ᠦᠪᠡᠷᠳᠡᠭᠡᠨ ᠵᠠᠰᠠᠬᠤ ᠤᠷᠤᠨ᠎ᠤ ᠠᠷᠠᠳ ᠎ᠤᠨ ᠲᠥᠯᠥᠭᠡᠯᠡᠭ᠌ᠴᠢᠳ ᠥᠪᠡᠷᠲᠡᠭᠡᠨ ᠵᠠᠰᠠᠬᠤ ᠣᠷᠣᠨ ᠎ᠤ 《ᠬᠤᠶᠠᠷ ᠬᠤᠷᠢᠶ᠎ᠠ》 ᠵᠢᠨ ᠠᠵᠢᠯ ᠎ᠤᠨ ᠮᠡᠳᠡᠭᠦᠯᠦᠯᠲᠡ ᠎ᠶ᠋ᠢ ᠬᠢᠨᠠᠨ ᠵᠥᠪᠯᠡᠪᠡ
2022-01-25 09:06:00
ᠵᠣᠬᠢᠶᠠᠭ᠍ᠴᠢ᠄
ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

1 ᠰᠠᠷ᠎ᠠ ᠎ᠶ᠋ᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠭᠤᠷᠪᠠᠳᠤᠭᠠᠷ ᠬᠤᠭᠤᠴᠠᠭᠠᠨ ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠳᠤᠭᠤᠢᠯᠠᠩ ᠬᠤᠪᠢᠶᠠᠵᠤ ᠥᠪᠡᠷᠲᠡᠭᠡᠨ ᠵᠠᠰᠠᠬᠤ ᠣᠷᠣᠨ ᠎ᠤ  ᠠᠷᠠᠳ ᠎ᠤᠨ ᠥᠨᠳᠥᠷ ᠵᠡᠷᠭᠡ ᠎ᠶ᠋ᠢᠨ ᠱᠢᠭᠦᠬᠦ᠌ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ ᠎ᠤᠨ ᠪᠠᠢᠴᠠᠭᠠᠬᠤ ᠬᠤᠷᠢᠶ᠎ᠠ ᠵᠢᠨ ᠠᠵᠢᠯ ᠎ᠤᠨ ᠮᠡᠳᠡᠭᠦᠯᠦᠯᠲᠡ ᠎ᠶ᠋ᠢ  ᠬᠢᠨᠠᠨ ᠵᠥᠪᠯᠡᠪᠡ᠃

ᠲᠥᠯᠥᠭᠡᠯᠡᠭ᠌ᠴᠢᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠡᠩᠨᠡᠭᠡ ᠵᠢᠨ ᠪᠠᠢᠭᠤᠯᠤᠯᠲᠠ᠎ᠪᠠᠨ ᠪᠥᠬᠥ᠌ ᠲᠠᠯ᠎ᠠ᠎ᠪᠠᠷ ᠴᠢᠩᠭᠠᠳᠬᠠᠵᠤ᠂ ᠠᠮᠤᠭᠤᠯᠠᠩᠳᠤ ᠥᠪᠥᠷ ᠮᠣᠩᠭᠣᠯ᠂ ᠬᠠᠤᠯᠢᠵᠢᠯ᠎ᠤᠨ ᠥᠪᠥᠷ ᠮᠣᠩᠭᠣᠯ᠎ᠤᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠎ᠢ ᠦᠷᠭᠦᠯᠵᠢᠯᠡᠨ ᠱᠢᠯᠢᠳᠡᠭ᠌ᠵᠢᠭᠦᠯᠬᠦ᠂ ᠠᠷᠠᠳ᠎ᠤᠨ ᠲᠥᠯᠥᠭᠡ ᠬᠠᠤᠯᠢ ᠪᠠᠷᠢᠬᠤ ᠣᠢᠯᠠᠭᠠᠭ᠍ᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠬᠦ᠂ ᠬᠢᠨᠠᠯᠲᠠ ᠲᠠᠯᠪᠢᠯᠳᠠ᠎ᠶ᠋ᠢ ᠤᠬᠠᠮᠰᠠᠷ᠎ᠠᠴᠠ᠎ᠪᠠᠨ ᠬᠦᠯᠢᠶᠡᠬᠦ᠌ ᠵᠡᠷᠭᠡ ᠲᠠᠯ᠎ᠠ ᠪᠡᠷ ᠥᠩᠭᠡᠷᠡᠭ᠌ᠰᠡᠨ ᠨᠢᠭᠡ ᠵᠢᠯ ᠎ᠦᠨ ᠪᠥᠬᠥ᠌ ᠣᠷᠣᠨ᠎ᠤ ᠱᠢᠭᠦᠬᠦ᠌ ᠬᠣᠷᠢᠶ᠎ᠠ ᠪᠠ ᠪᠠᠢᠴᠠᠭᠠᠬᠤ ᠬᠤᠷᠢᠶ᠎ᠠ ᠵᠢᠨ ᠠᠵᠢᠯ᠎ᠤᠨ ᠠᠮᠵᠢᠯᠲᠠ ᠪᠦᠲᠦᠮᠵᠢ ᠪᠠ ᠣᠷᠣᠱᠢᠵᠤ ᠪᠠᠢᠭ᠎ᠠ ᠬᠦᠷᠦᠯᠴᠡᠬᠦ᠌ ᠥᠬᠡᠶ ᠲᠠᠯ᠎ᠠ ᠎ᠶ᠋ᠢ ᠦᠨᠡᠨ ᠪᠣᠳᠠᠲᠠᠶ  ᠪᠤᠰᠤᠳᠴᠢ᠎ᠪᠠᠷ  ᠳ᠋ᠦᠩᠨᠡᠪᠡ ᠬᠡᠵᠦ ᠰᠠᠨᠠᠯ ᠨᠢᠭᠡᠲᠡᠶ ᠢᠯᠡᠷᠭᠡᠢᠯᠡᠵᠡᠬᠡᠪᠡ᠃ ᠲᠥᠯᠥᠭᠡᠯᠡᠭ᠌ᠴᠢᠳ ᠪᠠᠰᠠ ᠱᠢᠨ᠎ᠡ ᠨᠢᠭᠡ ᠵᠢᠯ ᠎ᠦᠨ ᠠᠵᠢᠯ᠎ᠤᠨ ᠬᠠᠷᠠᠯᠲᠠ ᠪᠠ ᠭᠠᠵᠠᠷ ᠣᠷᠣᠨ ᠎ᠤ ᠪᠣᠳᠠᠲᠠᠢ  ᠪᠠᠢᠳᠠᠯ  ᠵᠢᠨᠨ ᠦᠨᠳᠦᠰᠦᠯᠡᠨ ᠪᠣᠳᠠᠲᠠᠢ ᠰᠠᠨᠠᠯ ᠰᠠᠨᠠᠭᠤᠯᠭ᠎ᠠ ᠪᠠᠨ ᠳᠤᠷᠠᠳᠪᠠ᠃

ᠤᠯᠠᠭᠠᠨᠴᠠᠪ ᠬᠤᠳᠠ ᠎ᠶ᠋ᠢᠨ ᠲᠥᠯᠥᠭᠡᠯᠡᠭ᠌ᠴᠢᠳ ᠎ᠦᠨ ᠪᠦᠯᠬᠦᠮ ᠎ᠦᠨ ᠯᠢᠶᠠᠩ ᠨᠸᠩ ᠸᠧᠢ ᠲᠥᠯᠥᠭᠡᠯᠡᠭ᠌ᠴᠢ᠄ 《ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡ᠎ᠶ᠋ᠢᠨ ᠬᠥᠮᠦᠵᠢᠯ ᠴᠡᠭ᠌ᠴᠡᠯᠡᠯᠲᠡ ᠵᠢᠨ ᠠᠵᠢᠯᠯᠠᠭ᠎ᠠ ᠵᠢ ᠦᠷᠨᠢᠬᠦᠯᠦᠭᠰᠡᠨ᠎ᠡᠴᠡ ᠨᠠᠭᠠᠰᠢ᠂ ᠪᠦᠬᠦ᠌ ᠣᠷᠣᠨ ᠎ᠤ ᠱᠢᠭᠦᠬᠦ᠌ ᠬᠤᠷᠢᠶ᠎ᠠ ᠎ᠶ᠋ᠢᠨ ᠡᠯ᠎ᠡ ᠵᠦᠢᠯ ᠎ᠦᠨ ᠠᠵᠢᠯ ᠢᠯᠡᠳᠲᠡ ᠦᠷ᠎ᠡ ᠪᠦᠲᠦᠮᠵᠢ ᠤᠯᠪᠠ᠃ ᠢᠯᠠᠩᠭᠤᠶ᠎ᠠ 〈ᠮᠣᠩᠭᠣᠯ ᠮᠣᠷᠢ ᠵᠢᠨ ᠲᠦᠪᠡᠷᠬᠡᠨ〉ᠲᠤᠰᠭᠠᠶ ᠠᠵᠢᠯᠯᠠᠭ᠎ᠠ᠂〈ᠲᠠᠯ᠎ᠠ ᠨᠤᠲᠤᠭ᠎ᠤᠨ ᠡᠷᠡᠯᠬᠡᠭ ᠪᠦᠷᠭᠦᠳ〉 2021 ᠤᠨ ᠳ᠋ᠤ ᠲᠥᠪᠯᠡᠷᠡᠭᠦᠯᠦᠨ ᠬᠡᠷᠡᠭ᠌ᠵᠢᠭᠦᠯᠬᠦ᠌ ᠠᠵᠢᠯᠯᠠᠭ᠎ᠠ ᠎ᠨᠢ  ᠪᠢᠳᠡᠡ ᠳ᠋ᠤ ᠱᠢᠭᠦᠨ ᠲᠠᠰᠤᠯᠤᠯᠲᠠ ᠎ᠶ᠋ᠢ  ᠬᠡᠷᠡᠭᠵᠢᠬᠦᠯᠬᠦ  ᠶᠠᠰᠤ ᠴᠢᠨᠠᠷ ᠦᠷ᠎ᠡ ᠪᠦᠲᠦᠮᠵᠢ ᠎ᠶ᠋ᠢ ᠳᠡᠭᠡᠭ᠌ᠰᠢᠯᠡᠭᠦᠯᠬᠦ᠌ ᠢᠲᠡᠭᠡᠯ ᠵᠣᠷᠢᠭ ᠎ᠢ  ᠤᠯᠵᠤ ᠬᠠᠷᠠᠭᠤᠯᠪᠠ》 ᠬᠡᠯ᠎ᠡ᠃

ᠲᠥᠯᠥᠭᠡᠯᠡᠭ᠌ᠴᠢᠳ᠂  ᠱᠢᠭᠦᠬᠦ᠌  ᠬᠤᠷᠢᠶ᠎ᠠ ᠵᠢᠨ ᠭᠦᠶ᠋ᠴᠡᠳᠭᠡᠬᠦ᠌ ᠎ᠳᠦ ᠬᠦᠴᠢᠷᠲᠡᠶ ᠪᠠᠢᠬᠤ ᠠᠰᠠᠭᠤᠳᠠᠯ᠎ᠢ ᠪᠥᠬᠥ᠌ ᠬᠦᠴᠦᠨ ᠎ᠢᠶᠡᠷ ᠎ᠢᠶᠡᠨ ᠱᠢᠶ᠋ᠳᠪᠦᠷᠢᠯᠡᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠨᠢᠭᠡ ᠥᠷᠲᠡᠭᠡᠴᠢᠯᠡᠭᠰᠡᠨ ᠮᠠᠶᠢᠭ ᠎ᠤᠨ ᠣᠯᠠᠨ ᠡᠱᠢᠳᠦ ᠵᠢᠭᠤᠷᠠᠯᠳᠤᠭᠠᠨ᠎ᠢ ᠱᠢᠶ᠋ᠳᠪᠦᠷᠢᠯᠡᠬᠦ᠌ ᠪᠠ ᠵᠠᠷᠭᠤ ᠎ᠶ᠋ᠢᠨ ᠦᠶ᠋ᠯᠡᠴᠢᠯᠡᠭᠡᠨ᠎ᠦ ᠲᠣᠭ᠍ᠲᠠᠴᠠ᠎ᠶ᠋ᠢᠨ ᠪᠠᠢᠭᠤᠯᠤᠯᠲᠠ ᠎ᠶ᠋ᠢ ᠠᠬᠢᠭᠤᠯᠵᠤ᠂  ᠵᠥᠷᠢᠴᠡᠯ᠎ᠢ ᠡᠶᠡᠳᠡᠬᠦᠯᠦᠨ ᠰᠢᠢᠳᠪᠦᠷᠢᠯᠡᠬᠦ᠂ ᠬᠠᠤᠯᠢ ᠴᠠᠭᠠᠵᠠ ᠵᠢᠨ ᠦᠶ᠋ᠯᠡᠴᠢᠯᠡᠭᠡ᠂ ᠠᠮᠤᠷ ᠠᠮᠤᠭᠤᠯᠠᠩ ᠎ᠤᠨ ᠪᠠᠢᠭᠤᠯᠤᠯᠲᠠ ᠎ᠶ᠋ᠢ ᠦᠨᠳᠦᠰᠦᠨ ᠱᠠᠲᠤᠨ ᠎ᠳᠤ ᠪᠡᠶᠡᠯᠡᠭᠦᠯᠵᠦ᠍᠂ ᠣᠯᠠᠨ ᠲᠦᠮᠡᠨ᠎ᠦ ᠠᠮᠤᠷ ᠲᠦᠪᠱᠢᠨ᠎ᠦ ᠲᠥᠷᠥᠭ᠌ᠳᠡᠯ ᠬᠦᠷᠲᠡᠮᠵᠢ᠎ᠶ᠋ᠢᠨ ᠲᠥᠷᠥᠭ᠌ᠳᠡᠯ ᠎ᠢ ᠳᠡᠭᠡᠭ᠌ᠰᠢᠯᠡᠭᠦᠯᠬᠦ ᠲᠤᠬᠠᠢ ᠰᠠᠨᠠᠯ ᠰᠠᠨᠠᠭᠤᠯᠭ᠎ᠠ ᠲᠤᠷᠠᠳᠴᠠᠢ᠃

