ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠵᠢᠷᠭᠤᠳᠤᠭᠠᠷ ᠬᠤᠷᠠᠯ ᠦᠨᠳᠦᠰᠦᠨ ᠬᠠᠤᠯᠢ ᠳ᠋ᠦ ᠲᠠᠩᠭᠠᠷᠢᠭ᠍ᠯᠠᠬᠤ ᠶᠤᠰᠤᠯᠠᠯ ᠶᠠᠪᠤᠭᠤᠯᠪᠠ
2022-01-25 07:30:30
ᠵᠣᠬᠢᠶᠠᠭ᠍ᠴᠢ᠄
ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠯᠢᠨ ᠱᠤᠤ ᠴᠦᠨ ᠳᠠᠭᠠᠭᠤᠯᠤᠨ ᠲᠠᠩᠭᠠᠷᠢᠭ᠍ᠯᠠᠵᠤ ᠾᠧ ᠶᠠᠨ ᠯᠢᠩ ᠶᠤᠰᠤᠯᠠᠯ ᠢ᠋  ᠡᠷᠬᠢᠯᠡᠪᠡ

1 ᠰᠠᠷ᠎ᠠ ᠶ᠋ᠢᠨ 24 ᠎ᠤ᠋  ᠦᠳᠡ ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠵᠢᠷᠭᠤᠳᠤᠭᠠᠷ ᠬᠤᠷᠠᠯ ᠦᠨᠳᠦᠰᠦᠨ ᠬᠠᠤᠯᠢ ᠳ᠋ᠦ ᠲᠠᠩᠭᠠᠷᠢᠭ᠍ᠯᠠᠬᠤ ᠶᠤᠰᠤᠯᠠᠯ ᠶᠠᠪᠤᠭᠤᠯᠪᠠ᠃


QQ截图20220125073227.jpg

1 ᠰᠠᠷ᠎ᠠ ᠵᠢᠨ 24 ᠤ᠋ ᠦᠳᠠ ᠵᠢᠨ ᠬᠤᠢᠨ᠎ᠠ᠂ ᠦᠪᠡᠷᠳᠡᠭᠡᠨ ᠵᠠᠰᠬᠠᠤ ᠤᠷᠤᠨ᠎ᠤ ᠠᠷᠪᠡᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠵᠢᠷᠭᠤᠳᠤᠭᠠᠷ ᠬᠤᠷᠠᠯ ᠭᠤᠷᠪᠠᠳᠤᠭᠠᠷ ᠤᠳᠠᠭ᠎ᠠ ᠵᠢᠨ ᠪᠦᠬᠦᠳᠠ ᠬᠤᠷᠠᠯ ᠬᠢᠪᠠ᠃ ᠰᠢᠨ᠎ᠠ ᠪᠡᠷ ᠰᠤᠨᠭᠭᠤᠬᠳᠠᠬᠰᠡᠨ ᠦᠪᠡᠷᠳᠡᠭᠡᠨ ᠵᠠᠰᠠᠬᠤ ᠤᠷᠤᠨ᠎ᠤ ᠠᠷᠡᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠨᠭᠭᠤ ᠵᠢᠨ ᠬᠤᠷᠢᠶᠠᠨ᠎ᠤ ᠲᠡᠳ᠋ ᠡᠷᠬᠢᠯᠡᠭᠴᠢ ᠯᠢᠨ ᠱᠤᠤ ᠴᠦᠨ᠂ ᠳ᠋ᠤᠸᠠᠨ ᡁᠢ ᠴᠢᠶᠠᠩ᠂ ᠦᠪᠡᠷᠳᠡᠭᠡᠨ ᠵᠠᠰᠠᠬᠤ ᠤᠷᠤᠨ᠎ᠤ ᠬᠢᠨᠡᠨ ᠪᠠᠢᠴᠠᠭᠠᠬᠤ ᠵᠦᠪᠯᠡᠯ᠎ᠤᠨ ᠡᠷᠬᠢᠯᠡᠭᠴᠢ ᠯᠢᠣ ᠱᠤᠸᠠᠩ ᠨᠠᠷ ᠦᠪᠤᠷ ᠮᠤᠨᠭᠭᠤᠯ᠎ᠤᠨ ᠠᠷᠠᠳ᠎ᠤᠨ ᠬᠤᠷᠠᠯ᠎ᠤᠨ ᠲᠠᠡᠭ᠌ᠭᠢᠮ᠎ᠳᠤ ᠬᠠᠤᠯᠢ ᠶᠤᠰᠤᠭᠠᠷ ᠦᠨᠳᠤᠰᠤᠨ ᠬᠠᠤᠯᠢ᠎ᠳᠤ ᠲᠠᠨᠭᠭᠠᠷᠢᠬᠯᠠᠪᠠ᠃       

 ᠶᠤᠸᠠᠨ ᠶᠦᠩ ᠬᠤᠩ ᠰᠡᠬᠦᠳᠡᠷᠯᠡᠪᠡ


ᠲᠣᠰ ᠤᠳᠠᠭᠠᠨ ᠤ᠋ ᠦᠨᠳᠦᠰᠦᠨ ᠬᠠᠤᠯᠢ ᠳ᠋ᠦ ᠲᠠᠩᠭᠠᠷᠢᠭ᠍ᠯᠠᠬᠤ ᠨᠢ ᠬᠠᠮᠲᠤ᠎ᠪᠠᠷ ᠲᠠᠩᠭᠠᠷᠢᠭ᠍ᠯᠠᠬᠤ ᠬᠡᠯᠪᠡᠷᠢ᠎ᠪᠡᠷ ᠶᠠᠪᠤᠭᠳᠠᠵᠠᠢ᠃ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠨᠳᠦᠰᠦᠨ ᠬᠠᠤᠯᠢ ᠳ᠋ᠦ ᠲᠠᠩᠭᠠᠷᠢᠭ᠍ᠯᠠᠬᠤ ᠲᠦᠷᠢᠮ ᠢ᠋ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌ ᠠᠷᠭ᠎ᠠ》 ᠵᠢᠨ ᠲᠣᠭ᠍ᠲᠠᠭᠠᠯ ᠢ᠋ ᠦᠨᠳᠦᠰᠦᠯᠡᠨ᠂ ᠱᠢᠨ᠎ᠡ᠎ᠪᠡᠷ ᠰᠣᠩᠭᠣᠭ᠍ᠳᠠᠭ᠍ᠰᠠᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠪᠠᠢᠩᠭᠤ ᠶ᠋ᠢᠨ ᠬᠤᠷᠢᠶ᠎ᠠ ᠵᠢᠨ ᠳᠡᠳ᠋ ᠡᠷᠬᠢᠯᠡᠭ᠌ᠴᠢ ᠯᠢᠨ ᠱᠤᠤ ᠴᠦᠨ᠂ ᠳ᠋ᠤᠸᠠᠨ ᡁᠢ ᠴᠢᠶᠠᠩ᠂ ᠦᠪᠡᠷᠳᠡᠭᠡᠨ ᠵᠠᠰᠬᠠᠤ ᠤᠷᠤᠨ᠎ᠤ ᠬᠢᠨᠠᠨ ᠪᠠᠢᠴᠠᠭᠠᠬᠤ  ᠵᠦᠪᠯᠡᠯ᠎ᠤᠨ ᠡᠷᠬᠢᠯᠡᠭᠴᠢ ᠯᠢᠦ ᠱᠤᠸᠠᠩ ᠵᠢᠴᠢ ᠦᠪᠡᠷᠳᠡᠭᠡᠨ ᠵᠠᠰᠬᠠᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ ᠵᠢᠨ ᠬᠤᠷᠢᠶ᠎ᠠ ᠵᠢᠨ ᠭᠡᠱᠢᠭᠦᠨ ᠸᠠᠩ ᠹᠠᠩ᠂ ᠨᠢᠦ ᠵᠢᠶᠦ᠋ᠨ ᠶᠠᠨ᠂ ᠱ᠌ᠢ ᠸᠠᠨ ᠵᠢᠶᠦ᠋ᠨ ᠂ ᠹᠸᠩ ᠢᠦᠶ ᠵᠧᠨ᠂ ᠯᠢᠦ ᠶᠦᠩ ᡁᠢ᠂ ᠯᠢ ᠵᠢᠶᠠᠨ ᠸᠧᠶ᠂ ᠵᠠᠩ ᠬᠣᠶ ᠢᠦᠶ᠂ ᠠᠯᠲᠠᠨᠰᠠᠩ᠂ ᠯᠦᠸᠧ ᠬ᠍ᠤ ᠽᠠᠢ᠂ ᠵᠧᠩ ᠵᠢᠨ ᠴᠦᠨ᠂ ᠵᠢᠶᠠᠩ ᠬᠤᠸᠠ ᠦᠨᠳᠦᠰᠦᠨ ᠬᠠᠤᠯᠢ ᠳ᠋ᠦ ᠲᠠᠩᠭᠠᠷᠢᠭ᠍ᠯᠠᠪᠠ᠃ ᠯᠢᠨ ᠱᠤᠤ ᠴᠦᠨ ᠳᠠᠭᠠᠭᠤᠯᠤᠨ ᠲᠠᠩᠭᠠᠷᠢᠭ᠍ᠯᠠᠵᠤ᠂ ᠶᠡᠬᠡ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠾᠧ ᠶᠠᠨ ᠯᠢᠩ ᠲᠠᠩᠭᠠᠷᠢᠭ᠍ᠯᠠᠬᠤ ᠶᠣᠰᠣᠯᠠᠯ ᠢ᠋ ᠡᠷᠬᠢᠯᠡᠪᠡ᠃

ᠲᠤᠬᠠᠶ ᠶ᠋ᠢᠨ ᠡᠳᠦᠷ᠎ᠦᠨ ᠥᠪᠥᠷ ᠮᠣᠩᠭᠣᠯ ᠤ᠋ᠨ ᠠᠷᠠᠳ ᠤ᠋ᠨ ᠬᠤᠷᠠᠯ ᠤ᠋ᠨ ᠲᠠᠩᠬᠢᠮ ᠬᠥᠷ ᠬᠥᠭ᠌ᠵᠢᠶᠡᠨ ᠶ᠋ᠢᠡᠷ ᠪᠢᠯᠬᠠᠵᠤ᠂ ᠲᠡᠷᠢᠭᠦᠯᠡᠭ᠌ᠴᠢᠳ᠎ᠦᠨ ᠲᠠᠢᠰᠠᠨ ᠤ᠋ ᠠᠷᠤ᠎ᠳᠠᠬᠢ ᠠᠷᠪᠠᠨ ᠬᠤᠷᠴᠠ ᠤᠯᠠᠭᠠᠨ ᠲᠣᠭ ᠤᠯᠤᠰ ᠤ᠋ᠨ ᠰᠦᠯᠳᠡ ᠶ᠋ᠢᠨ ᠬᠣᠶᠠᠷ ᠲᠠᠯ᠎ᠠ ᠳ᠋ᠦ ᠵᠢᠭᠳᠡᠷᠡᠵᠦ᠂ ᠲᠥᠪ ᠶᠡᠬᠡᠮᠰᠦᠭ ᠪᠥᠭᠡᠳ ᠠᠷᠢᠭᠤᠨ ᠳᠠᠷᠬᠠᠨ ᠪᠠᠢᠯ᠎ᠠ᠃ ᠲᠠᠩᠭᠠᠷᠢᠭ᠍ᠯᠠᠬᠤ ᠶᠣᠰᠣᠯᠠᠯ ᠡᠬᠢᠯᠡᠮᠡᠭ᠌ᠴᠡ ᠪᠦᠭᠦᠳᠡᠭᠡᠷ ᠶ᠋ᠢᠡᠨ ᠪᠣᠰᠴᠤ᠌ ᠵᠣᠭ᠍ᠰᠣᠨ᠂ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠤᠯᠤᠰ ᠤ᠋ᠨ ᠰᠦᠯᠳᠡ ᠳᠠᠭᠤᠤ ᠶ᠋ᠢ ᠬᠥᠭ᠌ᠵᠢᠮᠳᠡᠨ ᠳᠠᠭᠤᠯᠠᠪᠠ᠃ ᠤᠯᠤᠰ ᠤ᠋ᠨ ᠰᠦᠯᠳᠡ ᠳᠠᠭᠤᠤ ᠶ᠋ᠢ ᠳᠠᠭᠤᠯᠠᠵᠤ ᠪᠠᠷᠠᠭ᠍ᠰᠠᠨ ᠤ᠋ ᠳᠠᠷᠠᠭ᠎ᠠ᠂ ᠳᠠᠭᠠᠭᠤᠯᠤᠨ ᠲᠠᠩᠭᠠᠷᠢᠭ᠍ᠯᠠᠭ᠍ᠴᠢ ᠯᠢᠨ ᠱᠤᠤ ᠴᠦᠨ ᠲᠠᠩᠭᠠᠷᠢᠭ᠍ᠯᠠᠬᠤ ᠲᠠᠢᠰᠠᠨ ᠤ᠋ ᠡᠮᠦᠨ᠎ᠡ ᠬᠦᠷᠴᠦ᠍᠂ ᠵᠡᠭᠦᠨ ᠭᠠᠷ᠎ᠵᠢᠡᠨ ᠦᠨᠳᠦᠰᠦᠨ ᠬᠠᠤᠯᠢ᠎ᠵᠢᠨ ᠳᠡᠭᠡᠷ᠎ᠡ ᠳᠠᠯᠪᠢᠵᠤ᠂ ᠪᠠᠷᠠᠭᠤᠨ ᠨᠢᠳᠤᠷᠭ᠎ᠠ ᠪᠠᠨ ᠵᠠᠡᠭᠭᠢᠳᠤᠨ ᠡᠷᠭᠦᠵᠦ᠍᠂ ᠲᠠᠩᠭᠠᠷᠢᠭ ᠤ᠋ᠨ ᠦᠭᠡᠰ ᠢ᠋ ᠤᠩᠱᠢᠪᠠ᠃ ᠦᠨᠳᠦᠰᠦᠨ ᠬᠠᠤᠯᠢ ᠳ᠋ᠦ ᠲᠠᠩᠭᠠᠷᠢᠭ᠍ᠯᠠᠬᠤ ᠳ᠋ᠦ ᠣᠷᠣᠯᠴᠠᠭ᠍ᠰᠠᠳ ᠳᠠᠭᠠᠭᠤᠯᠤᠨ ᠲᠠᠩᠭᠠᠷᠢᠭ᠍ᠯᠠᠭ᠍ᠴᠢ ᠶ᠋ᠢᠨ ᠠᠷᠤ ᠳ᠋ᠦ ᠮᠥᠷᠯᠡᠨ ᠵᠣᠭ᠍ᠰᠣᠵᠤ᠂ ᠪᠠᠷᠠᠭᠤᠨ ᠨᠢᠳᠤᠷᠭ᠎ᠠ᠎ᠪᠠᠨ ᠵᠠᠩᠭᠢᠳᠤᠨ ᠡᠷᠭᠦᠵᠦ᠍᠂ ᠲᠠᠩᠭᠠᠷᠢᠭ ᠤ᠋ᠨ ᠦᠭᠡᠰ ᠢ᠋ ᠳᠠᠭᠠᠨ ᠤᠩᠱᠢᠪᠠ᠃

《ᠪᠢ ᠲᠠᠡᠭᠭᠠᠷᠢᠭᠯᠠᠵᠤ ᠪᠠᠢᠨ᠎ᠠ᠄ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠦᠨᠳᠦᠰᠦᠨ ᠬᠠᠤᠯᠢ ᠳ᠋ᠦ ᠦᠨᠡᠨᠴᠢ ᠱᠢᠳᠤᠷᠭᠤ ᠪᠠᠢᠵᠤ᠂ ᠦᠨᠳᠦᠰᠦᠨ ᠬᠠᠤᠯᠢ ᠶ᠋ᠢᠨ ᠡᠷᠬᠡ ᠰᠦᠷ ᠢ᠋ ᠬᠠᠮᠠᠭᠠᠯᠠᠵᠤ᠂ ᠬᠠᠤᠯᠢ᠎ᠳᠦ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠬᠡ ᠤᠯᠤᠰ᠎ᠲᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳ᠋ᠡᠭᠡᠨ ᠦᠨᠡᠨᠴᠢ ᠱᠢᠳᠤᠷᠭᠤ ᠪᠠᠢᠵᠤ᠂ ᠡᠭᠦᠷᠭᠡ ᠲᠤᠱᠢᠶᠠᠯ ᠵᠢᠡᠨ ᠬᠢᠴᠢᠶᠡᠩᠭᠦᠢᠯᠡᠨ ᠭᠦᠢᠴᠡᠳᠭᠡᠵᠦ᠍᠂  ᠠᠷᠢᠭᠤᠨ ᠴᠢᠬᠡᠴᠢ᠎ᠪᠡᠷ ᠠᠯᠪᠠᠨ ᠳ᠋ᠦ ᠵᠢᠳᠬᠦᠵᠦ᠂ ᠠᠷᠠᠳ ᠲᠦᠮᠡᠨ᠎ᠦ ᠬᠢᠨᠠᠯᠲᠠ ᠶ᠋ᠢ ᠬᠦᠯᠢᠶᠡᠵᠦ᠍᠂ ᠪᠠᠶᠠᠨ ᠬᠦᠴᠦᠷᠬᠡᠭ ᠠᠷᠠᠳᠴᠢᠯᠠᠯ ᠲᠠᠢ ᠪᠣᠯᠪᠠᠰᠤᠨ ᠡᠶ᠎ᠡ ᠵᠣᠬᠢᠴᠠᠩᠭᠤᠢ ᠦᠵᠡᠰᠭᠦᠯᠡᠩᠲᠦ ᠰᠠᠢᠬᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ ᠢ᠋ ᠪᠦᠲᠦᠭᠡᠨ ᠪᠠᠢᠭᠤᠯᠬᠤ ᠶ᠋ᠢᠨ ᠲᠥᠯᠥᠭᠡ ᠴᠢᠷᠮᠠᠢᠨ ᠲᠡᠮᠡᠴᠡᠨ᠎ᠡ! 》

ᠲᠠᠩᠭᠠᠷᠢᠭ᠍ᠯᠠᠭᠰᠠᠳ᠂ ᠲᠠᠩᠭᠠᠷᠢᠭ ᠵᠢᠡᠨ ᠢᠮᠠᠭᠳᠠ ᠪᠠᠲᠤ ᠴᠡᠭᠡᠵᠢᠯᠡᠨ᠂ ᠦᠨᠳᠦᠰᠦᠨ ᠬᠠᠤᠯᠢ ᠳ᠋ᠦ ᠦᠨᠡᠨᠴᠢ ᠱᠢᠳᠤᠷᠭᠤ᠂ ᠡᠬᠡ ᠤᠯᠤᠰ᠎ᠲᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠡᠭᠡᠨ ᠦᠨᠡᠨᠴᠢ ᠱᠢᠳᠤᠷᠭᠤ ᠪᠠᠢᠵᠤ᠂ ᠤᠭ ᠰᠠᠨᠠᠭ᠎ᠠ᠎ᠪᠠᠨ ᠦᠯᠦ᠍ ᠮᠠᠷᠲᠠᠵᠤ ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠴᠥᠬᠥᠷᠡᠰᠢ ᠦᠭᠡᠢ ᠠᠵᠢᠯᠯᠠᠵᠤ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ ᠵᠠᠮ ᠳ᠋ᠦ ᠥᠪᠥᠷ ᠮᠣᠩᠭᠣᠯ ᠤ᠋ᠨ ᠬᠥᠭ᠌ᠵᠢᠯᠲᠡ ᠶ᠋ᠢᠨ ᠱᠢᠨ᠎ᠡ ᠬᠠᠭᠤᠳᠠᠰᠤ ᠶ᠋ᠢ ᠪᠢᠴᠢᠭ᠌ᠯᠡᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠪᠠᠨ ᠦᠵᠡᠭᠦᠯᠦᠨ᠎ᠡ ᠭᠡᠵᠦ᠍ ᠰᠠᠨᠠᠯ ᠨᠢᠭᠡᠲᠡᠢ ᠢᠯᠡᠷᠭᠡᠢᠯᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号