ᠱ᠌ᠢ ᠲᠠᠢ ᠹᠸᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ
ᠸᠠᠩ ᠯᠢ ᠱᠢᠶᠠ ᠯᠢ ᠱᠢᠤ ᠯᠢᠩ ᠣᠷᠣᠯᠴᠠᠵᠠᠢ
1 ᠰᠠᠷ᠎ᠠ᠎ᠶ᠋ᠢᠨ 24 ᠤ᠋ ᠡᠳᠦᠷ᠎ᠤᠨ ᠦᠳᠡ᠎ᠶ᠋ᠢᠨ ᠬᠣᠢᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠳᠠᠭᠤᠰᠭᠠᠭᠠᠳ ᠬᠥᠬᠡᠬᠣᠲᠠ᠎ᠳᠤ ᠠᠮᠵᠢᠯᠲᠠ᠎ᠲᠠᠶ ᠲᠡᠭᠦᠰᠪᠡ᠃

1 ᠰᠠᠷ᠎ᠠ ᠵᠢᠨ 24 ᠤ᠋ ᠦᠳᠠ ᠵᠢᠨ ᠬᠤᠢᠨ᠎ᠠ᠂ ᠦᠪᠡᠷᠳᠡᠭᠡᠨ ᠵᠠᠰᠠᠬᠤ ᠤᠷᠤᠨ᠎ᠤ ᠠᠷᠪᠡᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠵᠢᠷᠭᠤᠳᠤᠭᠠᠷ ᠬᠤᠷᠠᠯ ᠡᠯ᠎ᠠ ᠵᠦᠪᠯᠡᠬᠦ ᠵᠦᠢᠯ ᠵᠢᠡᠨ ᠲᠠᠭᠤᠰᠬᠠᠭᠠᠤᠨ ᠬᠦᠭᠡᠬᠤᠳᠠ᠎ᠳᠤ ᠠᠮᠵᠢᠯᠳᠠ ᠲᠠᠢ ᠲᠡᠬᠦᠰᠪᠠ᠃ ᠶᠡᠭᠡ ᠬᠤᠷᠠᠯ᠎ᠤᠨ ᠲᠡᠷᠢᠬᠦᠯᠡᠭᠴᠢᠳ᠎ᠤᠨ ᠪᠦᠯᠬᠦᠮ᠎ᠤᠨ ᠪᠠᠢᠨᠭᠭᠤ ᠵᠢᠨ ᠲᠡᠷᠢᠬᠦᠯᠡᠭᠴᠢ ᠂ ᠬᠦᠢᠴᠡᠳᠭᠡᠬᠥ ᠲᠡᠷᠢᠬᠦᠯᠡᠭᠴᠢ ᠱᠢ ᠲᠠᠢ ᠹᠸᠩ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃
ᠶᠤᠸᠠᠨ ᠶᠦᠩ ᠬᠤᠩ ᠰᠡᠬᠦᠳᠡᠷᠯᠡᠪᠡ
ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠱ᠌ᠢ ᠲᠠᠢ ᠹᠸᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠯᠢᠨ ᠱᠤᠤ ᠴᠦᠨ᠂ ᠯᠢ ᠷᠦᠩ ᠰᠢ᠂ ᠵᠠᠩ ᠶᠤᠸᠠᠨ ᠵᠦᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠱ᠌ᠢ ᠸᠸᠨ ᠱᠢᠤᠸᠠᠢ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃
ᠸᠠᠩ ᠯᠢ ᠱᠢᠶᠠ᠂ ᠯᠢ ᠱᠢᠤ ᠯᠢᠩ᠂ ᠮᠸᠩ ᠹᠠᠨ ᠯᠢ᠂ ᠯᠢᠦ ᠱᠤᠸᠠᠩ᠂ ᠶᠠᠩ ᠸᠧᠢ ᠳ᠋ᠦᠩ᠂ ᠪᠦᠦ ᠭᠠᠩ᠂ ᠵᠧᠩ ᠬᠣᠩ ᠹᠠᠨ᠂ ᠳ᠋ᠢᠩ ᠱᠢᠤ ᠹᠸᠩ᠂ ᠮᠸᠩ ᠱᠢᠶᠠᠨ ᠳ᠋ᠦᠩ᠂ ᠶᠠᠩ ᠱᠢᠶᠤᠤ ᠺᠠᠩ᠂ ᠬᠤᠸᠠᠩ ᡁᠢ ᠴᠢᠶᠠᠩ᠂ ᠬᠦᠤᠳᠠᠭᠤᠯᠠ᠂ ᠢᠦᠢ ᠯᠢ ᠱᠢᠨ᠂ ᠮᠠ ᠴᠢᠩ ᠯᠸᠢ᠂ ᠵᠠᠩ ᠱᠤᠤ ᠴᠦᠨ᠂ ᠠᠢ ᠯᠢ ᠬᠤᠸᠠ᠂ ᠯᠢ ᠪᠢᠩ ᠷᠦᠩ᠂ ᠡᡁᠸᠩ ᠱᠢᠶᠤᠤ ᠹᠠᠨ᠂ ᠴᠢ᠊ ᠪᠠᠲᠤ᠂ ᠪᠦᠦ ᠱᠢᠶᠠᠨ ᠬᠤᠸᠠ᠂ ᠯᠦᠸᠧ ᡁᠢ ᠬ᠍ᠸ᠋᠂ ᠵᠧᠩ ᠹᠦ᠋ ᠲᠢᠶᠠᠨ᠂ ᠯᠢᠦ ᠱᠢᠨ ᠯᠸ᠂ ᠮᠠ ᠱᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠶᠢᠩ ᠺᠦᠢ᠂ ᠶᠠᠩ ᠽᠦᠩ ᠷᠸᠨ᠂ ᠯᠢ ᠴᠢ ᠯᠢᠨ᠂ ᠴᠸᠨ ᠯᠸ᠋ ᠱᠸᠩ᠂ ᠵᠠᠩ ᠶᠦᠩ ᠮᠢᠨ ᠵᠡᠷᠬᠡ ᠤᠳᠤᠷᠢᠳᠤᠯᠭ᠎ᠠ ᠪᠤᠯᠤᠨ ᠶᠡᠬᠡ ᠬᠤᠷᠠᠯ᠎ᠤᠨ ᠳᠡᠷᠢᠬᠦᠯᠡᠭᠴᠢᠳ᠎ᠤᠨ ᠪᠦᠯᠬᠦᠮ᠎ᠤᠨ ᠪᠦᠷᠢᠯᠳᠦᠬᠦᠨ ᠳᠡᠷᠢᠬᠦᠯᠡᠭᠴᠢᠳ᠎ᠤᠨ ᠳᠠᠢᠰᠠᠨ ᠳ᠋ᠤ ᠰᠠᠭᠠᠳᠠᠵᠠᠢ᠃
ᠲᠤᠰ ᠤᠳᠠᠭᠠᠨ᠎ᠤ ᠶᠡᠬᠡ ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭ᠌ᠴᠢ 530 ᠬᠥᠮᠦᠨ ᠪᠤᠢ᠂ ᠡᠨᠡ ᠤᠳᠠᠭ᠎ᠠ ᠵᠢᠨ ᠶᠡᠬᠡ ᠬᠤᠷᠠᠯ᠎ᠳᠤ 481 ᠬᠥᠮᠦᠨ ᠤᠷᠤᠯᠴᠠᠵᠥ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

1 ᠰᠠᠷ᠎ᠠ ᠵᠢᠨ 24 ᠤ᠋ ᠦᠳᠠ ᠵᠢᠨ ᠬᠤᠢᠨ᠎ᠠ ᠂ ᠦᠪᠡᠷᠳᠡᠭᠡᠨ ᠵᠠᠰᠬᠠᠤ ᠤᠷᠤᠨ᠎ᠤ ᠠᠷᠪᠡᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠵᠢᠷᠭᠤᠳᠤᠭᠠᠷ ᠬᠤᠷᠠᠯ ᠡᠯ᠎ᠠ ᠵᠦᠪᠯᠡᠬᠦ ᠵᠦᠢᠯ ᠵᠢᠡᠨ ᠲᠠᠭᠤᠰᠬᠠᠭᠠᠤᠨ ᠬᠦᠭᠡᠬᠤᠳᠠ᠎ᠳᠤ ᠠᠮᠵᠢᠯᠳᠠ ᠲᠠᠢ ᠲᠡᠬᠦᠰᠪᠠ᠃
ᠬᠠᠨ ᠴᠢᠩ ᠯᠢ ᠰᠡᠬᠦᠳᠡᠷᠯᠡᠪᠡ
ᠬᠤᠷᠠᠯ ᠡᠴᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ᠂ ᠥᠪᠡᠷᠲᠡᠭᠡᠨ ᠵᠠᠰᠠᠬᠤ ᠣᠷᠣᠨ᠎ᠤ 2021 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠶ ᠱᠢᠶ᠋ᠳᠪᠦᠷᠢ᠂ ᠥᠪᠡᠷᠲᠡᠭᠡᠨ ᠵᠠᠰᠠᠬᠤ ᠣᠷᠣᠨ᠎ᠤ 2021 ᠣᠨ᠎ᠤ ᠲᠥᠰᠦᠪ᠎ᠢ ᠭᠦᠢᠴᠡᠳᠭᠡᠭ᠌ᠰᠡᠨ ᠪᠠᠢᠳᠠᠯ ᠪᠠ 2022 ᠣᠨ᠎ᠤ ᠲᠥᠰᠦᠪ᠎ᠦᠨ ᠲᠤᠬᠠᠢ ᠱᠢᠢᠳᠪᠦᠷᠢ ᠵᠢ ᠪᠠᠳᠤᠯᠠᠵᠥ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ᠌ ᠲᠦᠷᠢᠮ(ᠵᠠᠰᠠᠨ ᠳᠤᠭᠳᠠᠭᠠᠭᠰᠠᠨ)᠎ᠢ᠋ ᠪᠠᠳᠤᠯᠠᠵᠥ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠱᠢᠶ᠋ᠳᠪᠦᠷᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶᠠᠨ᠎ᠤ ᠠᠵᠢᠯ᠎ᠤᠨ ᠮᠡᠳᠡᠬᠦᠯᠦᠯᠳᠡ ᠵᠢᠨ ᠲᠤᠬᠠᠶ ᠱᠢᠶ᠋ᠳᠪᠦᠷᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠬᠦᠯᠦᠯᠳᠡ ᠵᠢᠨ ᠲᠤᠬᠠᠶ ᠱᠢᠶ᠋ᠳᠪᠦᠷᠢ ᠵᠢ ᠪᠠᠳᠤᠯᠠᠪᠠ᠃
