1 ᠰᠠᠷ᠎ᠠ᠎ᠶ᠋ᠢᠨ 22 ᠤ᠋ᠨ ᠡᠳᠦᠷ᠎ᠤᠨ 22 ᠴᠠᠭ᠎ᠤᠨ ᠦᠶ᠎ᠡ ᠪᠡᠷ᠂ 2022 ᠣᠨ᠎ᠤ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ ᠤᠨ ᠲᠠᠮᠢᠷ᠎ᠤᠨ ᠴᠤᠭ᠍ᠯᠠᠭᠠᠨ᠎ᠤ ᠪᠣᠯᠣᠳ ᠵᠢᠶᠠᠰᠠᠲᠤ ᠴᠠᠰᠤᠨ ᠲᠡᠷᠭᠡᠨ᠎ᠦ ᠤᠯᠤᠰ᠎ᠤᠨ ᠠᠩᠭᠢ᠎ᠶ᠋ᠢᠨ ᠱᠢᠯᠭᠠᠷᠠᠭᠤᠯᠬᠤ ᠤᠷᠤᠯᠳᠤᠭᠠᠨᠦᠨᠳᠦᠷᠯᠡᠬᠦ ᠶ᠋ᠢ ᠳᠠᠭᠠᠯᠳᠤᠨ᠂ ᠮᠠᠨ᠎ᠤ ᠣᠷᠣᠨ᠎ᠤ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠲᠠᠮᠢᠷᠴᠢᠳ᠎ᠤᠨ ᠨᠡᠷᠡᠰ ᠵᠢᠩᠬᠢᠨᠢ᠎ᠪᠡᠷ ᠨᠡᠢᠲᠡᠯᠡᠭ᠌ᠳᠡᠵᠦ᠍᠂ ᠬᠠᠨ ᠮᠧᠶ᠂ ᠹᠠᠨ ᠳ᠋ᠦᠸᠸ ᠶᠣᠣ᠂ ᠵᠣᠣ ᠳ᠋ᠠᠨ᠂ ᠴᠥ ᠶᠤᠸᠠᠨ ᠮᠸᠩ᠂ ᠳ᠋ᠢᠩ ᠢᠦᠶ ᠬᠤᠸᠠᠨ ᠵᠡᠷᠭᠡ 5 ᠲᠠᠮᠢᠷᠴᠢᠨ ᠪᠡᠭᠡᠵᠢᠩ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠡᠷᠭᠡ᠎ᠵᠢ ᠣᠯᠵᠠᠶ᠃
ᠬᠠᠨ ᠮᠧᠶ᠂ ᠲᠦᠷᠭᠡᠨ ᠲᠡᠱᠢᠯᠲᠡ ᠶ᠋ᠢᠨ ᠲᠠᠮᠢᠷᠴᠢᠨ᠃ 2021 ᠣᠨ᠎ᠤ 11 ᠰᠠᠷ᠎ᠠ᠎ᠠᠴᠠ ᠨᠠᠭᠠᠰᠢ ᠠᠮᠧᠷᠢᠺᠠ᠂ ᠫᠤᠯᠠᠨᠳ᠋ ᠵᠡᠷᠭᠡ ᠭᠠᠵᠠᠷ᠎ᠲᠤ ᠳᠥᠷᠪᠡᠨ ᠥᠷᠲᠡᠭᠡ ᠳᠡᠯᠡᠬᠡᠶ᠎ᠶ᠋ᠢᠨ ᠬᠤᠨᠳᠠᠭᠠᠲᠤ ᠤᠷᠤᠯᠳᠤᠭᠠᠨ᠎ᠳᠤ ᠣᠷᠣᠯᠴᠠᠵᠤ᠂ 1500 ᠮᠧᠲ᠋ᠷ᠂ 3000 ᠮᠧᠲ᠋ᠷ ᠦᠨ ᠪᠥᠬᠥ᠌ ᠤᠯᠤᠰ᠎ᠤᠨ ᠲᠡᠮᠳᠡᠭ᠌ᠯᠡᠯ᠎ᠢ 3 ᠤᠳᠠᠭ᠎ᠠ ᠰᠢᠨᠡᠳᠭᠡᠪᠡ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ 1500 ᠮᠧᠲ᠋ᠷ᠂ 3000 ᠮᠧᠲ᠋ᠷ᠂ 5000 ᠮᠧᠲ᠋ᠷ ᠪᠠ ᠪᠦᠯᠬᠦᠮ᠎ᠦᠨ ᠳᠥᠷᠪᠡᠨ ᠵᠦᠢᠯ᠎ᠦᠨ ᠤᠷᠤᠯᠳᠤᠭᠠᠨ᠎ᠳᠤ ᠣᠷᠣᠯᠴᠠᠬᠤ ᠪᠠᠷ ᠪᠤᠢ᠃

ᠹᠠᠨ ᠳ᠋ᠦᠸᠸ ᠶᠣᠣ᠂ ᠴᠢᠷᠭ᠎ᠠ᠎ᠶ᠋ᠢᠨ ᠲᠠᠮᠢᠷᠴᠢᠨ᠃ ᠣᠲᠣᠬᠠᠨ ᠳᠡᠯᠡᠬᠡᠶ ᠳᠡᠭᠡᠷ᠎ᠡ ᠲᠦᠴᠢᠨ ᠭᠤᠷᠪᠠᠳᠤᠭᠠᠷ᠎ᠲᠤ ᠵᠢᠭ᠍ᠰᠠᠭᠠᠭ᠍ᠳᠠᠵᠤ᠂ ᠤᠯᠤᠰ᠎ᠤᠨ ᠳᠣᠲᠣᠭᠠᠳᠤ᠎ᠳᠤ ᠨᠢᠭᠡᠳᠦᠭᠡᠷ᠎ᠲᠦ ᠵᠢᠭ᠍ᠰᠠᠭᠠᠭ᠍ᠳᠠᠵᠤ ᠪᠠᠢᠨ᠎ᠠ᠃ 2021 ᠣᠨ᠎ᠤ ᠤᠷᠤᠯᠳᠤᠭᠠᠨ᠎ᠤ ᠤᠯᠠᠷᠢᠯ᠎ᠤᠨ ᠴᠢᠷᠭ᠎ᠠ᠎ᠶ᠋ᠢᠨ ᠤᠯᠤᠰ ᠤᠨ ᠬᠤᠨᠳᠠᠭᠠᠲᠤ ᠡᠷᠡᠭ᠌ᠲᠡᠶ᠎ᠶ᠋ᠢᠨ ᠭᠠᠭ᠍ᠴᠠ ᠬᠥᠮᠦᠨ᠎ᠦ ᠤᠷᠤᠯᠳᠤᠭᠠᠨ ᠳ᠋ᠤ ᠠᠷᠪᠠᠨ ᠲᠤᠯᠤᠳᠤᠭᠠᠷ᠎ᠲᠤ ᠵᠢᠭ᠍ᠰᠠᠭᠠᠭ᠍ᠳᠠᠵᠤ᠂ ᠳᠡᠯᠡᠬᠡᠶ᠎ᠶ᠋ᠢᠨ ᠬᠤᠨᠳᠠᠭᠠᠲᠤ ᠤᠷᠤᠯᠳᠤᠭᠠᠨ᠎ᠤ ᠶᠠᠨᠴᠢᠩ ᠥᠷᠲᠡᠭᠡ᠎ᠶ᠋ᠢᠨ ᠤᠷᠤᠯᠳᠤᠭᠠᠨ᠎ᠳᠤ ᠣᠷᠣᠯᠴᠠᠬᠤ ᠬᠢᠷᠢ ᠬᠡᠮ᠎ᠢ ᠣᠯᠤᠭ᠍ᠰᠠᠨ ᠪᠠᠢᠨ᠎ᠠ᠂ ᠡᠨᠡ ᠨᠢ ᠮᠥᠨ ᠴᠦ᠍ ᠳᠤᠮᠳᠠᠳᠤ ᠤᠯᠤᠰ᠎ᠤᠨ ᠲᠠᠮᠢᠷᠴᠢᠨ ᠠᠩᠬ᠎ᠠ ᠤᠳᠠᠭ᠎ᠠ ᠲᠣᠰ ᠤᠷᠤᠯᠳᠤᠭᠠᠨ᠎ᠤ ᠬᠢᠷᠢ ᠬᠡᠮ᠎ᠢ ᠣᠯᠵᠤ᠂ ᠳᠤᠮᠳᠠᠳᠤ ᠤᠯᠤᠰ᠎ᠤᠨ ᠴᠢᠷᠭ᠎ᠠ᠎ᠶ᠋ᠢᠨ ᠬᠥᠳᠡᠯᠭᠡᠭᠡᠨ᠎ᠦ ᠲᠡᠦᠬᠡ᠎ᠶ᠋ᠢ ᠡᠭᠦᠳᠦᠭ᠌ᠰᠡᠨ ᠶᠠᠪᠤᠳᠠᠯ ᠪᠣᠯᠤᠨ᠎ᠠ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠴᠢᠷᠭ᠎ᠠ ᠵᠢᠨ ᠲᠦᠷᠦᠯ᠎ᠤᠨ ᠡᠷᠡᠭ᠌ᠲᠡᠶ᠎ᠶ᠋ᠢᠨ ᠭᠠᠭ᠍ᠴᠠ ᠬᠥᠮᠦᠨ ᠤ ᠤᠷᠤᠯᠳᠤᠭᠠᠨ ᠪᠠ ᠪᠦᠯᠬᠦᠮ ᠤᠨ ᠤᠷᠤᠯᠳᠤᠭᠠᠨ ᠬᠣᠶᠠᠷ ᠵᠦᠢᠯ᠎ᠦᠨ ᠤᠷᠤᠯᠳᠤᠭᠠᠨ᠎ᠳᠤ ᠣᠷᠣᠯᠴᠠᠬᠤ᠎ᠪᠠᠷ ᠪᠠᠢᠨ᠎ᠠ᠃

ᠵᠣᠣ ᠳ᠋ᠠᠨ᠂ ᠪᠤᠯᠤᠳ ᠵᠢᠶᠠᠰᠠ᠎ᠳᠤ ᠴᠠᠰᠤᠨ ᠲᠡᠷᠭᠡᠨ᠎ᠦ ᠲᠠᠮᠢᠷᠴᠢᠨ᠃ ᠣᠳᠣᠬᠠᠨ ᠳᠡᠯᠡᠬᠡᠶ ᠳᠡᠭᠡᠷ᠎ᠡ ᠭᠤᠴᠢᠨ ᠲᠤᠯᠤᠳᠤᠭᠠᠷ ᠲᠸ᠋ ᠵᠢᠭ᠍ᠰᠠᠭᠠᠭ᠍ᠳᠠᠵᠤ᠂ ᠤᠯᠤᠰ᠎ᠤᠨ ᠳᠣᠲᠣᠭᠠᠳᠤ᠎ᠳᠤ ᠭᠤᠷᠪᠠᠳᠤᠭᠠᠷ ᠲᠸ᠋ ᠵᠢᠭ᠍ᠰᠠᠭᠠᠭ᠍ᠳᠠᠵᠤ ᠪᠠᠢᠨ᠎ᠠ᠃ ᠤᠯᠤᠰ᠎ᠤᠨ ᠠᠩᠭᠢ᠎ᠶ᠋ᠢᠨ ᠨᠠᠰᠤ᠎ᠪᠠᠷ ᠬᠠᠮᠤᠭ ᠤᠨ ᠪᠠᠭ᠎ᠠ ᠲᠠᠮᠢᠷᠴᠢᠨ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠠᠩᠭᠢ ᠳᠤ ᠣᠷᠣᠭ᠍ᠰᠠᠨ ᠡᠴᠡ ᠨᠠᠭᠠᠰᠢ 4 ᠵᠢᠯ᠎ᠳᠦ ᠮᠡᠷᠭᠡᠵᠢᠯ ᠨᠢ ᠢᠯᠡᠳᠲᠡ ᠳᠡᠭᠡᠭ᠌ᠰᠢᠯᠡᠵᠦ᠍᠂《ᠡᠪᠦᠯ᠎ᠦᠨ ᠤᠯᠠᠷᠢᠯ᠎ᠤᠨ ᠵᠠᠯᠠᠭᠤᠴᠤᠳ᠎ᠤᠨ ᠣᠯᠢᠮᠫᠢᠺ ᠤᠨ ᠲᠠᠮᠢᠷ᠎ᠤᠨ ᠴᠤᠭ᠍ᠯᠠᠭᠠᠨ》᠎ᠤ᠋ ᠡᠮᠡᠭ᠌ᠲᠡᠶ᠎ᠶ᠋ᠢᠨ ᠬᠤᠪᠢ ᠬᠥᠮᠦᠨ᠎ᠦ ᠲᠥᠷᠥᠯ ᠵᠦᠢᠯ᠎ᠦᠨ ᠳᠣᠯᠣᠳᠤᠭᠠᠷ᠎ᠲᠤ ᠣᠷᠣᠵᠤ᠂ ᠠᠦ᠋ᠰᠲ᠋ᠷᠢᠶ᠎ᠠ᠎ᠶ᠋ᠢᠨ ᠢᠨᠰᠪᠷᠦ᠋ᠺ ᠥᠷᠲᠡᠭᠡᠨ᠎ᠤ ᠤᠷᠤᠯᠳᠤᠭᠠᠨ᠎ᠳᠦ ᠮᠠᠩᠯᠠᠢᠯᠠᠪᠠ᠃ ᠪᠡᠭᠡᠵᠢᠩ ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠤᠰ ᠲᠦᠷᠦᠯ ᠵᠦᠢᠯ᠎ᠤᠨ ᠡᠮᠡᠭ᠌ᠲᠡᠶ᠎ᠶ᠋ᠢᠨ ᠭᠠᠭ᠍ᠴᠠ ᠬᠥᠮᠦᠨ᠎ᠦ ᠤᠷᠤᠯᠳᠤᠭᠠᠨ᠎ᠳᠤ ᠤᠷᠤᠯᠴᠠᠨ᠎ᠠ᠃

ᠴᠥ ᠶᠤᠸᠠᠨ ᠮᠸᠩ᠂ ᠭᠤᠯᠭᠤᠭᠤᠷ ᠬᠦᠷᠳᠦ + ᠬᠠᠷᠪᠤᠯᠲᠠ᠎ᠶᠢᠨ ᠲᠠᠮᠢᠷᠴᠢᠨ᠃ 1999 ᠣᠨ᠎ᠳᠤ ᠥᠪᠥᠷ ᠮᠣᠩᠭᠣᠯ᠎ᠤᠨ ᠶᠠᠭ᠍ᠰᠢ ᠬᠤᠲᠠ ᠳᠤ ᠲᠦᠷᠦᠵᠡᠢ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ ᠤᠨ ᠲᠠᠮᠢᠷ᠎ᠤᠨ ᠴᠤᠭ᠍ᠯᠠᠭᠠᠨ᠎ᠤ ᠭᠤᠯᠭᠤᠭᠤᠷ ᠬᠦᠷᠳᠦ + ᠬᠠᠷᠪᠤᠯᠲᠠ᠎ᠶᠢᠨ ᠡᠮᠡᠭ᠌ᠲᠡᠶ᠎ᠶ᠋ᠢᠨ 4×6 ᠺᠢᠯᠣᠮᠧᠲ᠋ᠷ᠎ᠦᠨ ᠪᠤᠤᠬᠢᠶ᠎ᠠ ᠤᠷᠤᠯᠳᠤᠭᠠᠨ᠎ᠳᠤ ᠮᠠᠩᠯᠠᠢᠯᠠᠪᠠ᠃ 2021—2022 ᠣᠨ᠎ᠤ ᠡᠪᠦᠯ᠎ᠦᠨ ᠤᠯᠠᠷᠢᠯ ᠤᠨ ᠭᠤᠯᠭᠤᠭᠤᠷ ᠬᠦᠷᠳᠦ + ᠬᠠᠷᠪᠤᠯᠲᠠ᠎ᠶᠢᠨ ᠳᠡᠯᠡᠬᠡᠢ᠎ᠶ᠋ᠢᠨ ᠬᠤᠨᠳᠠᠭᠠᠲᠤ ᠤᠷᠤᠯᠳᠤᠭᠠᠨ᠎ᠤ ᠰᠸᠧᠳᠧᠨ ᠦᠷᠲᠡᠭᠡ᠂ ᠠᠦ᠋ᠰᠲ᠋ᠷᠢᠢᠠ ᠦᠷᠲᠡᠭᠡ᠂ ᠹᠷᠠᠨᠼᠢ ᠦᠷᠲᠡᠭᠡ᠎ᠶ᠋ᠢᠨ ᠤᠷᠤᠯᠳᠤᠭᠠᠨ᠎ᠳᠤ ᠣᠷᠣᠯᠴᠠᠪᠠ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠤᠯᠭᠤᠭᠤᠷ ᠬᠦᠷᠳᠦ + ᠬᠠᠷᠪᠤᠯᠲᠠ᠎ᠶᠢᠨ ᠤᠷᠤᠯᠳᠤᠭᠠᠨ᠎ᠤ ᠲᠦᠷᠦᠯ᠎ᠤᠨ ᠡᠮᠡᠭ᠌ᠲᠡᠶ᠎ᠶ᠋ᠢᠨ 15 ᠺᠢᠯᠣᠮᠧᠲ᠋ᠷ᠎ᠦᠨ ᠬᠤᠪᠢ ᠬᠥᠮᠦᠨ᠎ᠤ ᠤᠷᠤᠯᠳᠤᠭᠠᠨ᠂ ᠡᠮᠡᠭ᠌ᠲᠡᠶ᠎ᠶ᠋ᠢᠨ 4×6 ᠺᠢᠯᠣᠮᠧᠲ᠋ᠷ᠎ᠦᠨ ᠪᠤᠤᠬᠢᠶ᠎ᠠ ᠤᠷᠤᠯᠳᠤᠭᠠᠨ᠎ᠳᠤ ᠣᠷᠣᠯᠴᠠᠨ᠎ᠠ᠃

