᠡ ᠭᠠᠷᠳᠠᠵᠤ ᠂ ᠪᠥᠬᠥ᠌ ᠬᠣᠱᠢᠭᠤᠨ ᠤ᠋ ᠵᠢᠭᠤᠯᠴᠢᠯᠠᠯ ᠤ᠋ᠨ ᠲᠦᠷᠦᠯ
ᠲᠡᠮᠳᠡᠭᠢ ᠰᠠᠢᠲᠤᠷ ᠴᠣᠭ᠍ᠴᠠᠯᠠᠨᠠ ᠬᠡᠮᠡᠨ ᠢᠯᠡᠷᠬᠡᠢᠯᠡᠪᠡ ᠃ ᠨᠢᠭᠡᠳᠦ᠂ ᠭᠤᠤᠯ ᠦᠵᠡᠮᠵᠢ ᠵᠢᠨ ᠣᠷᠣᠨᠢ
ᠲᠠᠰ ᠳᠡᠪᠱᠢᠭᠦᠯᠵᠤ᠂ ᠨᠢᠭᠡᠨᠲᠡ ᠪᠠᠢᠭ᠎ᠠ ᠨᠡᠯᠢᠶᠡᠳ ᠪᠣᠯᠪᠠᠰᠤᠷᠠᠩᠭᠤᠶ ᠪᠤᠯᠤᠭᠰᠠᠨ 6 ᠦᠵᠡᠮᠵᠢ ᠵᠢᠨ ᠣᠷᠣᠨ
ᠡᠴᠡ ᠭᠠᠷᠳᠠᠨ᠂ ᠨᠡᠢᠭᠡᠮ ᠤ᠋ᠨ ᠬᠥᠷᠥᠩᠭᠡ ᠶ᠋ᠢ ᠢᠳᠡᠪᠬᠢᠲᠡᠶ ᠣᠷᠣᠭᠤᠯᠤᠨ ᠠᠪᠴᠢᠷᠠᠵᠤ ᠰᠣᠶᠣᠯ ᠵᠢᠭᠤᠯᠴᠢᠯᠠᠯ
ᠤ᠋ᠨ ᠠᠭᠤᠰᠤᠯᠴᠠᠯ ᠤ᠋ᠨ ᠪᠥᠲᠥᠭᠡᠨ ᠪᠠᠢᠭᠤᠯᠤᠯᠲᠠ ᠵᠢᠨ ᠲᠥᠷᠥᠯ ᠵᠦᠶ᠋ᠯᠳᠦ ᠣᠷᠣᠯᠴᠠᠭᠤᠯᠵᠤ ᠂ ᠦᠵᠡᠮᠵᠢ ᠵᠢᠨ
ᠣᠷᠣᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠤᠨᠠ ᠃ ᠬᠣᠶᠠᠷ ᠲᠦ᠍ ᠂ ᠰᠣᠶᠣᠯ ᠤ᠋ᠨ ᠱᠢᠨ᠎ᠡ ᠡᠬᠦᠳᠤᠯᠳᠡ ᠲᠠᠢ
ᠵᠢᠭᠤᠯᠴᠢᠯᠠᠯ ᠤ᠋ᠨ ᠦᠢᠯᠡᠳᠬᠦᠨᠢ ᠢᠳᠡᠪᠬᠢᠲᠡᠶ ᠪᠡᠷ ᠨᠡᠭᠡᠭᠡᠨ ᠬᠥᠭ᠌ᠵᠢᠭᠦᠯᠵᠦ᠍᠂ ᠠᠵᠤ ᠦᠢᠯᠡᠰ ᠤ᠋ᠨ ᠬᠡᠯᠬᠢᠶ᠎ᠡ
ᠶ᠋ᠢ ᠤᠷᠲᠤᠳᠭᠠᠨ ᠂ ᠵᠢᠭᠤᠯᠴᠢᠯᠠᠯ ᠤ᠋ᠨ ᠦᠢᠯᠡᠴᠢᠯᠡᠭᠡᠨᠦ ᠬᠠᠩᠭᠠᠯᠭ᠎ᠠ ᠵᠢᠨ ᠲᠦᠪᠰᠢᠨ ᠢ᠋ ᠳᠡᠭᠡᠭ᠌ᠰᠢᠯᠡᠭᠦᠯᠦᠨᠡ
