ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠭᠤᠴᠢᠨ ᠭᠤᠷᠪᠠᠳᠤᠭᠠᠷ ᠤᠳᠠᠭ᠎ᠠ᠎ᠶ᠋ᠢᠨ ᠬᠤᠷᠠᠯ᠎ᠡᠴᠠ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ᠎ᠦᠨ ᠲᠦᠷᠢᠮ〉᠎ᠳ᠋ᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠶ᠋ᠢᠨ ᠲᠣᠭ᠍ᠲᠠᠭᠠᠯ》(ᠳᠤᠤᠷ᠎ᠠ 《ᠲᠤᠬᠲᠠᠭᠠᠯ》ᠭᠡᠵᠦ ᠳᠦᠭᠦᠮᠴᠢᠯᠡᠨ᠎ᠠ)᠎ᠢ ᠪᠠᠲᠤᠯᠠᠵᠤ᠂ 2022 ᠣᠨ᠎ᠤ 1 ᠰᠠᠷ᠎ᠠ᠎ᠶ᠋ᠢᠨ 10᠎ᠡᠴᠡ ᠡᠬᠢᠯᠡᠵᠦ᠍ ᠬᠡᠷᠡᠭ᠌ᠵᠢᠭᠦᠯᠦᠨ᠎ᠡ ᠭᠡᠪᠡ᠃
《ᠲᠤᠬᠲᠠᠭᠠᠯ》᠎ᠤᠨ ᠶᠢᠰᠦᠳᠦᠭᠡᠷ ᠲᠤ᠌《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ᠎ᠦᠨ ᠲᠦᠷᠢᠮ》᠎ᠤᠨ ᠠᠷᠪᠠᠨ ᠨᠠᠢ᠍ᠮᠠᠳᠤᠭᠠᠷ ᠵᠦᠢᠯ ᠳ᠋ᠤ᠄ 《ᠡᠷ᠎ᠡ ᠡᠮ᠎ᠡ ᠬᠣᠶᠠᠭᠤᠯᠠ᠎ᠶ᠋ᠢᠨ ᠲᠦᠷᠦᠭ᠌ᠰᠡᠠ ᠭᠤᠷᠪᠠᠨ ᠬᠡᠦᠬᠡᠳ᠎ᠦᠨ ᠳᠣᠲᠣᠷ᠎ᠠ ᠤᠳᠤᠮᠯᠠᠯ᠎ᠤᠨ ᠪᠤᠰᠤ ᠵᠡᠮᠳᠡᠭ᠂ ᠬᠡᠪ᠎ᠦᠨ ᠬᠥᠳᠡᠯᠮᠦᠷᠢ᠎ᠶ᠋ᠢᠨ ᠬᠦᠴᠦᠨ ᠪᠤᠯᠵᠦ᠍ ᠪᠣᠢᠵᠢᠵᠤ ᠴᠢᠳᠠᠬᠤ ᠤᠢ᠍ᠭᠡᠢ ᠬᠡᠤᠬᠡᠳ ᠪᠠᠢᠪᠠᠯ ᠲᠡᠬᠢᠵᠦ᠍ ᠨᠢᠭᠡ ᠬᠡᠦᠬᠡᠳ ᠠᠪᠴᠤ᠌ ᠪᠣᠯᠤᠨ᠎ᠠ》᠂《ᠡᠷ᠎ᠡ ᠡᠮ᠎ᠡ ᠬᠣᠶᠠᠭᠤᠯᠠ᠎ᠶ᠋ᠢᠨ ᠲᠦᠷᠦᠭ᠌ᠰᠡᠠ ᠦᠷ᠎ᠡ ᠬᠡᠦᠬᠡᠳ᠎ᠦᠨ ᠳᠣᠲᠣᠷ᠎ᠡ ᠡᠴᠡ ᠡᠨᠳᠡᠯ ᠭᠠᠷᠤᠭᠰᠠᠠ ᠪᠠᠢᠪᠠᠯ ᠭᠤᠷᠪᠠᠨ ᠬᠡᠦᠬᠡᠳ ᠪᠤᠯᠳᠠᠯ᠎ᠠ ᠬᠡᠤᠬᠡᠳ ᠠᠪᠴᠤ᠌ ᠪᠣᠯᠤᠨ᠎ᠠ》᠂《ᠳᠠᠬᠢᠵᠤ ᠤᠷᠤᠭ᠍ᠯᠠᠭ᠍ᠰᠠᠨ ᠡᠷ᠎ᠡ ᠡᠮ᠎ᠡ ᠬᠣᠶᠠᠭᠤᠯᠠ ᠶ᠋ᠢᠨ ᠤᠷᠤᠭ᠍ᠯᠠᠬᠤ ᠡᠴᠠ ᠡᠮᠦᠨ᠎ᠡ ᠲᠥᠷᠥᠭ᠌ᠰᠡᠨ ᠦᠷ᠎ᠡ ᠬᠡᠦᠬᠡᠳ᠎ᠢ ᠣᠳᠣ᠎ᠶ᠋ᠢᠨ ᠭᠡᠷ ᠪᠦᠯᠢ ᠶ᠋ᠢᠨ ᠦᠷ᠎ᠡ ᠬᠡᠦᠬᠡᠳ᠎ᠦᠨ ᠲᠣᠭᠠᠨ᠎ᠳᠤ ᠣᠷᠣᠭᠤᠯᠵᠤ ᠨᠡᠢᠯᠡᠭᠦᠯᠦᠨ ᠪᠣᠳᠣᠬᠤ ᠦᠭᠡᠶ》 ᠭᠡᠮᠡᠨ ᠵᠠᠰᠠᠪᠤᠷᠢ ᠤᠷᠤᠭᠤᠯᠤᠨ᠎ᠠ ᠭᠡᠪᠡ᠃
《ᠲᠤᠬᠲᠠᠭᠠᠯ》᠎ᠤᠨ ᠠᠷᠪᠠᠨ ᠨᠠᠢ᠍ᠮᠠᠳᠤᠭᠠᠷ ᠲᠤ᠌᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ᠎ᠦᠨ ᠲᠦᠷᠢᠮ》᠎ᠤᠨ ᠭᠤᠴᠢᠨ ᠵᠢᠷᠭᠤᠳᠤᠭᠠᠷ ᠵᠦᠢᠯ᠎ᠢ ᠭᠤᠴᠢᠳᠤᠭᠠᠷ ᠵᠦᠢᠯ ᠪᠣᠯᠭᠠᠭᠠᠳ᠄ 《ᠬᠠᠤᠯᠢ ᠶᠣᠰᠣᠭᠠᠷ ᠤᠷᠦᠬ᠎ᠤᠨ ᠪᠦᠷᠢᠳᠭᠡᠯ ᠬᠢᠯᠭᠡᠭ᠌ᠰᠡᠨ ᠡᠷ᠎ᠡ ᠡᠮ᠎ᠡ ᠬᠣᠶᠠᠭᠤᠯᠠ ᠵᠢᠨ ᠤᠷᠦᠬ᠎ᠤᠨ ᠴᠢᠯᠥᠭᠡ ᠵᠢ ᠠᠷᠪᠠᠨ ᠲᠠᠪᠤᠨ ᠡᠳᠦᠷ ᠤᠷᠲᠤᠳᠬᠠᠨ᠎ᠠ; ᠲᠤᠰ ᠳᠦᠷᠢᠮ᠎ᠦᠨ ᠲᠣᠭ᠍ᠲᠠᠭᠠᠯ᠎ᠳᠤ ᠨᠡᠢᠴᠡᠵᠦ᠍ ᠬᠡᠦᠬᠡᠳ ᠠᠪᠤᠭ᠍ᠰᠠᠨ ᠡᠷ᠎ᠡ ᠡᠮ᠎ᠡ ᠬᠣᠶᠠᠭᠤᠯᠠ ᠵᠢᠨ ᠡᠮᠡᠭ᠌ᠲᠡᠶ ᠨᠢ ᠤᠯᠤᠰ᠎ᠠᠴᠠ ᠲᠣᠭ᠍ᠲᠠᠭᠠᠭ᠍ᠰᠠᠨ ᠬᠥᠩᠭᠡᠵᠢᠬᠦ᠌ ᠴᠢᠯᠥᠭᠡ᠎ᠶ᠋ᠢ ᠡᠳ᠋ᠯᠡᠬᠦ᠌᠎ᠡᠴᠡ ᠭᠠᠳᠠᠨ᠎ᠠ᠂ ᠨᠢᠭᠡᠳᠦᠭᠡᠷ᠂ ᠬᠣᠶᠠᠳᠤᠭᠠᠷ ᠬᠡᠦᠬᠡᠳ ᠠᠪᠤᠭ᠍ᠰᠠᠳᠤᠨ ᠬᠥᠩᠭᠡᠵᠢᠯᠳᠠ ᠵᠢᠨ ᠴᠢᠯᠥᠭᠡ᠎ᠶ᠋ᠢ ᠵᠢᠷᠠᠨ ᠡᠳᠦᠷ ᠤᠷᠲᠤᠳᠬᠠᠵᠤ᠂ ᠭᠤᠷᠪᠠᠳᠤᠭᠠᠷ ᠬᠡᠦᠬᠡᠳ ᠠᠪᠤᠭ᠍ᠰᠠᠳᠤᠨ ᠬᠥᠩᠭᠡᠵᠢᠯᠳᠠ ᠵᠢᠨ ᠴᠢᠯᠥᠭᠡ᠎ᠶ᠋ᠢ ᠶᠡᠷᠡᠨ ᠡᠳᠦᠷ ᠤᠷᠲᠤᠳᠬᠠᠬᠤ ᠵᠢᠨ ᠬᠠᠮᠲᠤ ᠡᠷᠡᠭ᠌ᠲᠡᠶᠳᠦᠨᠢ ᠬᠣᠷᠢᠨ ᠲᠠᠪᠤᠨ ᠡᠳᠦᠷ᠎ᠦᠨ ᠠᠰᠠᠷᠠᠬᠤ ᠴᠢᠯᠥᠭᠡ ᠥᠭ᠌ᠭᠦᠨ᠎ᠡ; ᠲᠤᠰ ᠳᠦᠷᠢᠮ᠎ᠦᠨ ᠲᠣᠭ᠍ᠲᠠᠭᠠᠯ᠎ᠳᠤ ᠨᠡᠢᠴᠡᠵᠦ᠍ ᠬᠡᠦᠬᠡᠳ ᠠᠪᠤᠭ᠍ᠰᠠᠨ ᠡᠷ᠎ᠡ ᠡᠮ᠎ᠡ ᠬᠣᠶᠠᠭᠤᠯᠠ ᠦᠷ᠎ᠡ ᠬᠡᠦᠬᠡᠳ ᠨᠢ ᠪᠦᠬᠦᠯᠢ ᠭᠤᠷᠪᠠᠨ ᠨᠠᠰᠤ ᠬᠦᠷᠬᠦ᠌᠎ᠡᠴᠡ ᠡᠮᠦᠨ᠎ᠡ᠂ ᠵᠢᠯ ᠪᠦᠷᠢ ᠬᠣᠶᠠᠷ ᠡᠲᠡᠭᠡᠳ᠎ᠲᠦ ᠲᠤᠰ ᠪᠦᠷᠢ ᠠᠷᠪᠠᠨ ᠡᠳᠦᠷ᠎ᠦᠨ ᠬᠡᠦᠬᠡᠳ ᠪᠤᠢᠵᠢᠭᠤᠯᠬᠤ ᠴᠢᠯᠥᠭᠡ ᠥᠭ᠌ᠭᠦᠨ᠎ᠡ》᠂《ᠠᠮᠠᠷᠠᠯᠲᠠ᠎ᠶ᠋ᠢᠨ ᠬᠤᠭᠤᠴᠠᠭᠠᠨ ᠳᠠᠬᠢ ᠴᠠᠯᠢᠩ᠂ ᠱᠠᠩᠨᠠᠯ᠎ᠤᠨ ᠮᠥᠩᠭᠥ᠌᠂ ᠠᠰᠠᠷᠠᠮᠵᠢ ᠵᠡᠷᠭᠡ ᠬᠠᠷᠠᠭᠠᠯᠵᠠᠯ ᠢ ᠬᠤᠪᠢᠷᠠᠭᠤᠯᠬᠤ ᠦᠭᠡᠢ》 ᠭᠡᠵᠦ ᠵᠠᠰᠠᠪᠤᠷᠢ ᠤᠷᠤᠭᠤᠯᠤᠨ᠎ᠠ ᠬᠡᠵᠡᠢ᠃
ᠮᠡᠷᠭᠡᠨ ᠴᠤᠬᠤᠷ᠎ᠢ ᠰᠢᠷᠪᠢᠵᠦ ᠨᠠᠷᠢᠨ ᠠᠭᠤᠯᠭ᠎ᠠ᠎ᠶᠢ ᠨᠢ ᠦᠵᠡᠭᠡᠷᠡᠢ!
