ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ 23 ᠤ᠋ ᠴᠠᠬᠢᠯᠭᠠᠨ ᠮᠡᠳᠡᠭᠡ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠢ ᠪᠠᠶᠠᠷᠯᠠᠨ ᠤᠭ᠍ᠲᠤᠵᠤ ᠪᠠᠢᠭ᠎ᠠ ᠲᠠᠱᠢᠷᠠᠮᠳ᠋ᠦ᠂ ᠨᠠᠮ᠎ᠤᠨ ᠲᠥᠪ ᠬᠣᠷᠢᠶᠠᠨ᠎ᠤ ᠵᠥᠪᠱᠢᠶᠡᠷᠡᠯ᠎ᠢᠶᠡᠷ᠂ ᠨᠠᠮ᠎ᠤᠨ ᠲᠥᠪ ᠬᠣᠷᠢᠶᠠᠨ᠎ᠤ ᠤᠬᠠᠭᠤᠯᠬᠤ ᠬᠡᠯᠲᠡᠰ᠎ᠡᠴᠡ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠭ᠌ᠰᠡᠨ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠤᠷᠲᠠᠯ ᠤᠬᠠᠭᠤᠯᠭ᠎ᠠ᠎ᠶ᠋ᠢᠨ ᠠᠵᠢᠯ᠎ᠤᠨ ᠲᠣᠪᠴᠢ ᠲᠡᠦᠬᠡ》ᠬᠡᠮᠡᠬᠥ ᠨᠣᠮ᠎ᠢ ᠠᠷᠠᠳ᠎ᠤᠨ ᠬᠡᠪᠯᠡᠯ᠎ᠦᠨ ᠬᠣᠷᠢᠶ᠎ᠠ ᠡᠴᠡ ᠬᠡᠪᠯᠡᠭᠦᠯᠵᠦ᠍᠂ ᠲᠤᠰ ᠡᠳᠦᠷ᠎ᠡᠴᠡ ᠡᠬᠢᠯᠡᠨ ᠪᠦᠬᠦ᠌ ᠤᠯᠤᠰ᠎ᠲᠤ ᠲᠠᠷᠬᠠᠭᠠᠪᠠ᠃
ᠡᠭᠡ ᠪᠢᠴᠢᠭ᠎ᠢ ᠨᠠᠢᠷᠠᠭᠤᠯᠤᠨ ᠪᠢᠴᠢᠬᠦ᠌ ᠶᠠᠪᠤᠴᠠ᠎ᠳᠤ᠂ ᠶᠡᠷᠦᠩᠬᠡᠢ ᠱᠦᠵᠢ ᠰᠢ ᠵᠢᠨ ᠫᠢᠩ ᠳᠣᠲᠣᠨᠣ ᠬᠠᠯᠠᠮᠵᠢᠯᠠᠯ ᠦᠵᠡᠭᠦᠯᠵᠦ᠍᠂ ᠴᠢᠬᠤᠯᠠ ᠴᠣᠬᠣᠯᠠᠪᠤᠷᠢ ᠥᠭ᠌ᠴᠦ᠂ ᠲᠥᠪ᠎ᠦᠨ ᠤᠳᠤᠷᠢᠳᠭᠤ ᠨᠥᠬᠥᠳ ᠤᠯᠠᠨ ᠤᠳᠠᠭ᠎ᠠ ᠲᠤᠭᠤᠷᠪᠢᠨ ᠪᠢᠴᠢᠬᠦ᠌ ᠪᠠ ᠵᠠᠰᠠᠪᠤᠷᠢ ᠣᠷᠣᠭᠤᠯᠬᠤ ᠠᠵᠢᠯᠳ᠋ᠦ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠥᠪ᠎ᠦᠨ ᠵᠣᠬᠢᠶᠠᠨ ᠪᠠᠢᠭᠤᠯᠬᠤ ᠬᠡᠯᠲᠡᠰ᠂ ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠂ ᠲᠥᠪ᠎ᠦᠨ ᠳᠠᠩᠰᠠ ᠡᠪᠬᠡᠮᠡᠯ᠎ᠦᠨ ᠣᠷᠳᠣᠨ(ᠤᠯᠤᠰ᠎ᠤᠨ ᠳᠠᠩᠰᠠ ᠡᠪᠬᠡᠮᠡᠯ᠎ᠦᠨ ᠲᠣᠪᠴᠢᠶ᠎ᠠ)ᠵᠡᠷᠭᠡ ᠲᠥᠪ᠎ᠦᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠵᠢᠨ ᠬᠢᠨ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠪᠠ᠃
