ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠲᠡᠭᠦᠰᠭᠦ ᠬᠤᠷᠠᠯ ᠳᠡᠭᠡᠷᠡᠬᠢ ᠶᠠᠷᠢᠶ᠎ᠠ
2022-01-25 06:22:10
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2022 ᠣᠨ᠎ᠤ 1 ᠰᠠᠷ᠎ᠠ᠎ᠶ᠋ᠢᠨ 24 ᠤ᠋ ᠡᠳᠦᠷ)

ᠱ᠌ᠢ ᠲᠠᠢ ᠹᠧᠩ

ᠲᠥᠯᠥᠭᠡᠯᠡᠭ᠌ᠴᠢᠳ ᠡ᠂ ᠨᠥᠬᠥᠳ ᠡ᠄

ᠪᠦᠬᠦᠳᠡ ᠣᠯᠠᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ ᠡᠯ᠎ᠡ ᠵᠥᠪᠯᠡᠬᠦ᠌ ᠵᠦᠶ᠋ᠯ᠎ᠢᠶᠡᠨ ᠠᠮᠵᠢᠯᠳᠠ ᠳᠠᠢ ᠳᠠᠭᠤᠰᠬᠠᠭᠠᠳ ᠲᠡᠭᠦᠰᠭᠦ ᠪᠣᠯᠤᠯ᠎ᠠ᠃

ᠡᠨᠡ ᠤᠳᠠᠭ᠎ᠠ᠎ᠶ᠋ᠢᠨ ᠬᠤᠷᠠᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠥ ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠳᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠥ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠥ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠬᠣᠶᠠᠳᠤᠭᠠᠷ ᠪᠦᠬᠦᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠥ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠬᠦᠯᠦᠯᠳᠡ ᠪᠠ ᠪᠤᠰᠤᠳ ᠡᠯ᠎ᠡ ᠵᠦᠢᠯ᠎ᠦᠨ ᠮᠡᠳᠡᠭᠦᠯᠦᠯᠲᠡ ᠵᠢ ᠵᠦᠪᠰᠢᠶᠡᠷᠡᠵᠥ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ᠌ ᠲᠦᠷᠢᠮ》᠎ᠳ᠋ᠤ ᠵᠠᠰᠠᠪᠤᠷᠢ ᠣᠷᠣᠭᠤᠯᠵᠤ ᠪᠠᠲᠤᠯᠠᠠ᠂ ᠰᠣᠩᠭᠣᠭᠤᠯᠢ ᠪᠡᠷ ᠳᠠᠮᠵᠢᠵᠥ ᠬᠤᠯᠪᠤᠬᠳᠠᠯ ᠪᠦᠬᠦᠢ ᠠᠵᠢᠯᠲᠠᠨ᠎ᠤ ᠶᠠᠪᠤᠳᠠᠯ᠎ᠢ ᠪᠠᠲᠤᠯᠠᠪᠠ᠃ ᠬᠤᠷᠠᠯ᠎ᠤᠨ ᠬᠤᠭᠤᠴᠠᠭᠠᠨ᠎ᠳᠤ᠂ ᠲᠥᠯᠥᠭᠡᠯᠡᠭ᠌ᠴᠢᠳ ᠤᠯᠤᠰ ᠲᠥᠷᠥ᠎ᠶ᠋ᠢ ᠡᠷᠬᠢᠮᠯᠡᠵᠦ᠍᠂ ᠶᠡᠬᠡ ᠲᠠᠯ᠎ᠠ᠎ᠶ᠋ᠢ ᠪᠣᠳᠣᠯᠬᠢᠯᠠᠨ᠂ ᠰᠠᠬᠢᠯᠭ᠎ᠠ ᠪᠠᠲᠤ᠎ᠶ᠋ᠢ ᠵᠢᠷᠤᠮᠯᠠᠵᠥ᠂ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠶ᠋ᠴᠡᠳᠭᠡᠵᠥ᠂ ᠰᠠᠨᠠᠭᠠᠴᠢᠯᠠᠭ᠎ᠠ ᠡᠴᠡ᠎ᠪᠠᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠂ ᠬᠠᠤᠯᠢ ᠶᠣᠰᠣᠭᠠᠷ ᠡᠷᠬᠡ᠎ᠪᠡᠨ ᠬᠡᠷᠡᠭ᠌ᠵᠢᠭᠦᠯᠦᠨ᠂ ᠪᠠᠲᠤ ᠴᠢᠩᠭ᠎ᠠ ᠤᠯᠤᠰ ᠲᠥᠷᠥ᠎ᠶ᠋ᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠍᠂ ᠠᠷᠠᠳ᠎ᠤᠨ ᠲᠥᠯᠥᠭᠡ ᠵᠢᠳᠬᠦᠬᠦ᠌ ᠭᠦᠨ ᠵᠤᠵᠠᠭᠠᠨ ᠬᠠᠢᠷ᠎ᠠ ᠰᠡᠳᠭᠢᠯᠭᠡ ᠪᠠ ᠡᠷᠡᠯᠬᠡᠭ᠌ᠯᠡᠨ ᠤᠷᠤᠭ᠍ᠰᠢᠯᠠᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃ ᠬᠤᠷᠠᠯ ᠮᠠᠰᠢ ᠠᠮᠵᠢᠯᠲᠠ᠎ᠲᠠᠶ ᠶᠠᠪᠤᠭ᠍ᠳᠠᠵᠤ᠂ ᠨᠢᠭᠡ ᠤᠳᠠᠭ᠎ᠠ᠎ᠶ᠋ᠢᠨ ᠲᠤᠭ᠎ᠢ ᠥᠨᠳᠥᠷ ᠮᠠᠨᠳᠤᠭᠤᠯᠤᠭ᠍ᠰᠠᠨ᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠭ᠍ᠰᠠᠨ᠂ ᠵᠠᠮ ᠨᠡᠭᠡᠭᠡᠨ ᠡᠷᠡᠯᠬᠡᠭ᠌ᠯᠡᠨ ᠤᠷᠤᠭ᠍ᠰᠢᠯᠠᠭ᠍ᠰᠠᠨ ᠶᠡᠬᠡ ᠬᠤᠷᠠᠯ ᠪᠤᠯᠵᠠᠢ᠂ ᠨᠢᠭᠡ ᠤᠳᠠᠭ᠎ᠠ᠎ᠶ᠋ᠢᠨ ᠪᠦᠯᠬᠦᠮᠳᠡᠯ ᠠᠷᠠᠳᠴᠢᠯᠠᠯ᠎ᠲᠠᠶ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠰᠤᠷᠲᠠᠯ ᠴᠢᠬᠡᠴᠢ ᠣᠪᠣᠷ ᠲᠥᠪ ᠶᠡᠬᠡ ᠬᠤᠷᠠᠯ ᠪᠣᠯᠵᠠᠢ᠂ ᠡᠨᠡ ᠨᠢ ᠪᠦᠬᠦ᠌ ᠣᠷᠣᠨ᠎ᠤ 2400 ᠭᠠᠷᠤᠢ ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠷᠮᠠᠰᠢᠭᠤᠯᠤᠨ ᠵᠣᠷᠢᠭ᠍ᠵᠢᠭᠤᠯᠵᠤ᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠵᠣᠷᠢᠭ ᠰᠠᠨᠠᠭ᠎ᠠ᠂ ᠨᠡᠩ ᠤᠮᠤᠭ ᠳᠡᠬᠦᠯᠳᠡᠷ ᠲᠡᠮᠡᠴᠡᠯ᠎ᠦᠨ ᠵᠣᠷᠢᠭ᠎ᠢᠶᠠᠷ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠬᠤ ᠭᠠᠯ ᠬᠠᠯᠠᠭᠤᠨ ᠦᠢᠯᠡᠳᠦᠯᠭᠡ᠎ᠳᠦ ᠣᠷᠣᠯᠴᠠᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ᠌ ᠨᠢ ᠯᠠᠪᠲᠠᠢ᠃

ᠲᠥᠯᠥᠭᠡᠯᠡᠭ᠌ᠴᠢᠳ ᠡ᠂ ᠨᠥᠬᠥᠳ ᠡ!

