ᠬᠣᠨᠢᠨ ᠬᠣᠳᠣᠭᠣᠳᠣᠨ᠎ᠤ ᠡᠯᠧᠺᠲᠷᠣᠨ ᠬᠤᠮᠵᠢᠶ᠎ᠠ᠎ᠶᠢᠨ ᠱᠢᠨ᠎ᠡ ᠮᠡᠷᠭᠡᠵᠢᠯ ᠤᠯᠤᠰ᠎ᠤᠨ ᠳᠣᠲᠣᠭᠠᠳᠤ᠎ᠶᠢᠨ ᠮᠡᠷᠭᠡᠵᠢᠯ᠎ᠤᠨ ᠬᠣᠭᠣᠰᠣᠨ᠎ᠢ ᠨᠥᠬᠥᠪᠥᠷᠢᠯᠡᠯ᠎ᠡ
2022-01-24 10:14:24
ᠵᠣᠬᠢᠶᠠᠭ᠍ᠴᠢ᠄
ᠰᠦᠨᠳᠡᠷ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠪᠠᠶᠠᠨᠨᠠᠭᠤᠷ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠭᠠᠵᠠᠷ ᠪᠠ ᠥᠪᠥᠷ ᠮᠣᠩᠭᠣᠯ᠎ᠤᠨ ᠵᠢᠶ ᠱᠦᠸᠸ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠰᠢᠨ᠎ᠡ᠎ᠪᠡᠷ ᠰᠤᠳᠤᠯᠤᠨ ᠦᠢᠯᠡᠳᠦᠭᠰᠡᠨ ᠬᠣᠨᠢᠨ ᠬᠣᠳᠣᠭᠣᠳᠣᠨ᠎ᠤ ᠡᠯᠧᠺᠲᠷᠣᠨ ᠬᠤᠮᠵᠢᠶ᠎ᠠ᠎ᠪᠠᠨ ᠠᠮᠵᠢᠯᠲᠠᠲᠠᠢ ᠪᠠᠷ ᠲᠤᠷᠱᠢᠨ ᠬᠡᠷᠡᠭᠯᠡᠵᠦ᠂ ᠲᠤᠰ ᠡᠯᠧᠺᠲᠷᠣᠨ ᠬᠤᠮᠵᠢᠶ᠎ᠠ ᠵᠢ ᠬᠣᠨᠢᠨ᠎ᠤ ᠪᠡᠶ᠎ᠡ᠎ᠳᠤ ᠬᠡᠷᠡᠭᠯᠡᠭᠰᠡᠨ ᠤᠯᠤᠰ᠎ᠤᠨ ᠳᠣᠲᠣᠭᠠᠳᠤ᠎ᠶᠢᠨ ᠠᠩᠬᠠᠨ᠎ᠤ ᠵᠢᠱ᠌ᠢᠶ᠎ᠡ ᠪᠣᠯᠵᠤ᠂ ᠮᠡᠷᠭᠡᠵᠢᠯ᠎ᠦᠨ ᠬᠣᠭᠣᠰᠣᠨ᠎ᠢ ᠨᠥᠬᠥᠪᠥᠷᠢᠯᠡᠯ᠎ᠡ᠃


QQ截图20220124095258.jpg