ᠲᠤᠰ ᠨᠣᠮ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠲᠡᠦᠬᠡ᠎ᠶ᠋ᠢᠨ ᠪᠣᠳᠠᠰᠴᠢ ᠦᠵᠡᠯᠲᠡ ᠪᠠ ᠨᠠᠮ᠎ᠤᠨ ᠲᠡᠦᠬᠡ᠎ᠶ᠋ᠢᠨ ᠵᠥᠪ ᠦᠵᠡᠯᠲᠡ᠎ᠶ᠋ᠢ ᠪᠠᠷᠢᠮᠲᠠᠯᠠᠵᠤ᠂ ᠦᠵᠡᠯ ᠰᠠᠨᠠᠭ᠎ᠠ᠎ᠪᠠᠨ ᠴᠢᠯᠥᠭᠡᠯᠡᠬᠦ᠌᠂ ᠦᠨᠡᠨ᠎ᠡᠴᠡ ᠵᠥᠪ᠎ᠢ ᠡᠷᠢᠬᠦ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ ᠶ᠋ᠢ ᠪᠠᠷᠢᠮᠲᠠᠯᠠᠵᠤ᠂ ᠨᠠᠮ᠎ᠤᠨ ᠭᠤᠷᠪᠠᠨ ᠲᠡᠦᠬᠡ᠎ᠳᠤ ᠱᠢᠶ᠋ᠳᠪᠦᠷᠢ᠎ᠶ᠋ᠢ ᠴᠢᠩᠭ᠎ᠠ ᠵᠢᠷᠤᠮᠯᠠᠵᠤ᠂ ᠲᠣᠭ᠎ᠢ ᠮᠠᠨᠳᠤᠭᠤᠯᠬᠤ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ᠂ ᠱᠢᠨ᠎ᠡ ᠬᠥᠮᠦᠨ᠎ᠢ ᠬᠥᠮᠦᠵᠢᠭᠦᠯᠬᠦ᠂ ᠰᠣᠶᠣᠯ᠎ᠢ ᠮᠠᠨᠳᠤᠭᠤᠯᠬᠤ᠂ ᠳᠦᠷᠢ ᠲᠥᠷᠬᠦ᠌᠎ᠪᠡᠨ ᠢᠯᠡᠷᠡᠭᠦᠯᠬᠦ᠌ ᠡᠭᠦᠷᠭᠡ ᠬᠠᠷᠢᠭᠤᠴᠠᠯᠭ᠎ᠠ ᠵᠢ ᠲᠤᠪᠤᠢᠯᠭᠠᠵᠤ᠂ ᠨᠠᠮ᠎ᠤᠨ ᠰᠤᠷᠳᠠᠯ ᠤᠬᠠᠭᠤᠯᠭ᠎ᠠ᠎ᠶ᠋ᠢᠨ ᠠᠵᠢᠯ᠎ᠤᠨ ᠵᠠᠭᠤᠨ ᠵᠢᠯ᠎ᠦᠨ ᠲᠤᠷᠱᠢ ᠨᠠᠮ ᠪᠠ ᠠᠷᠠᠳ ᠲᠦᠮᠡᠨ᠎ᠦ ᠦᠶ᠋ᠯᠡᠰ᠎ᠦᠨ ᠬᠥᠭ᠌ᠵᠢᠯᠲᠡ᠎ᠳᠦ ᠦᠶ᠋ᠯᠡᠴᠢᠯᠡᠭ᠌ᠰᠡᠨ ᠠᠭᠤᠤ ᠶᠡᠬᠡ ᠥᠩᠭᠡᠷᠡᠯᠲᠡ ᠪᠠ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠦᠨᠡᠨᠴᠢ᠎ᠪᠡᠷ ᠲᠡᠮᠳᠡᠭ᠌ᠯᠡᠵᠤ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠬᠰᠠᠨ ᠨᠠᠮ᠎ᠤᠨ ᠲᠥᠪ ᠬᠣᠷᠢᠶᠠᠨ᠎ᠤ ᠰᠤᠷᠳᠠᠯ ᠤᠬᠠᠭᠤᠯᠭ᠎ᠠ᠎ᠶ᠋ᠢᠨ ᠠᠵᠢᠯ᠎ᠢ ᠤᠳᠤᠷᠢᠳᠴᠤ ᠣᠯᠤᠭ᠍ᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠪᠠ ᠲᠡᠦᠬᠡᠲᠦ ᠴᠢᠨᠠᠷᠲᠠᠶ ᠬᠤᠪᠢᠰᠤᠯᠲᠠ᠎ᠶ᠋ᠢ ᠭᠦᠶ᠋ᠴᠡᠳ ᠲᠤᠰᠭᠠᠵᠤ᠂ ᠨᠠᠮ᠎ᠤᠨ ᠰᠤᠷᠳᠠᠯ ᠤᠬᠠᠭᠤᠯᠭ᠎ᠠ᠎ᠶ᠋ᠢᠨ ᠲᠡᠦᠬᠡᠨ ᠳᠡᠭᠡᠷᠡᠬᠢ ᠴᠢᠬᠤᠯᠠ ᠦᠵᠡᠯ ᠰᠠᠨᠠᠭ᠎ᠠ᠂ ᠴᠢᠬᠤᠯᠠ ᠴᠢᠭ᠌ᠯᠡᠯᠲᠡ᠂ ᠴᠢᠬᠤᠯᠠ ᠬᠡᠷᠡᠭ ᠶᠠᠪᠤᠳᠠᠯ᠂ ᠴᠢᠬᠤᠯᠠ ᠠᠵᠢᠯᠯᠠᠭ᠎ᠠ ᠶ᠋ᠢ ᠨᠠᠷᠢᠨ ᠬᠢᠨᠠᠮᠠᠭᠠᠶ ᠲᠡᠮᠳᠡᠭ᠌ᠯᠡᠵᠤ᠂ ᠨᠠᠮ᠎ᠤᠨ ᠰᠤᠷᠲᠠᠯ ᠤᠬᠠᠭᠤᠯᠭ᠎ᠠ᠎ᠶ᠋ᠢᠨ ᠠᠵᠢᠯ᠎ᠤᠨ ᠱᠢᠯᠢᠳᠡᠭ ᠤᠯᠠᠮᠵᠢᠯᠠᠯ ᠪᠤᠯᠤᠨ ᠡᠷᠬᠢᠮ ᠨᠠᠨᠳᠢᠨ ᠲᠤᠷᠱᠢᠯᠭ᠎ᠠ᠎ᠶ᠋ᠢ ᠱᠢᠰᠲ᠋ᠧᠮ᠎ᠲᠡᠶ ᠳ᠋ᠦᠩᠨᠡᠵᠤ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ ᠪᠠ ᠮᠠᠨ᠎ᠤ ᠨᠠᠮ᠎ᠤᠨ ᠥᠪᠡᠷᠮᠢᠴᠡ ᠦᠵᠡᠯ ᠰᠠᠨᠠᠭ᠎ᠠ ᠤᠯᠤᠰ ᠲᠥᠷᠥ᠎ᠶ᠋ᠢᠨ ᠳᠠᠪᠠᠭᠤᠯᠢᠭ᠎ᠢ ᠲᠦᠪᠯᠡᠷᠡᠩᠭᠦᠢ ᠬᠠᠷᠠᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠵᠤ ᠤᠷᠲᠤ ᠬᠤᠭᠤᠴᠠᠭ᠎ᠠ ᠪᠦᠲᠦᠮᠵᠢᠲᠡᠶ ᠪᠣᠯᠭᠠᠬᠤ ᠴᠢᠬᠤᠯᠠ ᠤᠩᠱᠢᠬᠤ ᠪᠢᠴᠢᠭ ᠮᠥᠨ᠂ ᠨᠠᠮ᠎ᠤᠨ ᠰᠤᠷᠳᠠᠯ ᠤᠬᠠᠭᠤᠯᠭ᠎ᠠ᠎ᠶ᠋ᠢᠨ ᠲᠡᠦᠬᠡ᠎ᠶ᠋ᠢ ᠰᠤᠷᠤᠯᠴᠠᠨ ᠰᠤᠳᠤᠯᠬᠤ ᠦᠨᠳᠦᠰᠦᠨ ᠵᠢᠭᠠᠬᠤ ᠮᠠᠲ᠋ᠧᠷᠢᠶᠠᠯ ᠮᠦᠨ᠃
ᠲᠣᠰ ᠨᠣᠮᠢ᠋ ᠳᠡᠭᠡᠳᠦ ᠳᠤᠤᠷᠠᠳᠤ ᠬᠤᠶᠠᠷ ᠪᠣᠲᠢ ᠬᠤᠪᠢᠶᠠᠵᠤ᠂ ᠨᠡᠢᠲᠡ 11 ᠪᠦᠯᠦᠭ᠂ 83 ᠬᠡᠰᠡᠭ᠂ ᠪᠠᠷᠤᠭ 49 ᠲᠦᠮᠡᠨ ᠥᠰᠥᠭ᠎ᠲᠡᠶ᠂ ᠲᠡᠦᠬᠡ᠎ᠶ᠋ᠢᠨ ᠮᠠᠲ᠋ᠧᠷᠢᠶᠠᠯ ᠡᠯᠪᠡᠭ᠂ ᠲᠤᠪᠴᠢ ᠠᠮᠢᠳᠤᠯᠢᠭ ᠪᠠᠢᠵᠤ᠂ ᠪᠥᠬᠥ᠌ ᠨᠠᠮ ᠪᠥᠬᠥ᠌ ᠨᠡᠢᠭᠡᠮ ᠢᠯᠠᠩᠭᠤᠶ᠎ᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ ᠤ᠋ᠨᠬᠢᠨᠦ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠶ᠋ᠢ ᠠᠬᠢᠭᠤᠯᠵᠤ᠂ 《ᠬᠣᠶᠠᠷ᠎ᠢ ᠲᠣᠭ᠍ᠲᠠᠭᠠᠬᠤ 》 