ᠰᠠᠶᠢᠬᠠᠨ ᠥᠩᠭᠡᠷᠡᠭ᠌ᠰᠡᠨ 2021ᠤᠨ ᠪᠣᠯ ᠨᠠᠮ ᠪᠠ ᠤᠯᠤᠰ᠎ᠤᠨ ᠲᠡᠦᠬᠡᠨ ᠳᠡᠭᠡᠷᠡᠬᠢ ᠬᠥᠱᠢᠶ᠎ᠡ ᠳᠤᠷᠠᠰᠭᠠᠯ᠎ᠤᠨ ᠠᠴᠢ ᠬᠣᠯᠪᠣᠭ᠍ᠳᠠᠯ᠎ᠲᠠᠶ ᠨᠢᠭᠡ ᠵᠢᠯ ᠮᠥᠨ᠂ ᠪᠠᠰᠠ ᠴᠤ᠌ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠡᠦᠬᠡᠨ᠎ᠳᠡᠬᠢ ᠮᠠᠰᠢ ᠶᠡᠷᠦ᠍ ᠪᠤᠰᠤ᠎ᠶ᠋ᠢᠨ ᠨᠢᠭᠡ ᠵᠢᠯ ᠮᠥᠨ᠃ ᠨᠢᠭᠡ ᠵᠢᠯ᠎ᠦᠨ ᠲᠤᠷᠰᠢ᠂ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠥ᠂ ᠨᠠᠮ᠎ᠤᠨ ᠵᠠᠭᠤᠨ ᠵᠢᠯ᠎ᠦᠨ ᠤᠢ᠎ᠶ᠋ᠢ ᠦᠪᠡᠳᠡᠭ᠌ᠰᠢ ᠶᠡᠬᠡ᠎ᠪᠡᠷ ᠪᠡᠯᠭᠡᠯᠡᠵᠥ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠦᠨ᠂ ᠳᠥᠷᠪᠡᠨ ᠱᠠᠲᠤᠨ᠎ᠤ ᠨᠠᠮ᠎ᠤᠨ ᠬᠣᠷᠢᠶᠠᠨ᠎ᠤ ᠬᠤᠭᠤᠴᠠᠭ᠎ᠠ ᠰᠣᠯᠢᠬᠤ ᠠᠵᠢᠯ᠎ᠢ ᠲᠡᠭᠦᠰ ᠠᠮᠵᠢᠯᠲᠠ᠎ᠲᠠᠶ ᠪᠡᠶᠡᠯᠡᠭᠦᠯᠵᠥ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠥ᠂ ᠠᠯᠢ ᠣᠯᠠᠨ ᠲᠤᠰᠭᠠᠶ ᠴᠡᠭ᠌ᠴᠡᠯᠡᠨ ᠵᠠᠰᠠᠯᠲᠠ᠎ᠶ᠋ᠢ ᠦᠷᠭᠦᠯᠵᠢᠯᠡᠨ ᠠᠬᠢᠭᠤᠯᠵᠥ᠂ ᠬᠦᠴᠢᠷ᠎ᠢ ᠳᠤᠭᠤᠯᠵᠥ ᠪᠡᠷᠬᠡ ᠵᠢ ᠳᠠᠪᠠᠬᠤ ᠳᠤᠮᠳᠠ ᠴᠥᠭᠡᠨ ᠪᠤᠰᠤ ᠬᠠᠲᠠᠭᠤ ᠳᠠᠢᠨ᠎ᠤ ᠢᠯᠠᠯᠲᠠ ᠵᠢ ᠣᠯᠵᠥ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠳᠤᠮᠳᠠ ᠴᠥᠭᠡᠨ ᠪᠤᠰᠤ ᠬᠦᠴᠢᠷ ᠠᠰᠠᠭᠤᠳᠠᠯ᠎ᠢ ᠱᠢᠢᠳᠪᠦᠷᠢᠯᠡᠵᠥ᠂ ᠪᠦᠬᠦ᠌ ᠣᠷᠣᠨ᠎ᠤ ᠤᠯᠤᠰ ᠲᠥᠷᠥ᠎ᠶ᠋ᠢᠨ ᠠᠮᠢ ᠠᠬᠤᠶ᠂ ᠠᠵᠤ ᠠᠬᠤᠶ᠎ᠶ᠋ᠢᠨ ᠠᠮᠢ ᠠᠬᠤᠶ᠂ ᠪᠠᠢᠭᠠᠯᠢ᠎ᠶ᠋ᠢᠨ ᠠᠮᠢ ᠠᠬᠤᠶ᠂ ᠨᠡᠢᠭᠡᠮ᠎ᠦᠨ ᠠᠮᠢ ᠠᠬᠤᠶ ᠦᠷᠭᠦᠯᠵᠢᠯᠡᠨ ᠱᠢᠯᠢᠳᠡᠭ᠌ᠵᠢᠵᠥ᠂ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ ᠠᠩᠬ᠎ᠠ ᠤᠳᠠᠭ᠎ᠠ 2 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠥ᠂ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃ ᠡᠳᠡᠭᠡᠷ ᠠᠮᠵᠢᠯᠲᠠ᠎ᠶ᠋ᠢ ᠣᠯᠤᠭ᠍ᠰᠠᠨ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠦᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠶ᠋ᠢᠨ ᠦᠷ᠎ᠡ ᠳ᠋ᠦᠩ ᠮᠦᠨ᠂ ᠪᠦᠬᠦ᠌ ᠣᠷᠣᠨ ᠳᠠᠶᠠᠭᠠᠷ ᠪᠦᠯᠬᠦᠮᠳᠡᠨ ᠲᠡᠮᠡᠴᠡᠵᠦ᠍᠂ ᠭᠠᠪᠱᠢᠭᠠᠢᠯᠠᠨ ᠲᠡᠮᠡᠴᠡᠭ᠌ᠰᠡᠨ᠎ᠦ ᠦᠷ᠎ᠡ ᠳ᠋ᠦᠩ ᠪᠣᠯᠤᠨ᠎ᠠ᠃ ᠪᠢᠳᠡ ᠡᠷᠬᠡᠪᠰᠢ ᠬᠢᠯᠪᠠᠷ ᠪᠤᠰᠤ᠎ᠪᠠᠷ ᠣᠯᠤᠭ᠍ᠰᠠᠨ ᠰᠠᠢ᠌ᠨ ᠪᠠᠢᠳᠠᠯ᠎ᠢᠶᠠᠨ ᠬᠤᠪᠢ ᠲᠠᠬᠢᠨ ᠨᠠᠨᠳᠢᠩᠨᠠᠵᠤ᠂ ᠬᠢᠯᠪᠠᠷ ᠪᠤᠰᠤ᠎ᠪᠠᠷ ᠣᠯᠤᠭ᠍ᠰᠠᠨ ᠰᠠᠢ᠌ᠨ ᠪᠠᠢᠳᠠᠯ᠎ᠢᠶᠠᠨ ᠦᠷᠭᠦᠯᠵᠢᠯᠡᠨ ᠪᠡᠬᠢᠵᠢᠭᠦᠯᠵᠦ᠍᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠦᠷᠭᠦᠯᠵᠢᠯᠡᠨ ᠢᠳᠡᠪᠬᠢᠲᠡᠢ ᠰᠠᠨᠠᠭᠠᠴᠢᠯᠠᠭ᠎ᠠ᠎ᠲᠠᠶ᠂ ᠣᠶᠤᠨᠴᠢ᠎ᠪᠠᠷ ᠪᠣᠳᠠᠲᠠᠢ᠎ᠶ᠋ᠢ ᠡᠷᠬᠢᠮᠯᠡᠨ ᠠᠵᠢᠯ᠎ᠢᠶᠠᠨ ᠰᠠᠢᠲᠤᠷ ᠬᠢᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠰ ᠭᠤᠢᠪᠢᠰᠢ ᠦᠭᠡᠢ ᠴᠤᠴᠠᠯᠲᠠ ᠦᠭᠡᠢ ᠤᠷᠤᠭ᠍ᠰᠢᠯᠠᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠴᠥᠬᠥᠷᠡᠰᠢ ᠦᠭᠡᠢ ᠡᠷᠡᠮᠡᠬᠡᠢᠯᠡᠨ ᠤᠷᠤᠭ᠍ᠰᠢᠯᠠᠵᠤ᠂ ᠲᠤᠮᠤ ᠠᠯᠬᠤᠮ᠎ᠢᠶᠠᠷ ᠤᠷᠤᠭ᠍ᠰᠢᠯᠠᠬᠤ ᠬᠡᠷᠡᠭ᠌ᠲᠡᠢ᠃

ᠲᠥᠯᠥᠭᠡᠯᠡᠭ᠌ᠴᠢᠳ ᠡ᠂ ᠨᠥᠬᠥᠳ ᠡ!

ᠡᠨᠡ ᠵᠢᠯ᠂ ᠮᠠᠨ᠎ᠤ ᠨᠠᠮ ᠬᠣᠷᠢᠳᠤᠭᠠᠷ ᠶᠡᠬᠡ ᠬᠤᠷᠠᠯ᠎ᠢ ᠬᠤᠷᠠᠯᠳᠤᠭᠤᠯᠬᠤ ᠪᠣᠯᠤᠨ᠎ᠠ᠂ ᠮᠥᠨᠴᠦ᠍ ᠪᠢᠳᠡᠨ᠎ᠤ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠩᠬᠠᠨ᠎ᠤ ᠵᠢᠯ ᠪᠣᠯᠤᠨ᠎ᠠ᠂ ᠡᠨᠡ ᠵᠢᠯ᠎ᠦᠨ ᠠᠵᠢᠯ᠎ᠢ ᠰᠠᠢᠲᠤᠷ ᠬᠢᠬᠦ᠌ ᠨᠢ ᠣᠨᠴᠠᠭᠠᠢ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠪᠢᠳᠡ ᠵᠠᠪᠠᠯ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭᠠᠷᠳᠠᠯᠭ᠎ᠠ ᠳᠡᠭᠡᠷ᠎ᠡ ᠨᠢᠭᠡᠳᠭᠡᠵᠦ᠍᠂ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠴᠢ ᠵᠣᠷᠢᠭ᠎ᠢᠶᠠᠨ ᠬᠥᠪᠴᠢᠯᠡᠵᠦ᠍᠂ ᠡᠯ᠎ᠡ ᠵᠦᠢᠯ᠎ᠦᠨ ᠬᠠᠷᠠᠯᠲᠠ ᠡᠭᠦᠷᠭᠡ᠎ᠪᠡᠨ ᠦᠨᠡᠨ ᠬᠦ᠌ ᠨᠠᠷᠢᠨ ᠨᠢᠮᠪᠠᠢ ᠲᠥᠯᠥᠪᠵᠢᠭᠦᠯᠵᠦ᠍᠂ ᠪᠦᠬᠦ᠌ ᠬᠦᠴᠦᠨ᠎ᠢᠶᠡᠷ᠎ᠢᠶᠡᠨ ᠰᠠᠢᠲᠤᠷ ᠨᠠᠢᠳᠠᠪᠤᠷᠢᠵᠢᠭᠤᠯᠵᠤ᠂ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠪᠣᠳᠠᠲᠤ ᠠᠵᠢᠯᠯᠠᠭ᠎ᠠ ᠪᠣᠯᠤᠨ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ᠃

ᠪᠢᠳᠠ《ᠬᠣᠶᠠᠷ᠎ᠢ ᠲᠣᠭ᠍ᠲᠠᠭᠠᠬᠤ》ᠵᠢ ᠡᠷᠡᠰ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭ᠌ᠲᠡᠢ᠃ ᠡᠨᠡ ᠪᠣᠯ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠤᠯᠤᠰ ᠲᠦᠷᠦ᠍᠎ᠶ᠋ᠢᠨ ᠤᠷᠢᠲᠠᠯ ᠮᠥᠨ᠂ ᠡᠯ᠎ᠡ ᠵᠦᠢᠯ᠎ᠦᠨ ᠠᠵᠢᠯ ᠦᠢᠯᠡᠰ᠎ᠦᠨ ᠡᠷᠡᠭᠦᠯ᠎ᠢᠶᠡᠷ ᠬᠥᠭ᠌ᠵᠢᠬᠦ᠌᠂ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠪᠠᠲᠤᠯᠠᠬᠤ ᠦᠨᠳᠦᠰᠦᠨ ᠤᠯᠤᠰ ᠲᠦᠷᠦ᠍᠎ᠶ᠋ᠢᠨ ᠪᠠᠲᠤᠯᠠᠭ᠎ᠠ ᠮᠥᠨ᠃ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠦᠨᠳᠦᠷᠴᠡ᠎ᠡᠴᠡ《ᠬᠣᠶᠠᠷ᠎ᠢ ᠲᠣᠭ᠍ᠲᠠᠭᠠᠬᠤ》ᠶ᠋ᠢᠨ ᠱᠢᠶ᠋ᠳᠪᠦᠷᠢᠯᠡᠭᠦ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠲᠡᠭᠦᠨ᠎ᠢ ᠦᠨᠡᠨ ᠬᠦ᠌《ᠬᠣᠶᠠᠷ᠎ᠢ ᠬᠠᠮᠠᠭᠠᠯᠠᠬᠤ》ᠶ᠋ᠢ ᠪᠡᠶᠡᠯᠡᠭᠦᠯᠬᠦ᠌ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭᠠᠨ᠎ᠤ ᠤᠬᠠᠮᠰᠠᠷ ᠪᠣᠯᠭᠠᠨ ᠬᠤᠪᠢᠷᠠᠭᠤᠯᠵᠤ᠂ ᠡᠷᠡᠰ ᠭᠤᠢᠪᠢᠰᠢ ᠥᠬᠡᠶ ᠪᠡᠷ ᠨᠠᠮ᠎ᠤᠨ ᠲᠥᠪ ᠬᠣᠷᠢᠶ᠎ᠠ᠎ᠲᠠᠶ ᠨᠢᠭᠡᠳᠦᠯᠲᠡᠶ ᠪᠠᠢᠵᠤ᠂ ᠶᠡᠷᠦᠩᠬᠡᠶ ᠱᠦᠵᠢ ᠰᠢ ᠵᠢᠨ ᠫᠢᠩ᠎ᠲᠡᠶ ᠨᠢᠭᠡᠳᠦᠯᠲᠡᠶ ᠪᠠᠢᠵᠤ᠂ ᠡᠷᠡᠰ ᠭᠤᠢᠪᠢᠰᠢ ᠦᠭᠡᠢ ᠪᠡᠷ ᠭᠤᠤᠯᠯᠠᠭ᠍ᠴᠢ᠎ᠪᠠᠨ ᠢᠲᠡᠭᠡᠵᠦ᠍᠂ ᠭᠤᠤᠯᠯᠠᠭ᠍ᠴᠢ᠎ᠳᠠᠭᠠᠨ ᠦᠨᠡᠨᠴᠢ ᠰᠢᠳᠤᠷᠭᠤ ᠪᠠᠢᠵᠤ᠂ ᠭᠤᠤᠯᠯᠠᠭ᠍ᠴᠢ᠎ᠪᠠᠨ ᠬᠠᠮᠠᠭᠠᠯᠠᠵᠤ᠂ ᠶᠠᠮᠠᠷᠪᠠ ᠦᠶ᠎ᠡ ᠶᠠᠮᠠᠷᠪᠠ ᠪᠠᠢᠳᠠᠯ ᠳᠤᠤᠷ᠎ᠠ ᠴᠤ᠌ ᠭᠡᠰᠡᠨ ᠴᠥᠮ ᠥᠴᠦᠬᠡᠨ ᠴᠦ᠍ ᠠᠯᠮᠠᠢᠷᠠᠬᠤ ᠦᠭᠡᠢ᠂ ᠥᠴᠦᠬᠡᠨ ᠴᠦ᠍ ᠭᠤᠢᠪᠢᠯᠵᠠᠬᠤ ᠥᠬᠡᠶ ᠪᠠᠢᠬᠤ ᠬᠡᠷᠡᠭ᠌ᠲᠡᠶ᠃《ᠬᠣᠶᠠᠷ᠎ᠢ ᠬᠠᠮᠠᠭᠠᠯᠠᠬᠤ》ᠶ᠋ᠢ ᠬᠠᠮᠤᠭ᠎ᠤᠨ ᠳᠡᠭᠡᠳᠦ ᠤᠯᠤᠰ ᠲᠥᠷᠥ᠎ᠶ᠋ᠢᠨ ᠡᠭᠦᠷᠭᠡ᠂ ᠬᠠᠮᠤᠭ᠎ᠤᠨ ᠳᠡᠭᠡᠳᠦ ᠤᠯᠤᠰ ᠲᠥᠷᠥ᠎ᠶ᠋ᠢᠨ ᠱᠠᠭᠠᠷᠳᠠᠯᠭ᠎ᠠ᠂ ᠬᠠᠮᠤᠭ᠎ᠤᠨ ᠳᠡᠭᠡᠳᠦ ᠤᠯᠤᠰ ᠲᠥᠷᠥ᠎ᠶ᠋ᠢᠨ ᠰᠠᠬᠢᠯᠭ᠎ᠠ ᠪᠠᠲᠤ ᠪᠣᠯᠭᠠᠵᠤ᠂ ᠨᠠᠮ᠎ᠤᠨ ᠲᠥᠪ ᠬᠣᠷᠢᠶᠠᠨ᠎ᠤ ᠵᠠᠷᠯᠢᠭ᠎ᠢ ᠡᠷᠡᠰ ᠳᠠᠭᠠᠵᠤ᠂ ᠨᠠᠮ᠎ᠤᠨ ᠲᠥᠪ ᠬᠣᠷᠢᠶᠠᠨ᠎ᠤ ᠵᠢᠯᠣᠭᠣᠳᠣᠯᠭ᠎ᠠ᠎ᠶ᠋ᠢ ᠳᠠᠭᠠᠵᠤ᠂ ᠨᠠᠮ᠎ᠤᠨ ᠲᠥᠪ ᠬᠣᠷᠢᠶᠠᠨ᠎ᠤ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠥᠪᠥᠷ ᠮᠣᠩᠭᠣᠯ᠎ᠳᠤ ᠪᠦᠷᠢᠨ ᠪᠦᠲᠦᠨ ᠵᠦᠪ ᠣᠨᠣᠪᠴᠢᠲᠠᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠶ᠃《ᠤᠯᠤᠰ᠎ᠤᠨ ᠶᠡᠬᠡ ᠶᠠᠪᠤᠳᠠᠯ》ᠢ᠋ ᠢᠮᠠᠭ᠍ᠲᠠ ᠪᠠᠲᠤ ᠴᠡᠭᠡᠵᠢᠯᠡᠵᠦ᠍᠂ ᠤᠬᠠᠮᠰᠠᠷ᠎ᠡᠴᠡ᠎ᠪᠠᠨ ᠥᠪᠥᠷ ᠮᠣᠩᠭᠣᠯ᠎ᠤᠨ ᠠᠵᠢᠯ᠎ᠢ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠯᠪᠢᠵᠤ ᠬᠢᠨᠠᠨ ᠦᠵᠡᠨ ᠠᠬᠢᠭᠤᠯᠵᠤ᠂ ᠪᠠᠢᠯᠳᠤᠬᠤ ᠪᠣᠳᠣᠯᠭ᠎ᠠ᠎ᠶ᠋ᠢᠨ ᠲᠠᠯ᠎ᠠ᠎ᠡᠴᠡ ᠠᠰᠠᠭᠤᠳᠠᠯ᠎ᠢ ᠦᠵᠡᠬᠦ᠌᠂ ᠠᠰᠠᠭᠤᠳᠠᠯ᠎ᠢ ᠪᠣᠳᠣᠯᠬᠢᠯᠠᠬᠤ᠎ᠶ᠋ᠢ ᠴᠢᠬᠤᠯᠠᠴᠢᠯᠠᠵᠤ᠂ ᠠᠷᠭ᠎ᠠ ᠪᠣᠳᠣᠯᠭ᠎ᠠ᠎ᠶ᠋ᠢᠨ ᠲᠠᠯ᠎ᠠ᠎ᠡᠴᠡ ᠲᠤᠭᠤᠱᠢᠯᠠᠭᠤᠯᠬᠤ᠂ ᠨᠠᠢᠳᠠᠪᠤᠷᠢᠵᠢᠭᠤᠯᠬᠤ᠎ᠶ᠋ᠢ ᠠᠳᠭᠤᠬᠤ᠎ᠳᠠᠭᠠᠨ ᠴᠢᠳᠠᠮᠠᠭᠠᠶ ᠪᠠᠢᠵᠤ᠂ ᠪᠠᠢᠳᠠᠯ ᠪᠤᠳᠤᠯᠢᠶᠠᠨᠲᠠᠶ ᠎ᠡᠴᠡ ᠪᠣᠯᠵᠣ ᠴᠢᠭ᠌ᠯᠡᠯ᠎ᠢᠶᠡᠨ ᠠᠯᠳᠠᠬᠤ ᠥᠬᠡᠶ᠂ ᠬᠡᠰᠡᠭ ᠲᠠᠯ᠎ᠠ᠎ᠶ᠋ᠢᠨ ᠠᠱᠢᠭ ᠲᠤᠰᠠ᠎ᠡᠴᠡ ᠪᠣᠯᠵᠣ ᠣᠯᠵᠤ ᠠᠯᠳᠠᠬᠤ᠎ᠶ᠋ᠢ ᠬᠥᠭᠡᠭᠡᠴᠡᠯᠳᠦᠬᠦ᠌ ᠥᠬᠡᠶ ᠪᠠᠢᠵᠤ᠂ ᠠᠯᠢᠪᠠ᠎ᠳᠤ ᠶᠡᠬᠡ ᠲᠠᠯ᠎ᠠ᠎ᠳᠤ ᠵᠣᠭ᠍ᠰᠣᠬᠤ᠂ ᠶᠡᠬᠡ ᠲᠠᠯ᠎ᠠ᠎ᠶ᠋ᠢ ᠳᠠᠭᠠᠬᠤ᠂ ᠶᠡᠬᠡ ᠲᠠᠯ᠎ᠠ᠎ᠳᠤ ᠦᠶ᠋ᠯᠡᠴᠢᠯᠡᠬᠦ᠌᠂ ᠶᠡᠬᠡ ᠲᠠᠯ᠎ᠠ᠎ᠶ᠋ᠢ ᠬᠠᠮᠠᠭᠠᠯᠠᠬᠤ᠎ᠶ᠋ᠢ ᠪᠡᠶᠡᠯᠡᠭᠦᠯᠬᠦ᠌ ᠬᠡᠷᠡᠭ᠌ᠲᠡᠶ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠲᠡᠷᠢᠭᠦᠨ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠰᠠᠢᠳᠤᠷ ᠰᠤᠷᠤᠯᠴᠠᠵᠤ ᠲᠤᠭᠤᠷᠠᠳᠠᠯ᠎ᠠ ᠤᠢᠯᠠᠭᠠᠵᠤ ᠪᠣᠳᠠᠲᠠᠢ ᠬᠢᠬᠦ ᠳᠡᠭᠡᠷ᠎ᠡ ᠦᠷᠭᠦᠯᠵᠢᠯᠡᠨ ᠬᠦᠴᠦ᠍ ᠲᠠᠯᠪᠢᠵᠤ᠂ ᠨᠠᠮ᠎ᠤᠨ ᠱᠢᠨ᠎ᠡ᠎ᠶ᠋ᠢ ᠡᠭᠦᠳᠦᠭ᠌ᠰᠡᠨ ᠣᠨᠣᠯ᠎ᠤᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢᠶᠡᠷ ᠦᠨᠡᠨ ᠬᠦ᠌ ᠦᠵᠡᠯ ᠰᠠᠨᠠᠭ᠎ᠠ᠎ᠪᠠᠨ ᠨᠢᠭᠡᠳᠭᠡᠵᠦ᠍᠂ ᠬᠦᠴᠦᠨ ᠴᠢᠳᠠᠯ᠎ᠢᠶᠠᠨ ᠨᠢᠭ᠍ᠲᠠᠷᠠᠭᠤᠯᠵᠤ᠂ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠳᠤᠷᠠᠳᠤᠭ᠍ᠰᠠᠨ ᠲᠠᠪᠤᠨ ᠲᠠᠯ᠎ᠠ᠎ᠶ᠋ᠢᠨ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠨᠠᠩ ᠡᠷᠡᠰ ᠪᠠᠲᠤ ᠤᠬᠠᠮᠰᠠᠷ ᠎ᠡᠴᠡ᠎ᠪᠠᠨ ᠡᠭᠦᠷᠭᠡᠯᠡᠵᠦ᠍᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠴᠢᠭᠯᠡᠯ ᠬᠡᠯᠪᠡᠢᠬᠦ᠌ ᠥᠬᠡᠶ᠂ ᠡᠩᠨᠡᠭᠡ᠎ᠡᠴᠡ᠎ᠪᠡᠨ ᠬᠣᠴᠣᠷᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

ᠪᠢᠳᠡ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠎ᠶ᠋ᠢ ᠪᠠᠷᠢᠮᠲᠠᠯᠠᠵᠤ᠂ ᠠᠵᠤ ᠠᠬᠤᠢ᠎ᠶ᠋ᠢᠨ ᠲᠣᠭ᠍ᠲᠠᠭᠤᠨ ᠨᠡᠮᠡᠭ᠌ᠳᠡᠯ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠢ᠃ ᠡᠨᠡ ᠵᠢᠯ ᠪᠣᠯ ᠨᠢᠭᠡᠨ ᠣᠨᠴᠠᠭᠠᠢ ᠮᠥᠷᠲᠡᠭᠡᠨ ᠴᠢᠬᠤᠯᠠ ᠵᠢᠯ ᠮᠥᠨ᠂ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠵᠦ᠍᠂ ᠲᠣᠭ᠍ᠲᠠᠭᠤᠨ ᠪᠥᠭᠡᠳ ᠡᠷᠡᠭᠦᠯ ᠠᠵᠤ ᠠᠬᠤᠢ᠎ᠶ᠋ᠢᠨ ᠣᠷᠴᠢᠨ ᠨᠥᠬᠥᠴᠡᠯ᠎ᠢ ᠪᠤᠢ ᠪᠣᠯᠭᠠᠬᠤ ᠨᠢ ᠶᠡᠷᠦ᠍ ᠪᠤᠰᠤ᠎ᠶ᠋ᠢᠨ ᠠᠴᠢ ᠬᠣᠯᠪᠣᠭ᠍ᠳᠠᠯ᠎ᠲᠠᠶ ᠶᠤᠮ᠃ ᠪᠢᠳᠡ ᠶᠡᠬᠡ ᠲᠠᠯ᠎ᠠ᠎ᠶ᠋ᠢ ᠦᠨᠡᠨ ᠬᠦ᠌ ᠡᠵᠡᠮᠳᠡᠵᠦ᠍᠂ ᠶᠡᠬᠡ ᠬᠠᠨᠳᠤᠰᠢ᠎ᠶ᠋ᠢ ᠲᠣᠳᠣᠷᠬᠠᠢ ᠲᠠᠨᠢᠵᠤ᠂ ᠬᠣᠷᠸ᠎ᠠ ᠠᠵᠤ ᠠᠬᠤᠢ᠎ᠶ᠋ᠢ ᠲᠣᠭ᠍ᠲᠠᠪᠤᠷᠢᠵᠢᠭᠤᠯᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠡᠯ᠎ᠡ ᠲᠠᠯ᠎ᠠ᠎ᠶ᠋ᠢᠨ ᠬᠢᠨ᠎ᠦ ᠢᠳᠡᠪᠬᠢ ᠴᠢᠨᠠᠷ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠳᠠᠢ᠌ᠴᠢᠯᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠠᠵᠠ ᠲᠣᠬᠢᠶᠠᠯ᠎ᠢ ᠰᠠᠢᠲᠤᠷ ᠠᠳᠭᠤᠨ ᠰᠠᠢᠲᠤᠷ ᠠᠱᠢᠭ᠍ᠯᠠᠵᠤ᠂ ᠨᠡᠩ ᠤᠯᠠᠨ ᠪᠣᠳᠠᠲᠠᠢ ᠠᠷᠭ᠎ᠠ ᠬᠡᠮᠵᠢᠶ᠎ᠡ ᠬᠠᠲᠠᠭᠤ ᠠᠷᠭ᠎ᠠ ᠬᠡᠮᠵᠢᠶ᠎ᠡ ᠠᠪᠴᠤ᠌᠂ ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠪᠦᠲᠦᠮᠵᠢᠲᠡᠢ ᠰᠠᠢᠲᠤᠷ ᠬᠢᠵᠦ᠍᠂ ᠠᠵᠤ ᠠᠬᠤᠢ᠎ᠶ᠋ᠢᠨ ᠡᠷᠬᠢᠯᠳᠠ ᠵᠢᠨ ᠵᠦᠢ ᠵᠣᠬᠢᠰᠲᠠᠢ ᠬᠡᠪᠴᠢᠶᠡᠨ᠎ᠳᠦ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠢᠯᠠᠩᠭᠤᠶ᠎ᠠ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠴᠢᠩᠭ᠎ᠠ᠎ᠡᠴᠡ ᠴᠢᠩᠭ᠎ᠠ ᠠᠳᠭᠤᠵᠤ᠂ ᠺᠠᠳ᠋ᠷ ᠡᠮᠦᠨ᠎ᠡ ᠹᠷᠣᠨᠲ᠎ᠲᠤ ᠣᠢᠷᠠᠳᠴᠤ᠌᠂ ᠲᠦᠷᠦ᠍᠎ᠶ᠋ᠢᠨ ᠪᠤᠳᠤᠯᠭ᠎ᠠ ᠪᠡᠷ ᠡᠮᠦᠨ᠎ᠡ ᠨᠢ ᠬᠦᠴᠦᠯᠡᠵᠦ᠍᠂ ᠡᠯ᠎ᠡ ᠲᠠᠯ᠎ᠠ ᠎ᠶ᠋ᠢᠨ ᠠᠵᠢᠯ᠎ᠢ ᠪᠦᠷ ᠡᠷᠲᠡ ᠲᠥᠯᠥᠪᠵᠢᠭᠦᠯᠵᠦ᠍᠂ ᠡᠷᠲᠡ ᠬᠥᠳᠡᠯᠦᠯᠴᠡᠨ᠂ ᠡᠷᠲᠡ ᠨᠠᠢᠳᠠᠪᠤᠷᠢᠵᠢᠭᠤᠯᠵᠤ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠬᠤᠷᠳᠤᠴᠠ᠎ᠶ᠋ᠢ ᠦᠨᠡᠨ ᠬᠦ᠌ ᠲᠦᠷᠭᠡᠳᠭᠡᠵᠦ᠍᠂ ᠨᠡᠩ ᠤᠯᠠᠨ ᠲᠤᠮᠤ ᠲᠦᠷᠦᠯ ᠵᠦᠢᠯ ᠰᠠᠢ᠌ᠨ ᠲᠦᠷᠦᠯ ᠵᠦᠢᠯ᠎ᠢ ᠡᠬᠢᠯᠡᠨ ᠪᠠᠢᠭᠤᠯᠵᠤ᠂ ᠨᠠᠢᠳᠠᠪᠤᠷᠢᠵᠢᠭᠤᠯᠤᠭ᠍ᠰᠠᠨ ᠦᠷ᠎ᠡ ᠪᠦᠲᠦᠮᠵᠢ᠎ᠪᠡᠷ《ᠲᠣᠭ᠍ᠲᠠᠭᠤᠨ ᠪᠠᠢᠯᠭᠠᠬᠤ》ᠰᠠᠭᠤᠷᠢ ᠵᠢ ᠪᠣᠳᠠᠲᠠᠢᠵᠢᠭᠤᠯᠵᠤ᠂ 《ᠤᠷᠤᠭ᠍ᠰᠢᠯᠠᠨ ᠲᠠᠪᠰᠢᠬᠤ》ᠦᠷ᠎ᠡ ᠪᠦᠲᠦᠮᠵᠢ᠎ᠶ᠋ᠢ ᠥᠷᠭᠡᠳᠭᠡᠬᠦ᠌ ᠬᠡᠷᠡᠭ᠌ᠲᠡᠢ᠃ ᠱᠢᠨ᠎ᠡ ᠬᠥᠭ᠌ᠵᠢᠯᠲᠡ᠎ᠶ᠋ᠢᠨ ᠱᠠᠲᠤᠨ᠎ᠤ ᠲᠣᠭ᠍ᠲᠠᠭᠤᠨ ᠨᠡᠮᠡᠭ᠌ᠳᠡᠯ ᠨᠢ ᠡᠷᠬᠡᠪᠰᠢ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠳᠤᠨ᠂ ᠵᠦᠪ ᠤᠨᠤᠪᠴᠢᠳᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠠᠵᠤ ᠠᠬᠤᠢ᠎ᠶ᠋ᠢᠨ ᠶᠠᠰᠤ ᠴᠢᠨᠠᠷ᠎ᠤᠨ ᠲᠣᠭ᠍ᠲᠠᠭᠤᠨ ᠳᠡᠭᠡᠭ᠌ᠰᠢᠯᠡᠯᠲᠡ᠎ᠶ᠋ᠢᠨ ᠳᠤᠮᠳᠠ ᠲᠣᠭᠠᠨ᠎ᠤ ᠵᠦᠢ ᠵᠣᠬᠢᠰᠲᠠᠢ ᠨᠡᠮᠡᠭ᠌ᠳᠡᠯ᠎ᠢ ᠪᠡᠶᠡᠯᠡᠭᠦᠯᠬᠦ᠌ ᠶ᠋ᠢ ᠠᠬᠢᠭᠤᠯᠬᠤ ᠬᠡᠷᠡᠭ᠌ᠲᠡᠢ᠃ ᠴᠢᠨᠠᠷ ᠰᠠᠢᠲᠠᠢ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠪᠦᠲᠦᠴᠡ᠎ᠶ᠋ᠢ ᠲᠤᠬᠢᠷᠠᠭᠤᠯᠬᠤ᠂ ᠴᠢᠳᠠᠪᠬᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠡᠷ ᠳᠠᠮᠵᠢᠭᠤᠯᠤᠨ ᠠᠵᠤ ᠠᠬᠤᠢ᠎ᠶ᠋ᠢᠨ ᠡᠷᠭᠢᠯᠲᠡ᠎ᠶ᠋ᠢ ᠲᠣᠭ᠍ᠲᠠᠪᠤᠷᠢᠵᠢᠭᠤᠯᠬᠤ᠎ᠶ᠋ᠢ ᠨᠡᠩ ᠴᠢᠬᠤᠯᠠᠴᠢᠯᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠷᠭ᠎ᠠ᠎ᠪᠠᠷ ᠳᠠᠮᠵᠢᠭᠤᠯᠤᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠶ᠋ᠢ ᠨᠡᠩ ᠴᠢᠬᠤᠯᠠᠴᠢᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠵᠤ᠂ ᠶᠠᠭᠠᠬᠢᠭ᠍ᠰᠠᠨ ᠴᠤ᠌ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠎ᠶ᠋ᠢᠨ ᠲᠥᠯᠥᠭᠡ ᠰᠣᠬᠣᠷ ᠪᠠᠯᠠᠢ᠎ᠪᠠᠷ ᠠᠵᠢᠯᠯᠠᠵᠤ᠂  ᠬᠤᠭᠤᠰᠤᠨ ᠰᠦᠷ ᠮᠠᠨᠳᠤᠭᠤᠯᠵᠤ᠂ ᠪᠦᠳᠦᠭᠦᠯᠢᠭ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠬᠠᠭᠤᠴᠢᠨ ᠵᠠᠮ᠎ᠢᠶᠠᠷ ᠵᠠᠮᠨᠠᠵᠤ ᠪᠣᠯᠬᠤ ᠦᠭᠡᠢ᠃

ᠪᠢᠳᠠ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠬᠣᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠲᠤ ᠪᠤᠢ ᠪᠣᠯᠭᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠣᠭ᠍ᠲᠠᠭᠤᠨ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭ᠌ᠲᠡᠢ᠃ ᠡᠨᠡ ᠵᠢᠯ᠎ᠦᠨ ᠶᠡᠬᠡ ᠶᠠᠪᠤᠳᠠᠯ ᠪᠠᠶᠠᠷᠲᠤ ᠶᠠᠪᠤᠳᠠᠯ ᠤᠯᠠᠨ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠬᠢᠯᠡᠬᠦ᠌ ᠲᠠᠱᠢᠷᠠᠮ᠎ᠳᠤ᠂ ᠡᠯ᠎ᠡ ᠵᠦᠢᠯ᠎ᠦᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠡᠵᠡᠮᠳᠡᠵᠦ᠍᠂ ᠨᠡᠢᠭᠡᠮ᠎ᠦᠨ ᠶᠡᠬᠡ ᠲᠠᠯ᠎ᠠ᠎ᠶ᠋ᠢᠨ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠬᠤ ᠳ᠋ᠦ ᠡᠭᠦᠷᠭᠡ ᠨᠡᠩ ᠬᠦᠨᠳᠦ᠂ ᠬᠠᠷᠢᠭᠤᠴᠠᠯᠭ᠎ᠠ ᠴᠦ᠍ ᠨᠡᠩ ᠬᠦᠨᠳᠦ ᠶᠤᠮ᠂ ᠥᠴᠦᠬᠡᠨ ᠴᠦ᠍ ᠬᠠᠰᠢ ᠶᠠᠰᠢ ᠪᠠᠢᠵᠤ ᠪᠣᠯᠬᠤ ᠦᠭᠡᠢ᠃ ᠪᠢᠳᠡ《ᠲᠣᠭ᠍ᠲᠠᠭᠤᠨ ᠪᠠᠢᠯᠭᠠᠬᠤ》ᠭᠤᠤᠯ ᠰᠡᠳᠦᠪ᠎ᠢ ᠳᠣᠪᠣᠢᠯᠭᠠᠵᠦ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠴᠢᠩᠭᠠᠳᠭᠠᠵᠤ᠂ ᠤᠷᠢᠳᠴᠢᠯᠠᠨ ᠰᠡᠷᠭᠡᠢᠯᠡᠬᠦ᠌᠎ᠶ᠋ᠢ ᠪᠠᠷᠢᠮᠲᠠᠯᠠᠨ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠂ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ᠎ᠢ ᠬᠠᠮᠠᠭᠠᠯᠠᠬᠤ ᠡᠯ᠎ᠡ ᠵᠦᠶ᠋ᠯ᠎ᠦᠨ ᠠᠵᠢᠯ᠎ᠢ ᠴᠢᠩᠭ᠎ᠠ ᠪᠣᠳᠠᠲᠠᠶ ᠨᠠᠷᠢᠯᠢᠭ ᠰᠠᠢᠲᠤᠷ ᠬᠢᠵᠦ᠍᠂ ᠤᠯᠤᠰ ᠲᠥᠷᠥ᠍ ᠨᠠᠩ ᠠᠮᠤᠷ ᠲᠦᠪᠱᠢᠨ᠂ ᠨᠡᠢᠭᠡᠮ ᠨᠠᠩ ᠠᠮᠤᠷ ᠲᠣᠭ᠍ᠲᠠᠭᠤᠨ᠂ ᠠᠷᠠᠳ ᠲᠦᠮᠡᠨ ᠨᠠᠩ ᠠᠮᠤᠷ ᠠᠮᠤᠭᠤᠯᠠᠩ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠤᠯᠤᠰ᠎ᠤᠨ ᠵᠠᠰᠠᠭ᠎ᠤᠨ ᠡᠷᠬᠡ᠎ᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠵᠤ᠂ ᠡᠯ᠎ᠡ ᠵᠦᠢᠯ᠎ᠦᠨ ᠨᠡᠪᠴᠢᠯᠲᠡ ᠡᠪᠳᠡᠯᠡᠭᠡ᠎ᠶ᠋ᠢᠨ ᠠᠵᠢᠯᠯᠠᠭ᠎ᠠ᠎ᠶ᠋ᠢ ᠴᠢᠩᠭ᠎ᠠ ᠰᠡᠷᠭᠡᠢᠯᠡᠨ ᠴᠢᠩᠭ᠎ᠠ ᠴᠣᠬᠢᠯᠲᠠ ᠥᠭ᠌ᠴᠦ᠂ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠬᠤ ᠬᠡᠷᠡᠭ᠌ᠲᠡᠢ᠃ ᠠᠵᠤ ᠠᠬᠤᠢ ᠮᠥᠩᠭᠥᠨ ᠭᠦᠢᠯᠭᠡᠭᠡᠨ᠎ᠦ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠪᠠᠭ᠎ᠠ᠎ᠡᠴᠡ ᠶᠡᠬᠡ᠎ᠶ᠋ᠢ ᠣᠯᠵᠤ ᠮᠡᠳᠡᠨ᠂ ᠡᠷᠲᠡ᠎ᠡᠴᠡ ᠠᠳᠭᠤᠵᠤ ᠪᠠᠭ᠎ᠠ᠎ᠡᠴᠡ ᠨᠢ ᠠᠳᠭᠤᠵᠤ᠂ ᠱᠢᠰᠲ᠋ᠧᠮ᠎ᠦᠨ ᠴᠢᠨᠠᠷᠲᠠᠢ ᠠᠶᠤᠯ ᠲᠦᠭ᠌ᠰᠢᠭᠦᠷᠢ ᠦᠯᠦ᠍ ᠭᠠᠷᠭᠠᠬᠤ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭ᠌ᠲᠡᠢ᠃ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ ᠱᠢᠨᠡᠴᠢᠯᠡᠵᠦ᠍᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤᠵᠢᠭᠤᠯᠤᠨ ᠥᠷᠨᠢᠭᠦᠯᠵᠦ᠍᠂ ᠵᠥᠷᠢᠴᠡᠯ ᠵᠢᠭᠤᠷᠠᠯᠳᠤᠭᠠᠨ᠎ᠢ ᠵᠢᠭ᠍ᠰᠠᠭᠠᠨ ᠪᠠᠢᠴᠠᠭᠠᠵᠤ ᠠᠷᠢᠯᠭᠠᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠠᠶᠤᠯ ᠲᠦᠭ᠌ᠰᠢᠭᠦᠷᠢ ᠬᠡᠮ ᠰᠣᠭᠣᠭ᠎ᠢ ᠬᠦᠴᠦᠯᠡᠨ ᠴᠡᠭ᠌ᠴᠡᠯᠡᠨ ᠵᠠᠰᠠᠬᠤ ᠪᠠ ᠠᠷᠢᠯᠭᠠᠵᠦ᠂ ᠬᠦᠨᠳᠦ ᠶᠡᠬᠡ ᠠᠶᠤᠯᠭᠦᠶ ᠦᠶ᠋ᠯᠡᠳᠪᠦᠷᠢᠯᠡᠯ᠎ᠦᠨ ᠡᠨᠳᠡᠯ ᠭᠠᠷᠬᠤ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠶ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠨᠡ ᠬᠦ᠌ ᠬᠥᠪᠴᠢ᠎ᠶ᠋ᠢ ᠢᠮᠠᠭ᠍ᠲᠠ ᠴᠢᠩᠭᠠᠯᠠᠵᠤ᠂ ᠮᠠᠨ᠎ᠤ ᠣᠷᠣᠨ᠎ᠤ ᠬᠢᠯᠢ᠎ᠶ᠋ᠢᠨ ᠪᠣᠭᠣᠮᠲᠠ᠎ᠶ᠋ᠢᠨ ᠭᠠᠵᠠᠷ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠠᠯ᠎ᠠ᠎ᠪᠠᠷ ᠬᠢ ᠬᠦᠨᠳᠦ ᠰᠤᠷᠭᠠᠮᠵᠢ᠎ᠶ᠋ᠢ ᠭᠦᠨᠵᠡᠭᠡᠢ ᠱᠢᠩᠭᠡᠭᠡᠨ ᠠᠪᠴᠤ᠌᠂ ᠪᠠᠢ᠌ᠩᠭᠤᠵᠢᠬ᠍ᠰᠠᠨ ᠰᠡᠷᠭᠡᠢᠯᠡᠨ ᠡᠵᠡᠮᠳᠡᠬᠦ᠌ ᠪᠠ ᠭᠡᠨᠡᠳᠲᠡ ᠡᠭᠦᠰᠦᠭ᠌ᠰᠡᠨ ᠬᠢᠵᠢᠭ᠎ᠦᠨ ᠪᠠᠢᠳᠠᠯ᠎ᠢ ᠪᠠᠴᠢᠮ ᠠᠷᠭᠠᠴᠠᠭᠠᠨ ᠱᠢᠢᠳᠪᠦᠷᠢᠯᠡᠬᠦ᠌ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ ᠠᠵᠤ ᠠᠬᠤᠢ᠎ᠶ᠋ᠢᠨ ᠬᠥᠭ᠌ᠵᠢᠯᠲᠡ᠎ᠶ᠋ᠢ ᠨᠥᠯᠥᠭᠡᠯᠡᠬᠦ᠌ ᠬᠠᠮᠤᠭ᠎ᠤᠨ ᠶᠡᠬᠡ ᠲᠣᠭ᠍ᠲᠠᠪᠤᠷᠢ ᠦᠭᠡᠢ ᠬᠦᠴᠦᠨ ᠵᠦᠢᠯ᠎ᠢ ᠠᠷᠢᠯᠭᠠᠬᠤ ᠬᠡᠷᠡᠭ᠌ᠲᠡᠢ᠃ ᠣᠨᠴᠠᠭᠠᠢᠯᠠᠨ ᠬᠢᠯᠢ ᠵᠢᠨ ᠪᠣᠭᠣᠮᠲᠠ᠎ᠶ᠋ᠢᠨ ᠭᠠᠵᠠᠷ ᠣᠷᠣᠨ᠎ᠤ᠎ᠬᠢᠨ ᠪᠦᠬᠦ᠌ ᠬᠡᠯᠬᠢᠶᠡᠨ᠎ᠦ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠪᠠᠢᠩᠭᠤᠵᠢᠭᠤᠯᠤᠨ ᠴᠢᠩᠭ᠎ᠠ ᠨᠠᠢᠳᠠᠪᠤᠷᠢᠵᠢᠭᠤᠯᠵᠤ᠂ ᠭᠠᠳᠠᠨ᠎ᠠ᠎ᠡᠴᠡ ᠬᠢᠵᠢᠭ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌ ᠪᠠ ᠬᠢᠯᠢ ᠵᠢᠨ ᠪᠣᠭᠣᠮᠲᠠ᠎ᠪᠠᠷ ᠥᠩᠭᠡᠷᠡᠬᠦ᠌᠎ᠶ᠋ᠢ ᠪᠠᠲᠤᠯᠠᠬᠤ ᠬᠣᠶᠠᠷ ᠶᠡᠬᠡ ᠶᠠᠪᠤᠳᠠᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ᠎ᠤᠨ ᠡᠭᠦᠳᠡ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠪᠡᠬᠢᠵᠢᠭᠦᠯᠵᠦ᠍᠂ ᠴᠢᠩᠭ᠎ᠠ ᠰᠠᠬᠢᠵᠤ ᠪᠣᠳᠠᠲᠠᠢ ᠨᠠᠢᠳᠠᠪᠤᠷᠢᠵᠢᠭᠤᠯᠵᠤ᠂ ᠤᠯᠠᠨ ᠤᠯᠤᠰ᠎ᠤᠨ ᠶᠡᠬᠡ ᠱᠤᠭᠤᠮ᠎ᠤᠨ ᠠᠮᠤᠷ ᠲᠦᠪᠱᠢᠨ ᠰᠠᠭᠠᠳ ᠦᠭᠡᠢ ᠨᠡᠪᠲᠡᠷᠡᠬᠦ᠌᠎ᠶ᠋ᠢ ᠦᠨᠡᠨ ᠬᠦ᠌ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠄《ᠥᠪᠥᠷ ᠮᠣᠩᠭᠣᠯ᠎ᠳᠤ ᠠᠪᠴᠤ᠌ ᠬᠡᠯᠡᠪᠡᠯ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ᠎ᠢ ᠬᠠᠮᠠᠭᠠᠯᠠᠬᠤ᠎ᠳᠤ ᠡᠷᠬᠡᠪᠰᠢ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ》ᠭᠡᠵᠦ ᠭᠦᠨᠵᠡᠭᠡᠢ ᠵᠢᠭᠠᠵᠤ ᠭᠠᠷᠭᠠᠪᠠ᠃ ᠪᠢᠳᠡ ᠶᠡᠷᠦᠩᠬᠡᠶ ᠱᠦᠵᠢ᠎ᠶ᠋ᠢᠨ ᠴᠢᠩ ᠰᠡᠳᠭᠢᠯ᠎ᠦᠨ ᠰᠤᠷᠭᠠᠯ᠎ᠢ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠢ ᠪᠥᠬᠥ᠌ ᠲᠠᠯ᠎ᠠ᠎ᠪᠠᠷ ᠭᠦᠨᠵᠡᠭᠡᠶ ᠰᠠᠢᠲᠤᠷ ᠠᠳᠭᠤᠵᠤ᠂ ᠬᠡᠯᠪᠡᠷᠢᠯ᠎ᠢ ᠵᠠᠯᠠᠷᠠᠭᠤᠯᠵᠤ ᠵᠦᠪ ᠴᠢᠭᠯᠡᠯ᠎ᠢᠶᠡᠷ ᠬᠦᠳᠦᠯᠦᠨ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠢ ᠨᠥᠯᠥᠭᠡᠯᠡᠬᠦ᠌ ᠠᠯᠢᠪᠠ ᠴᠤᠬᠤᠢᠯᠲᠠ᠎ᠶ᠋ᠢᠨ ᠴᠢᠨᠠᠷᠲᠠᠶ ᠠᠰᠠᠭᠤᠳᠠᠯ᠎ᠢ ᠳᠡᠭᠡᠳᠦ ᠬᠡᠮᠵᠢᠶ᠎ᠡ᠎ᠪᠡᠷ ᠰᠡᠷᠡᠮᠵᠢᠯᠡᠵᠦ᠍᠂ ᠦᠨᠳᠦᠰᠦᠲᠡᠨ᠎ᠦ ᠬᠦᠷᠢᠶᠡᠨ᠎ᠳᠡᠬᠢ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠡᠷᠡᠰ ᠬᠦᠴᠦᠲᠡᠶ ᠰᠡᠷᠭᠡᠢᠯᠡᠨ ᠠᠷᠢᠯᠭᠠᠵᠤ᠂ ᠦᠨᠳᠦᠰᠦᠲᠡᠨ᠎ᠦ ᠬᠠᠷᠢᠴᠠᠭ᠎ᠠ᠎ᠶ᠋ᠢ ᠬᠠᠳᠭᠤᠨ ᠵᠠᠪᠰᠠᠷᠳᠠᠭᠤᠯᠬᠤ᠂ ᠦᠨᠳᠦᠰᠦᠲᠡᠨ᠎ᠦ ᠭᠠᠳᠠᠭᠤᠷᠴᠢᠯᠠᠯ ᠪᠠ ᠬᠣᠷᠣᠰᠤᠯ᠎ᠢ ᠥᠳᠥᠭᠡᠬᠦ᠌᠂ ᠦᠨᠳᠦᠰᠦᠲᠡᠨ᠎ᠦ ᠪᠦᠯᠬᠦᠮᠳᠡᠯ᠎ᠢ ᠡᠪᠳᠡᠬᠦ᠌ ᠦᠭᠡ ᠶᠠᠷᠢᠶ᠎ᠠ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠦᠨᠳᠦᠰᠦᠲᠡᠨ᠎ᠦ ᠪᠦᠯᠬᠦᠮᠳᠡᠯ᠎ᠢ ᠡᠪᠳᠡᠬᠦ᠌᠂ ᠦᠨᠳᠦᠰᠦᠲᠡᠨ᠎ᠦ ᠬᠠᠭᠠᠴᠠᠯ᠎ᠢ ᠪᠣᠶ ᠪᠣᠯᠭᠠᠬᠤ ᠶᠠᠮᠠᠷᠪᠠ ᠭᠣᠷᠢᠳᠠᠯᠭ᠎ᠠ᠎ᠶ᠋ᠢ ᠶᠠᠭᠠᠬᠢᠭ᠍ᠰᠠᠨ ᠴᠤ᠌ ᠪᠡᠶᠡᠯᠡᠭᠳᠡᠭᠦᠯᠵᠦ᠍ ᠪᠣᠯᠬᠤ ᠥᠬᠡᠶ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ᠎ᠢ ᠣᠷᠳᠣ ᠬᠤᠭᠤᠴᠠᠭ᠎ᠠ᠎ᠪᠠᠷ ᠳᠡᠯᠭᠡᠷᠡᠭᠦᠯᠦᠨ᠂ ᠬᠢᠯᠢ ᠬᠢᠵᠠᠭᠠᠷ᠎ᠤᠨ ᠲᠣᠭ᠍ᠲᠠᠭᠤᠨ᠎ᠢ ᠦᠨᠡᠨ ᠬᠦ᠌ ᠣᠷᠳᠣ ᠬᠤᠭᠤᠴᠠᠭ᠎ᠠ᠎ᠪᠠᠷ ᠪᠡᠬᠢᠵᠢᠭᠦᠯᠬᠦ᠌ ᠬᠡᠷᠡᠭ᠌ᠲᠡᠶ᠃