ᠲᠤᠰ ᠡᠯᠧᠺᠲᠷᠣᠨ ᠬᠤᠮᠵᠢᠶ᠎ᠠ ᠵᠢ ᠬᠣᠨᠢᠨ᠎ᠤ ᠭᠦᠵᠡᠭᠡᠨ᠎ᠳᠤ ᠣᠷᠣᠭᠤᠯᠤᠭᠰᠠᠨ ᠬᠣᠢᠨ᠎ᠠ ᠭᠦᠵᠡᠭᠡᠨ ᠳᠣᠲᠣᠷᠠᠬᠢ PH ᠬᠡᠮᠵᠢᠭᠳᠡᠯ᠎ᠤᠨ ᠬᠤᠪᠢᠷᠠᠯᠲᠠ᠎ᠶ᠋ᠢ ᠴᠠᠭ ᠲᠤᠬᠠᠢ᠎ᠳᠤᠨᠢ ᠡᠵᠡᠮᠰᠢᠵᠦ᠂ ᠬᠤᠨᠢᠨ᠎ᠤ ᠰᠢᠮ᠎ᠡ ᠲᠡᠵᠢᠭᠡᠯ᠎ᠢ ᠲᠣᠬᠢᠷᠠᠭᠤᠯᠤᠨ᠂ ᠬᠣᠨᠢᠨ᠎ᠤ ᠠᠵᠢᠯᠯᠠᠭ᠎ᠠ᠂ ᠪᠡᠶ᠎ᠡ᠎ᠶ᠋ᠢᠨ ᠳᠤᠯᠠᠭᠠᠨ᠎ᠤ ᠬᠤᠪᠢᠷᠠᠯᠲᠠ᠎ᠶ᠋ᠢ ᠠᠵᠢᠭᠯᠠᠬᠤ ᠪᠠᠷ ᠳᠠᠮᠵᠢᠨ ᠡᠷᠡᠭᠦᠯ ᠴᠢᠭᠢᠷᠠᠭ᠎ᠤᠨ ᠪᠠᠢᠳᠠᠯ᠎ᠢ ᠡᠵᠡᠮᠱᠢᠵᠦ᠂ ᠡᠪᠡᠳᠴᠢᠨ ᠭᠡᠮ᠎ᠲᠠᠢ ᠡᠰᠡᠬᠦ ᠵᠢ ᠡᠷᠲᠡ᠎ᠠᠴᠠ ᠲᠣᠳᠣᠯᠠᠵᠤ ᠳᠡᠢᠯᠳᠡᠭ᠃ ᠡᠭᠦᠨ᠎ᠡᠴᠡ ᠭᠠᠳᠠᠨ᠎ᠠ᠂ ᠬᠤᠮᠵᠢᠶ᠎ᠠ᠎ᠶ᠋ᠢᠨ ᠳ᠋ᠤᠭᠠᠷᠯᠠᠯ᠎ᠨᠢ ᠴᠣᠷᠢ ᠵᠢᠨ ᠭᠠᠭᠴᠠ ᠪᠠᠢᠳᠠᠭ᠎ᠡᠴᠡ ᠲᠡᠵᠢᠭᠡᠨ ᠠᠷᠠᠴᠢᠯᠠᠬᠤ᠎ᠠᠴᠠ ᠦᠷᠡᠵᠢᠭᠦᠯᠦᠨ ᠪᠣᠢᠵᠢᠭᠤᠯᠬᠤ ᠪᠠ ᠨᠢᠲᠤᠯᠤᠨ ᠡᠳ᠋ᠱᠢᠭᠦᠯᠬᠦ ᠬᠦᠷᠲᠡᠯ᠎ᠡ ᠰᠤᠷᠠᠭ ᠵᠠᠩᠭᠢ ᠵᠢ ᠮᠥᠷᠳᠡᠨ ᠨᠡᠬᠡᠮᠵᠢᠯᠡᠵᠦ ᠪᠣᠯᠤᠨ᠎ᠠ᠃ ᠡᠨᠡ᠎ᠨᠢ ᠬᠣᠨᠢᠨ᠎ᠤ ᠢᠮ ᠲᠡᠮᠳᠡᠭ᠎ᠨᠢ ᠠᠯᠳᠠᠭᠳᠠᠭᠰᠠᠨ᠎ᠠᠴᠠ ᠪᠣᠯᠵᠤ ᠲᠣᠭ᠎ᠠ ᠪᠠᠷᠢᠮᠲᠠ ᠪᠦᠷᠢᠨ ᠪᠤᠰᠤ ᠪᠣᠯᠬᠤ ᠳᠤᠲᠠᠭᠳᠠᠯ᠎ᠢ ᠨᠥᠬᠥᠪᠥᠷᠢᠯᠡᠵᠦ ᠳᠡᠢᠯᠳᠡᠭ ᠪᠠᠢᠨ᠎ᠠ᠃

ᠲᠤᠰ ᠡᠯᠧᠺᠲᠷᠣᠨ ᠬᠤᠮᠵᠢᠶ᠎ᠠ᠎ᠨᠢ ᠬᠤᠨᠢᠨ᠎ᠤ ᠶᠡᠷᠦᠩᠬᠡᠶ ᠦᠢᠯᠡᠳᠪᠦᠷᠢᠯᠡᠯ᠎ᠦᠨ ᠴᠢᠳᠠᠪᠬᠢ᠎ᠶ᠋ᠢ ᠳᠡᠭᠡᠭᠰᠢᠯᠡᠭᠦᠯᠬᠦ ᠪᠠ ᠬᠤᠨᠢᠨ ᠮᠢᠬᠠᠨ ᠎ᠤ ᠪᠦᠲᠦᠭᠡᠭᠳᠡᠬᠦᠨ᠎ᠦ ᠶᠠᠰᠤ ᠴᠢᠨᠠᠷ᠎ᠢ ᠳᠡᠭᠡᠭᠰᠢᠯᠡᠭᠦᠯᠬᠦ᠎ᠳᠦ ᠠᠬᠢᠭᠤᠯᠬᠤ ᠦᠢᠯᠡᠳᠦᠯ᠎ᠲᠡᠶ᠃ ᠡᠭᠦᠨ᠎ᠢᠶᠠᠷ ᠳᠠᠮᠵᠢᠨ ᠴᠤᠭᠯᠠᠭᠤᠯᠤᠭᠰᠠᠨ ᠲᠣᠭ᠎ᠠ ᠪᠠᠷᠢᠮᠲᠠ ᠵᠢ ᠮᠠᠯ ᠠᠵᠤ ᠠᠬᠤᠶ᠂ ᠲᠡᠵᠢᠭᠡᠨ ᠦᠷᠡᠵᠢᠭᠦᠯᠬᠦ ᠪᠦᠬᠦᠢᠯᠡ ᠠᠵᠢᠯ ᠲᠥᠷᠥᠯ᠎ᠦᠨ ᠠᠵᠤ ᠦᠢᠯᠡᠰ᠎ᠦᠨ ᠬᠡᠯᠬᠢᠶ᠎ᠡ᠎ᠶ᠋ᠢᠨ ᠪᠤᠰᠤᠳ ᠠᠵᠤ ᠠᠬᠤᠢᠯᠠᠯ᠎ᠳᠤ ᠬᠠᠮᠲᠤ᠎ᠪᠠᠷ ᠡᠳ᠋ᠯᠡᠭᠦᠯᠵᠦ᠂ ᠡᠯᠧᠺᠲ᠋ᠷᠣᠨ ᠬᠦᠵᠦᠭᠦᠨ᠎ᠦ ᠴᠠᠭᠠᠷᠢᠭ᠂ ᠡᠯᠧᠺᠲ᠋ᠷᠣᠨ ᠬᠥᠯ᠎ᠦᠨ ᠴᠠᠭᠠᠷᠢᠭ᠂ ᠮᠥᠬᠥᠯᠢᠭᠲᠦ ᠪᠣᠷᠳᠣᠭ᠎ᠠ᠎ᠶ᠋ᠢ ᠨᠠᠷᠢᠯᠢᠭ ᠣᠨᠣᠴᠠᠲᠠᠶ᠎ᠪᠠᠷ ᠲᠡᠵᠢᠭᠡᠬᠦ ᠰᠢᠰᠲ᠋ᠧᠮ᠂ ᠮᠠᠯᠵᠢᠯ᠎ᠤᠨ ᠲᠠᠯᠠᠪᠠᠶ ᠶ᠋ᠢᠨ ᠣᠷᠴᠢᠨ ᠠᠬᠤᠶ᠎ᠶ᠋ᠢ ᠰᠢᠯᠢᠳᠡᠭᠵᠢᠭᠦᠯᠬᠦ ᠰᠢᠰᠲ᠋ᠧᠮ᠂ ᠮᠠᠯᠵᠢᠯ᠎ᠤᠨ ᠲᠠᠯᠠᠪᠠᠶ᠎ᠶᠢᠨ ᠣᠷᠴᠢᠨ ᠠᠬᠤᠶ᠎ᠶ᠋ᠢ ᠬᠢᠨᠠᠨ ᠬᠡᠮᠵᠢᠬᠦ ᠰᠢᠰᠲ᠋ᠧᠮ ᠵᠡᠷᠭᠡ ᠵᠢ ᠨᠢᠭᠡ ᠴᠣᠭᠴᠠᠵᠢᠭᠤᠯᠤᠨ ᠢᠵᠢ ᠪᠦᠷᠢᠨ ᠰᠢᠰᠲ᠋ᠧᠮ ᠪᠣᠯᠭᠠᠵᠤ᠂ ᠮᠠᠯ ᠲᠡᠵᠢᠭᠡᠪᠦᠷᠢ᠎ᠶ᠋ᠢᠨ ᠦᠢᠯᠡᠰ᠎ᠤᠨ ᠬᠥᠭᠵᠢᠯᠲᠡ᠎ᠳᠤ ᠴᠢᠬᠤᠯᠠ ᠠᠴᠢ ᠬᠣᠯᠪᠣᠭᠳᠠᠯ ᠦᠵᠡᠭᠦᠯᠬᠦ ᠪᠣᠯᠤᠨ᠎ᠠ᠃

ᠥᠪᠥᠷ ᠮᠣᠩᠭᠣᠯ᠎ᠤᠨ ᠵᠢᠶ ᠱᠦᠸᠸ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠪᠣᠯ ᠲᠠᠷᠢᠶᠠᠯᠠᠩ ᠮᠠᠯ ᠠᠵᠤ ᠠᠬᠤᠶ ᠎ᠶ᠋ᠢᠨ ᠲᠣᠮᠣ ᠳ᠋ᠠᠢᠲ᠋ᠠ ᠎ᠶ᠋ᠢᠨ ᠲᠠᠪᠴᠠᠩ᠎ᠤᠨ ᠪᠥᠲᠥᠭᠡᠨ ᠪᠠᠢᠭᠤᠯᠤᠯᠲᠠ᠂ ᠲᠠᠷᠢᠶᠠᠯᠠᠩ ᠮᠠᠯ ᠠᠵᠤ ᠠᠬᠤᠶ᠎ᠶ᠋ᠢᠨ ᠪᠠᠷᠠᠭᠠᠨ᠎ᠤ ᠰᠦᠯᠵᠢᠶ᠎ᠡ᠎ᠶ᠋ᠢᠨ ᠪᠦᠲᠦᠭᠡᠭᠳᠡᠬᠦᠨ᠎ᠤ ᠰᠤᠳᠤᠯᠤᠨ ᠨᠡᠭᠡᠭᠡᠯᠲᠡ ᠪᠠ ᠦᠢᠯᠡᠳᠪᠦᠷᠢᠯᠡᠯᠲᠡ ᠪᠡᠷ ᠭᠣᠣᠯᠯᠠᠭᠤᠯᠤᠭᠰᠠᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ ᠪᠣᠯᠤᠨ᠎ᠠ᠃ 2021 ᠣᠨ᠎ᠳᠤ᠂ ᠲᠡᠳᠡᠨᠦᠰ 3 ᠵᠢᠯ᠎ᠤᠨ ᠬᠤᠭᠤᠴᠠᠭ᠎ᠠ᠎ᠶᠢ ᠬᠡᠷᠡᠭᠰᠡᠨ ᠰᠤᠳᠤᠯᠤᠨ ᠦᠢᠯᠡᠳᠦᠭᠰᠡᠨ ᠦᠬᠡᠷ᠎ᠦᠨ ᠬᠣᠳᠣᠭᠣᠳᠣᠨ᠎ᠤ ᠡᠯᠧᠺᠲᠷᠣᠨ ᠬᠤᠮᠵᠢᠶ᠎ᠠ ᠪᠠᠨ ᠠᠮᠵᠢᠯᠲᠠᠲᠠᠢ ᠪᠠᠷ ᠪᠥᠭᠡᠮ᠎ᠢᠶᠠᠷ ᠦᠢᠯᠡᠳᠪᠦᠷᠢᠯᠡᠵᠦ᠂ ᠦᠬᠡᠷ᠎ᠦᠨ ᠥᠰᠥᠯᠲᠡ᠎ᠶ᠋ᠢᠨ ᠲᠣᠭ᠎ᠠ ᠪᠠᠷᠢᠮᠲᠠ᠎ᠶ᠋ᠢ 24 ᠴᠠᠭ᠎ᠶ᠋ᠢᠠᠷ ᠲᠠᠰᠤᠷᠠᠯᠲᠠ ᠦᠭᠡᠢ ᠬᠢᠨᠠᠨ ᠬᠡᠮᠵᠢᠬᠦ᠎ᠶ᠋ᠢ ᠪᠡᠶᠡᠯᠡᠭᠦᠯᠦᠨ᠂ ᠭᠠᠳᠠᠭᠠᠳᠤ᠎ᠶ᠋ᠢᠨ ᠮᠡᠷᠭᠡᠵᠢᠯ᠎ᠦᠨ ᠭᠠᠭᠴᠠᠭᠠᠷ ᠡᠵᠡᠮᠰᠢᠯ᠎ᠢ ᠡᠪᠳᠡᠵᠦ᠂ ᠲᠠᠷᠢᠶᠠᠯᠠᠩ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ 2021 ᠣᠨ᠎ᠤ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠵᠠᠭᠪᠤᠷ᠎ᠤᠨ ᠰᠢᠯᠢᠳᠡᠭ ᠬᠡᠷᠡᠭ᠎ᠤᠨ ᠵᠢᠱ᠌ᠢᠶ᠎ᠡ ᠪᠡᠷ ᠲᠣᠳᠣᠷᠠᠵᠠᠢ᠃


QQ截图20220124101355.jpg

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号