《ᠠᠮᠢ ᠠᠬᠤᠢ ᠵᠢᠨ
ᠪᠣᠯᠪᠠᠰᠤᠨ ᠤ᠋ ᠪᠠᠢᠭᠤᠯᠤᠯᠲᠠ ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ ᠵᠢᠨ ᠲᠣᠭ᠍ᠲᠠᠯ ᠬᠦᠴᠦᠨ ᠵᠢᠡᠨ ᠪᠠᠲᠤᠯᠠᠨ᠂ ᠠᠮᠢ ᠠᠬᠤᠢ ᠣᠷᠴᠢᠨ ᠲᠣᠭᠣᠷᠢᠨ ᠤ᠋ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠵᠤ᠂ ᠥᠪᠥᠷ ᠮᠣᠩᠭᠣᠯ
ᠤ᠋ᠨ ᠡᠨᠡ ᠬᠦ᠌ ᠨᠣᠮᠢᠨ ᠨᠣᠭᠣᠭᠠᠨ᠂ ᠬᠥᠬᠡᠮᠳᠦᠭ ᠴᠡᠩᠬᠡᠷ ᠂ ᠠᠷᠢᠭᠤᠨ ᠴᠡᠪᠡᠷ ᠢ᠋ ᠰᠠᠢᠲᠤᠷ ᠰᠠᠬᠢᠨ ᠬᠠᠮᠠᠭᠠᠯᠠᠬᠤ
ᠬᠡᠷᠡᠭ᠌ᠲᠡᠢ》ᠬᠡᠰᠡᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠡᠬᠢ ᠠᠮᠢ ᠠᠬᠤᠢ ᠣᠷᠴᠢᠨ ᠲᠣᠭᠣᠷᠢᠨ
ᠤ᠋ ᠬᠠᠮᠠᠭᠠᠯᠠᠯᠲᠠ ᠵᠠᠰᠠᠯᠲᠠ ᠶ᠋ᠢ ᠬᠦᠴᠦᠯᠡᠨ ᠰᠠᠢᠲᠤᠷ ᠠᠳᠭᠤᠬᠤ ᠲᠤᠬᠠᠢ ᠥᠭᠦᠯᠡᠯᠲᠡ ᠨᠢ ᠥᠪᠡᠷᠲᠡᠭᠡᠨ ᠵᠠᠰᠠᠬᠤ
ᠣᠷᠣᠨ ᠤ᠋ ᠤᠯᠤᠰ ᠲᠦᠷᠦ᠍ ᠵᠢᠨ ᠵᠥᠪᠯᠡᠯᠭᠡᠨᠦ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠣᠷᠴᠢᠨ ᠲᠣᠭᠣᠷᠢᠨ
ᠤ᠋ ᠬᠠᠮᠠᠭᠠᠯᠠᠯᠲᠠ ᠵᠢᠨ ᠨᠡᠢᠭᠡᠮᠯᠢᠭ ᠤ᠋ᠨ ᠳᠠᠷᠤᠭ᠎ᠠ ᠯᠢ ᠵᠠᠨ ᠱᠧᠩ ᠢ ᠶᠡᠬᠡ ᠪᠡᠷ ᠤᠷᠮᠠᠱᠢᠭᠤᠯᠪᠠ᠃《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ᠂ ᠭᠠᠭᠴᠠ ᠬᠦ᠌ ᠠᠮᠢ
ᠠᠬᠤᠢ ᠣᠷᠴᠢᠨ ᠲᠣᠭᠣᠷᠢᠨ ᠢ᠋ ᠰᠠᠢᠲᠤᠷ ᠬᠠᠮᠠᠭᠠᠯᠠᠪᠠᠯ ᠨᠡᠢᠭᠡᠮ ᠰᠠᠶᠢ ᠤᠷᠳᠤ ᠬᠤᠭᠤᠴᠠᠭ᠎ᠠ ᠪᠠᠷ ᠡᠷᠡᠭᠦᠯ ᠵᠢᠡᠷ
ᠬᠥᠭ᠌ᠵᠢᠵᠦ᠍ ᠴᠢᠳᠠᠨ᠎ᠠ》ᠬᠡᠵᠤ ᠲᠡᠷᠡ
ᠡᠨᠡ ᠤᠳᠠᠭ᠎ᠠ ᠵᠢᠨ ᠶᠡᠬᠡ ᠬᠤᠷᠠᠯ ᠳ᠋ᠤ《ᠮᠠᠨ ᠤ᠋ ᠣᠷᠣᠨ
ᠤ᠋ ᠪᠣᠬᠢᠷ ᠤᠰᠤ ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠶ᠋ᠢ ᠲᠦᠷᠭᠡᠳᠭᠡᠨ ᠠᠬᠢᠭᠤᠯᠵᠤ᠂ ᠬᠠᠳᠤᠨ ᠭᠣᠣᠯ
ᠤ᠋ᠨ ᠰᠠᠪᠠ ᠭᠠᠵᠠᠷ ᠤ᠋ᠨ ᠠᠮᠢ ᠠᠬᠤᠢ ᠵᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ ᠳ᠋ᠤ ᠬᠦᠴᠦᠨ
ᠨᠡᠮᠡᠷᠢᠯᠡᠬᠦ᠌》ᠲᠤᠬᠠᠢ ᠰᠠᠨᠠᠯ ᠳᠤᠷᠠᠳᠤᠯᠭ᠎ᠠ ᠪᠡᠨ ᠳᠡᠪᠱᠢᠭᠦᠯᠪᠡ᠃

ᠯᠢ ᠵᠠᠨ ᠱᠧᠩ ᠭᠡᠱᠢᠭᠦᠨ
ᠯᠢ ᠵᠠᠨ ᠱᠧᠩ᠂ ᠥᠪᠥᠷ ᠮᠣᠩᠭᠣᠯ ᠭᠠᠩ ᠬᠠᠭᠤᠷᠠᠶ ᠬᠠᠭᠠᠰ ᠭᠠᠩ ᠬᠠᠭᠤᠷᠠᠶ ᠭᠠᠵᠠᠷ ᠣᠷᠣᠨ ᠳ᠋ᠤ ᠣᠷᠣᠱᠢᠵᠤ ᠂ ᠤᠰᠤᠨ ᠤ᠋ ᠡᠬᠢ
ᠪᠠᠶᠠᠯᠢᠭ ᠵᠢᠡᠷ ᠲᠤᠳᠠᠮᠠᠭ ᠶᠤᠮ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌
ᠪᠡᠷ ᠤᠳᠤᠷᠢᠳᠤᠮᠵᠢ ᠪᠣᠯᠭᠠᠨ᠂ ᠣᠷᠣᠨ ᠪᠦᠰᠡ ᠵᠢᠨ ᠠᠵᠤ ᠠᠬᠤᠶ ᠨᠡᠢᠭᠡᠮ ᠤ᠋ᠨ ᠬᠥᠭ᠌ᠵᠢᠯᠲᠡ ᠶ᠋ᠢ ᠬᠢᠵᠠᠭᠠᠷᠯᠠᠵᠤ
ᠪᠠᠢᠭ᠎ᠠ ᠤᠰᠤᠨ ᠤ᠋ ᠡᠬᠢ ᠪᠠᠶᠠᠯᠢᠭ ᠤ᠋ᠨ《ᠬᠠᠩᠭᠠᠯᠭ᠎ᠠ
ᠬᠡᠷᠡᠭ᠌ᠴᠡᠭᠡ ᠵᠢᠨ ᠪᠣᠭᠣᠮᠢ》ᠵᠢᠨ ᠠᠰᠠᠭᠤᠳᠠᠯ
ᠢ᠋ ᠱᠢᠪᠲᠤᠯᠬᠤ ᠪᠣᠯ ᠮᠠᠨ ᠤ᠋ ᠣᠷᠣᠨ ᠤ᠋《ᠠᠷᠪᠠᠨ ᠳᠥᠷᠪᠡᠳᠦᠭᠡᠷ
ᠲᠠᠪᠤᠨ ᠵᠢᠯ》᠂ ᠴᠢᠨᠠᠭ᠍ᠰᠢᠯᠠᠪᠠᠯ ᠨᠠᠩ ᠣᠷᠳᠣ ᠬᠤᠭᠤᠴᠠᠭᠠᠨ ᠤ᠋ ᠴᠢᠬᠤᠯᠠ ᠶᠡᠬᠡ ᠡᠭᠦᠷᠭᠡ ᠪᠣᠯᠤᠨ᠎ᠠ ᠭᠡᠪᠡ᠃
ᠲᠡᠷᠡ᠂ ᠡᠩ
ᠲᠡᠷᠢᠭᠦᠨ ᠳ᠋ᠤ ᠬᠥᠬᠡᠬᠣᠲᠠ ᠪᠤᠭᠤᠲᠤ ᠤᠷᠳᠤᠰ ᠣᠷᠣᠨ ᠵᠢᠡᠷ ᠭᠣᠣᠯᠳᠠᠯᠭ᠎ᠠ ᠪᠣᠯᠭᠠᠵᠤ᠂ ᠬᠤᠳᠠ ᠪᠠᠯᠭᠠᠰᠤᠨ ᠤ᠋
ᠠᠮᠢᠳᠤᠷᠠᠯ ᠤ᠋ᠨ ᠪᠣᠬᠢᠷ ᠤᠰᠤ ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠪᠠᠷ ᠱᠢᠪᠲᠤᠯᠤᠯᠲᠠ ᠪᠣᠯᠭᠠᠨ ᠂
ᠠᠵᠤ ᠦᠢᠯᠡᠳᠪᠦᠷᠢ ᠵᠢᠨ ᠬᠠᠶᠠᠭ᠍ᠳᠠᠮᠠᠯ ᠤᠰᠤ ᠶ᠋ᠢ ᠳᠠᠬᠢᠨ ᠠᠱᠢᠭ᠍ᠯᠠᠬᠤ ᠪᠠᠷ ᠭᠣᠣᠯ ᠠᠷᠭ᠎ᠠ ᠵᠠᠮ ᠪᠣᠯᠭᠠᠵᠤ
᠂ ᠲᠤᠷᠱᠢᠯᠲᠠ ᠵᠢᠨ ᠴᠡᠭ ᠤ᠋ᠨ ᠵᠢᠱ᠌ᠢᠢᠡ ᠦᠵᠡᠭᠦᠯᠬᠦ᠌ ᠠᠵᠢᠯ ᠢ᠋ ᠥᠷᠨᠢᠭᠦᠯᠤᠨ ᠂ ᠮᠠᠨ ᠤ᠋ ᠣᠷᠣᠨ ᠤ᠋ ᠪᠣᠬᠢᠷ
ᠤᠰᠤ ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠶᠡᠷᠦᠩᠬᠡᠢ ᠲᠦᠪᠱᠢᠨ ᠢ᠋ ᠳᠡᠭᠡᠭ᠌ᠰᠢᠯᠡᠭᠦᠯᠬᠦ᠌ ᠬᠡᠷᠡᠭ᠌ᠲᠡᠢ