ᠪᠢᠳᠡ ᠠᠷᠠᠳ᠎ᠤᠨ ᠲᠥᠯᠥᠭᠡ ᠭᠡᠬᠦ᠌ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠨᠡᠩ ᠰᠠᠢᠲᠤᠷ ᠬᠠᠩᠭᠠᠬᠤ ᠬᠡᠷᠡᠭ᠌ᠲᠡᠢ᠃ ᠠᠷᠠᠳ᠎ᠤᠨ ᠰᠡᠳᠭᠢᠯ ᠪᠣᠯ ᠬᠠᠮᠤᠭ᠎ᠤᠨ ᠶᠡᠬᠡ ᠤᠯᠤᠰ ᠲᠦᠷᠦ᠍ ᠮᠥᠨ᠂ ᠮᠠᠨ᠎ᠤ ᠨᠠᠮ᠎ᠤᠨ ᠪᠦᠬᠦ᠌ ᠲᠡᠮᠡᠴᠡᠯ ᠪᠣᠯ ᠴᠥᠮ ᠠᠷᠠᠳ ᠲᠦᠮᠡᠨ᠎ᠢ ᠰᠠᠢ᠌ᠨ ᠰᠠᠢᠬᠠᠨ ᠠᠮᠢᠳᠤᠷᠠᠭᠤᠯᠬᠤ᠎ᠶ᠋ᠢᠨ ᠲᠥᠯᠥᠭᠡ ᠶᠤᠮ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠨᠡᠨ ᠬᠦ᠌ ᠨᠡᠪᠲᠡ ᠣᠢᠯᠠᠭᠠᠵᠤ᠂ ᠠᠷᠠᠳ ᠲᠦᠮᠡᠨ᠎ᠦ ᠠᠮᠤᠷ ᠵᠢᠮᠦᠷ ᠠᠵᠤ ᠲᠦᠷᠦᠭᠦ᠌᠂ ᠠᠮᠤᠷ ᠲᠦᠪᠱᠢᠨ ᠠᠶᠤᠯ ᠲᠦᠭ᠌ᠰᠢᠭᠦᠷᠢ ᠬᠦᠴᠢᠷ ᠵᠣᠪᠠᠭᠤᠷᠢ᠎ᠶ᠋ᠢ ᠢᠮᠠᠭ᠍ᠲᠠ ᠰᠡᠳᠭᠢᠯ᠎ᠳᠡᠭᠡᠨ ᠪᠤᠳᠤᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠳᠤᠮᠳᠠ ᠠᠷᠠᠳ᠎ᠤᠨ ᠵᠣᠪᠠᠭᠤᠷᠢ᠎ᠶ᠋ᠢ ᠱᠢᠢᠳᠪᠦᠷᠢᠯᠡᠵᠦ᠍᠂ ᠠᠷᠠᠳ᠎ᠤᠨ ᠭᠣᠮᠣᠳᠠᠯ᠎ᠢ ᠠᠷᠢᠯᠭᠠᠵᠤ᠂ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠵᠢᠯ ᠳᠠᠷᠠᠭᠠᠯᠠᠨ ᠠᠵᠢᠯᠯᠠᠵᠤ᠂ ᠠᠷᠠᠳ ᠤᠯᠠᠨ᠎ᠢ ᠳᠠᠭᠠᠭᠤᠯᠤᠨ ᠬᠠᠮᠲᠤ᠎ᠪᠠᠷ ᠪᠠᠶᠠᠵᠢᠭᠤᠯᠬᠤ ᠬᠠᠷᠠᠯᠲᠠ ᠲᠡᠢᠰᠢ ᠯᠠᠪᠳᠠᠭᠤᠨ᠎ᠢᠶᠠᠷ ᠤᠷᠤᠭ᠍ᠰᠢᠯᠠᠬᠤ ᠬᠡᠷᠡᠭ᠌ᠲᠡᠢ᠃ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠤᠳᠤᠷᠢᠳᠤᠮᠵᠢ᠎ᠶ᠋ᠢ ᠴᠢᠩᠭᠠᠳᠭᠠᠵᠤ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠠᠵᠢᠯ ᠣᠯᠭᠣᠯᠲᠠ᠎ᠶ᠋ᠢᠨ ᠠᠷᠭ᠎ᠠ ᠵᠠᠮ᠎ᠢ ᠥᠷᠭᠡᠳᠭᠡᠵᠦ᠍᠂ ᠤᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠵᠦ᠍ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ᠎ᠶ᠋ᠢᠨ ᠠᠰᠠᠭᠤᠳᠠᠯ᠎ᠢ ᠭᠣᠣᠯᠳᠠᠯᠭ᠎ᠠ ᠲᠠᠶ ᠰᠠᠢᠲᠤᠷ ᠱᠢᠢᠳᠪᠦᠷᠢᠯᠡᠵᠦ᠍᠂ ᠬᠥᠮᠦᠨ ᠪᠦᠬᠦᠨ᠎ᠳᠦ ᠴᠢᠷᠮᠠᠢᠨ ᠲᠡᠮᠡᠴᠡᠬᠦ᠌ ᠲᠠᠪᠴᠠᠩ᠂ ᠦᠪᠡᠷ᠎ᠢ ᠪᠠᠨ ᠭᠠᠢᠬᠠᠭᠤᠯᠬᠤ ᠠᠵᠠ ᠲᠣᠬᠢᠶᠠᠯ ᠣᠯᠭᠣᠬᠤ ᠬᠡᠷᠡᠭ᠌ᠲᠡᠢ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠵᠦᠢᠯ᠎ᠦᠨ ᠠᠵᠢᠯ᠎ᠢ ᠨᠡᠩ ᠬᠦᠴᠦᠲᠡᠢ ᠪᠦᠲᠦᠮᠵᠢᠲᠡᠢ ᠰᠠᠢᠲᠤᠷ ᠬᠢᠵᠦ᠍᠂《ᠶᠠᠳᠠᠭᠤ ᠡᠴᠡ  ᠠᠩᠭᠢᠵᠢᠷᠠᠭ᠍ᠰᠠᠨ ᠴᠤ᠌ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠡᠴᠡ ᠠᠩᠭᠢᠵᠢᠷᠠᠭ᠍ᠰᠠᠨ ᠴᠤ᠌ ᠲᠦᠷᠦ᠍᠎ᠶ᠋ᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠡᠴᠡ ᠠᠩᠭᠢᠵᠢᠷᠠᠭ᠍ᠰᠠᠨ ᠴᠤ᠌ ᠬᠠᠪᠰᠤᠷᠤᠨ ᠲᠡᠳᠭᠦᠬᠦ᠌ ᠪᠠᠨ ᠪᠤᠯᠢᠬᠤ ᠦᠭᠡᠢ᠂ ᠶᠠᠳᠠᠭᠤ ᠡᠴᠡ ᠠᠩᠭᠢᠵᠢᠷᠠᠭ᠍ᠰᠠᠨ ᠴᠤ᠌ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠭᠡᠢ》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠢᠨᠠᠨ ᠬᠡᠮᠵᠢᠵᠦ᠍ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠬᠡᠪᠴᠢᠶᠡᠵᠢᠯ᠎ᠦᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠢᠬᠤ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭ᠌ᠲᠡᠢ᠃ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ ᠪᠠ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠲᠤ ᠪᠡᠬᠢ ᠪᠤᠢ ᠪᠣᠯᠭᠠᠵᠤ᠂ ᠤᠯᠠᠨ ᠲᠦᠮᠡᠨ᠎ᠦ ᠰᠡᠳᠭᠢᠯ ᠬᠠᠨᠤᠮᠵᠢᠲᠠᠢ ᠪᠠᠢᠬᠤ᠎ᠶ᠋ᠢ ᠠᠷᠠᠳ᠎ᠤᠨ ᠠᠮᠢᠳᠤᠷᠠᠯ᠎ᠤᠨ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠠᠵᠢᠯ᠎ᠢᠶᠠᠨ ᠤᠯᠠᠨ ᠲᠦᠮᠡᠨ᠎ᠦ ᠰᠡᠳᠭᠢᠯ ᠵᠢᠷᠦᠬᠡᠨ᠎ᠳᠦ ᠦᠨᠡᠨ ᠬᠦ᠌ ᠬᠦᠷᠭᠡᠵᠦ᠂ ᠬᠠᠰᠢ ᠶᠠᠰᠢ ᠬᠠᠨᠳᠤᠵᠤ᠂ ᠯᠠᠷᠵᠢᠶ᠎ᠠ ᠶᠠᠩᠪᠠ ᠲᠠᠲᠠᠵᠤ ᠶᠠᠭᠠᠬᠢᠭ᠍ᠰᠠᠨ ᠴᠤ᠌ ᠪᠣᠯᠬᠤ ᠦᠭᠡᠢ᠃ ᠴᠢᠳᠠᠯ᠎ᠤᠨ ᠬᠢᠷᠢ᠎ᠪᠡᠷ᠎ᠢᠶᠡᠨ ᠴᠢᠷᠮᠠᠢᠬᠤ᠂ ᠴᠢᠳᠠᠯ᠎ᠤᠨ᠎ᠢᠶᠠᠨ ᠬᠢᠷᠢ᠎ᠪᠡᠷ ᠬᠢᠬᠦ᠌᠎ᠶ᠋ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠠᠵᠢᠯ᠎ᠢ ᠬᠦᠴᠦ᠍᠎ᠪᠡᠨ ᠲᠥᠪᠯᠡᠷᠡᠭᠦᠯᠦᠨ ᠰᠠᠢᠲᠤᠷ ᠬᠢᠵᠦ᠍᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠣᠷᠣᠨ ᠰᠠᠭᠤᠴᠠ ᠵᠡᠷᠭᠡ ᠠᠷᠠᠳ ᠤᠯᠠᠨ᠎ᠤ ᠬᠠᠮᠤᠭ᠎ᠡᠴᠡ ᠠᠩᠬᠠᠷᠴᠤ᠌ ᠪᠠᠢᠭ᠎ᠠ ᠬᠦᠷᠢᠶᠡᠨ᠎ᠳᠦ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠣᠨᠣᠴᠠᠲᠠᠢ ᠬᠠᠩᠭᠠᠵᠤ᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ᠃

