— ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ ᠠᠮᠵᠢᠯᠲᠠ᠎ᠲᠠᠶ ᠲᠡᠭᠦᠰᠦᠭ᠌ᠰᠡᠨ᠎ᠳᠦ ᠬᠠᠯᠠᠭᠤᠨ ᠪᠠᠶᠠᠷ ᠬᠦᠷᠭᠡᠶ᠎ᠠ
ᠴᠠᠭ ᠦᠶ᠎ᠡ᠎ᠳᠤ ᠦᠯᠤ ᠤᠰᠤᠯᠳᠠᠬᠤ ᠣᠮᠣᠭ ᠵᠣᠷᠢᠭ᠎ᠢ ᠬᠥᠭ᠌ᠵᠢᠭᠡᠵᠦ᠍᠂ ᠡᠷᠡᠮᠡᠬᠡᠢᠯᠡᠨ ᠤᠷᠤᠭ᠍ᠰᠢᠯᠠᠬᠤ ᠬᠦᠴᠦᠷᠬᠡᠭ ᠳᠠᠭᠤᠨ᠎ᠢ ᠬᠠᠩᠭᠢᠨᠠᠭᠤᠯᠤᠨᠠᠮ᠃ ᠪᠦᠬᠦ᠌ ᠣᠷᠣᠨ᠎ᠤ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠬᠠᠯᠠᠭᠤᠨ ᠲᠤᠳᠤᠨᠤ ᠠᠩᠬᠠᠷᠤᠯ᠂ ᠪᠦᠬᠦ᠌ ᠲᠥᠯᠥᠭᠡᠯᠡᠭ᠌ᠴᠢᠳ᠎ᠦᠨ ᠬᠠᠮᠲᠤ᠎ᠶ᠋ᠢᠨ ᠴᠢᠷᠮᠠᠢᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠤᠷᠤᠭ᠍ᠰᠢᠲᠠᠢ ᠲᠠᠭᠤᠰᠬᠠᠭᠠᠳ ᠠᠮᠵᠢᠯᠲᠠ᠎ᠲᠠᠶ ᠲᠡᠭᠦᠰᠪᠡ᠃ ᠪᠢᠳᠡ ᠶᠡᠬᠡ ᠬᠤᠷᠠᠯ᠎ᠤᠨ ᠲᠡᠭᠦᠰ ᠠᠮᠵᠢᠯᠲᠠ ᠣᠯᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ᠃
ᠶᠡᠬᠡ ᠬᠤᠷᠠᠯ ᠨᠢ ᠢᠮᠠᠭ᠍ᠲᠠ ᠠᠷᠠᠳᠴᠢᠯᠠᠯ ᠪᠦᠯᠬᠦᠮᠳᠡᠯ᠎ᠲᠡᠶ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠂ ᠡᠷᠴᠢ ᠵᠣᠷᠢᠭ ᠬᠥᠪᠴᠢᠯᠡᠭ᠌ᠰᠡᠨ ᠠᠭᠤᠷ ᠠᠮᠢᠰᠭᠤᠯ᠎ᠢᠶᠠᠷ ᠪᠢᠯᠬᠠᠵᠤ ᠪᠠᠢᠯ᠎ᠠ᠃ ᠣᠢᠷ᠎ᠠ᠎ᠶ᠋ᠢᠨ ᠡᠳᠦᠷ᠎ᠦᠳ᠎ᠲᠦ᠂ ᠪᠦᠬᠦ᠌ ᠣᠷᠣᠨ᠎ᠤ ᠡᠯ᠎ᠡ ᠭᠠᠵᠠᠷ᠂ ᠡᠯ᠎ᠡ ᠠᠵᠢᠯ ᠲᠥᠷᠥᠯᠡᠴᠡᠢᠷᠡᠭ᠌ᠰᠡᠨᠠᠷᠠᠳᠤᠨᠲᠥᠯᠥᠭᠡᠯᠡᠭ᠌ᠴᠢᠳᠦᠨᠶᠡᠬᠡ ᠬᠤᠷᠠᠯ᠎ᠤᠨ ᠲᠥᠯᠥᠭᠡᠯᠡᠭ᠌ᠴᠢᠳ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠤᠬᠠᠮᠰᠠᠷ᠂ ᠡᠷᠡᠰ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠴᠣᠭ ᠪᠠᠳᠠᠷᠠᠩᠭᠤᠶ ᠣᠶᠤᠨ ᠰᠠᠨᠠᠭᠠᠨ᠎ᠤ ᠪᠠᠢᠳᠠᠯ ᠪᠣᠯᠤᠨ ᠲᠥᠪ ᠴᠢᠩᠭ᠎ᠠ ᠬᠤᠷᠠᠯᠤᠨᠰᠤᠷᠲᠠᠯᠢᠶᠠᠷᠠᠷᠠᠳᠴᠢᠯᠠᠯᠢᠭᠦᠢᠴᠡᠳᠪᠠᠳᠠᠷᠠᠭᠤᠯᠤᠨ᠂ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠭᠡᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠪᠤᠰᠤᠳ ᠡᠯ᠎ᠡ ᠵᠦᠢᠯ᠎ᠦᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠪᠠᠲᠤᠯᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ᠌ ᠳᠦᠷᠢᠮ》᠎ᠢ᠋ ᠬᠢᠨᠠᠨ ᠵᠥᠪᠯᠡᠵᠦ᠍ ᠪᠠᠲᠤᠯᠠᠨ᠂ ᠰᠣᠩᠭᠣᠭᠤᠯᠢ᠎ᠶ᠋ᠢᠨ ᠡᠭᠦᠷᠭᠡ᠎ᠪᠡᠨ ᠤᠷᠤᠭ᠍ᠰᠢᠲᠠᠶ ᠪᠡᠶᠡᠯᠡᠭᠦᠯᠪᠡ᠃ ᠡᠨᠡ ᠪᠣᠯ ᠲᠤᠭ᠎ᠢᠶᠠᠨ ᠥᠨᠳᠥᠷ ᠮᠠᠨᠳᠤᠭᠤᠯᠵᠤ᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠭ᠍ᠰᠠᠨ ᠶᠡᠬᠡ ᠬᠤᠷᠠᠯ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠂ ᠡᠷᠡᠮᠡᠬᠡᠢᠯᠡᠨ ᠤᠷᠤᠭ᠍ᠰᠢᠯᠠᠭ᠍ᠰᠠᠨ ᠶᠡᠬᠡ ᠬᠤᠷᠠᠯ ᠮᠥᠨ᠂ ᠪᠦᠬᠦ᠌ ᠣᠷᠣᠨ ᠳᠠᠶᠠᠭᠠᠷ᠎ᠢᠶᠠᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠬᠦ᠌᠎ᠶ᠋ᠢ ᠤᠷᠮᠠᠰᠢᠭᠤᠯᠤᠨ ᠵᠣᠷᠢᠭ᠍ᠵᠢᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢᠨ ᠦᠢᠯᠡᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠦᠪᠤᠷ ᠮᠤᠨᠭᠭᠤᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠨᠢ ᠯᠠᠪᠲᠠᠢ᠃
ᠡᠨᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ ᠬᠤᠷᠠᠯᠳᠤᠬᠤ ᠵᠢᠯ ᠮᠦᠷᠳᠡᠭᠡᠨ《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ᠂ ᠮᠥᠨ ᠴᠦ᠍ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ ᠠᠩᠬᠠᠨ᠎ᠤ ᠵᠢᠯ ᠪᠣᠯᠤᠨ᠎ᠠ᠃ ᠰᠢᠨ᠎ᠠ ᠰᠢᠯᠭᠠᠯᠲᠠ ᠵᠢᠨ ᠵᠠᠮᠵᠢᠨᠷ ᠤᠷᠤᠭᠰᠢᠯᠠᠠ ᠲᠠᠪᠰᠢᠬᠤ ᠳ᠋ᠤ ᠡᠬᠦᠷᠭᠡ ᠦᠩᠭᠡ ᠭᠡᠷᠡᠯᠳᠡᠢ᠂ ᠬᠠᠷᠢᠭᠤᠴᠠᠯᠭ᠎ᠠ ᠬᠦᠨᠳᠦ ᠶᠡᠭᠡ᠂ ᠬᠠᠷᠠᠯᠲᠠ ᠲᠤᠲᠤᠷᠬᠠᠢ ᠪᠠᠢᠨ᠎ᠠ᠂ ᠪᠢᠲᠠ《ᠬᠣᠶᠠᠷ᠎ᠢ ᠲᠣᠭ᠍ᠲᠠᠭᠠᠬᠤ》᠎ᠶ᠋ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠵᠤ᠂ ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠮᠡᠬᠡᠢᠯᠡᠨ ᠤᠷᠤᠭ᠍ᠰᠢᠯᠠᠵᠤ᠂ ᠨᠠᠮ᠎ᠤᠨ ᠲᠥᠪ ᠬᠣᠷᠢᠶᠠᠨ᠎ᠤ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭᠠᠪᠠᠢᠷᠢᠯᠠᠭᠤᠯᠤᠯᠲᠠᠶᠢᠥᠪᠥᠷ ᠮᠣᠩᠭᠣᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠵᠤ ᠦᠷ᠎ᠠ ᠪᠦᠳᠦᠮᠵᠢ ᠭᠠᠷᠭᠠᠬᠤ ᠶ᠋ᠢ ᠪᠠᠲᠤᠯᠠᠬᠤ ᠬᠡᠷᠡᠭ᠌ᠲᠡᠶ᠃ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ ᠪᠠᠷ ᠲᠤᠭᠤᠱᠢᠯᠠᠭᠤᠯᠵᠤ᠂ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠬᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠎ᠶ᠋ᠢ ᠪᠠᠷᠢᠮᠲᠠᠯᠠᠵᠤ᠂ ᠱᠢᠰᠲ᠋ᠧᠮ᠎ᠦᠨ ᠴᠢᠨᠠᠷᠲᠠᠢ ᠠᠶᠤᠯ ᠲᠦᠭ᠌ᠰᠢᠭᠦᠷᠢ ᠦᠯᠦ᠍ ᠭᠠᠷᠭᠠᠬᠤ ᠬᠣᠷᠢᠭ᠎ᠠ ᠱᠤᠭᠤᠮ᠎ᠢ ᠡᠷᠡᠰ ᠰᠠᠬᠢᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠪᠦᠷᠢᠨ ᠭᠦᠢᠴᠡᠳ ᠪᠡᠯᠡᠳᠭᠡᠯ ᠬᠢᠵᠦ᠍᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ᠂ ᠨᠡᠩ ᠰᠠᠢ᠌ᠨ ᠦᠷ᠎ᠡ ᠳ᠋ᠦᠩ ᠤᠯᠬᠤ᠎ᠪᠠᠷ ᠴᠢᠷᠮᠠᠢᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠢ ᠲᠦᠷᠭᠡᠨ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠨᠡᠩ ᠶᠡᠬᠡ ᠢᠯᠠᠯᠲᠠ ᠪᠠ ᠢᠷᠠᠭᠤ ᠠᠯᠳᠠᠷ᠎ᠢ ᠤᠯᠰᠤᠭᠠᠢ᠃