ᠲᠥᠯᠥᠭᠡᠯᠡᠭ᠌ᠴᠢᠳ᠂ ᠨᠠᠰᠤᠨ᠎ᠳᠤ ᠥᠯᠥ᠍ ᠬᠦᠷᠦᠭ᠌ᠰᠡᠳ᠎ᠦᠨ ᠡᠷᠡᠭᠦᠯ ᠦᠰᠦᠨ ᠪᠤᠢᠵᠢᠯᠳᠠ  ᠤᠯᠤᠰ ᠣᠷᠣᠨ ᠎ᠤ ᠢᠷᠡᠭᠡᠳᠦᠶ ᠪᠠ ᠦᠨᠳᠦᠰᠦᠲᠡᠨ ᠎ᠦ  ᠬᠦᠰᠡᠯ ᠡᠷᠡᠮᠡᠯᠵᠡᠯ ᠎ᠲᠡᠶ ᠬᠣᠯᠪᠣᠭ᠍ᠳᠠᠵᠤ᠂ ᠲᠦᠭ ᠲᠦᠮᠡᠨ ᠬᠡᠷ ᠪᠦᠯᠢ᠎ᠶ᠋ᠢᠨ ᠵᠣᠯ ᠵᠢᠷᠭᠠᠯ ᠠᠮᠤᠷ ᠲᠣᠭ᠍ᠲᠠᠭᠤᠨ ᠪᠠ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ ᠎ᠪᠠᠢᠬᠤ ᠲᠠᠶ ᠬᠣᠯᠪᠣᠭ᠍ᠳᠠᠵᠤ ᠪᠠᠢᠳᠠᠭ᠃ ᠪᠠᠢᠴᠠᠭᠠᠬᠤ ᠪᠠᠢᠭᠤᠯᠭ᠎ᠠ ᠎ᠵᠢᠨ ᠬᠢᠨ ᠨᠠᠰᠤᠨ ᠎ᠳᠤ ᠦᠯᠦ᠍ ᠬᠦᠷᠦᠭ᠌ᠰᠡᠳ᠎ᠦᠨ ᠡᠷᠡᠭᠦᠦ᠍ ᠎ᠶ᠋ᠢᠨ ᠬᠡᠷᠡᠭ ᠎ᠤᠨ  ᠪᠠᠢᠴᠠᠭᠠᠬᠤ ᠠᠵᠢᠯ ᠎ᠢ  ᠬᠢᠨᠠᠮᠠᠭᠠᠢ ᠰᠠᠢᠲᠤᠷ ᠠᠳᠭᠤᠵᠤ᠂ ᠨᠠᠰᠤᠨ ᠎ᠳᠤ ᠦᠯᠦ᠍ ᠬᠦᠷᠦᠭ᠌ᠰᠡᠳ ᠎ᠦᠨ ᠬᠠᠤᠯᠢ ᠶᠣᠰᠣᠨ ᠎ᠤ ᠡᠷᠬᠡ ᠠᠱᠢᠭ ᠎ᠢ ᠬᠠᠤᠯᠢ ᠶᠣᠰᠣᠭᠠᠷ ᠬᠠᠮᠠᠭᠠᠯᠠᠨ᠂ ᠶᠠᠯᠠᠲᠤ ᠬᠡᠷᠡᠭ ᠎ᠲᠦ ᠬᠣᠯᠪᠣᠭ᠍ᠳᠠᠭ᠍ᠰᠠᠨ ᠨᠠᠰᠤᠨ ᠎ᠳᠤ ᠦᠯᠦ᠍ ᠬᠦᠷᠦᠭ᠌ᠰᠡᠳ ᠎ᠢ ᠬᠠᠮᠤᠭ ᠎ᠤᠨ ᠶᠡᠬᠡ ᠬᠡᠮᠵᠢᠶ᠎ᠡ ᠪᠡᠷ ᠬᠥᠮᠦᠵᠢᠭᠦᠯᠦᠨ ᠠᠪᠤᠷᠠᠵᠤ᠂ ᠨᠠᠰᠤᠨ᠎ᠳᠤ ᠦᠯᠦ᠍ ᠬᠦᠷᠦᠭ᠌ᠰᠡᠳ᠎ᠦᠨ ᠶᠠᠯ᠎ᠠ ᠬᠢᠬᠦ᠌᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠤᠷᠢᠳᠴᠢᠯᠠᠨ ᠰᠡᠷᠭᠡᠢᠯᠡᠬᠦ᠌ ᠲᠤᠬᠠᠢ ᠰᠠᠨᠠᠯ ᠰᠠᠨᠠᠭᠤᠯᠭ᠎ᠠ ᠪᠠᠨ ᠲᠡᠪᠰᠢᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号