ᠲᠥᠯᠥᠭᠡᠯᠡᠭ᠌ᠴᠢᠳ ᠡ᠂ ᠨᠥᠬᠥᠳ ᠡ!

ᠡᠨᠡ ᠤᠳᠠᠭ᠎ᠠ᠎ᠶ᠋ᠢᠨ ᠶᠡᠬᠡ ᠬᠤᠷᠠᠯ ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠳᠦ᠂ ᠪᠦᠬᠦ᠌ ᠲᠥᠯᠥᠭᠡᠯᠡᠭ᠌ᠴᠢᠳ᠎ᠦᠨ ᠤᠶᠤᠨ ᠤᠬᠠᠭᠠᠨ ᠬᠦᠴᠦ᠍ ᠬᠥᠳᠡᠯᠮᠦᠷᠢ ᠱᠢᠩᠭᠡᠵᠦ᠍᠂ ᠪᠦᠬᠦ᠌ ᠣᠷᠣᠨ᠎ᠤ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ ᠪᠣᠯᠤᠨ ᠰᠠᠢ᠌ᠨ ᠰᠠᠢᠬᠠᠨ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠨ᠎ᠠ᠃ ᠠᠯᠤᠰ᠎ᠤᠨ ᠲᠥᠰᠦᠪ᠎ᠢ ᠵᠢᠷᠤᠭ᠍ᠯᠠᠬᠤ ᠳ᠋ᠤ ᠨᠠᠢᠳᠠᠪᠤᠷᠢᠵᠢᠭᠤᠯᠤᠯᠲᠠ ᠴᠢᠬᠤᠯᠠ ᠪᠠᠢᠵᠦ᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ ᠳ᠋ᠤ ᠬᠠᠷᠢᠭᠤᠴᠠᠯᠭ᠎ᠠ ᠡᠷᠬᠢᠮ ᠪᠠᠢᠲᠠᠭ᠃ ᠪᠢᠳᠡ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠍᠂ ᠲᠣᠭ᠍ᠲᠠᠭᠠᠭ᠍ᠰᠠᠨ ᠬᠠᠷᠠᠯᠲᠠ ᠡᠭᠦᠷᠭᠡ᠎ᠪᠡᠨ ᠱᠠᠳᠤ ᠳᠠᠷᠠᠭᠠᠯᠠᠨ ᠨᠠᠷᠢᠯᠢᠬ᠍ᠵᠢᠭᠤᠯᠤᠨ ᠬᠤᠪᠢᠶᠠᠷᠢᠯᠠᠵᠤ᠂ ᠨᠠᠷᠢᠨ ᠲᠠᠩᠰᠠᠵᠢᠭᠤᠯᠤᠨ ᠬᠠᠮᠢᠶᠠᠷᠴᠤ᠂ ᠲᠦᠷᠦᠯ ᠵᠦᠢᠯᠵᠢᠭᠦᠯᠦᠨ ᠠᠬᠢᠭᠤᠯᠬᠤ ᠶ᠋ᠢ ᠬᠡᠷᠡᠭ᠌ᠵᠢᠭᠦᠯᠵᠦ᠍᠂ ᠨᠢᠭᠡ ᠨᠢᠭᠡ ᠵᠦᠢᠯ᠎ᠢᠶᠡᠷ ᠠᠳᠭᠤᠨ᠂ ᠨᠢᠭᠡ ᠨᠢᠭᠡ ᠵᠦᠢᠯ᠎ᠢᠶᠡᠷ ᠵᠠᠯᠭᠠᠨ ᠬᠢᠵᠦ᠍᠂ ᠦᠷ᠎ᠡ ᠪᠦᠲᠦᠮᠵᠢ ᠤᠯᠬᠤ ᠦᠭᠡᠢ ᠪᠣᠯ ᠵᠤᠭᠰᠤᠬᠤ ᠦᠭᠡᠢ᠂ ᠵᠣᠷᠢᠯᠭ᠎ᠠ᠎ᠳᠠᠭᠠᠨ ᠬᠦᠷᠬᠦ᠌ ᠦᠭᠡᠢ ᠪᠣᠯ ᠵᠤᠷᠢᠭ ᠮᠤᠬᠤᠬᠤ ᠦᠭᠡᠢ ᠪᠠᠢᠬᠤ ᠬᠡᠷᠡᠭ᠌ᠲᠡᠢ᠃ 《ᠬᠥᠮᠦᠨ ᠨᠢᠭᠡ ᠬᠤᠪᠢ ᠪᠡᠷ ᠴᠢᠷᠮᠠᠢᠪᠠᠯ ᠪᠢ ᠠᠷᠪᠠᠠ ᠬᠤᠪᠢ ᠪᠠᠷ ᠴᠢᠷᠮᠠᠢᠵᠦ᠂ ᠬᠥᠮᠦᠨ ᠠᠷᠪᠠᠠ ᠬᠤᠪᠢ ᠪᠡᠷ ᠴᠢᠷᠮᠠᠢᠪᠠᠯ ᠪᠢ ᠵᠠᠭᠤᠠ ᠬᠤᠪᠢ ᠪᠠᠷ ᠴᠢᠷᠮᠠᠢᠬᠤ》 ᠡᠷᠴᠢ ᠵᠣᠷᠢᠭ᠎ᠢᠶᠠᠷ᠂ ᠦᠨᠡᠨ ᠬᠦ᠌ ᠬᠥᠳᠡᠯᠦᠯᠴᠡᠵᠦ᠍᠂ ᠠᠵᠢᠯᠯᠠᠵᠦ᠂ ᠶᠠᠭᠠᠷᠠᠵᠤ᠂ ᠭᠦᠶᠦᠵᠦ᠍᠂ ᠺᠠᠳ᠋ᠷ᠎ᠤᠨ 《ᠨᠢᠭᠡᠨ ᠠᠭᠳᠠ ᠵᠢᠨ ᠲᠡᠷᠢᠭᠦᠯᠡᠬᠦ 》 ᠎ᠪᠡᠷ ᠪᠦᠬᠦ᠌ ᠨᠡᠢᠭᠡᠮ᠎ᠦᠨ 《ᠲᠦᠮᠡᠨ ᠠᠬ᠍ᠳᠠ ᠵᠢᠨ ᠲᠦᠪᠡᠷᠭᠡᠯᠡᠨ ᠲᠠᠪᠬᠢᠬᠤ》 ᠎ᠶ᠋ᠢ ᠦᠨᠡᠨ ᠬᠦ᠌ ᠲᠠᠢ᠌ᠴᠢᠯᠠᠵᠤ᠂ ᠺᠠᠳ᠋ᠷ᠎ᠤᠨ ᠠᠵᠢᠯ᠎ᠢᠶᠠᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠬᠦᠴᠢᠷ ᠪᠡᠷᠬᠡᠱᠢᠶᠡᠯ᠎ᠡᠴᠡ ᠠᠶᠤᠬᠤ ᠦᠭᠡᠢ ᠴᠤᠴᠠᠯᠲᠠ ᠦᠭᠡᠢ ᠤᠷᠤᠭ᠍ᠰᠢᠯᠠᠬᠤ᠎ᠶ᠋ᠢ ᠰᠠᠶᠢ ᠲᠣᠭ᠍ᠲᠠᠯ ᠬᠦᠴᠦᠨ᠎ᠲᠡᠶ ᠭᠡᠵᠦ᠍ ᠬᠡᠯᠡᠨ᠎ᠡ᠂ ᠬᠦᠴᠢᠷ ᠪᠡᠷᠬᠡᠱᠢᠶᠡᠯ᠎ᠦᠨ ᠳᠤᠮᠳᠠ ᠴᠢᠳᠠᠮᠠᠭᠠᠢ᠎ᠪᠠᠷ ᠱᠢᠨ᠎ᠡ ᠪᠠᠢᠳᠠᠯ᠎ᠢ ᠨᠡᠭᠡᠭᠡᠪᠡᠯ ᠰᠠᠶᠢ ᠴᠢᠳᠠᠪᠤᠷᠢ᠎ᠲᠠᠶ ᠭᠡᠵᠦ᠍ ᠬᠡᠯᠡᠨ᠎ᠡ᠃ ᠪᠢᠳᠡ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠵᠣᠷᠢᠭ᠍ᠲᠠᠢ᠎ᠪᠠᠷ ᠠᠰᠠᠭᠤᠳᠠᠯ᠎ᠢ ᠰᠢᠢᠳᠪᠦᠷᠢᠯᠡᠵᠦ᠂ ᠵᠣᠷᠢᠭ᠍ᠲᠠᠢ᠎ᠪᠠᠷ ᠬᠦᠴᠢᠷ ᠪᠡᠷᠬᠡᠱᠢᠶᠡᠯ᠎ᠲᠡᠶ ᠲᠡᠮᠡᠴᠡᠵᠦ᠂ ᠵᠣᠷᠢᠭ᠍ᠲᠠᠢ ᠪᠠᠢᠯᠳᠤᠵᠤ ᠢᠯᠠᠯᠲᠠ ᠤᠯᠬᠤ ᠡᠷᠴᠢ ᠵᠣᠷᠢᠭ ᠪᠣᠯᠤᠨ ᠰᠥᠰᠥ᠍ ᠵᠣᠷᠢᠭ᠎ᠢᠶᠠᠷ ᠵᠥᠷᠢᠴᠡᠯ ᠠᠰᠠᠭᠤᠳᠠᠯ᠎ᠢ ᠱᠢᠢᠳᠪᠦᠷᠢᠯᠡᠵᠦ᠍᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠠᠵᠢᠯᠯᠠᠭ᠎ᠠ ᠪᠣᠯᠤᠨ ᠦᠷ᠎ᠡ ᠪᠦᠲᠦᠮᠵᠢ᠎ᠪᠡᠷ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠢᠯᠭ᠎ᠠ᠎ᠪᠠᠨ ᠢᠯᠡᠷᠡᠭᠦᠯᠬᠦ᠌ ᠬᠡᠷᠡᠭ᠌ᠲᠡᠢ᠃ 《ᠡᠷᠳᠡᠮ᠎ᠴᠢᠳᠠᠪᠤᠷᠢ ᠵᠢᠨ ᠭᠡᠯᠮᠡᠭ᠌ᠳᠡᠯ》᠎ᠤᠨ ᠲᠦᠭ᠌ᠰᠢᠭᠦᠷᠢᠲᠦ ᠪᠤᠳᠤᠯ᠎ᠢᠶᠠᠨ ᠴᠢᠩᠭᠠᠳᠭᠠᠵᠤ᠂ ᠬᠠᠭᠤᠴᠢᠨ ᠰᠡᠳᠭᠢᠬᠦᠢ᠎ᠪᠠᠨ ᠲᠠᠰᠤᠷᠠᠯᠳᠡ ᠦᠭᠡᠢ ᠰᠢᠨᠡᠴᠢᠯᠡᠵᠦ᠂ ᠱᠢᠨ᠎ᠡ ᠬᠠᠷᠠᠭᠠᠰᠤ᠎ᠶ᠋ᠢ ᠨᠡᠭᠡᠭᠡᠵᠦ᠍᠂ ᠱᠢᠨ᠎ᠡ ᠴᠢᠳᠠᠪᠤᠷᠢ᠎ᠶ᠋ᠢ ᠡᠵᠡᠮᠱᠢᠵᠦ᠍᠂ ᠱᠢᠨ᠎ᠡ ᠪᠠᠢᠳᠠᠯ᠎ᠳᠤ ᠵᠣᠬᠢᠴᠠᠵᠤ᠂ ᠱᠢᠨ᠎ᠡ ᠥᠷᠢᠰᠥᠯᠳᠦᠭᠡᠨ᠎ᠢ ᠠᠷᠭᠠᠴᠠᠭᠠᠬᠤ ᠬᠡᠷᠡᠭ᠌ᠲᠡᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠢᠯᠭᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ᠎ᠶ᠋ᠢᠨ ᠲᠤᠷᠱᠢᠯᠭ᠎ᠠ᠎ᠶ᠋ᠢ ᠭᠦᠨᠵᠡᠭᠡᠢ ᠣᠢᠯᠠᠭᠠᠵᠤ᠂ ᠤᠬᠠᠮᠰᠠᠷ ᠡᠴᠡ᠎ᠪᠠᠨ ᠲᠡᠭᠦᠨ᠎ᠡᠴᠡ ᠤᠶᠤᠨ ᠤᠬᠠᠭᠠᠨ ᠪᠣᠯᠤᠨ ᠬᠦᠴᠦᠨ ᠴᠢᠳᠠᠯ ᠣᠯᠵᠤ᠂ ᠤᠨᠤᠯ᠎ᠤᠨ ᠬᠡᠪ ᠪᠣᠯᠪᠠᠰᠤᠷᠠᠯ᠂ ᠤᠯᠤᠰ ᠲᠦᠷᠦ᠍᠎ᠶ᠋ᠢᠨ ᠴᠢᠳᠠᠪᠤᠷᠢ ᠪᠣᠯᠤᠨ ᠠᠵᠢᠯ᠎ᠤᠨ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠴᠠᠭ ᠦᠶ᠎ᠡ ᠪᠣᠯᠤᠨ ᠠᠷᠠᠳ ᠲᠦᠮᠡᠨ᠎ᠡᠴᠡ ᠳᠠᠭᠠᠭᠠᠯᠭᠠᠭ᠍ᠰᠠᠨ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢᠲᠤᠷ ᠡᠭᠦᠷᠭᠡᠯᠡᠬᠦ᠌ ᠬᠡᠷᠡᠭ᠌ᠲᠡᠢ᠃