ᠳ᠋ᠢᠩ ᠢᠦᠶ ᠬᠤᠸᠠᠨ᠂ ᠭᠤᠯᠭᠤᠭᠤᠷ ᠬᠦᠷᠳᠦ + ᠬᠠᠷᠪᠤᠯᠲᠠ ᠶᠢᠨ ᠲᠠᠮᠢᠷᠴᠢᠨ᠃ 2003 ᠣᠨ᠎ᠳᠤ ᠪᠠᠶᠠᠨᠨᠠᠭᠤᠷ ᠬᠤᠲᠠ᠎ᠳᠤ ᠲᠦᠷᠦᠵᠡᠢ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ ᠲᠠᠮᠢᠷ᠎ᠤᠨ ᠴᠤᠭ᠍ᠯᠠᠭᠠᠨ᠎ᠤ ᠭᠤᠯᠭᠤᠭᠤᠷ ᠬᠦᠷᠳᠦ + ᠬᠠᠷᠪᠤᠯᠲᠠ᠎ᠶᠢᠨ ᠡᠮᠡᠭ᠌ᠲᠡᠶ᠎ᠶ᠋ᠢᠨ 4×6 ᠺᠢᠯᠣᠮᠧᠲ᠋ᠷ᠎ᠦᠨ ᠪᠤᠤᠬᠢᠶ᠎ᠠ ᠤᠷᠤᠯᠳᠤᠭᠠᠨ᠎ᠳᠤ ᠳᠡᠳ᠋ᠯᠡᠪᠡ᠃ 2021—2022 ᠣᠨ᠎ᠤ ᠡᠪᠦᠯ᠎ᠦᠨ ᠤᠯᠠᠷᠢᠯ᠎ᠤᠨ ᠭᠤᠯᠭᠤᠭᠤᠷ ᠬᠦᠷᠳᠦ + ᠬᠠᠷᠪᠤᠯᠲᠠ᠎ᠶᠢᠨ ᠳᠡᠯᠡᠬᠡᠢ᠎ᠶ᠋ᠢᠨ ᠬᠤᠨᠳᠠᠭᠠᠲᠤ ᠤᠷᠤᠯᠳᠤᠭᠠᠨ᠎ᠤ ᠰᠸᠧᠳᠧᠨ ᠦᠷᠲᠡᠭᠡ᠂ ᠠᠦ᠋ᠰᠲ᠋ᠷᠢᠢᠠ ᠦᠷᠲᠡᠭᠡ᠂ ᠹᠷᠠᠨᠼᠢ ᠦᠷᠲᠡᠭᠡ᠎ᠶ᠋ᠢᠨ ᠤᠷᠤᠯᠳᠤᠭᠠᠨ᠎ᠳᠤ ᠣᠷᠣᠯᠴᠠᠪᠠ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠤᠯᠭᠤᠭᠤᠷ ᠬᠦᠷᠳᠦ + ᠬᠠᠷᠪᠤᠯᠲᠠ᠎ᠶᠢᠨ ᠤᠷᠤᠯᠳᠤᠭᠠᠨ᠎ᠤ ᠡᠮᠡᠭ᠌ᠲᠡᠶ᠎ᠶ᠋ᠢᠨ 15 ᠺᠢᠯᠣᠮᠧᠲ᠋ᠷ᠎ᠦᠨ ᠬᠤᠪᠢ ᠬᠥᠮᠦᠨ᠎ᠤ ᠤᠷᠤᠯᠳᠤᠭᠠᠨ᠂ ᠡᠮᠡᠭ᠌ᠲᠡᠶ᠎ᠶ᠋ᠢᠨ 4×6 ᠺᠢᠯᠣᠮᠧᠲ᠋ᠷ᠎ᠦᠨ ᠪᠤᠤᠬᠢᠶ᠎ᠠ ᠤᠷᠤᠯᠳᠤᠭᠠᠨ᠎ᠳᠤ ᠣᠷᠣᠯᠴᠠᠨ᠎ᠠ᠃