ᠶ᠋ᠢᠨ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ 《 ᠳᠥᠷᠪᠡᠨ ᠤᠬᠠᠮᠰᠠᠷ 》 ᠵᠢᠨᠨ ᠤᠯᠠᠮ ᠴᠢᠨᠠᠭ᠍ᠰᠢᠳᠠ ᠴᠢᠩᠭᠠᠳᠭᠠᠵᠤ᠂ 《ᠳᠥᠷᠪᠡᠨ ᠢᠲᠡᠭᠡᠯ 》 ᠵᠢᠨᠨ ᠪᠠᠲᠤᠳᠭᠠᠵᠤ᠂ 《 ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠬᠦ᠌; ᠨᠠᠮ᠎ᠤᠨ ᠲᠡᠦᠬᠡ᠎ᠵᠢᠨ ᠳ᠋ᠦᠩᠨᠡᠯᠳᠡ᠂ ᠰᠤᠷᠤᠯᠴᠠᠯᠭ᠎ᠠ᠂ ᠬᠥᠮᠦᠵᠢᠯ᠂ ᠤᠬᠠᠭᠤᠯᠭ᠎ᠠ᠎ᠶ᠋ᠢ ᠴᠥᠬᠥᠷᠡᠰᠢ ᠦᠭᠡᠢ ᠠᠬᠢᠭᠤᠯᠬᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡ᠎ᠡᠴᠡ ᠤᠶᠤᠨ ᠤᠬᠠᠭᠠᠨ ᠪᠠ ᠬᠦᠴᠦᠨ ᠴᠢᠳᠠᠯ ᠣᠯᠬᠤ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠰᠠᠢᠨ᠂ ᠮᠠᠷᠺᠰ᠎ᠤᠨ ᠦᠵᠡᠯ ᠶᠠᠭᠠᠬᠢᠭᠠᠳ ᠰᠠᠢᠨ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠶᠠᠭᠠᠬᠢᠭᠠᠳ ᠰᠠᠢ᠌ᠨ ᠪᠠᠢᠬᠤ᠎ᠶ᠋ᠢ ᠭᠦᠨᠵᠡᠭᠡᠢ ᠣᠢᠯᠠᠭᠠᠬᠤ; ᠨᠠᠮ᠎ᠤᠨ ᠰᠤᠷᠲᠠᠯ ᠤᠬᠠᠭᠤᠯᠭ᠎ᠠ᠎ᠶ᠋ᠢᠨ ᠠᠵᠢᠯ᠎ᠤᠨ ᠲᠡᠦᠬᠡᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠭᠦᠨᠵᠡᠭᠡᠶ ᠡᠵᠡᠮᠱᠢᠵᠦ᠍᠂ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ᠎ᠢ ᠴᠢᠩᠭᠠᠳᠭᠠᠨ᠂ ᠢᠲᠡᠭᠡᠯ ᠲᠡᠭᠦᠯᠳᠡᠷ᠎ᠢᠶᠡᠷ ᠤᠷᠤᠭ᠍ᠰᠢᠯᠠᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠪᠠᠲᠤ ᠴᠢᠩᠭ᠎ᠠ ᠦᠵᠡᠯ ᠰᠠᠨᠠᠭᠠᠨ᠎ᠤ ᠪᠠᠲᠤᠯᠠᠭ᠎ᠠ ᠪᠠ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ ᠴᠢᠳᠠᠯ ᠬᠠᠩᠭᠠᠬᠤ᠎ᠳᠤ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