1 ᠰᠠᠷ᠎ᠠ᠎ᠶ᠋ᠢᠨ15᠎ᠤ ᠡᠳᠦᠷ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠲᠣᠭ᠍ᠲᠠᠴᠠ ᠶ᠋ᠢᠨ᠎ᠬᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠪᠠᠶᠠᠷ᠎ᠤᠨ ᠡᠳᠦᠷ᠎ᠦᠨ ᠬᠤᠭᠤᠴᠠᠭᠠᠨ᠎ᠳᠠᠬᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃ ᠬᠤᠷᠠᠯ ᠳᠡᠭᠡᠷ᠎ᠡ ᠰᠤᠷᠭᠠᠨ ᠬᠥᠮᠦᠵᠢᠯ᠎ᠦᠨ ᠶᠠᠮᠤᠨ᠎ᠤ ᠪᠡᠶ᠎ᠡ᠎ᠶ᠋ᠢᠨ ᠲᠠᠮᠢᠷ ᠡᠷᠡᠭᠦᠯ ᠬᠠᠮᠠᠭᠠᠯᠠᠯ ᠬᠢᠭᠡᠳ ᠤᠷᠠᠯᠢᠭ᠎ᠤᠨ ᠰᠤᠷᠭᠠᠨ ᠬᠥᠮᠦᠵᠢᠯ᠎ᠦᠨ ᠵᠤᠷᠭᠠᠨ᠎ᠤ ᠳᠠᠷᠤᠭ᠎ᠠ ᠸᠠᠩ ᠳ᠋ᠧᠩ ᠹᠧᠩ ᠤᠶᠤᠲᠠᠳ᠎ᠤᠨ ᠡᠪᠦᠯ᠎ᠦᠨ ᠠᠮᠠᠷᠠᠯᠲᠠ᠎ᠶ᠋ᠢᠨ ᠬᠤᠭᠤᠴᠠᠭᠠᠨ᠎ᠤ ᠰᠡᠷᠭᠡᠢᠯᠡᠨ ᠡᠵᠡᠮᠳᠡᠬᠦ᠌᠎ᠶ᠋ᠢ ᠰᠠᠢᠲᠤᠷ ᠬᠢᠬᠦ᠌᠎ᠳᠦ ᠭᠤᠤᠯᠳᠠᠭᠤ ᠳᠥᠷᠪᠡᠨ ᠲᠠᠯ᠎ᠠ᠎ᠠᠴᠠ ᠭᠠᠷᠳᠠᠵᠤ ᠬᠢᠬᠦ᠌ ᠬᠡᠷᠡᠭ᠌ᠲᠡᠶ ᠬᠡᠵᠤ ᠢᠯᠡᠷᠬᠡᠢᠯᠡᠪᠡ᠃
•ᠠᠮᠠᠷᠠᠯᠲᠠ᠎ᠶ᠋ᠢᠨ ᠬᠤᠭᠤᠴᠠᠭᠠᠨ᠎ᠤ ᠲᠣᠬᠢᠷᠠᠭᠤᠯᠤᠯᠲᠠ ᠨᠢ ᠡᠯ᠎ᠡ ᠭᠠᠵᠠᠷ᠎ᠤᠨ᠎ᠬᠢᠨ ᠨᠢᠭᠡ ᠭᠠᠵᠠᠷ᠎ᠲᠤ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠂ ᠨᠢᠭᠡ ᠰᠤᠷᠭᠠᠭᠤᠯᠢ᠎ᠳᠤ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠵᠠᠷᠴᠢᠮ ᠶᠣᠰᠣᠭᠠᠷ᠂ ᠰᠤᠷᠭᠠᠭᠤᠯᠢ᠎ᠶ᠋ᠢᠨ ᠬᠦᠷᠢᠶ᠎ᠡ ᠪᠣᠯᠤᠨ ᠪᠠᠭ᠍ᠰᠢ ᠰᠤᠷᠤᠭ᠍ᠴᠢᠳ᠎ᠤᠨ ᠰᠤᠷᠤᠯᠭ᠎ᠠ᠎ᠶ᠋ᠢᠨ ᠠᠬᠢᠴᠠ᠎ᠶ᠋ᠢᠨ ᠪᠠᠢᠳᠠᠯ᠎ᠢ ᠪᠣᠳᠣᠯᠬᠢᠯᠠᠬᠤ᠎ᠶ᠋ᠢᠨ ᠬᠠᠮᠲᠤ ᠪᠠᠰᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠢ ᠣᠨᠴᠠᠭᠠᠢᠯᠠᠨ ᠪᠣᠳᠣᠯᠬᠢᠯᠠᠬᠤ ᠬᠡᠷᠡᠭ᠌ᠲᠡᠶ᠂ ᠡᠯ᠎ᠡ ᠭᠠᠵᠠᠷ᠎ᠤᠨ ᠬᠢᠨ ᠶᠡᠬᠡ ᠳᠡᠭᠡᠳᠦ ᠰᠤᠷᠭᠠᠭᠤᠯᠢ᠎ᠶ᠋ᠢᠨ ᠪᠠᠢᠭ᠎ᠠ ᠭᠠᠵᠠᠷ ᠪᠣᠯᠤᠨ ᠪᠠᠭ᠍ᠰᠢ ᠰᠤᠷᠤᠭ᠍ᠴᠢᠳ᠎ᠤᠨ ᠪᠤᠴᠠᠬᠤ ᠭᠠᠵᠠᠷ ᠤᠷᠤᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠠᠷᠭ᠎ᠠ ᠬᠡᠮᠵᠢᠶ᠎ᠡ ᠶ᠋ᠢᠨ ᠱᠠᠭᠠᠷᠳᠠᠯᠭ᠎ᠠ᠎ᠶ᠋ᠢ ᠦᠨᠳᠦᠰᠦᠯᠡᠨ ᠡᠪᠦᠯ᠎ᠦᠨ ᠠᠮᠠᠷᠠᠯᠲᠠ ᠲᠠᠯᠪᠢᠬᠤ ᠴᠠᠭ᠎ᠵᠢᠡᠨ ᠡᠵᠡᠨ ᠮᠡᠳᠡᠵᠦ᠍ ᠲᠣᠭ᠍ᠲᠠᠭᠠᠬᠤ ᠬᠡᠷᠡᠭ᠌ᠲᠡᠶ᠃ ᠰᠤᠷᠭᠠᠨ ᠬᠥᠮᠦᠵᠢᠯ᠎ᠦᠨ ᠶᠠᠮᠤᠨ ᠬᠠᠷᠢᠶ᠎ᠠ ᠣᠷᠣᠨ᠎ᠳᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠡᠯ᠎ᠡ ᠶᠡᠬᠡ ᠳᠡᠭᠡᠳᠦ ᠰᠤᠷᠭᠠᠭᠤᠯᠢ ᠪᠣᠳᠠᠲᠠᠶ ᠪᠠᠢᠳᠠᠯ᠎ᠢᠶᠠᠨ ᠦᠨᠳᠦᠰᠦᠯᠡᠨ ᠠᠮᠠᠷᠠᠯᠲᠠ ᠲᠠᠯᠪᠢᠬᠤ ᠲᠣᠬᠢᠷᠠᠭᠤᠯᠤᠯᠲᠠ᠎ᠪᠠᠨ ᠰᠠᠢᠲᠤᠷ ᠬᠢᠨ᠎ᠠ᠃
•ᠪᠠᠭ᠍ᠰᠢ ᠰᠤᠷᠤᠭ᠍ᠴᠢᠳ᠎ᠤᠨ ᠨᠤᠲᠤᠭ᠎ᠲᠠᠭᠠᠨ ᠪᠤᠴᠠᠬᠤ ᠵᠠᠮ ᠵᠠᠭᠤᠷ᠎ᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭᠠᠳᠭᠠᠨ᠎ᠠ᠂ ᠭᠤᠤᠯᠳᠠᠭᠤ ᠡᠯ᠎ᠡ ᠭᠠᠵᠠᠷ ᠡᠯ᠎ᠡ ᠰᠤᠷᠭᠠᠭᠤᠯᠢ ᠴᠥᠮ ᠴᠢᠯᠥᠭᠡ ᠲᠠᠯᠪᠢᠬᠤ᠎ᠠᠴᠠ ᠡᠮᠦᠨ᠎ᠡ ᠠᠮᠠᠪᠴᠢ ᠵᠡᠭᠦᠬᠦ᠌᠂ ᠭᠠᠷ᠎ᠢᠶᠠᠨ ᠦᠷᠭᠦᠯᠵᠢ ᠤᠬᠢᠶᠠᠬᠤ᠂ ᠬᠥᠮᠦᠨ ᠣᠯᠠᠨ ᠭᠠᠵᠠᠷ ᠣᠴᠢᠬᠤ ᠥᠬᠡᠶ᠂ ᠴᠤᠭ᠍ᠯᠠᠷᠠᠬᠤ ᠥᠬᠡᠶ ᠪᠠᠢᠬᠤ ᠵᠡᠷᠭᠡ᠎ᠶ᠋ᠢ ᠪᠠᠭ᠍ᠲᠠᠭᠠᠭ᠍ᠰᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠲᠠᠯ᠎ᠠ᠎ᠶ᠋ᠢᠨ ᠱᠠᠭᠠᠷᠳᠠᠯᠭ᠎ᠠ᠎ᠵᠢ ᠥᠷᠭᠡᠨ ᠣᠯᠠᠨ ᠪᠠᠭ᠍ᠰᠢ ᠰᠤᠷᠤᠭ᠍ᠴᠢᠳ᠎ᠲᠤ ᠴᠠᠭ ᠲᠤᠬᠠᠶ᠎ᠳᠤᠨᠢ ᠲᠣᠳᠣᠷᠬᠠᠶ ᠶᠠᠷᠢᠵᠤ ᠥᠭ᠌ᠬᠦ ᠬᠡᠷᠡᠭ᠌ᠲᠡᠶ᠃
•ᠡᠪᠦᠯ᠎ᠦᠨ ᠠᠮᠠᠷᠠᠯᠲᠠ᠎ᠶ᠋ᠢᠨ ᠬᠤᠭᠤᠴᠠᠭᠠᠨ᠎ᠳᠤ ᠰᠤᠷᠭᠠᠭᠤᠯᠢ ᠳᠠᠭᠠᠨ ᠦᠯᠡᠳᠡᠭ᠌ᠰᠡᠨ ᠪᠠᠭ᠍ᠰᠢ ᠰᠣᠷᠣᠭ᠍ᠴᠢ ᠭᠡᠰᠡᠨ ᠥᠬᠡᠶ᠂ ᠬᠡᠷ᠎ᠲᠡᠬᠡᠨ ᠰᠠᠭᠤᠭ᠎ᠠ ᠪᠠᠭ᠍ᠰᠢ ᠰᠣᠷᠣᠭ᠍ᠴᠢ ᠭᠡᠰᠡᠨ ᠥᠬᠡᠶ᠂ ᠴᠥᠮ ᠴᠠᠭ ᠲᠤᠬᠠᠶ᠎ᠳᠤᠨᠢ ᠡᠷᠡᠭᠦᠯ ᠮᠡᠨᠳᠦ᠍᠎ᠶ᠋ᠢᠨ ᠵᠢᠯᠣᠭᠣᠳᠣᠯᠭ᠎ᠠ ᠬᠠᠩᠭᠠᠬᠤ ᠬᠡᠷᠡᠭ᠌ᠲᠡᠶ᠃
•ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢ ᠰᠠᠢᠲᠤᠷ ᠬᠢᠬᠦ᠌ ᠬᠡᠷᠡᠭ᠌ᠲᠡᠶ᠂ ᠰᠤᠷᠭᠠᠭᠤᠯᠢ᠎ᠳ᠋ᠠᠭᠠᠨ ᠦᠯᠡᠳᠡᠭ᠌ᠰᠡᠨ ᠴᠦ᠍ ᠲᠡᠷᠡ᠂ ᠬᠡᠷ᠎ᠲᠡᠬᠡᠨ ᠬᠠᠷᠢᠭ᠍ᠰᠠᠨ ᠴᠤ᠌ ᠲᠡᠷᠡ᠂ ᠥᠷᠭᠡᠨ ᠣᠯᠠᠨ ᠪᠠᠭ᠍ᠰᠢ ᠰᠤᠷᠤᠭ᠍ᠴᠢᠳ᠎ᠤᠨ ᠪᠡᠶ᠎ᠡ᠎ᠶ᠋ᠢᠨ ᠲᠤᠯᠠᠭᠠᠨ᠎ᠤ ᠬᠤᠪᠢᠷᠠᠯᠲᠠ᠎ᠶ᠋ᠢ ᠬᠢᠨᠠᠨ ᠬᠡᠮᠵᠢᠬᠦ᠌᠂ ᠬᠠᠮᠢᠶ᠎ᠠ ᠪᠥᠬᠥᠶ ᠪᠡᠶ᠎ᠡ ᠮᠠᠬᠠᠪᠣᠳ᠎ᠤᠨ ᠡᠪ ᠥᠬᠡᠶ ᠪᠠᠢᠳᠠᠯ᠎ᠢ ᠴᠠᠭ ᠲᠤᠬᠠᠶ᠎ᠳᠤᠨᠢ ᠮᠡᠳᠡᠭᠦᠯᠬᠦ᠌᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠤᠬᠠᠶ᠎ᠶ᠋ᠢᠨ ᠭᠠᠵᠠᠷ᠎ᠤᠨ ᠱᠠᠭᠠᠷᠳᠠᠯᠭ᠎ᠠ ᠶᠣᠰᠣᠭᠠᠷ ᠡᠯ᠎ᠡ ᠲᠠᠯ᠎ᠠ᠎ᠶ᠋ᠢᠨ ᠠᠷᠭᠠᠴᠠᠭᠠᠬᠤ ᠠᠵᠢᠯ᠎ᠢ ᠰᠠᠢᠲᠤᠷ ᠬᠢᠬᠦ᠌ ᠵᠡᠷᠭᠡ ᠮᠠᠰᠢ ᠲᠣᠳᠣᠷᠬᠠᠶ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠱᠠᠭᠠᠷᠳᠠᠯᠭᠠᠪᠠᠢᠬᠤ ᠬᠡᠷᠡᠭᠲᠠᠢ᠃
ᠮᠡᠷᠭᠡᠨ ᠴᠤᠬᠤᠷ᠎ᠢ ᠰᠢᠷᠪᠢᠵᠦ ᠨᠠᠷᠢᠨ ᠠᠭᠤᠯᠭ᠎ᠠ᠎ᠶᠢ ᠨᠢ ᠦᠵᠡᠭᠡᠷᠡᠢ!