ᠲᠥᠯᠥᠭᠡᠯᠡᠭ᠌ᠴᠢᠳ ᠡ᠂ ᠨᠥᠬᠥᠳ ᠡ!

ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨ᠎ᠤ ᠤᠯᠤᠰ᠎ᠤᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ ᠮᠥᠨ᠃ ᠨᠢᠳᠤᠨᠤᠨ᠎ᠤ 10 ᠰᠠᠷ᠎ᠠ ᠎ᠳᠤ᠂ ᠨᠠᠮ᠎ᠤᠨ ᠲᠥᠪ ᠬᠣᠷᠢᠶ᠎ᠠ ᠲᠥᠪ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠠᠵᠢᠯ᠎ᠤᠨ ᠬᠤᠷᠠᠯ᠎ᠢ ᠬᠤᠷᠠᠯᠳᠤᠭᠤᠯᠪᠠ᠂ ᠡᠨᠡ ᠨᠢ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠠᠷᠠᠳᠴᠢᠯᠠᠭᠰᠠᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢᠨ ᠠᠬᠢᠴᠠ᠎ᠳᠤ ᠴᠢᠬᠤᠯᠠ ᠬᠥᠱᠢᠢ᠎ᠡ ᠳᠤᠷᠠᠰᠭᠠᠯ᠎ᠤᠨ ᠠᠴᠢ ᠬᠣᠯᠪᠣᠭ᠍ᠳᠠᠯ᠎ᠲᠠᠶ ᠶᠤᠮ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠤᠯᠤᠰ ᠲᠥᠷᠥ᠎ᠶ᠋ᠢᠨ ᠪᠠᠢᠭᠤᠯᠤᠯ ᠎ᠤᠨ ᠢᠲᠡᠭᠡᠯ᠎ᠢᠶᠡᠨ ᠴᠢᠨᠠᠭ᠍ᠰᠢᠳᠠ ᠪᠠᠲᠤᠳᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠤᠯᠤᠰ ᠲᠥᠷᠥ᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ᠎ᠢᠶᠠᠨ ᠴᠢᠨᠠᠭ᠍ᠰᠢᠳᠠ ᠴᠢᠩᠭᠠᠳᠭᠠᠵᠤ᠂ ᠨᠠᠩ ᠥᠨᠳᠥᠷ ᠲᠦᠪᠱᠢᠨ ᠡᠴᠡ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ ᠡᠴᠡ ᠪᠠᠠ ᠡᠭᠦᠰᠴᠦ᠍᠂ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠬᠦ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠣᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠲᠠ ᠥᠬᠡᠶ ᠬᠥᠭ᠌ᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠵᠤ ᠲᠡᠭᠦᠯᠳᠡᠷᠵᠢᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠶ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠲᠦᠷᠦ᠍᠎ᠶ᠋ᠢᠨ ᠡᠷᠬᠡᠲᠦ ᠪᠠᠢᠭᠤᠯᠭ᠎ᠠ᠎ᠶ᠋ᠢᠨ ᠪᠦᠷᠢᠯᠳᠦᠬᠦᠨ ᠪᠣᠯᠤᠭ᠍ᠰᠠᠨ᠎ᠤ ᠬᠤᠪᠢ ᠎ᠳᠤ᠂ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠬᠡ ᠬᠡᠷᠡᠯᠳᠡᠢ ᠶᠤᠮ᠂ ᠨᠠᠮ ᠪᠣᠯᠤᠨ ᠠᠷᠠᠳ ᠲᠦᠮᠡᠨ᠎ᠦ ᠢᠲᠡᠭᠡᠯ᠎ᠢ ᠬᠤᠪᠢ ᠲᠠᠬᠢᠨ ᠨᠠᠨᠳᠢᠩᠨᠠᠵᠤ᠂ ᠡᠭᠦᠷᠭᠡᠯᠡᠵᠦ᠍ ᠪᠠᠢᠭ᠎ᠠ ᠴᠢᠬᠤᠯᠠ ᠬᠠᠷᠢᠭᠤᠴᠠᠯᠭ᠎ᠠ᠎ᠪᠠᠨ ᠴᠠᠭ ᠢᠮᠠᠭ᠍ᠲᠠ ᠪᠠᠲᠤ ᠴᠡᠭᠡᠵᠢᠯᠡᠵᠦ᠍᠂ ᠤᠬᠠᠮᠰᠠᠷ ᠡᠴᠡ᠎ᠪᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠠᠷᠢᠭᠤᠴᠠᠯᠭ᠎ᠠ᠎ᠪᠠᠨ ᠴᠢᠩᠭᠠᠳᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠪᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠦᠨᠡᠨ ᠬᠦ᠌ ᠠᠷᠠᠳ ᠲᠦᠮᠡᠨ᠎ᠦ ᠲᠥᠯᠥᠭᠡ ᠦᠭᠡ ᠬᠡᠯᠡᠵᠦ᠍᠂ ᠠᠷᠠᠳ ᠲᠦᠮᠡᠨ᠎ᠦ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠠᠳ ᠲᠦᠮᠡᠨ᠎ᠳᠦ ᠬᠠᠷᠢᠭᠤᠴᠠᠬᠤ ᠬᠡᠷᠡᠭ᠌ᠲᠡᠢ᠃

ᠲᠥᠯᠥᠭᠡᠯᠡᠭ᠌ᠴᠢᠳ ᠡ᠂ ᠨᠥᠬᠥᠳ ᠡ!

ᠡᠨᠡ ᠵᠢᠯ᠎ᠦᠨ ᠠᠵᠢᠯ᠎ᠢ ᠰᠠᠢᠲᠤᠷ ᠬᠢᠬᠦ᠌᠎ᠳ᠋ᠤ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤᠵᠢᠯᠲᠠᠢ ᠶᠤᠮ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭ᠍ᠰᠢᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠬᠤ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号