ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠲᠡᠷᠢᠭᠦᠯᠡᠭ᠌ᠴᠢᠳ ᠤ᠋ᠨ ᠪᠦᠯᠬᠦᠮ ᠭᠤᠷᠪᠠᠳᠤᠭᠠᠷ ᠤᠳᠠᠭ᠎ᠠ ᠵᠢᠨ ᠬᠤᠷᠠᠯ ᠬᠢᠵᠠᠢ
2022-01-25 07:38:24
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠱ᠌ᠢ᠎ᠲᠡᠶ ᠹᠸᠩ ᠬᠤᠷᠠᠯ ᠢ᠋ ᠡᠷᠬᠢᠯᠡᠪᠡ

1 ᠰᠠᠷ᠎ᠠ ᠵᠢᠨ 24 ᠤ᠋ ᠦᠳᠡ ᠵᠢᠨ ᠡᠮᠦᠨ᠎ᠡ᠂  ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠲᠡᠷᠢᠭᠦᠯᠡᠭ᠌ᠴᠢᠳ ᠤ᠋ᠨ ᠪᠦᠯᠬᠦᠮ ᠭᠤᠷᠪᠠᠳᠤᠭᠠᠷ ᠤᠳᠠᠭ᠎ᠠ ᠵᠢᠨ ᠬᠤᠷᠠᠯ ᠬᠢᠪᠡ᠃

ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠲᠡᠷᠢᠭᠦᠯᠡᠭ᠌ᠴᠢᠳ ᠤ᠋ᠨ ᠪᠦᠯᠬᠦᠮ ᠤ᠋ᠨ  ᠪᠦᠷᠢᠯᠳᠦᠬᠦᠨ 62 ᠬᠥᠮᠦᠨ ᠪᠣᠶ᠂  59 ᠬᠥᠮᠦᠨ ᠲᠣᠰ ᠤᠳᠠᠭ᠎ᠠ ᠵᠢᠨ ᠬᠤᠷᠠᠯ ᠳ᠋ᠦ ᠣᠷᠣᠯᠴᠠᠵᠤ᠂  ᠬᠠᠤᠯᠢ ᠳ᠋ᠦ ᠲᠣᠭ᠍ᠲᠠᠭᠠᠭ᠍ᠰᠠᠨ ᠬᠥᠮᠦᠨ᠎ᠦ ᠲᠣᠭ᠎ᠠ ᠳ᠋ᠦ ᠨᠡᠢᠴᠡᠵᠠᠢ᠃

ᠶᠡᠬᠡ ᠬᠤᠷᠠᠯ᠎ᠤᠨ ᠲᠡᠷᠢᠭᠦᠯᠡᠭ᠌ᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭ᠌ᠴᠢ ᠱ᠌ᠢ᠎ᠲᠡᠶ ᠹᠸᠩ ᠬᠤᠷᠠᠯ ᠢ᠋ ᠡᠷᠬᠢᠯᠡᠪᠡ᠃

ᠲᠡᠷᠢᠭᠦᠯᠡᠭ᠌ᠴᠢᠳ ᠤ᠋ᠨ ᠪᠦᠯᠬᠦᠮ ᠤ᠋ᠨ ᠪᠠᠢᠩᠭᠤ ᠵᠢᠨ ᠲᠡᠷᠢᠭᠦᠯᠡᠭ᠌ᠴᠢ ᠯᠢᠨ ᠱᠤᠤ ᠴᠦᠨ ᠂  ᠯᠢ ᠷᠦᠩ ᠰᠢ᠂  ᠵᠠᠩ ᠶᠤᠸᠠᠨ ᠵᠦᠩ᠂  ᠳ᠋ᠤᠸᠠᠨ ᡁᠢ ᠴᠢᠶᠠᠩ᠂  ᠾᠧ ᠶᠠᠨ ᠯᠢᠩ᠂ ᠱ᠌ᠢ ᠸᠸᠨ ᠱᠢᠤᠸᠠᠢ ᠬᠤᠷᠠᠯ ᠳ᠋ᠦ ᠣᠷᠣᠯᠴᠠᠪᠠ᠃

ᠬᠤᠷᠠᠯ ᠡᠴᠡ ᠵᠠᠰᠠᠭ᠎ᠤᠨ ᠣᠷᠳᠣᠨ ᠤ᠋ ᠠᠵᠢᠯ᠎ᠤᠨ ᠢᠯᠡᠳᠭᠡᠯ ᠪᠣᠯᠤᠨ ᠲᠦᠯᠦᠪᠯᠡᠭᠡ ᠵᠢᠨ ᠮᠡᠳᠡᠭᠦᠯᠦᠯᠳᠡ᠂ ᠲᠥᠰᠦᠪ ᠤ᠋ᠨ ᠮᠡᠳᠡᠭᠦᠯᠦᠯᠲᠡ ᠵᠢ ᠬᠢᠨᠠᠨ ᠵᠥᠪᠯᠡᠭ᠌ᠰᠡᠨ ᠪᠠᠢᠳᠠᠯ᠎ᠤᠨ ᠲᠤᠬᠠᠢ ᠶᠡᠬᠡ ᠬᠤᠷᠠᠯ᠎ᠤᠨ ᠳᠡᠳ᠋ ᠨᠠᠷᠢᠨ ᠪᠢᠴᠢᠭ ᠤ᠋ᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠵᠠᠰᠠᠭ᠎ᠤᠨ ᠣᠷᠳᠣᠨ ᠤ᠋ ᠨᠠᠷᠢᠨ ᠪᠢᠴᠢᠭ ᠤ᠋ᠨ ᠳᠠᠷᠤᠭ᠎ᠠ ᠵᠧᠩ ᠳ᠋ᠦᠩ ᠪᠥᠸᠧ ᠵᠢᠨ ᠬᠢᠭ᠌ᠰᠡᠨ ᠮᠡᠳᠡᠭᠦᠯᠦᠯᠲᠡ ᠵᠢ ᠰᠣᠨᠣᠰᠴᠤ᠌᠂ ᠢᠯᠡᠳᠭᠡᠯ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ ᠢ᠋ ᠲᠥᠯᠥᠭᠡᠯᠡᠭ᠌ᠴᠢᠳ ᠤ᠋ᠨ ᠪᠦᠯᠬᠦᠮ᠎ᠳᠦ ᠳᠠᠷᠤᠮᠠᠯᠯᠠᠨ ᠲᠠᠷᠬᠠᠭᠠᠬᠤ ᠪᠠᠷ ᠲᠣᠭ᠍ᠲᠠᠵᠠᠢ᠃

ᠬᠤᠷᠠᠯ ᠡᠴᠡ ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠪᠠᠢᠩᠭᠤ ᠵᠢᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠥᠨᠳᠥᠷ ᠵᠡᠷᠭᠡ ᠵᠢᠨ ᠱᠢᠭᠦᠬᠦ᠌ ᠬᠣᠷᠢᠶ᠎ᠠ᠂ ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠪᠠᠢᠴᠠᠭᠠᠬᠤ ᠬᠣᠷᠢᠶ᠎ᠠ᠎ᠵᠢᠨ ᠠᠵᠢᠯ᠎ᠤᠨ ᠮᠡᠳᠡᠭᠦᠯᠦᠯᠲᠡ ᠵᠢ ᠬᠢᠨᠠᠨ ᠵᠥᠪᠯᠡᠭ᠌ᠰᠡᠨ ᠪᠠᠢᠳᠠᠯ᠎ᠤᠨ ᠲᠤᠬᠠᠢ ᠶᠡᠬᠡ ᠬᠤᠷᠠᠯ᠎ᠤᠨ ᠳᠡᠳ᠋ ᠨᠠᠷᠢᠨ ᠪᠢᠴᠢᠭ ᠤ᠋ᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠪᠠᠢᠩᠭᠤ ᠵᠢᠨ ᠬᠣᠷᠢᠶ᠎ᠠ᠎ᠵᠢᠨ ᠨᠠᠷᠢᠨ ᠪᠢᠴᠢᠭ ᠤ᠋ᠨ ᠳᠠᠷᠤᠭ᠎ᠠ ᠱ᠌ᠢ ᠸᠧᠨ ᠱᠢᠤᠸᠠᠢ ᠵᠢᠨ ᠬᠢᠭ᠌ᠰᠡᠨ ᠮᠡᠳᠡᠭᠦᠯᠦᠯᠲᠡ ᠵᠢ ᠰᠣᠨᠣᠰᠴᠤ᠌᠂  ᠲᠥᠯᠥᠭᠡᠯᠡᠭ᠌ᠴᠢᠳ ᠤ᠋ᠨ ᠬᠢᠨᠠᠨ ᠵᠥᠪᠯᠡᠬᠦ᠌ ᠳᠤᠮᠳᠠ ᠳᠤᠷᠠᠳᠤᠭ᠍ᠰᠠᠨ ᠰᠠᠨᠠᠯ ᠰᠠᠨᠠᠭᠤᠯᠭ᠎ᠠ ᠵᠢ ᠬᠤᠷᠢᠶᠠᠩᠭᠤᠢᠯᠠᠭ᠍ᠰᠠᠨ ᠤ᠋ ᠳᠠᠷᠠᠭ᠎ᠠ  ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠪᠠᠢᠩᠭᠤ ᠵᠢᠨ ᠬᠣᠷᠢᠶ᠎ᠠ᠂  ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠥᠨᠳᠥᠷ ᠵᠡᠷᠭᠡ ᠵᠢᠨ ᠱᠢᠭᠦᠬᠦ᠌ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠪᠠᠢᠴᠠᠭᠠᠬᠤ ᠬᠣᠷᠢᠶ᠎ᠠ ᠳ᠋ᠦ ᠲᠤᠰ ᠲᠤᠰ ᠱᠢᠯᠵᠢᠭᠦᠯᠦᠨ ᠲᠤᠰᠢᠶᠠᠵᠤ ᠰᠤᠳᠤᠯᠤᠨ ᠱᠢᠢᠳᠪᠦᠷᠢᠯᠡᠭᠦᠯᠬᠦ ᠪᠡᠷ ᠲᠣᠭ᠍ᠲᠠᠪᠠ᠃

ᠬᠤᠷᠠᠯ ᠡᠴᠡ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠡᠳ᠋ ᠤ᠋ᠨ ᠵᠠᠰᠠᠭ ᠠᠵᠤ ᠠᠬᠤᠶ ᠵᠢᠨ ᠵᠥᠪᠯᠡᠯ ᠤ᠋ᠨ ᠳᠡᠳ᠋ ᠡᠷᠬᠢᠯᠡᠭ᠌ᠴᠢ ᠭᠡᠱᠢᠭᠦᠨ ᠱ᠌ᠢ ᠵᠢᠶ ᠠᠨ ᠤ᠋ ᠬᠢᠭ᠌ᠰᠡᠨ ᠥᠪᠡᠷᠲᠡᠭᠡᠨ ᠵᠠᠰᠠᠬᠤ ᠣᠷᠣᠨ ᠤ᠋ 2021 ᠣᠨ ᠤ᠋ ᠤᠯᠤᠰ ᠠᠷᠠᠳ᠎ᠤᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠵᠢᠨ ᠲᠥᠯᠥᠪᠯᠡᠭᠡ ᠵᠢ ᠭᠡᠷᠡᠭᠵᠢᠬᠦᠯᠦᠭᠰᠡᠨ ᠪᠠᠢᠳᠠᠯ ᠪᠤᠯᠤᠨ 2022 ᠣᠨ ᠤ᠋ ᠤᠯᠤᠰ ᠠᠷᠠᠳ᠎ᠤᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠵᠢᠨ ᠲᠥᠯᠥᠪᠯᠡᠭᠡ ᠵᠢᠨ ᠲᠥᠰᠦᠯ ᠢ᠋ ᠬᠢᠨᠠᠨ ᠪᠠᠢᠴᠠᠭᠠᠭ᠍ᠰᠠᠨ ᠦᠷ᠎ᠡ ᠳ᠋ᠦᠩ ᠤ᠋ᠨ ᠲᠤᠬᠠᠶ ᠮᠡᠳᠡᠭᠦᠯᠦᠯᠲᠡ᠂  ᠥᠪᠡᠷᠲᠡᠭᠡᠨ ᠵᠠᠰᠠᠬᠤ ᠣᠷᠣᠨ ᠤ᠋ 2021 ᠣᠨ ᠤ᠋ ᠲᠥᠰᠦᠪ ᠢ᠋ ᠭᠦᠢᠴᠡᠳᠭᠡᠭ᠌ᠰᠡᠨ ᠪᠠᠢᠳᠠᠯ ᠪᠤᠯᠤᠨ 2022 ᠣᠨ ᠤ᠋ ᠲᠥᠰᠦᠪ ᠤ᠋ᠨ  ᠲᠥᠰᠦᠯ ᠢ᠋ ᠬᠢᠨᠠᠨ ᠪᠠᠢᠴᠠᠭᠠᠭ᠍ᠰᠠᠨ ᠦᠷ᠎ᠡ ᠳ᠋ᠦᠩ ᠤ᠋ᠨ ᠲᠤᠬᠠᠢ ᠮᠡᠳᠡᠭᠦᠯᠦᠯᠲᠡ ᠵᠢ ᠰᠤᠨᠤᠰᠤᠨ ᠪᠠᠳᠤᠯᠠᠪᠠ᠃ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠲᠥᠯᠥᠭᠡᠯᠡᠭ᠌ᠴᠢᠳ ᠤ᠋ᠨ  ᠰᠠᠨᠠᠯ ᠵᠥᠪᠯᠡᠯᠭᠡ ᠵᠢ ᠬᠢᠨᠠᠨ ᠪᠠᠢᠴᠠᠭᠠᠭ᠍ᠰᠠᠨ ᠦᠷ᠎ᠡ ᠳ᠋ᠦᠩ ᠤ᠋ᠨ ᠲᠤᠬᠠᠢ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠰᠠᠨᠠᠯ ᠵᠥᠪᠯᠡᠯᠭᠡ ᠵᠢ ᠬᠢᠨᠠᠨ ᠪᠠᠢᠴᠠᠭᠠᠬᠤ ᠵᠥᠪᠯᠡᠯ ᠤ᠋ᠨ ᠳᠡᠳ᠋ ᠡᠷᠬᠢᠯᠡᠭ᠌ᠴᠢ ᠭᠡᠱᠢᠭᠦᠨ ᠰᠦᠨ ᠸᠧᠢ ᠳ᠋ᠦᠩ ᠤ᠋ᠨ ᠬᠢᠭ᠌ᠰᠡᠨ ᠮᠡᠳᠡᠭᠦᠯᠦᠯᠲᠡ ᠵᠢ ᠰᠣᠨᠣᠰᠤᠨ ᠪᠠᠲᠤᠯᠠᠵᠤ᠂ ᠲᠤᠰ ᠭᠤᠷᠪᠠᠨ ᠮᠡᠳᠡᠭᠦᠯᠦᠯᠲᠡ ᠵᠢ ᠪᠦᠬᠦ᠌ ᠲᠥᠯᠥᠭᠡᠯᠡᠭ᠌ᠴᠢ ᠳ᠋ᠦ ᠳᠠᠷᠤᠮᠠᠯᠯᠠᠨ ᠲᠠᠷᠬᠠᠭᠠᠬᠤ᠎ᠪᠠᠷ ᠲᠣᠭ᠍ᠲᠠᠪᠠ᠃

ᠬᠤᠷᠠᠯ ᠡᠴᠡ ᠡᠯ᠎ᠡ ᠲᠥᠯᠥᠭᠡᠯᠡᠭ᠌ᠴᠢᠳ ᠤ᠋ᠨ ᠪᠦᠯᠬᠦᠮ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠪᠠᠢᠩᠭᠤ ᠵᠢᠨ ᠬᠣᠷᠢᠶ᠎ᠠ᠎ᠵᠢᠨ ᠳᠡᠳ᠋ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ ᠤ᠋ ᠬᠢᠨᠠᠨ ᠪᠠᠢᠴᠠᠭᠠᠬᠤ ᠵᠥᠪᠯᠡᠯ ᠤ᠋ᠨ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠪᠠᠢᠩᠭᠤ ᠵᠢᠨ ᠬᠣᠷᠢᠶ᠎ᠠ᠎ᠵᠢᠨ ᠭᠡᠱᠢᠭᠦᠨ᠂ ᠬᠡᠰᠡᠭ ᠲᠤᠰᠭᠠᠢ ᠵᠦᠪᠯᠡᠯ᠎ᠤᠨ ᠡᠷᠬᠢᠯᠡᠭ᠌ᠴᠢ ᠭᠡᠱᠢᠭᠦᠨ᠎ᠤ ᠵᠢᠱ᠌ᠢᠭ᠌ᠳᠡᠭ᠌ᠰᠡᠳ᠎ᠢ ᠵᠦᠪᠳᠡᠨ ᠶᠠᠷᠢᠯᠴᠠᠭᠰᠠᠨ ᠪᠠᠢᠳᠠᠯ᠎ᠤᠨ ᠲᠤᠬᠠᠢ ᠶᠡᠬᠡ ᠬᠤᠷᠠᠯ᠎ᠤᠨ ᠳᠡᠳ᠋ ᠨᠠᠷᠢᠨ ᠪᠢᠴᠢᠭ ᠤ᠋ᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ᠋ ᠨᠠᠮ᠎ᠤᠨ ᠬᠣᠷᠢᠶ᠎ᠠ᠎ᠵᠢᠨ ᠵᠣᠬᠢᠶᠠᠨ ᠪᠠᠢᠭᠤᠯᠬᠤ ᠬᠡᠯᠲᠡᠰ ᠤ᠋ᠨ ᠪᠠᠢᠩᠭᠤ ᠵᠢᠨ ᠳᠡᠳ᠋ ᠳᠠᠷᠤᠭ᠎ᠠ ᠵᠧᠸ᠋ ᠺᠠᠶ ᠵᠢᠨ ᠬᠢᠭ᠌ᠰᠡᠨ ᠮᠡᠳᠡᠭᠦᠯᠦᠯᠲᠡ ᠵᠢ ᠰᠤᠨᠤᠰᠴᠤ᠂ ᠲᠡᠷᠢᠭᠦᠯᠡᠭ᠌ᠴᠢᠳ ᠤ᠋ᠨ ᠪᠦᠯᠬᠦᠮ᠎ᠡᠴᠡ ᠨᠡᠷ᠎ᠡ ᠳᠤᠷᠠᠳᠤᠭ᠍ᠰᠠᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠪᠠᠢᠩᠭᠤ ᠵᠢᠨ ᠬᠣᠷᠢᠶ᠎ᠠ᠎ᠵᠢᠨ ᠳᠡᠳ᠋ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ ᠤ᠋ ᠬᠢᠨᠠᠨ ᠪᠠᠢᠴᠠᠭᠠᠬᠤ ᠵᠥᠪᠯᠡᠯ ᠤ᠋ᠨ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠪᠠᠢᠩᠭᠤ ᠵᠢᠨ ᠬᠣᠷᠢᠶ᠎ᠠ ᠵᠢᠨ ᠭᠡᠱᠢᠭᠦᠨ ᠤ᠋ ᠵᠢᠱ᠌ᠢᠭ᠌ᠳᠡᠭ᠌ᠰᠡᠳ᠎ᠢ ᠵᠢᠩᠬᠢᠨᠢ ᠵᠢᠱ᠌ᠢᠭ᠌ᠳᠡᠭ᠌ᠴᠢ ᠵᠢᠨ ᠬᠤᠪᠢ ᠪᠡᠷ ᠶᠡᠬᠡ ᠬᠤᠷᠠᠯ ᠳ᠋ᠦ ᠳᠡᠪᠱᠢᠭᠦᠯᠦᠨ ᠰᠣᠩᠭᠣᠭᠤᠯᠬᠤ ᠪᠡᠷ ᠳᠤᠬᠳᠠᠵᠤ᠂  ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠬᠠᠤᠯᠢ ᠲᠦᠷᠢᠮ ᠤ᠋ᠨ ᠵᠥᠪᠯᠡᠯ᠂  ᠡᠳ᠋ ᠤ᠋ᠨ ᠵᠠᠰᠠᠭ ᠠᠵᠤ ᠠᠬᠤᠢ ᠵᠢᠨ ᠵᠦᠪᠯᠡᠯ᠎ᠤᠨ ᠡᠷᠬᠢᠯᠡᠭ᠌ᠴᠢ ᠭᠡᠱᠢᠭᠦᠨ᠎ᠤ  ᠨᠡᠷᠡᠰ ᠤ᠋ᠨ ᠲᠥᠰᠦᠯ ᠢ᠋ ᠶᠡᠬᠡ ᠬᠤᠷᠠᠯ ᠳ᠋ᠦ ᠳᠡᠪᠱᠢᠭᠦᠯᠦᠨ ᠪᠠᠲᠤᠯᠠᠭᠤᠯᠬᠤ ᠪᠡᠷ ᠳᠤᠬᠳᠠᠪᠠ᠃

ᠬᠤᠷᠠᠯ ᠡᠴᠡ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠶᠡᠷᠦᠩᠬᠡᠶ ᠪᠢᠯᠧᠲ ᠬᠢᠨᠠᠭ᠍ᠴᠢ᠂ ᠳᠡᠳ᠋ ᠶᠡᠷᠦᠩᠬᠡᠶ ᠪᠢᠯᠧᠲ ᠬᠢᠨᠠᠭ᠍ᠴᠢ᠂ ᠪᠢᠯᠧᠲ ᠬᠢᠨᠠᠭ᠍ᠴᠢ ᠵᠢᠨ ᠨᠡᠷᠡᠰ (ᠲᠥᠰᠦᠯ)》  ᠢ᠋ ᠪᠠᠲᠤᠯᠠᠵᠤ᠂  ᠡᠨᠡ ᠬᠦ᠌ ᠨᠡᠷᠡᠰ ᠤ᠋ᠨ ᠲᠥᠰᠦᠯ ᠢ᠋ ᠪᠥᠬᠥ᠌ ᠲᠥᠯᠥᠭᠡᠯᠡᠭ᠌ᠴᠢ ᠳ᠋ᠦ ᠳᠠᠷᠤᠮᠠᠯᠯᠠᠨ ᠲᠠᠷᠬᠠᠭᠠᠵᠤ᠂  ᠶᠡᠬᠡ ᠬᠤᠷᠠᠯ ᠳ᠋ᠦ ᠳᠡᠪᠱᠢᠭᠦᠯᠤᠨ ᠪᠠᠲᠤᠯᠠᠭᠤᠯᠬᠤ᠎ᠪᠠᠷ ᠲᠣᠭ᠍ᠲᠠᠪᠠ᠃

ᠬᠤᠷᠠᠯ ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠬᠡᠷᠡᠭ ᠵᠥᠪᠯᠡᠬᠦ᠌ ᠲᠦᠷᠢᠮ(ᠵᠠᠰᠠᠨ ᠳᠤᠬᠳᠠᠭᠠᠬᠰᠠᠨ ᠲᠥᠰᠦᠯ)》 ᠢ᠋ ᠬᠢᠨᠠᠨ ᠵᠥᠪᠯᠡᠭ᠌ᠰᠡᠨ ᠦᠷ᠎ᠡ ᠳ᠋ᠦᠩ ᠤ᠋ᠨ ᠲᠤᠬᠠᠶ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠬᠠᠤᠯᠢ ᠲᠦᠷᠢᠮ ᠤ᠋ᠨ ᠵᠥᠪᠯᠡᠯ ᠤ᠋ᠨ ᠳᠡᠳ᠋ ᠡᠷᠬᠢᠯᠡᠭ᠌ᠴᠢ ᠭᠡᠱᠢᠭᠦᠨ ᠰᠠᠷᠠᠨ᠎ᠤ ᠬᠢᠭᠰᠡᠨ ᠮᠡᠳᠡᠭᠦᠯᠦᠯᠲᠡ ᠵᠢ ᠰᠣᠨᠣᠰᠪᠠ ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠬᠡᠷᠡᠭ ᠵᠥᠪᠯᠡᠬᠦ᠌ ᠲᠦᠷᠢᠮ(ᠵᠠᠰᠠᠨ ᠳᠤᠬᠳᠠᠭᠠᠬᠰᠠᠨ ᠲᠥᠰᠦᠯ ᠢ᠋ ᠪᠠᠲᠤᠯᠠᠬᠤ ᠨᠤᠤᠷᠠᠭ)》 ᠢ᠋ ᠪᠠᠲᠤᠯᠠᠵᠤ᠂  ᠬᠡᠷᠡᠭ ᠵᠥᠪᠯᠡᠬᠦ᠌ ᠲᠦᠷᠢᠮ᠎ᠤᠨ ᠵᠠᠰᠠᠨ ᠳᠤᠬᠳᠠᠭᠠᠬᠰᠠᠨ ᠲᠥᠰᠦᠯ ᠢ᠋ ᠪᠠᠲᠤᠯᠠᠬᠤ ᠨᠤᠤᠷᠠᠭ ᠢ᠋ ᠳᠠᠷᠤᠮᠠᠯᠯᠠᠨ ᠪᠥᠬᠥ᠌ ᠲᠥᠯᠥᠭᠡᠯᠡᠭ᠌ᠴᠢ ᠳ᠋ᠦ ᠲᠠᠷᠬᠠᠭᠠᠵᠤ᠂  ᠶᠡᠬᠡ ᠬᠤᠷᠠᠯ ᠳ᠋ᠦ ᠳᠡᠪᠱᠢᠭᠦᠯᠤᠨ ᠬᠢᠨᠠᠨ ᠵᠥᠪᠯᠡᠭᠦᠯᠵᠦ᠍ ᠪᠠᠲᠤᠯᠠᠭᠤᠯᠬᠤ᠎ᠪᠠᠷ ᠲᠣᠭ᠍ᠲᠠᠪᠠ᠃

ᠬᠤᠷᠠᠯ ᠡᠴᠡ᠂ ᠵᠠᠰᠠᠭ᠎ᠤᠨ ᠣᠷᠳᠣᠨ ᠤ᠋ ᠠᠵᠢᠯ᠎ᠤᠨ ᠢᠯᠡᠳᠭᠡᠯ ᠤ᠋ᠨ ᠲᠤᠬᠠᠶ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠱᠢᠶ᠋ᠳᠪᠦᠷᠢ (ᠲᠥᠰᠦᠯ)᠂  ᠥᠪᠡᠷᠲᠡᠭᠡᠨ ᠵᠠᠰᠠᠬᠤ ᠣᠷᠣᠨ ᠤ᠋ 2021 ᠣᠨ ᠤ᠋ ᠤᠯᠤᠰ ᠠᠷᠠᠳ᠎ᠤᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠵᠢᠨ ᠲᠥᠯᠥᠪᠯᠡᠭᠡ ᠵᠢ ᠭᠡᠷᠡᠭᠵᠢᠬᠦᠯᠦᠭᠰᠡᠨ ᠪᠠᠢᠳᠠᠯ ᠪᠤᠯᠤᠨ 2022 ᠣᠨ ᠤ᠋ ᠤᠯᠤᠰ ᠠᠷᠠᠳ᠎ᠤᠨ ᠠᠵᠤ ᠠᠬᠤᠶ ᠪᠠ ᠨᠡᠢᠭᠡᠮ ᠤ᠋ᠨ  ᠬᠥᠭ᠌ᠵᠢᠯᠲᠡ ᠵᠢᠨ ᠲᠥᠯᠥᠪᠯᠡᠭᠡ ᠵᠢᠨ ᠲᠤᠬᠠᠶ ᠱᠢᠶ᠋ᠳᠪᠦᠷᠢ (ᠲᠥᠰᠦᠯ)᠂ ᠥᠪᠡᠷᠲᠡᠭᠡᠨ ᠵᠠᠰᠠᠬᠤ ᠣᠷᠣᠨ ᠤ᠋ 2021 ᠣᠨ ᠤ᠋ ᠲᠥᠰᠦᠪ ᠢ᠋ ᠭᠦᠢᠴᠡᠳᠭᠡᠭ᠌ᠰᠡᠨ ᠪᠠᠢᠳᠠᠯ ᠪᠠ 2022 ᠣᠨ ᠤ᠋ ᠲᠥᠰᠦᠪ ᠤ᠋ᠨ ᠲᠤᠬᠠᠢ ᠱᠢᠢᠳᠪᠦᠷᠢ(ᠲᠥᠰᠦᠯ)᠂  ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠲᠥᠯᠥᠭᠡᠯᠡᠭ᠌ᠴᠢᠳ ᠤ᠋ᠨ  ᠶᠡᠬᠡ ᠬᠤᠷᠠᠯ᠎ᠤᠨ ᠪᠠᠢᠩᠭᠤ ᠵᠢᠨ ᠬᠣᠷᠢᠶ᠎ᠠ᠎ᠵᠢᠨ ᠠᠵᠢᠯ᠎ᠤᠨ ᠮᠡᠳᠡᠭᠦᠯᠦᠯᠳᠡ ᠵᠢᠨ ᠲᠤᠬᠠᠢ ᠱᠢᠢᠳᠪᠦᠷᠢ (ᠲᠥᠰᠦᠯ)᠂  ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠥᠨᠳᠥᠷ ᠵᠡᠷᠭᠡ ᠵᠢᠨ ᠱᠢᠭᠦᠬᠦ᠌ ᠬᠣᠷᠢᠶ᠎ᠠ᠎ᠵᠢᠨ ᠠᠵᠢᠯ᠎ᠤᠨ ᠮᠡᠳᠡᠭᠦᠯᠦᠯᠳᠡ ᠵᠢᠨ ᠲᠤᠬᠠᠢ ᠱᠢᠢᠳᠪᠦᠷᠢ (ᠲᠥᠰᠦᠯ)᠂ ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠪᠠᠢᠴᠠᠭᠠᠬᠤ ᠬᠣᠷᠢᠶ᠎ᠠ᠎ᠵᠢᠨ ᠠᠵᠢᠯ᠎ᠤᠨ ᠮᠡᠳᠡᠭᠦᠯᠦᠯᠳᠡ ᠵᠢᠨ ᠲᠤᠬᠠᠢ ᠱᠢᠢᠳᠪᠦᠷᠢ (ᠲᠥᠰᠦᠯ) ᠵᠢ ᠪᠠᠳᠤᠯᠠᠵᠤ᠂ ᠪᠠᠲᠤᠯᠠᠭ᠍ᠰᠠᠨ ᠤ᠋ ᠳᠠᠷᠠᠭᠠᠬᠢ ᠡᠯ᠎ᠡ ᠵᠦᠶ᠋ᠯ ᠤ᠋ᠨ ᠱᠢᠶ᠋ᠳᠪᠦᠷᠢ ᠵᠢᠨ ᠲᠥᠰᠦᠯ ᠢ᠋ ᠪᠥᠬᠥ᠌ ᠲᠥᠯᠥᠭᠡᠯᠡᠭ᠌ᠴᠢ ᠳ᠋ᠦ ᠳᠠᠷᠤᠮᠠᠯᠯᠠᠨ ᠲᠠᠷᠬᠠᠭᠠᠵᠤ᠂ ᠶᠡᠬᠡ ᠬᠤᠷᠠᠯ ᠳ᠋ᠦ ᠳᠡᠪᠱᠢᠭᠦᠯᠦᠨ ᠬᠢᠨᠠᠨ ᠵᠦᠪᠯᠡᠭᠦᠯᠵᠤ ᠪᠠᠳᠤᠯᠠᠭᠤᠯᠬᠤ ᠪᠡᠷ ᠳᠤᠬᠳᠠᠪᠠ᠃

ᠬᠤᠷᠠᠯ ᠡᠴᠡ ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠦᠨᠳᠦᠰᠦᠨ ᠬᠠᠤᠯᠢ ᠳ᠋ᠦ ᠲᠠᠩᠭᠠᠷᠢᠭ᠍ᠯᠠᠬᠤ ᠵᠢ ᠵᠣᠬᠢᠶᠠᠨ ᠪᠠᠢᠭᠤᠯᠬᠤ ᠲᠥᠰᠦᠯ ᠶᠣᠰᠣᠭᠠᠷ ᠦᠨᠳᠦᠰᠦᠨ ᠬᠠᠤᠯᠢ ᠳ᠋ᠦ ᠲᠠᠩᠭᠠᠷᠢᠭ᠍ᠯᠠᠬᠤ ᠶᠣᠰᠣᠯᠠᠯ ᠢ᠋ ᠵᠣᠬᠢᠶᠠᠨ ᠪᠠᠢᠭᠤᠯᠵᠤ ᠬᠡᠷᠡᠭ᠌ᠵᠢᠭᠦᠯᠬᠦ ᠪᠡᠷ ᠲᠣᠭ᠍ᠲᠠᠪᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号