᠃ ᠬᠣᠲᠠ ᠪᠠᠯᠭᠠᠰᠤ ᠵᠢᠨ ᠪᠣᠬᠢᠷ ᠤᠰᠤ ᠂ ᠴᠡᠪᠡᠷᠰᠢᠭᠦᠯᠦᠭᠰᠡᠨ ᠤᠰᠤ ᠶ᠋ᠢ ᠡᠭᠡᠭᠦᠯᠦᠨ ᠬᠡᠷᠡᠭ᠌ᠯᠡᠬᠦ᠌ ᠪᠠ ᠠᠵᠤ
ᠦᠢᠯᠡᠳᠪᠦᠷᠢ ᠵᠢᠨ ᠬᠠᠶᠠᠭ᠍ᠳᠠᠮᠠᠯ ᠤᠰᠤ ᠶ᠋ᠢ ᠲᠥᠪᠯᠡᠷᠡᠭᠦᠯᠦᠨ ᠱᠢᠶ᠋ᠳᠪᠦᠷᠢᠯᠡᠬᠦ ᠱᠢᠨᠵᠢᠯᠡᠬᠦ᠌ ᠤᠬᠠᠭᠠᠨ ᠲᠧᠭ᠌ᠨᠢᠭ
ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠭᠣᠣᠯᠳᠠᠯᠭ᠎ᠠ ᠲᠠᠶ ᠵᠢᠱ᠌ᠢᠶ᠎ᠡ ᠦᠵᠡᠭᠦᠯᠬᠦ᠌ ᠢᠨᠵᠧᠨᠧᠷᠢᠩ ᠤ᠋ᠨ ᠪᠦᠲᠦᠭᠡᠨ
ᠪᠠᠢᠭᠤᠯᠤᠯᠲᠠ ᠶ᠋ᠢ ᠲᠦᠷᠭᠡᠳᠭᠡᠨ ᠠᠬᠢᠭᠤᠯᠵᠤ ᠂ ᠠᠵᠤ ᠠᠬᠤᠢᠯᠠᠯ ᠤ᠋ᠨ ᠮᠡᠷᠭᠡᠵᠢᠯ ᠤ᠋ᠨ ᠳᠠᠪᠠᠭᠤᠯᠢᠭ᠂ ᠮᠡᠳᠡᠯᠭᠡ
ᠵᠢᠨ ᠪᠦᠲᠦᠭᠡᠭ᠌ᠳᠡᠬᠦᠨᠦ ᠥᠮᠴᠢᠯᠡᠬᠦ᠌ ᠡᠷᠬᠡ ᠵᠢᠨ ᠳᠠᠪᠠᠭᠤᠯᠢᠭ ᠢ᠋ ᠭᠦᠢᠴᠡᠳ ᠪᠠᠳᠠᠷᠠᠭᠤᠯᠤᠨ ᠂ ᠴᠢᠨᠠᠷ ᠰᠠᠢᠲᠠᠶ᠂ ᠦᠷᠭᠦᠯᠵᠢᠯᠡᠬᠦ ᠬᠦᠭᠵᠢᠯᠳᠡ ᠲᠠᠢ ᠂ ᠵᠢᠷᠤᠮᠯᠠᠨ ᠳᠠᠭᠤᠷᠢᠶᠠᠵᠤ ᠪᠣᠯᠬᠤ ᠪᠣᠬᠢᠷ ᠤᠰᠤ ᠶ᠋ᠢ ᠡᠬᠢ ᠪᠠᠶᠠᠯᠢᠭ᠍ᠵᠢᠭᠤᠯᠤᠨ
ᠠᠱᠢᠭ᠍ᠯᠠᠬᠤ ᠵᠢᠱ᠌ᠢᠶ᠎ᠡ ᠦᠵᠡᠭᠦᠯᠬᠦ᠌ ᠲᠥᠷᠥᠯ ᠵᠦᠢᠯ ᠢ᠋ ᠪᠦᠲᠦᠭᠡᠨ ᠪᠠᠢᠭᠤᠯᠵᠤ᠂ ᠮᠠᠨ ᠤ᠋ ᠣᠷᠣᠨ ᠤ᠋ ᠠᠵᠤ