᠃ ᠭᠤᠷᠪᠠᠳᠤ ᠂ ᠰᠠᠭᠤᠷᠢ ᠲᠥᠬᠥᠭᠡᠷᠦᠮᠵᠢ ᠵᠢᠨ ᠳᠤᠲᠠᠭᠤᠳᠠᠯᠢ ᠨᠥᠬᠥᠪᠥᠷᠢᠯᠡᠵᠦ᠍᠂ ᠲᠤᠰᠭᠠᠢ ᠪᠡᠯᠡ ᠮᠥᠩᠭᠥ᠌
ᠣᠷᠣᠭᠤᠯᠤᠨ ᠵᠠᠮ ᠬᠠᠷᠢᠯᠴᠠᠭ᠎ᠠ᠂ ᠴᠢᠮᠡᠭᠡ ᠬᠣᠯᠪᠣᠭ᠎ᠠ᠂ ᠡᠷᠡᠭᠦᠯ ᠬᠠᠮᠠᠭᠠᠯᠠᠯ ᠵᠡᠷᠭᠡ ᠵᠢᠨ ᠬᠠᠮᠲᠤᠪᠠᠷ
ᠡᠳ᠋ᠯᠡᠬᠦ᠌ ᠰᠠᠭᠤᠷᠢ ᠲᠥᠬᠥᠭᠡᠷᠦᠮᠵᠢ ᠵᠢᠨ ᠱᠢᠰᠲ᠋ᠧᠮᠢ ᠲᠡᠭᠦᠯᠳᠡᠷᠵᠢᠭᠦᠯᠬᠦ ᠳ᠋ᠤ ᠬᠡᠷᠡᠭ᠌ᠯᠡᠵᠦ᠍᠂ ᠵᠢᠭᠤᠯᠴᠢᠯᠠᠯ
ᠤ᠋ᠨ ᠤᠯᠠᠨ ᠨᠡᠢᠲᠡ ᠵᠢᠨ ᠦᠢᠯᠡᠴᠢᠯᠡᠭᠡᠨᠦ ᠱᠢᠰᠲ᠋ᠧᠮᠢ ᠦᠷᠭᠦᠯᠵᠢᠯᠡᠨ ᠪᠦᠷᠢᠨᠱᠢᠬᠦᠯᠤᠨᠠ᠃ ᠳᠥᠷᠪᠡ ᠳ᠋ᠤ
᠂ ᠵᠢᠭᠤᠯᠴᠢᠯᠠᠯ ᠤ᠋ᠨ ᠤᠬᠠᠭᠤᠯᠭ᠎ᠠ ᠲᠠᠨᠢᠯᠴᠠᠭᠤᠯᠭ᠎ᠠ ᠶ᠋ᠢ ᠰᠠᠢᠲᠤᠷ ᠬᠢᠵᠦ᠍᠂ ᠤᠯᠠᠮᠵᠢᠯᠠᠯᠲᠤ ᠵᠠᠭᠤᠴᠢᠯᠠᠭᠤᠷ
ᠪᠠ ᠱᠢᠨ᠎ᠡ ᠵᠠᠭᠤᠴᠢᠯᠠᠭᠤᠷ ᠢ᠋ ᠬᠠᠷᠢᠯᠴᠠᠨ ᠤᠶᠠᠯᠳᠤᠭᠤᠯᠬᠤ ᠶ᠋ᠢ ᠪᠠᠷᠢᠮᠲᠠᠯᠠᠨ᠂ ᠵᠢᠭᠤᠯᠴᠢᠯᠠᠯ ᠤ᠋ᠨ ᠲᠥᠷᠥᠯ
ᠲᠡᠮᠳᠡᠭ᠌ ᠵᠢᠡᠨ ᠪᠥᠬᠥ᠌ ᠲᠠᠯ᠎ᠠ ᠪᠠᠷ᠂ ᠪᠣᠰᠣᠭ᠎ᠠ ᠴᠣᠭ᠍ᠴᠠ ᠪᠠᠷ ᠤᠬᠠᠭᠤᠯᠵᠤ᠂ ᠨᠡᠷ᠎ᠡ ᠠᠯᠳᠠᠷᠱᠢᠯ ᠪᠠ ᠨᠥᠯᠥᠭᠡᠯᠡᠬᠦ᠌
ᠬᠦᠴᠦᠨᠢ ᠨᠢ ᠳᠡᠭᠡᠭ᠌ᠰᠢᠯᠡᠭᠦᠯᠦᠨᠡ ᠃
ᠵᠤᠬᠢᠶᠠᠯ \ ᠵᠢᠷᠤᠬ᠄ ᠲᠤᠰ ᠰᠣᠨᠢᠨ ᠤ᠋ ᠰᠤᠷᠪᠤᠯᠵᠢᠯᠠᠭ᠍ᠴᠢ ᠯᠢ ᠬᠠᠨ ᠵᠢᠨ ᠴᠢᠤᠸᠠᠨ