ᠠᠯᠬᠤᠮ ᠵᠣᠭ᠍ᠰᠣᠬᠤ ᠦᠭᠡᠢ ᠪᠣᠯ ᠠᠶᠤᠯ ᠲᠦᠭ᠌ᠰᠢᠭᠦᠷᠢ᠎ᠡᠴᠡ ᠠᠶᠤᠬᠤ ᠶᠠᠭᠤᠮ᠎ᠠ ᠠᠯᠠᠭ᠎ᠠ᠂ ᠤᠭ ᠰᠠᠨᠠᠭ᠎ᠠ ᠪᠠᠠ ᠦᠯᠤ ᠬᠤᠪᠢᠷᠠᠭᠤᠯᠤᠨ ᠡᠷᠡᠮᠡᠬᠡᠢᠯᠡᠨ ᠤᠷᠤᠭ᠍ᠰᠢᠯᠠᠨᠠᠮ᠃ ᠱᠢᠨ᠎ᠡ ᠨᠢᠭᠡ ᠵᠢᠯ᠎ᠳᠦ ᠲᠤᠮᠤ ᠠᠯᠬᠤᠮ᠎ᠢᠶᠠᠷ ᠤᠷᠤᠭ᠍ᠰᠢᠯᠠᠵᠤ᠂ ᠠᠤᠭ᠎ᠠ ᠵᠢᠷᠤᠭ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠳᠤ᠂ ᠪᠢᠳᠡ ᠪᠦᠯᠬᠦᠮᠳᠡᠨ ᠲᠡᠮᠡᠴᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠦᠬᠦ᠌ ᠬᠦᠴᠦᠨ᠎ᠢᠶᠡᠷ᠎ᠢᠶᠡᠨ ᠪᠡᠯᠡ ᠣᠷᠣᠭᠤᠯᠤᠯᠲᠠ ᠶ᠋ᠢ ᠥᠷᠭᠡᠳᠭᠡᠵᠦ᠍ ᠬᠡᠷᠡᠭ᠌ᠯᠡᠭᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠶ᠋ᠢ ᠠᠬᠢᠭᠤᠯᠵᠤ᠂ ᠠᠵᠤ ᠦᠢᠯᠡᠰ᠎ᠢ ᠲᠣᠭ᠍ᠲᠠᠪᠤᠷᠢᠵᠢᠭᠤᠯᠵᠤ ᠬᠡᠯᠬᠢᠶ᠎ᠡ᠎ᠶ᠋ᠢ ᠬᠦᠴᠦᠷᠬᠡᠭ᠌ᠵᠢᠭᠦᠯᠵᠦ᠍ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢ ᠰᠠᠢᠲᠤᠷ ᠠᠳᠭᠤᠵᠤ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ ᠨᠡᠭᠡᠭᠡᠯᠳᠠ᠎ᠶ᠋ᠢ ᠥᠷᠭᠡᠳᠭᠡᠵᠦ᠍᠂ ᠬᠤᠳᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍᠂ ᠪᠦᠯᠬᠦᠮᠳᠡᠯ᠎ᠲᠡᠶ ᠡᠶ᠎ᠡ ᠵᠣᠬᠢᠴᠠᠩᠭᠤᠢ ᠲᠣᠭ᠍ᠲᠠᠭᠤᠨ ᠪᠠᠢᠳᠠᠯ᠎ᠢ ᠪᠡᠬᠢᠵᠢᠭᠦᠯᠦᠨ ᠬᠥᠭ᠌ᠵᠢᠭᠦᠯᠵᠦ᠍᠂ ᠥᠷᠢᠰᠥᠯᠳᠦᠭᠡᠨ᠎ᠢ ᠤᠭ᠍ᠲᠤᠬᠤ ᠳᠤᠮᠳᠠ ᠠᠵᠠ ᠲᠣᠬᠢᠶᠠᠯ᠎ᠢ ᠡᠵᠡᠮᠳᠡᠵᠦ᠍᠂ ᠯᠠᠪᠳᠠᠭᠤᠨ ᠪᠠᠲᠤᠲᠠᠢ ᠠᠵᠢᠯᠯᠠᠬᠤ ᠳᠤᠮᠳᠠ ᠨᠡᠩ ᠥᠨᠳᠥᠷ ᠳᠡᠭ᠌ᠲᠡᠷ᠎ᠲᠦ ᠭᠠᠷᠪᠠᠯ ᠵᠤᠬᠢᠨ᠎ᠠ᠃ ᠤᠷᠤᠭ᠍ᠰᠢᠯᠠᠯᠲᠠ᠎ᠶ᠋ᠢᠨ ᠵᠠᠮ ᠰᠠᠷᠠᠭᠤᠯ ᠳᠠᠷᠳᠠᠩ ᠪᠢᠰᠢ᠂ ᠭᠡᠪᠡᠴᠦ᠍ ᠬᠥᠮᠦᠨ᠎ᠡᠴᠡ ᠥᠨᠳᠥᠷ ᠠᠭᠤᠯᠠ ᠭᠡᠵᠦ᠍ ᠪᠠᠢᠬᠤ ᠦᠭᠡᠢ᠂ ᠬᠦᠯ᠎ᠡᠴᠡ ᠤᠷᠳᠤ ᠵᠠᠮ ᠭᠡᠵᠦ᠍ ᠪᠠᠢᠬᠤ ᠦᠭᠡᠢ᠃ ᠥᠷᠯᠥᠭᠡ ᠦᠳᠡᠰᠢ᠎ᠶ᠋ᠢ ᠲᠡᠮᠡᠴᠡᠨ᠂ ᠴᠠᠬ ᠮᠦᠴᠡ᠎ᠶ᠋ᠢ ᠠᠮᠵᠢᠬᠤ ᠲᠡᠮᠡᠴᠡᠯ ᠤ᠋ᠨ ᠡᠷᠴᠢ ᠵᠣᠷᠢᠭ᠎ᠢᠶᠠᠨ ᠪᠠᠳᠠᠷᠠᠭᠤᠯᠵᠤ ᠡᠷᠡᠮᠡᠬᠡᠢᠯᠡᠨ ᠤᠷᠤᠭ᠍ᠰᠢᠯᠠᠪᠠᠯ᠂ ᠪᠢᠳᠡᠨ᠎ᠦ ᠠᠶᠠᠨ ᠵᠠᠮ ᠯᠠᠪᠲᠠᠶ ᠰᠠᠷᠠᠭᠤᠯ ᠲᠠᠷᠳᠠᠩ ᠪᠤᠯᠤᠨ᠎ᠠ; ᠡᠭᠦᠷᠢᠳᠡ ᠴᠠᠯᠠᠭᠠᠢᠷᠠᠬᠤ ᠦᠭᠡᠢ᠂ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠳᠦᠷᠰᠦ ᠪᠠᠢᠳᠠᠯ᠎ᠢᠶᠠᠨ ᠪᠠᠲᠤᠯᠠᠵᠤ᠂ ᠱᠢᠷᠭᠠᠭᠤ ᠠᠵᠢᠯᠯᠠᠵᠤ ᠪᠣᠳᠠᠲᠠᠢ ᠠᠵᠢᠯᠯᠠᠪᠠᠯ᠂ ᠪᠢᠳᠡᠨ᠎ᠤ ᠢᠷᠡᠭᠡᠳᠦᠢ ᠯᠠᠪᠲᠠᠢ ᠭᠡᠭᠡᠨ ᠰᠠᠷᠠᠭᠤᠯ ᠪᠤᠯᠤᠨ᠎ᠠ᠃
ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨ᠎ᠤ ᠤᠯᠤᠰ᠎ᠤᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ ᠮᠥᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ ᠪᠣᠯ ᠨᠠᠮ ᠪᠠ ᠤᠯᠤᠰ ᠣᠷᠣᠨ᠎ᠤ ᠠᠵᠢᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠃ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠪᠠᠢᠳᠠᠯ᠎ᠢ ᠡᠭᠦᠳᠬᠦ᠌᠎ᠳᠦ ᠪᠦᠬᠦ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ᠎ᠶ᠋ᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠷᠭᠦᠯᠵᠢᠯᠡᠨ ᠲᠡᠮᠡᠴᠡᠬᠦ᠌᠎ᠡᠴᠡ ᠰᠠᠯᠵᠤ ᠴᠢᠳᠠᠰᠢ ᠦᠭᠡᠢ ᠶᠤᠮ᠃ ᠪᠥᠬᠥ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠥ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠬᠦ ᠵᠢᠨ ᠲᠤᠭᠤᠷᠢᠨ ᠳ᠋ᠦ ᠠᠷᠠᠳ ᠣᠯᠠᠨ᠎ᠤ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠳᠤ ᠢᠳᠡᠪᠬᠢᠲᠡᠶ ᠵᠣᠬᠢᠴᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠶᠠᠰᠤ ᠴᠢᠨᠠᠷ ᠪᠠ ᠬᠢᠷᠢ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠬᠠᠤᠯᠢ ᠲᠣᠭ᠍ᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠢᠨᠠᠯᠲᠠ ᠲᠠᠯᠪᠢᠬᠤ ᠡᠷᠡᠰ ᠬᠠᠳᠠᠨ ᠴᠢᠨᠠᠷ ᠪᠠ ᠪᠣᠳᠠᠲᠤ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠲᠥᠯᠥᠭᠡᠯᠡᠭ᠌ᠴᠢᠳ᠎ᠦᠨ ᠭᠤᠤᠯ ᠴᠣᠭ᠍ᠴᠠ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠬᠢᠷᠢ ᠲᠦᠪᠱᠢᠨ᠎ᠢᠶᠡᠨ ᠴᠢᠷᠮᠠᠢᠨ ᠳᠡᠭᠡᠭ᠌ᠰᠢᠯᠡᠭᠦᠯᠵᠦ᠍᠂ ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠦᠨᠡᠨ ᠬᠦ᠌ ᠴᠢᠩᠭᠠᠳᠭᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠥᠪᠥᠷ ᠮᠣᠩᠭᠣᠯ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠦᠴᠦᠨ ᠴᠢᠳᠠᠯ᠎ᠢᠶᠠᠨ ᠡᠷᠭᠦᠨ᠎ᠠ᠃
ᠦᠨᠳᠤᠷ ᠲᠤ᠌ ᠵᠤᠬᠰᠤᠨ ᠠᠯᠤᠰ᠎ᠢ ᠪᠠᠷᠠᠯᠠᠵᠤ᠂ ᠤᠷᠤᠰᠬᠠᠯ᠎ᠤᠨ ᠡᠮᠦᠨ᠎ᠠ ᠵᠤᠷᠢᠬᠳᠠᠢ ᠪᠡᠷ ᠵᠤᠭᠰᠤᠵᠤ ᠲᠠᠪᠠᠯᠭ᠎ᠠ᠎ᠨᠢ ᠰᠦᠷᠴᠦ ᠤᠷᠤᠭᠰᠢᠯᠠᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠢᠷᠮᠡᠭᠦᠨ ᠭᠠᠪᠰᠢᠭᠠᠢ ᠤᠶᠤᠨ ᠰᠠᠨᠠᠭᠠᠨ᠎ᠤ ᠳᠦᠷᠰᠦ ᠪᠠᠢᠳᠠᠯ᠂ ᠪᠠᠭᠠᠳᠤᠷ ᠰᠦᠷ ᠲᠠᠢ ᠲᠡᠮᠡᠴᠡᠯ᠎ᠦᠨ ᠵᠣᠷᠢᠭ᠂ ᠣᠮᠣᠭ ᠰᠦᠷ ᠪᠠᠳᠠᠷᠠᠩᠭᠤᠶ ᠠᠵᠢᠯ᠎ᠤᠨ ᠪᠠᠢᠳᠠᠯ᠎ᠢᠶᠠᠷ ᠱᠢᠨ᠎ᠡ ᠠᠶᠠᠨ᠎ᠢᠶᠠᠨ ᠡᠬᠢᠯᠡᠭᠦᠯᠵᠦ᠍᠂ ᠡᠷᠡᠮᠡᠬᠡᠢᠯᠡᠨ ᠲᠡᠮᠡᠴᠡᠵᠦ᠍ ᠨᠠᠩ ᠶᠡᠬᠡ ᠢᠷᠠᠭᠤ ᠠᠯᠳᠠᠷ᠎ᠢ ᠣᠯᠵᠤ᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠬᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠳᠦ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠰᠦᠭᠡᠢ᠃