— ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠬᠣᠶᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ ᠲᠡᠭᠦᠰᠦᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ
ᠰᠠᠢᠨ ᠰᠠᠨᠠᠭᠤᠯᠭ᠎ᠠ ᠭᠠᠷᠭᠠᠨ ᠮᠡᠷᠭᠡᠨ ᠪᠤᠳᠤᠯᠭ᠎ᠠ ᠳᠡᠪᠱᠢᠭᠦᠯᠵᠦ᠍᠂ ᠰᠡᠳᠭᠢᠯ᠎ᠢᠶᠡᠨ ᠨᠢᠭᠡᠳᠭᠡᠨ ᠬᠠᠮᠲᠤᠷᠠᠯ ᠬᠦᠴᠦᠨ᠎ᠢ ᠨᠢᠭ᠍ᠲᠠᠷᠠᠭᠤᠯᠤᠨᠠᠮ᠃ ᠠᠷᠠᠳᠴᠢᠯᠠᠯ᠎ᠲᠠᠶ᠂ ᠪᠦᠯᠬᠦᠮᠳᠡᠯ᠎ᠲᠡᠶ᠂ ᠦᠨᠡᠨ᠎ᠢ ᠪᠠᠷᠢᠮᠲᠠᠯᠠᠭ᠍ᠰᠠᠨ᠂ ᠡᠷᠡᠮᠡᠭᠡᠢᠯᠡᠨ ᠤᠷᠤᠭ᠍ᠰᠢᠯᠠᠭ᠍ᠰᠠᠨ ᠠᠭᠤᠷ ᠠᠮᠢᠰᠭᠤᠯ᠎ᠤᠨ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠬᠣᠶᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ ᠡᠯ᠎ᠡ ᠵᠦᠶ᠋ᠯ᠎ᠦᠨ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠦᠭᠡᠳ 1 ᠰᠠᠷ᠎ᠠ᠎ᠶ᠋ᠢᠨ 23᠎ᠤ᠋ ᠡᠳᠦᠷ ᠠᠮᠵᠢᠯᠲᠠ᠎ᠲᠠᠶ ᠲᠡᠭᠦᠰᠪᠡ᠃ ᠪᠢᠳᠡ ᠶᠡᠬᠡ ᠬᠤᠷᠠᠯ᠎ᠤᠨ ᠠᠮᠵᠢᠯᠲᠠ ᠲᠠᠢ ᠬᠤᠷᠠᠯᠳᠤᠬᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!
ᠡᠨᠡ ᠪᠣᠯ ᠨᠢᠭᠡ ᠤᠳᠠᠭᠠᠨ᠎ᠤ ᠲᠤᠭ᠎ᠢ ᠥᠨᠳᠥᠷ ᠮᠠᠨᠳᠤᠭᠤᠯᠵᠤ᠂ ᠠᠷᠠᠳᠴᠢᠯᠠᠯ᠎ᠢ ᠪᠠᠳᠠᠷᠠᠭᠤᠯᠤᠭ᠍ᠰᠠᠨ ᠶᠡᠬᠡ ᠬᠤᠷᠠᠯ ᠮᠥᠨ᠂ ᠪᠦᠯᠬᠦᠮᠳᠡᠨ ᠡᠷᠴᠢ ᠵᠣᠷᠢᠭ᠎ᠢᠶᠠᠨ ᠬᠥᠪᠴᠢᠯᠡᠵᠦ᠍᠂ ᠬᠦᠴᠦᠯᠡᠨ ᠴᠢᠷᠮᠠᠢᠵᠤ ᠠᠮᠵᠢᠯᠲᠠ ᠪᠦᠲᠦᠮᠵᠢ ᠭᠠᠷᠭᠠᠭ᠍ᠰᠠᠨ ᠶᠡᠬᠡ ᠬᠤᠷᠠᠯ ᠮᠥᠨ᠂ ᠰᠡᠳᠭᠢᠯ ᠨᠢᠭᠡᠳᠭᠡᠨ ᠬᠦᠴᠦ᠍᠎ᠪᠡᠨ ᠬᠠᠮᠲᠤᠳᠬᠠᠵᠤ᠂ ᠰᠤᠷᠲᠠᠯ ᠴᠢᠬᠡᠴᠢ ᠣᠪᠣᠷ ᠲᠥᠪ ᠪᠣᠯᠤᠭ᠍ᠰᠠᠨ ᠶᠡᠬᠡ ᠬᠤᠷᠠᠯ ᠮᠥᠨ᠃ ᠬᠤᠷᠠᠯ᠎ᠤᠨ ᠬᠤᠭᠤᠴᠠᠭᠠᠨ᠎ᠳᠤ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠵᠠᠰᠠᠭ᠎ᠤᠨ ᠶᠠᠪᠤᠳᠠᠯ᠎ᠳᠤ ᠣᠷᠣᠯᠴᠠᠬᠤ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠵᠠᠰᠠᠭ᠎ᠤᠨ ᠶᠠᠪᠤᠳᠠᠯ᠎ᠢ ᠭᠦᠨᠵᠡᠭᠡᠢ ᠵᠥᠪᠯᠡᠨ᠂ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠤᠨ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ᠌ ᠤᠬᠠᠮᠰᠠᠷ ᠪᠠ ᠴᠤᠭ ᠪᠠᠳᠠᠷᠠᠩᠭᠤᠢ ᠥᠭᠡᠳᠡᠯᠡᠨ ᠲᠠᠪᠱᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃ ᠶᠡᠬᠡ ᠬᠤᠷᠠᠯ᠎ᠨᠢ ᠪᠥᠬᠥ᠌ ᠣᠷᠣᠨ᠎ᠤ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠭᠠᠷ ᠬᠣᠯᠪᠣᠨ ᠱᠢᠨ᠎ᠡ ᠠᠶᠠᠨ᠎ᠳᠤ ᠡᠷᠡᠮᠡᠭᠡᠢᠯᠡᠨ ᠤᠷᠤᠭ᠍ᠰᠢᠯᠠᠬᠤ᠎ᠳᠤ ᠢᠲᠡᠭᠡᠯ ᠵᠣᠷᠢᠭ᠎ᠢ ᠨᠡᠮᠡᠭᠳᠡᠬᠦᠯᠵᠤ᠂ ᠬᠦᠴᠦᠨ ᠴᠢᠳᠠᠯ᠎ᠢ ᠨᠢᠭ᠍ᠲᠠᠷᠠᠭᠤᠯᠵᠤ᠂ ᠡᠷᠴᠢ ᠵᠣᠷᠢᠭ᠎ᠢ ᠬᠥᠪᠴᠢᠯᠡᠪᠡ᠃
《ᠲᠤᠮᠤ ᠠᠰᠠᠷ᠎ᠤᠨ ᠪᠠᠢᠭᠤᠯᠤᠬᠳᠠᠬᠰᠡᠨ ᠨᠢ ᠨᠢᠭᠡ ᠯᠡ ᠮᠤᠳᠤᠨ ᠮᠠᠲᠸᠷᠢᠶᠠᠯ᠎ᠳᠤ ᠪᠠᠢᠭ᠎ᠠ ᠪᠢᠰᠢ; ᠨᠠᠯᠤᠭᠡᠷ ᠲᠠᠯᠠᠢ ᠵᠢᠨ ᠠᠭᠤᠳᠠᠮ ᠨᠢ ᠨᠢᠭᠡ ᠯᠡ ᠤᠷᠤᠰᠬᠠᠯ᠎ᠤᠨ ᠨᠡᠢᠯᠡᠭᠰᠡᠨ᠎ᠳᠤ ᠪᠠᠢᠭ᠎ᠠ ᠪᠢᠰᠢ》᠃ 2022 ᠣᠨ᠎ᠳᠤ᠂ ᠪᠢᠳᠡ ᠵᠠᠭᠤᠨ ᠵᠢᠯ᠎ᠦᠨ ᠬᠤᠪᠢᠰᠤᠯᠲᠠ ᠲᠦᠷᠭᠡᠰᠴᠦ᠍᠂ ᠭᠠᠳᠠᠭᠠᠳᠤ ᠣᠷᠴᠢᠨ ᠨᠡᠩ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠ ᠲᠣᠭ᠍ᠲᠠᠭᠠᠯᠲᠤ ᠪᠤᠰᠤ ᠪᠠᠢᠳᠠᠯ ᠳᠣᠣᠷ᠎ᠠ᠂ ᠨᠡᠮᠡᠭ᠌ᠳᠡᠯ᠎ᠢ ᠲᠣᠭ᠍ᠲᠠᠪᠤᠷᠢᠵᠢᠭᠤᠯᠵᠤ᠂ ᠬᠥᠭ᠌ᠵᠢᠯᠲᠡ᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠵᠤ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠪᠢᠳᠠᠨ᠎ᠤ ᠡᠮᠦᠨ᠎ᠡ ᠲᠠᠯᠪᠢᠭ᠍ᠳᠠᠵᠤ ᠪᠠᠢᠭ᠎ᠠ ᠡᠭᠦᠷᠭᠡ ᠨᠡᠩ ᠢᠷᠠᠭᠤ ᠠᠯᠳᠠᠷᠲᠠᠢ᠂ ᠨᠡᠩ ᠬᠠᠲᠠᠭᠤ ᠪᠡᠷᠬᠡ ᠪᠠᠢᠭ᠎ᠠ ᠨᠢ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠢ ᠪᠠᠭ᠍ᠲᠠᠭᠠᠭ᠍ᠰᠠᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠪᠦᠯᠬᠦᠮᠳᠡᠨ ᠨᠢᠭᠡᠳᠴᠦ᠍᠂ ᠡᠷᠡᠮᠡᠭᠡᠢᠯᠡᠨ ᠲᠡᠮᠡᠴᠡᠬᠦ᠌᠎ᠶ᠋ᠢ ᠲᠤᠯᠭᠠᠮ ᠱᠠᠭᠠᠷᠳᠠᠵᠤ ᠪᠠᠢᠨ᠎ᠠ᠃ ᠪᠦᠬᠦ᠌ ᠣᠷᠣᠨ᠎ᠤ ᠡᠯ᠎ᠡ ᠱᠠᠲᠤᠨ᠎ᠤ ᠤᠯᠤᠰ ᠲᠥᠷᠤ᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠤᠯᠤᠰ ᠲᠥᠷᠤ᠎ᠶ᠋ᠢᠨ ᠵᠥᠪᠯᠡᠯᠭᠡᠨ᠎ᠦ ᠭᠡᠱᠢᠭᠦᠳ ᠠᠷᠠᠳ᠎ᠤᠨ ᠤᠯᠤᠰ ᠲᠥᠷᠤ᠎ᠶ᠋ᠢᠨ ᠵᠥᠪᠯᠡᠯᠭᠡᠨ᠎ᠦ ᠥᠪᠡᠷᠮᠢᠴᠡ ᠳᠠᠪᠠᠭᠤᠯᠢᠭ ᠪᠠ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠦᠨ ᠦᠵᠡᠯ ᠰᠠᠨᠠᠭ᠎ᠠ ᠪᠠ ᠥᠢᠯᠡ ᠠᠵᠢᠯᠯᠠᠭ᠎ᠠ᠎ᠶ᠋ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠢᠳᠡᠪᠬᠢ ᠬᠦᠴᠦᠨ ᠵᠦᠢᠯ ᠪᠥᠬᠥᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠲᠠᠢ᠌ᠴᠢᠯᠠᠨ᠂ ᠡᠯ᠎ᠡ ᠲᠠᠯ᠎ᠠ᠎ᠶ᠋ᠢᠨ ᠬᠢᠨ᠎ᠦ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠵᠤ᠂ ᠲᠣᠭ᠍ᠲᠠᠭᠤᠨ ᠪᠥᠭᠡᠳ ᠡᠷᠡᠭᠦᠯ ᠠᠵᠤ ᠠᠬᠤᠢ᠎ᠶ᠋ᠢᠨ ᠣᠷᠴᠢᠨ ᠲᠣᠭᠣᠷᠢᠨ᠂ ᠲᠥᠷᠥ᠍ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠂ ᠬᠡᠪ ᠰᠤᠷᠲᠠᠯ ᠲᠥᠪ ᠴᠢᠬᠡᠴᠢ ᠤᠯᠤᠰ ᠲᠥᠷᠤ᠎ᠶ᠋ᠢᠨ ᠣᠷᠴᠢᠨ ᠲᠣᠭᠣᠷᠢᠨ᠎ᠢ ᠪᠠᠲᠤᠯᠠᠬᠤ᠎ᠳᠤ ᠨᠡᠡᠭ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃
ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠤᠭᠤᠳᠤᠯᠭ᠎ᠠ᠎ᠪᠠᠨ ᠴᠢᠩᠭᠠᠳᠭᠠᠵᠤ᠂ ᠬᠠᠮᠲᠤ᠎ᠶ᠋ᠢᠨ ᠲᠠᠨᠢᠯᠲᠠ᠎ᠪᠠᠨ ᠥᠷᠭᠡᠨ᠎ᠢᠶᠡᠷ ᠨᠢᠭ᠍ᠲᠠᠷᠠᠭᠤᠯᠬᠤ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠵᠢᠯ᠎ᠤᠨ ᠭᠣᠣᠯ ᠭᠣᠭ᠍ᠴᠣᠭ᠎ᠠ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠡᠴᠡ《ᠬᠣᠶᠠᠷ᠎ᠢ ᠲᠣᠭ᠍ᠲᠠᠭᠠᠬᠤ》ᠵᠢ ᠲᠣᠳᠣᠷᠬᠠᠢ ᠳᠤᠷᠠᠳᠤᠭ᠍ᠰᠠᠨ ᠨᠢ ᠴᠠᠭ ᠦᠶ᠎ᠡ᠎ᠶ᠋ᠢᠨ ᠤᠷᠢᠶᠠᠯᠠᠭ᠎ᠠ᠂ ᠲᠡᠦᠬᠡ᠎ᠶ᠋ᠢᠨ ᠰᠣᠩᠭᠣᠯᠲᠠ᠂ ᠠᠷᠠᠳ᠎ᠤᠨ ᠰᠡᠳᠭᠢᠯ᠎ᠦᠨ ᠬᠠᠨᠳᠤᠰᠢ ᠪᠣᠯᠤᠨ᠎ᠠ᠃ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ᠎ᠳᠤ᠂《ᠬᠣᠶᠠᠷ᠎ᠢ ᠲᠣᠭ᠍ᠲᠠᠭᠠᠬᠤ》 ᠵᠢᠨ ᠱᠢᠢᠳᠪᠦᠷᠢᠲᠦ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂《ᠬᠣᠶᠠᠷ᠎ᠢ ᠲᠣᠭ᠍ᠲᠠᠭᠠᠬᠤ》 ᠵᠢ ᠡᠷᠡᠰ ᠬᠦᠷᠢᠶᠡᠯᠡᠬᠦ᠌᠂《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠬᠦ᠌᠎ᠶ᠋ᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠡᠯ᠎ᠡ ᠲᠠᠯ᠎ᠠ ᠪᠦᠬᠦ᠌ ᠶᠠᠪᠤᠴᠠ᠎ᠳᠤ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠦᠢᠴᠡᠳᠭᠡᠬᠦ ᠴᠢᠳᠠᠪᠤᠷᠢ᠎ᠶ᠋ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠤᠭᠤᠮ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠳᠡᠭᠡᠷ᠎ᠡ ᠦᠨᠡᠨ ᠬᠦ᠌ ᠢᠯᠡᠷᠡᠭᠦᠯᠵᠤ᠂ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠪᠣᠳᠠᠲᠤ ᠠᠵᠢᠯᠯᠠᠭ᠎ᠠ ᠳᠤᠮᠳᠠ ᠢᠯᠡᠷᠡᠭᠦᠯᠵᠦ᠍᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠯ᠎ᠡ ᠵᠦᠶ᠋ᠯ᠎ᠦᠨ ᠠᠵᠢᠯ᠎ᠳᠠᠬᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠥᠷᠥ᠎ᠶ᠋ᠢᠨ ᠪᠣᠳᠣᠯᠭ᠎ᠠ ᠵᠣᠷᠢᠯᠲᠠ᠎ᠶ᠋ᠢ ᠡᠯ᠎ᠡ ᠠᠷᠠᠳᠴᠢᠯᠠᠭ᠍ᠰᠠᠨ ᠨᠠᠮ ᠪᠦᠯᠦᠭ᠂ ᠠᠷᠠᠳ᠎ᠤᠨ ᠪᠦᠯᠬᠦᠮ ᠵᠢᠴᠢ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠦᠨ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ ᠪᠠ ᠦᠶ᠋ᠯᠡᠳᠦᠯᠭᠡ᠎ᠶ᠋ᠢᠨ ᠠᠵᠢᠯᠯᠠᠭ᠎ᠠ ᠪᠣᠯᠭᠠᠬᠤ ᠭᠡᠷᠡᠭᠳᠠᠢ᠃
ᠭᠣᠣᠯᠳᠠᠯᠭ᠎ᠠ᠎ᠶ᠋ᠢᠨ ᠲᠣᠭᠣᠷᠢᠨ᠎ᠳᠤ ᠵᠥᠪᠯᠡᠯᠭᠡ ᠬᠢᠵᠦ᠍ ᠵᠠᠰᠠᠭ᠎ᠤᠨ ᠶᠠᠪᠤᠳᠠᠯ᠎ᠢ ᠵᠥᠪᠯᠡᠵᠦ᠂ ᠶᠡᠬᠡ ᠲᠠᠯ᠎ᠠ᠎ᠳᠤ ᠦᠢᠯᠡᠴᠢᠯᠡᠵᠦ᠍ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ ᠮᠥᠨ᠃ ᠪᠦᠬᠦ᠌ ᠲᠠᠯ᠎ᠠ ᠪᠠ ᠠᠯᠤᠰ ᠬᠡᠳᠦ᠍᠎ᠶ᠋ᠢᠨ ᠬᠥᠭ᠌ᠵᠢᠯᠲᠡ᠎ᠳᠦ ᠬᠣᠯᠪᠣᠭ᠍ᠳᠠᠬᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠣᠢᠯᠠᠭᠠᠵᠤ ᠪᠠᠢᠬᠤ ᠡᠰᠡᠬᠦ᠌᠂ ᠣᠨᠣᠪᠴᠢᠲᠠᠢ ᠡᠵᠡᠮᠱᠢᠵᠦ᠍ ᠪᠠᠢᠬᠤ ᠡᠰᠡᠬᠦ ᠨᠢ ᠠᠵᠢᠯ᠎ᠢ ᠠᠬᠢᠭᠤᠯᠬᠤ ᠴᠢᠭ᠌ᠯᠡᠯ ᠪᠠ ᠲᠤᠭᠤᠱᠢᠯᠠᠭᠤᠯᠤᠨ ᠨᠠᠢᠳᠠᠪᠤᠷᠢᠵᠢᠭᠤᠯᠬᠤ ᠦᠷ᠎ᠡ ᠪᠦᠲᠦᠮᠵᠢ᠎ᠶ᠋ᠢ ᠱᠢᠭᠤᠳ ᠲᠣᠭ᠍ᠲᠠᠭᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ ᠪᠠ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠬᠤ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠱᠢᠭᠤᠳ ᠲᠣᠭ᠍ᠲᠠᠭᠠᠬᠤ ᠪᠤᠯᠤᠨ᠎ᠠ᠃ ᠱᠢᠨ᠎ᠡ ᠴᠠᠭ ᠦᠶ᠎ᠡ ᠱᠢᠨ᠎ᠡ ᠡᠭᠦᠷᠭᠡᠯᠡᠯ ᠬᠠᠷᠢᠭᠤᠴᠠᠯᠭ᠎ᠠ ᠵᠢ ᠤᠷᠢᠶᠠᠯᠠᠵᠤ᠂ ᠱᠢᠨ᠎ᠡ ᠠᠶᠠᠨ᠎ᠳᠤ ᠱᠢᠨ᠎ᠡ ᠵᠢᠳᠬᠦᠯ ᠴᠢᠷᠮᠠᠢᠯᠭ᠎ᠠ ᠱᠠᠭᠠᠷᠳᠠᠭᠳᠠᠵᠤ ᠪᠤᠢ᠃ ᠪᠦᠬᠦ᠌ ᠣᠷᠣᠨ᠎ᠤ ᠡᠯ᠎ᠡ ᠱᠠᠲᠤᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠪᠦᠬᠦ᠌ ᠲᠠᠯ᠎ᠠ᠎ᠶ᠋ᠢ ᠡᠵᠡᠮᠳᠡᠨ᠂ ᠶᠡᠬᠡ ᠬᠠᠨᠳᠤᠰᠢ᠎ᠶ᠋ᠢ ᠲᠣᠳᠣᠷᠬᠠᠶ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠶᠡᠷᠦᠩᠬᠡᠶ ᠲᠣᠬᠢᠷᠠᠭᠤᠯᠤᠯᠲᠠ ᠪᠠ ᠠᠵᠢᠯ᠎ᠤᠨ ᠱᠠᠭᠠᠷᠳᠠᠯᠭ᠎ᠠ ᠳᠡᠭᠡᠷ᠎ᠡ ᠨᠢᠭᠡᠳᠭᠡᠵᠦ᠂ ᠭᠣᠣᠯᠵᠦᠢᠯᠡᠰ᠂ ᠪᠦᠬᠦ᠌ ᠲᠠᠯ᠎ᠠ᠎ᠶ᠋ᠢᠨ ᠬᠡᠷᠡᠭ᠌ᠴᠡᠭᠡ᠎ᠶ᠋ᠢ ᠤᠯᠤᠰ ᠲᠦᠷᠦ᠍᠎ᠶ᠋ᠢᠨ ᠵᠥᠪᠯᠡᠯᠭᠡᠨ᠎ᠤ ᠴᠢᠳᠠᠪᠬᠢ᠎ᠲᠡᠶ ᠣᠷᠭᠠᠨᠢᠭ᠎ᠢᠶᠠᠷ ᠤᠶᠠᠯᠳᠤᠭᠤᠯᠵᠤ᠂ ᠥᠪᠥᠷ ᠮᠣᠩᠭᠣᠯ᠎ᠤᠨ ᠡᠭᠦᠷᠭᠡᠯᠡᠵᠦ᠍ ᠪᠠᠢᠭ᠎ᠠ《ᠲᠠᠪᠤᠨ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ》ᠵᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠢᠯᠡᠳᠦᠯᠭᠡ᠎ᠳᠦ ᠠᠭᠤᠰᠤᠯᠴᠠᠭᠤᠯᠵᠦ᠂ ᠠᠩᠬᠠᠷᠤᠯ ᠵᠢᠡᠨ ᠲᠥᠪᠯᠡᠷᠡᠭᠦᠯᠦᠨ ᠬᠦᠴᠦ ᠪᠡᠨ ᠬᠠᠮᠳᠤᠳᠬᠠᠵᠤ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠰᠠᠢᠳᠤᠷ ᠵᠠᠮᠨᠠᠬᠤ ᠬᠡᠷᠡᠭᠳᠡᠢ᠃ ᠡᠯ᠎ᠡ ᠱᠠᠲᠤᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ《ᠴᠢᠬᠤᠯᠠ ᠵᠢᠭ᠍ᠰᠠᠭᠠᠯ᠎ᠤᠨ ᠭᠠᠵᠠᠷ》᠂ 《ᠴᠢᠬᠤᠯᠠ ᠲᠠᠪᠴᠠᠩ 》᠂ 《 ᠴᠢᠬᠤᠯᠠ ᠠᠷᠭ᠎ᠠ ᠵᠠᠮ》 ᠤ᠋ᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠣᠣᠰ ᠴᠢᠭ᠌ᠯᠡᠯ᠎ᠢᠶᠡᠷ ᠬᠦᠴᠦᠯᠡᠬᠦ᠌᠎ᠶ᠋ᠢ ᠪᠠᠷᠢᠮᠲᠠᠯᠠᠵᠤ᠂ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠬᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠎ᠶ᠋ᠢ ᠪᠡᠶᠡᠯᠡᠭᠦᠯᠬᠦ᠌᠎ᠳᠦ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠵᠦ᠍᠂ ᠤᠯᠠᠨ᠎ᠤ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠭᠦᠨᠵᠡᠭᠡᠢ ᠪᠠᠢᠴᠠᠭᠠᠨ ᠰᠤᠳᠤᠯᠵᠤ᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠥᠨᠳᠥᠷ ᠲᠦᠪᠱᠢᠨ᠎ᠢᠶᠡᠷ ᠲᠤᠱᠢᠶᠠᠯ᠎ᠢᠶᠠᠨ ᠭᠦᠢᠴᠡᠳᠭᠡᠵᠤ ᠴᠢᠨᠠᠷ ᠰᠠᠢᠲᠠᠢ ᠬᠥᠭ᠌ᠵᠢᠯᠲᠡ᠎ᠳᠦ ᠰᠠᠢᠳᠤᠷ ᠦᠢᠯᠡᠴᠢᠯᠡᠬᠦ᠌ ᠬᠡᠷᠡᠭ᠌ᠲᠡᠢ᠃
ᠤᠷᠤᠭ᠍ᠰᠢᠯᠠᠯᠲᠠ᠎ᠶ᠋ᠢᠨ ᠠᠶᠠᠨ᠎ᠤ ᠬᠡᠩᠭᠡᠷᠭᠡ ᠬᠦᠮᠦᠨ᠎ᠢ ᠤᠷᠮᠠᠰᠢᠭᠤᠯᠵᠤ ᠪᠠᠢᠨ᠎ᠠ᠂ ᠡᠷᠡᠮᠡᠬᠡᠢᠯᠡᠨ ᠲᠡᠮᠡᠴᠡᠭ᠌ᠰᠡᠳ᠎ᠦᠨ ᠠᠯᠬᠤᠭ᠎ᠠ ᠡᠭᠦᠷᠢᠳᠡ ᠵᠤᠬ᠍ᠰᠤᠰᠢ ᠦᠭᠡᠢ ᠶᠤᠮ᠃ ᠡᠨᠡ ᠵᠢᠯ ᠪᠣᠯ ᠲᠤᠰ ᠬᠤᠭᠤᠴᠠᠭᠠᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠬᠤᠭᠤᠴᠠᠭ᠎ᠠ ᠲᠡᠭᠦᠰᠬᠦ ᠵᠢᠯ ᠪᠤᠯᠤᠨ᠎ᠠ᠂ ᠵᠠᠭᠤᠨ ᠭᠠᠵᠠᠷ᠎ᠤᠨ ᠠᠶᠠᠨ᠎ᠢ ᠶᠡᠷᠡᠨ ᠭᠠᠵᠠᠷ ᠶᠠᠪᠤᠬ᠍ᠰᠠᠨ ᠠᠨ᠎ᠤ ᠬᠠᠭᠠᠰ ᠵᠠᠮ ᠲᠡᠳᠦᠢ ᠪᠤᠯᠠᠢ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠡᠷᠬᠢᠮ ᠨᠠᠨᠳᠢᠨ ᠴᠠᠭ᠎ᠢᠶᠠᠨ ᠬᠤᠪᠢ ᠲᠠᠬᠢᠨ ᠨᠠᠨᠳᠢᠩᠨᠠᠵᠤ᠂ ᠭᠡᠱᠢᠭᠦᠨᠪᠤᠯᠤᠬᠰᠠᠨ ᠢᠷᠠᠭᠤ ᠠᠯᠳᠠᠷ ᠪᠠ ᠡᠭᠦᠷᠭᠡ ᠬᠠᠷᠢᠭᠤᠴᠠᠯᠭ᠎ᠠ᠎ᠪᠠᠨ ᠬᠤᠪᠢ ᠲᠠᠬᠢᠨ ᠨᠠᠨᠳᠢᠩᠨᠠᠵᠤ᠂ ᠱᠢᠨ᠎ᠡ ᠡᠭᠦᠷᠭᠡᠯᠡᠯ ᠱᠢᠨ᠎ᠡ ᠵᠢᠳᠬᠦᠯ ᠴᠢᠷᠮᠠᠢᠯᠭ᠎ᠠ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ᠌ ᠬᠡᠷᠡᠭ᠌ᠲᠡᠢ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ ᠪᠠ ᠠᠵᠢᠯ᠎ᠤᠨ ᠪᠠᠢᠳᠠᠯ᠎ᠢᠶᠠᠨ ᠢᠮᠠᠭ᠍ᠲᠠ ᠪᠠᠲᠤᠯᠠᠵᠤ᠂ ᠢᠳᠡᠪᠬᠢᠲᠡᠶ ᠵᠢᠳᠬᠦᠯ ᠴᠢᠷᠮᠠᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠨᠠᠢᠳᠠᠪᠤᠷᠢᠵᠢᠭᠤᠯᠬᠤ᠎ᠳᠤ ᠲᠠᠰᠤᠷᠠᠯᠲᠠ ᠥᠬᠡᠶ ᠱᠢᠨ᠎ᠡ ᠬᠤᠪᠢ ᠨᠡᠮᠡᠷᠢ ᠦᠵᠡᠭᠦᠯᠵᠦ᠍᠂ ᠦᠷᠭᠦᠯᠵᠢᠯᠡᠨ ᠲᠡᠮᠡᠴᠡᠬᠦ᠌ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠶ᠎ᠠ᠃