ᠦᠢᠯᠡᠳᠪᠦᠷᠢ ᠵᠢᠨ ᠬᠠᠶᠠᠭ᠍ᠳᠠᠮᠠᠯ ᠤᠰᠤ ᠶ᠋ᠢ ᠪᠦᠬᠦᠨ ᠢ᠋ ᠭᠠᠳᠠᠭᠰᠢᠯᠠᠭᠤᠯᠬᠤ ᠦᠭᠡᠢ ᠪᠡᠷ ᠠᠰᠢᠬᠯᠠᠵᠤ ᠪᠤᠯᠬᠤ
ᠪᠠᠷᠢᠮᠵᠢᠶ᠎ᠠ ᠳ᠋ᠤ ᠬᠦᠷᠬᠡᠬᠦ ᠶ᠋ᠢ ᠠᠬᠢᠭᠤᠯᠵᠤ᠂ ᠮᠠᠨ ᠤ᠋ ᠣᠷᠣᠨ ᠤ᠋ ᠠᠵᠤ ᠦᠢᠯᠡᠳᠪᠦᠷᠢ ᠳ᠋ᠤ ᠬᠡᠷᠡᠭ᠌ᠯᠡᠬᠦ᠌
ᠤᠰᠤ ᠶ᠋ᠢ ᠪᠦᠬᠦᠨ ᠢ᠋ ᠲᠠᠬᠢᠨ ᠠᠰᠢᠬᠯᠠᠬᠤ ᠴᠡᠪᠡᠷᠰᠢᠭᠦᠯᠦᠭᠰᠡᠨ ᠤᠰᠤ ᠪᠠ ᠳᠠᠬᠢᠨ ᠠᠱᠢᠭ᠍ᠯᠠᠬᠤ ᠠᠵᠤ ᠦᠢᠯᠡᠳᠪᠦᠷᠢ
ᠵᠢᠨ ᠬᠠᠶᠠᠭ᠍ᠳᠠᠮᠠᠯ ᠤᠰᠤ ᠪᠤᠯᠬᠤ ᠵᠢ ᠪᠡᠶᠡᠯᠡᠭᠦᠯᠵᠦ᠍ ᠂ ᠤᠰᠤᠨ ᠤ᠋ ᠡᠬᠢ ᠪᠠᠶᠠᠯᠢᠭ ᠤ᠋ᠨ《ᠬᠠᠩᠭᠠᠯᠭ᠎ᠠ ᠬᠡᠷᠡᠭ᠌ᠴᠡᠭᠡ ᠵᠢᠨ ᠪᠣᠭᠣᠮᠢ》ᠵᠢᠨ ᠠᠰᠠᠭᠤᠳᠠᠯ
ᠢ᠋ ᠦᠨᠡᠨ ᠬᠦ᠌ ᠱᠢᠶ᠋ᠳᠪᠦᠷᠢᠯᠡᠬᠦ ᠬᠡᠷᠡᠭᠳᠠᠢ ᠃ ᠬᠠᠮᠠᠭᠠᠯᠠᠯᠲᠠ ᠶ᠋ᠢ ᠠᠳᠭᠤᠨ ᠵᠠᠰᠠᠯᠲᠠ ᠶ᠋ᠢ ᠴᠢᠩᠭᠠᠳᠭᠠᠬᠤ
ᠪᠠᠷ ᠳᠠᠮᠵᠢᠨ ᠬᠡᠯᠪᠡᠷᠢ ᠪᠡᠨ ᠬᠤᠪᠢᠷᠠᠭᠤᠯᠬᠤ ᠶ᠋ᠢ ᠠᠬᠢᠭᠤᠯᠵᠤ ᠂ ᠤᠰᠤᠨ ᠤ᠋ ᠪᠣᠬᠢᠷᠲᠤᠯ ᠢ᠋ ᠰᠡᠷᠭᠡᠢᠯᠡᠨ
ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠡᠷᠡᠰ ᠰᠠᠢᠲᠤᠷ ᠬᠢᠬᠦ᠌ ᠬᠡᠷᠡᠭ᠌ᠲᠡᠢ ᠭᠡᠵᠤ ᠰᠠᠨᠠᠭᠤᠯᠪᠠ
᠃
ᠵᠤᠬᠢᠶᠠᠯ \ ᠵᠢᠷᠤᠬ ᠄ ᠲᠤᠰ ᠰᠣᠨᠢᠨ ᠤ᠋ ᠰᠤᠷᠪᠤᠯᠵᠢᠯᠠᠭ᠍ᠴᠢ ᠱᠢᠤᠸᠠᠢ ᠯᠠᠶ ᠮᠦᠩᠭᠡᠴᠢᠯᠠᠭᠤ