ᠡᠯ᠎ᠡ ᠵᠥᠪᠯᠡᠬᠦ᠌ ᠵᠦᠢᠯ᠎ᠢ ᠳᠠᠭᠤᠰᠭᠠᠭ᠍ᠰᠠᠨ᠎ᠤ ᠳᠠᠷᠠᠭ᠎ᠠ ᠱ᠌ᠢ ᠲᠠᠢ ᠹᠸᠩ ᠶᠠᠷᠢᠶ᠎ᠠ ᠲᠠᠯᠪᠢᠵᠠᠢ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠢ ᠮᠠᠰᠢ ᠠᠮᠵᠢᠯᠲᠠ ᠲᠠᠶ ᠬᠤᠷᠠᠯᠳᠤᠭᠤᠯᠵᠥ᠂ ᠨᠢᠭᠡ ᠤᠳᠠᠭ᠎ᠠ᠎ᠶ᠋ᠢᠨ ᠲᠤᠭ᠎ᠢ ᠥᠨᠳᠥᠷ ᠮᠠᠨᠳᠤᠭᠤᠯᠤᠭ᠍ᠰᠠᠨ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠭ᠍ᠰᠠᠨ᠂ ᠵᠠᠮ ᠨᠡᠭᠡᠭᠡᠨ ᠡᠷᠡᠯᠬᠡᠭ᠌ᠯᠡᠨ ᠤᠷᠤᠭ᠍ᠰᠢᠯᠠᠭ᠍ᠰᠠᠨ ᠶᠡᠬᠡ ᠬᠤᠷᠠᠯ ᠪᠣᠯᠵᠠᠢ᠂ ᠨᠢᠭᠡ ᠤᠳᠠᠭ᠎ᠠ᠎ᠶ᠋ᠢᠨ ᠪᠦᠯᠬᠦᠮᠳᠡᠯ ᠠᠷᠠᠳᠴᠢᠯᠠᠯ ᠲᠠᠶ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠰᠤᠷᠲᠠᠯ ᠴᠢᠬᠡᠴᠢ ᠣᠪᠣᠷ ᠲᠥᠪ ᠶᠡᠬᠡ ᠬᠤᠷᠠᠯ ᠪᠣᠯᠵᠠᠢ᠂ ᠯᠠᠪᠲᠠᠢ ᠪᠦᠬᠦ᠌ ᠣᠷᠣᠨ᠎ᠤ 2400 ᠭᠠᠷᠤᠢ ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠷᠮᠠᠱᠢᠭᠤᠯᠤᠨ ᠵᠣᠷᠢᠭ᠍ᠵᠢᠭᠤᠯᠵᠤ᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠤᠶᠤᠨ ᠰᠠᠨᠠᠭ᠎ᠠ᠂ ᠨᠡᠩ ᠤᠮᠤᠭ ᠳᠡᠬᠦᠯᠳᠡᠷ ᠲᠡᠮᠡᠴᠡᠯ᠎ᠦᠨ ᠵᠣᠷᠢᠭ᠎ᠢᠶᠠᠷ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠬᠤ ᠭᠠᠯ ᠬᠠᠯᠠᠭᠤᠨ ᠦᠢᠯᠡᠳᠦᠯᠭᠡ᠎ᠳᠦ ᠣᠷᠣᠯᠴᠠᠭᠤᠯᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠬᠦ᠌ ᠪᠣᠯᠤᠨ᠎ᠠ᠃ ᠡᠨᠡ ᠵᠢᠯ᠂ ᠮᠠᠨ᠎ᠤ ᠨᠠᠮ ᠬᠣᠷᠢᠳᠤᠭᠠᠷ ᠶᠡᠬᠡ ᠬᠤᠷᠠᠯ᠎ᠢ ᠬᠤᠷᠠᠯᠳᠤᠭᠤᠯᠬᠤ ᠪᠤᠯᠤᠨ᠎ᠠ᠂ ᠪᠠᠰᠠ ᠴᠸ᠋ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠩᠬᠠᠨ᠎ᠤ ᠵᠢᠯ ᠪᠣᠯᠤᠨ᠎ᠠ᠂ ᠡᠨᠡ ᠵᠢᠯ᠎ᠦᠨ ᠠᠵᠢᠯ᠎ᠢ ᠰᠠᠢᠲᠤᠷ ᠬᠢᠬᠦ᠌ ᠨᠢ ᠣᠨᠴᠠᠭᠠᠢ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠪᠢᠳᠡ ᠡᠷᠬᠡᠪᠰᠢ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭᠠᠷᠳᠠᠯᠭ᠎ᠠ ᠳᠡᠭᠡᠷ᠎ᠡ ᠨᠢᠭᠡᠳᠭᠡᠵᠦ᠍᠂ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠴᠢ ᠵᠣᠷᠢᠭ᠎ᠢᠶᠠᠨ ᠬᠥᠪᠴᠢᠯᠡᠵᠦ᠍᠂ ᠡᠯ᠎ᠡ ᠵᠦᠢᠯ᠎ᠦᠨ ᠬᠠᠷᠠᠯᠲᠠ ᠡᠭᠦᠷᠭᠡ᠎ᠪᠡᠨ ᠦᠨᠡᠨ ᠬᠦ᠌ ᠨᠠᠷᠢᠨ ᠨᠢᠮᠪᠠᠢ ᠲᠥᠯᠥᠪᠵᠢᠭᠦᠯᠵᠦ᠍᠂ ᠪᠦᠬᠦ᠌ ᠬᠦᠴᠦᠨ᠎ᠢᠶᠡᠷ᠎ᠢᠶᠡᠨ ᠰᠠᠢᠲᠤᠷ ᠨᠠᠢᠳᠠᠪᠤᠷᠢᠵᠢᠭᠤᠯᠵᠤ᠂ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠪᠣᠳᠠᠲᠤ ᠠᠵᠢᠯᠯᠠᠭ᠎ᠠ ᠪᠣᠯᠤᠨ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠬᠡᠵᠥ ᠵᠢᠭᠠᠵᠥ ᠭᠠᠷᠭᠠᠪᠠ᠃
ᠱ᠌ᠢ᠎ᠲᠡᠶ ᠹᠸᠩ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠶ᠋ᠢ ᠪᠡᠶᠡᠯᠡᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠦᠨᠳᠦᠷᠴᠡ ᠡᠴᠡ《ᠬᠣᠶᠠᠷ᠎ᠢ ᠲᠣᠭ᠍ᠲᠠᠭᠠᠬᠤ》᠎ᠶ᠋ᠢᠨ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠲᠡᠭᠦᠨ᠎ᠢ ᠦᠨᠡᠨ ᠬᠦ᠌ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠬᠦ᠌ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭᠠᠨ᠎ᠤ ᠤᠬᠠᠮᠰᠠᠷ ᠪᠣᠯᠭᠠᠨ ᠬᠤᠪᠢᠷᠠᠭᠤᠯᠵᠤ᠂ ᠡᠷᠡᠰ ᠭᠤᠢᠪᠢᠰᠢ ᠥᠬᠡᠶ᠎ᠪᠡᠷ ᠨᠠᠮ᠎ᠤᠨ ᠲᠥᠪ ᠬᠣᠷᠢᠶ᠎ᠠ᠎ᠲᠠᠶ ᠨᠢᠭᠡᠳᠦᠯᠲᠡᠶ ᠪᠠᠢᠵᠤ᠂ ᠶᠡᠷᠦᠩᠬᠡᠶ ᠱᠦᠵᠢ ᠰᠢ ᠵᠢᠨ ᠫᠢᠩ᠎ᠲᠡᠶ ᠨᠢᠭᠡᠳᠦᠯᠲᠡᠶ ᠪᠠᠢᠵᠤ᠂ ᠡᠷᠡᠰ ᠭᠤᠢᠪᠢᠰᠢ ᠥᠬᠡᠶ᠎ᠪᠡᠷ ᠭᠤᠤᠯᠯᠠᠭ᠍ᠴᠢ᠎ᠪᠠᠨ ᠢᠲᠡᠭᠡᠵᠦ᠍᠂ ᠭᠤᠤᠯᠯᠠᠬᠴᠢ ᠳ᠋ᠠᠭᠠᠨ ᠦᠨᠡᠨᠴᠢ ᠰᠢᠳᠤᠷᠭᠤ ᠪᠠᠢᠵᠤ᠂ ᠭᠤᠤᠯᠯᠠᠭ᠍ᠴᠢ᠎ᠪᠠᠨ ᠬᠠᠮᠠᠭᠠᠯᠠᠵᠤ᠂ ᠶᠠᠮᠠᠷᠪᠠ ᠴᠠᠭ ᠦᠶ᠎ᠡ ᠶᠠᠮᠠᠷᠪᠠ ᠪᠠᠢᠳᠠᠯ ᠳᠤᠤᠷ᠎ᠠ ᠴᠤ᠌ ᠭᠡᠰᠡᠨ ᠴᠥᠮ ᠦᠴᠦᠭᠡᠨ ᠴᠤ᠌ ᠠᠯᠮᠠᠢᠷᠠᠬᠤ ᠦᠭᠡᠢ᠂ ᠦᠴᠦᠭᠡᠨ ᠴᠤ᠌ ᠭᠤᠢᠪᠢᠯᠵᠠᠬᠤ ᠦᠭᠡᠢ ᠪᠠᠢᠬᠤ ᠭᠡᠷᠡᠭᠳᠠᠢ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠠᠢᠳᠤᠷ ᠰᠤᠷᠤᠯᠴᠠᠵᠤ ᠨᠡᠪᠲᠡᠷᠡᠲᠡᠯ᠎ᠡ ᠣᠢᠯᠠᠭᠠᠵᠤ ᠪᠣᠳᠠᠲᠠᠢ ᠬᠢᠬᠦ ᠳᠡᠭᠡᠷ᠎ᠡ ᠦᠷᠭᠦᠯᠵᠢᠯᠡᠨ ᠬᠦᠴᠦ᠍ ᠣᠷᠣᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠱᠢᠨ᠎ᠡ᠎ᠶ᠋ᠢ ᠡᠭᠦᠳᠦᠭ᠌ᠰᠡᠨ ᠣᠨᠣᠯ᠎ᠤᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢᠶᠡᠷ ᠦᠵᠡᠯ ᠰᠠᠨᠠᠭ᠎ᠠ᠎ᠪᠠᠨ ᠦᠨᠡᠨ ᠬᠦ᠌ ᠨᠢᠭᠡᠳᠭᠡᠵᠦ᠍᠂ ᠬᠦᠴᠦᠨ ᠴᠢᠳᠠᠯ᠎ᠢᠶᠠᠨ ᠨᠢᠭ᠍ᠲᠠᠷᠠᠭᠤᠯᠤᠨ᠂ ᠬᠥᠭ᠌ᠵᠢᠯᠲᠡ ᠶ᠋ᠢ ᠬᠥᠲᠥᠯᠥᠨ ᠳᠠᠭᠠᠭᠤᠯᠬᠤ ᠬᠡᠷᠡᠭ᠌ᠲᠡᠶ᠃ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠵᠢ ᠪᠠᠷᠢᠮᠳᠠᠯᠠᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠳᠤᠨ᠂ ᠵᠦᠪ ᠤᠨᠤᠪᠴᠢᠳᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠠᠵᠤ ᠠᠬᠤᠢ᠎ᠶ᠋ᠢᠨ ᠲᠣᠭ᠍ᠲᠠᠭᠤᠨ ᠨᠡᠮᠡᠭ᠌ᠳᠡᠯ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ᠂ ᠢᠯᠠᠩᠭᠤᠶ᠎ᠠ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠴᠢᠩᠭ᠎ᠠ᠎ᠠᠴᠠ ᠴᠢᠩᠭ᠎ᠠ ᠠᠳᠭᠤᠵᠤ᠂ ᠺᠠᠳ᠋ᠷ ᠡᠮᠦᠨ᠎ᠡ ᠹᠷᠣᠨᠲ᠎ᠲᠤ ᠣᠢᠷᠠᠳᠴᠤ᠌᠂ ᠲᠦᠷᠦ᠍᠎ᠶ᠋ᠢᠨ ᠪᠤᠳᠤᠯᠭ᠎ᠠ ᠵᠢ ᠡᠮᠦᠨ᠎ᠡ ᠨᠢ ᠬᠦᠴᠦᠯᠡᠭᠦᠯᠵᠦ᠍᠂ ᠡᠯ᠎ᠡ ᠲᠠᠯ᠎ᠠ᠎ᠶ᠋ᠢᠨ ᠠᠵᠢᠯ᠎ᠢ ᠡᠷᠲᠡᠬᠡᠨ ᠲᠥᠯᠥᠪᠵᠢᠭᠦᠯᠵᠦ᠍᠂ ᠡᠷᠲᠡᠬᠡᠨ ᠬᠥᠳᠡᠯᠦᠯᠴᠡᠵᠦ᠍᠂ ᠡᠷᠲᠡᠬᠡᠨ ᠨᠠᠢᠳᠠᠪᠤᠷᠢᠵᠢᠭᠤᠯᠵᠤ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠬᠤᠷᠳᠤᠴᠠ᠎ᠶ᠋ᠢ ᠲᠦᠷᠭᠡᠳᠭᠡᠵᠦ᠍᠂ ᠨᠡᠩ ᠤᠯᠠᠨ ᠲᠤᠮᠤ ᠲᠦᠷᠦᠯ ᠵᠦᠢᠯ ᠰᠠᠢ᠌ᠨ ᠲᠦᠷᠦᠯ ᠵᠦᠢᠯ᠎ᠦᠨ ᠪᠠᠷᠢᠯᠭ᠎ᠠ᠎ᠶ᠋ᠢ ᠡᠬᠢᠯᠡᠭᠦᠯᠬᠦ᠌᠎ᠪᠡᠷ ᠳᠠᠮᠵᠢᠭᠤᠯᠵᠤ᠂ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠪᠠᠷ《ᠲᠣᠭ᠍ᠲᠠᠭᠤᠨ ᠪᠠᠢᠯᠭᠠᠬᠤ》ᠰᠠᠭᠤᠷᠢ ᠶ᠋ᠢ ᠪᠣᠳᠠᠲᠠᠢᠵᠢᠭᠤᠯᠵᠤ᠂《ᠤᠷᠤᠭ᠍ᠰᠢᠯᠠᠨ ᠲᠠᠪᠰᠢᠬᠤ》ᠦᠷ᠎ᠡ ᠪᠦᠲᠦᠮᠵᠢ᠎ᠶ᠋ᠢ ᠥᠷᠭᠡᠳᠭᠡᠬᠦ᠌ ᠬᠡᠷᠡᠭ᠌ᠲᠡᠢ᠃ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠬᠣᠷᠢᠭ᠎ᠠ ᠱᠤᠭᠤᠮ᠎ᠤᠨ ᠰᠡᠳᠭᠢᠬᠦᠶ᠎ᠶ᠋ᠢ ᠪᠠᠲᠤ ᠪᠣᠶ ᠪᠣᠯᠭᠠᠵᠤ᠂ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠵᠤ᠂ ᠠᠵᠤ ᠠᠬᠤᠶ ᠮᠥᠩᠭᠥᠨ ᠭᠦᠶ᠋ᠯᠭᠡᠭᠡᠨ᠎ᠦ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠵᠥᠷᠢᠴᠡᠯ ᠵᠢᠭᠤᠷᠠᠭᠠᠨ᠎ᠢ ᠵᠢᠭ᠍ᠰᠠᠭᠠᠨ ᠪᠠᠢᠴᠠᠭᠠᠵᠤ ᠠᠷᠢᠯᠭᠠᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠢᠯᠠᠩᠭᠤᠶ᠎ᠠ ᠬᠢᠯᠢ᠎ᠶ᠋ᠢᠨ ᠪᠣᠭᠣᠮᠲᠠ᠎ᠶ᠋ᠢᠨ ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠢ ᠪᠥᠬᠥ᠌ ᠲᠠᠯ᠎ᠠ᠎ᠪᠠᠷ ᠭᠦᠨᠵᠡᠭᠡᠶ ᠰᠠᠢᠲᠤᠷ ᠠᠳᠭᠤᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠣᠭ᠍ᠲᠠᠭᠤᠨ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠶ᠃ ᠠᠷᠠᠳ᠎ᠤᠨ ᠲᠥᠯᠥᠭᠡ ᠵᠢᠳᠬᠦᠬᠦ᠌ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠶ᠋ᠯᠡᠳᠦᠯᠭᠡᠵᠢᠭᠦᠯᠵᠦ᠍᠂ ᠠᠷᠠᠳ ᠲᠦᠮᠡᠨ᠎ᠦ ᠠᠮᠤᠷ ᠠᠮᠤᠭᠤᠯᠠᠩ ᠠᠵᠤ ᠲᠦᠷᠦᠭᠦ᠌᠂ ᠠᠮᠤᠷ ᠲᠦᠪᠱᠢᠨ ᠬᠦᠴᠢᠷ ᠭᠠᠴᠢᠭᠢ ᠢᠮᠠᠭ᠍ᠲᠠ ᠰᠡᠳᠭᠢᠯ᠎ᠳᠡᠭᠡᠨ ᠪᠤᠳᠤᠵᠤ᠂ ᠠᠷᠭ᠎ᠠ ᠪᠦᠬᠦᠨ᠎ᠢ ᠰᠦᠪᠡᠭ᠌ᠴᠢᠯᠡᠨ ᠠᠵᠢᠯ ᠣᠯᠭᠣᠯᠲᠠ᠎ᠶ᠋ᠢᠨ ᠠᠷᠭ᠎ᠠ ᠵᠠᠮ᠎ᠢ ᠥᠷᠭᠡᠳᠭᠡᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ ᠡᠯ᠎ᠡ ᠵᠦᠶ᠋ᠯ᠎ᠦᠨ ᠠᠵᠢᠯ᠎ᠢ ᠨᠠᠩ ᠬᠦᠴᠦᠲᠡᠶ ᠪᠦᠲᠦᠮᠵᠢᠲᠡᠶ ᠰᠠᠢᠲᠤᠷ ᠬᠢᠵᠦ᠍᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠠᠵᠢᠯ᠎ᠢ ᠬᠦᠴᠦ᠍᠎ᠪᠡᠨ ᠲᠥᠪᠯᠡᠷᠡᠭᠦᠯᠦᠨ ᠰᠠᠢᠲᠤᠷ ᠬᠢᠵᠦ᠍᠂ ᠠᠷᠠᠳ ᠣᠯᠠᠨ᠎ᠢ ᠳᠠᠭᠠᠭᠤᠯᠤᠨ ᠬᠠᠮᠲᠤ᠎ᠪᠠᠷ ᠪᠠᠶᠠᠵᠢᠬᠤ ᠬᠠᠷᠠᠯᠲᠠ ᠲᠡᠢᠰᠢ ᠯᠠᠪᠳᠠᠭᠤᠨ᠎ᠢᠶᠠᠷ ᠤᠷᠤᠭ᠍ᠰᠢᠯᠠᠵᠤ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠬᠠᠩᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠱ᠌ᠢ᠎ᠲᠡᠶ ᠹᠸᠩ᠂ ᠠᠯᠤᠰ᠎ᠤᠨ ᠲᠥᠰᠦᠪ᠎ᠢ ᠵᠢᠷᠤᠭ᠍ᠯᠠᠬᠤ ᠵᠢᠨ ᠭᠤᠤᠯᠳᠠᠯᠭ᠎ᠠ ᠨᠢ ᠨᠠᠢᠳᠠᠪᠤᠷᠢᠵᠢᠭᠤᠯᠬᠤ᠎ᠳᠤ ᠪᠠᠢᠵᠤ᠂ ᠡᠭᠦᠷᠭᠡ ᠬᠠᠷᠢᠭᠤᠴᠠᠯᠭ᠎ᠠ ᠪᠡᠨ ᠡᠬᠦᠷᠭᠡᠯᠡᠬᠦ ᠵᠢᠨ ᠵᠠᠩᠭᠢᠯᠠᠭ᠎ᠠ ᠨᠢ ᠬᠦᠢᠴᠡᠳᠭᠡᠬᠦ᠎ᠳᠤ ᠪᠠᠢᠨ᠎ᠠ᠃ ᠪᠢᠳᠡ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠍᠂ ᠨᠢᠭᠡ ᠨᠢᠭᠡ᠎ᠪᠡᠷ ᠴᠢᠩᠭ᠎ᠠ ᠠᠳᠭᠤᠵᠤ᠂ ᠨᠢᠭᠡ ᠨᠢᠭᠡᠠᠵᠢᠯ ᠪᠦᠬᠦᠨ᠎ᠢ ᠵᠠᠯᠭᠠᠨ ᠬᠢᠵᠦ᠍᠂ ᠦᠷ᠎ᠡ ᠪᠦᠲᠦᠮᠵᠢ ᠭᠠᠷᠭᠠᠬᠤ ᠦᠭᠡᠢ ᠪᠣᠯ ᠶᠠᠭᠠᠬᠢᠬᠰᠠᠨ ᠴᠤ᠌ ᠲᠠᠯᠪᠢᠬᠤ ᠦᠭᠡᠢ᠂ ᠵᠣᠷᠢᠯᠭ᠎ᠠ᠎ᠳᠠᠭᠠᠨ ᠬᠦᠷᠬᠦ᠌ ᠦᠭᠡᠢ ᠪᠣᠯ ᠵᠣᠭ᠍ᠰᠣᠬᠤ ᠦᠭᠡᠢ ᠪᠠᠢᠬᠤ ᠬᠡᠷᠡᠭ᠌ᠲᠡᠢ᠃ 《ᠬᠥᠮᠦᠨ ᠨᠢᠭᠡ ᠬᠤᠪᠢ ᠵᠢᠨ ᠬᠦᠴᠦ ᠭᠠᠷᠭᠠᠪᠠᠯ ᠪᠢ ᠠᠷᠪᠠᠨ ᠬᠤᠪᠢ ᠵᠢᠨ ᠬᠦᠴᠦ ᠭᠠᠷᠭᠠᠵᠤ᠂ ᠬᠦᠮᠦᠨ ᠠᠷᠪᠠᠨ ᠬᠤᠪᠢ ᠵᠢᠨ ᠬᠦᠴᠦ ᠭᠠᠷᠭᠠᠪᠠᠯ ᠪᠢ ᠵᠠᠭᠤᠨ ᠬᠤᠪᠢ ᠵᠢᠨ ᠬᠦᠴᠤ ᠭᠠᠷᠭᠠᠬᠤ》ᠡᠷᠴᠢ ᠵᠣᠷᠢᠭ᠎ᠢᠶᠠᠷ᠂ ᠦᠨᠡᠨ ᠬᠦ᠌ ᠬᠥᠳᠡᠯᠦᠯᠴᠡᠵᠦ᠍᠂ ᠶᠠᠭᠠᠷᠠᠯᠳᠤᠨ ᠬᠢᠵᠤ᠂ ᠺᠠᠳ᠋ᠷ᠎ᠤᠨ ᠬᠤᠰᠢᠭᠤᠴᠢ ᠵᠢᠱ᠌ᠢᠶᠠᠴᠢ ᠦᠢᠯᠡᠳᠦᠯ ᠵᠢᠠᠷ ᠪᠦᠬᠦ᠌ ᠨᠡᠢᠭᠡᠮ᠎ᠢ ᠳᠠᠢᠴᠢᠯᠠᠬᠤ ᠵᠢ ᠦᠨᠡᠨ ᠬᠦ᠌ ᠪᠡᠶᠡᠯᠡᠭᠦᠯᠵᠦ᠍᠂ ᠺᠠᠳ᠋ᠷ᠎ᠤᠨ ᠠᠵᠢᠯ ᠬᠢᠬᠦ᠌᠎ᠪᠡᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠲᠣᠭ᠍ᠲᠠᠭᠤᠨ ᠪᠠᠢᠯᠭᠠᠬᠤ ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠵᠣᠷᠢᠭ᠍ᠲᠠᠢ᠎ᠪᠠᠷ ᠠᠰᠠᠭᠤᠳᠠᠯ᠎ᠳᠤ ᠬᠠᠨᠳᠤᠵᠤ᠂ ᠵᠣᠷᠢᠭ᠍ᠲᠠᠢ ᠪᠠᠷ ᠬᠦᠴᠢᠷ ᠪᠡᠷᠬᠡᠱᠢᠶᠡᠯ᠎ᠲᠠᠢ ᠲᠠᠢ᠌ᠨ ᠵᠠᠷᠯᠠᠵᠤ ᠲᠠᠰᠤᠷᠠᠯᠳᠠ ᠦᠭᠡᠢ ᠬᠠᠭᠤᠴᠢᠨ ᠰᠡᠳᠭᠢᠬᠦᠢ᠎ᠪᠡᠨ ᠬᠤᠪᠢᠷᠠᠭᠤᠯᠵᠤ᠂ ᠱᠢᠨ᠎ᠡ ᠬᠠᠷᠠᠭᠠᠰᠤ ᠵᠢ ᠨᠡᠭᠡᠭᠡᠵᠦ᠍᠂ ᠱᠢᠨ᠎ᠡ ᠴᠢᠳᠠᠪᠤᠷᠢ᠎ᠶ᠋ᠢ ᠡᠵᠡᠮᠱᠢᠵᠦ᠍᠂ ᠤᠬᠠᠮᠰᠠᠷ᠎ᠡᠴᠡ᠎ᠪᠠᠨ ᠵᠠᠭᠤᠨ ᠵᠢᠯ᠎ᠦᠨ ᠨᠠᠮ᠎ᠤᠨ ᠲᠡᠦᠬᠡ᠎ᠡᠴᠡ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠴᠠᠭ ᠦᠶ᠎ᠡ ᠪᠠ ᠠᠷᠠᠳ ᠲᠦᠮᠡᠨ᠎ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠨ ᠡᠭᠦᠷᠭᠡᠯᠡᠬᠦ᠌ ᠬᠡᠷᠡᠭ᠌ᠲᠡᠢ ᠭᠡᠵᠤ ᠬᠡᠯᠡᠪᠡ᠃
ᠱ᠌ᠢ᠎ᠲᠡᠶ ᠹᠸᠩ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠣᠰ ᠪᠡᠶ᠎ᠡ᠎ᠶ᠋ᠢᠨ ᠪᠠᠢᠭᠤᠯᠤᠯᠲᠠ ᠶ᠋ᠢ ᠪᠥᠬᠥ᠌ ᠲᠠᠯ᠎ᠠ᠎ᠪᠠᠷ ᠴᠢᠩᠭᠠᠳᠭᠠᠨ᠂ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠲᠠ ᠥᠬᠡᠶ ᠬᠥᠭ᠌ᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠬᠤ᠂ ᠲᠡᠭᠦᠯᠳᠡᠷᠵᠢᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠶ᠃ ᠠᠷᠠᠳ᠎ᠤᠨ ᠲᠥᠯᠥᠭᠡᠯᠡᠭ᠌ᠴᠢᠳᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠴᠢᠳᠠᠪᠤᠷᠢ᠎ᠪᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠠᠷᠠᠳ ᠲᠦᠮᠡᠨ᠎ᠦ ᠲᠥᠯᠥᠭᠡ ᠦᠭᠡ ᠬᠡᠯᠡᠬᠦ᠌᠂ ᠠᠷᠠᠳ ᠲᠦᠮᠡᠨ᠎ᠦ ᠲᠥᠯᠥᠭᠡ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌᠂ ᠠᠷᠠᠳ ᠲᠦᠮᠡᠨ᠎ᠳᠦ ᠬᠠᠷᠢᠭᠤᠴᠠᠬᠤ᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠳᠤ ᠪᠠᠢᠭ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠲᠤᠰ ᠤᠳᠠᠭ᠎ᠠ᠎ᠶ᠋ᠢᠨ ᠪᠦᠬᠦᠳᠡ ᠬᠤᠷᠠᠯ᠎ᠳᠤ ᠰᠤᠯᠠ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶ᠋ᠢᠨ ᠬᠠᠷᠢᠭᠤᠴᠠᠯᠭᠠᠲᠠᠨ ᠨᠥᠬᠥᠳ ᠠᠯᠤᠰ ᠡᠵᠡᠮᠱᠢᠯᠲᠦ ᠸᠢᠳᠢᠣ᠋ ᠪᠡᠷ ᠬᠤᠷᠠᠯ᠎ᠳᠤ ᠰᠤᠯᠠ ᠣᠷᠣᠯᠴᠠᠵᠠᠶ᠃
ᠶᠡᠬᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶ᠋ᠢᠨ ᠠᠶᠠᠰ ᠳᠤᠮᠳᠠ ᠲᠡᠭᠦᠰᠪᠡ᠃