2021
ᠣᠨ
ᠳ᠋ᠤ᠂ ᠡᠷᠢᠶᠡᠨ ᠬᠤᠳᠠ᠂ ᠡᠵᠡᠨ᠎ᠡ᠂ ᠮᠠᠨᠵᠤᠤᠷ ᠵᠡᠷᠭᠡ ᠭᠠᠵᠠᠷ ᠲᠦ᠍ ᠭᠡᠨᠡᠳᠲᠡ ᠪᠡᠷ ᠰᠢᠨ᠎ᠠ ᠲᠢᠳᠢᠮᠯᠢᠭ ᠠᠭᠤᠰᠬᠢᠨ
ᠦᠷᠪᠢᠰᠤᠯ ᠤ᠋ᠨ ᠬᠢᠵᠢᠭ ᠡᠭᠦᠰᠦᠭᠰᠡᠨ ᠳ᠋ᠤ ᠪᠦᠬᠦ᠌ ᠣᠷᠣᠨ ᠤ᠋ ᠳᠡᠭᠡᠳᠦ ᠳᠤᠤᠷᠠᠳᠤ ᠱᠠᠲᠤᠨ ᠤ᠋ ᠡᠮᠴᠢᠯᠡᠭᠡᠨ
ᠤ᠋ ᠪᠦᠯᠬᠦᠮ ᠲᠠᠷᠤᠢᠬᠠᠨ ᠡᠳ᠋ᠡᠬᠡᠷ ᠭᠠᠵᠠᠷ ᠲᠦ᠍ ᠬᠦᠷᠦᠭᠰᠡᠨ ᠪᠦᠬᠡᠳ ᠬᠢᠵᠢᠭ ᠢ᠋ ᠰᠡᠷᠭᠡᠢᠯᠡᠬᠦ᠌ ᠡᠳ᠋ ᠪᠣᠳᠠᠰ ᠪᠤᠯᠤᠨ ᠠᠮᠢᠳᠤᠷᠠᠯ ᠤ᠋ᠨ ᠡᠳ᠋ ᠪᠣᠳᠠᠰ ᠴᠦ᠍ ᠵᠠᠯᠭᠠᠭ᠎ᠠ ᠪᠡᠷ ᠡᠳᠡᠬᠡᠷ ᠭᠠᠵᠠᠷ ᠲᠦ᠍
ᠬᠦᠷᠬᠡᠭᠳᠡᠵᠤ᠂ ᠬᠦᠴᠢᠷ ᠪᠡᠷᠬᠡᠱᠢᠶᠡᠯ ᠢ᠋ ᠲᠤᠭᠤᠯᠤᠨ ᠲᠦᠮᠡ
ᠭᠠᠷᠤᠢ ᠵᠢᠭᠤᠯᠴᠢᠯᠠᠭᠴᠢ ᠵᠢ ᠮᠤᠵᠢ ᠠᠯᠤᠰᠯᠠᠨ ᠬᠠᠮᠠᠭᠠᠯᠠᠨ ᠬᠦᠷᠭᠡᠬᠦ᠌ ᠠᠵᠢᠯ ᠢ᠋ ᠠᠮᠵᠢᠯᠲᠠ ᠲᠠᠶ ᠵᠣᠬᠢᠶᠠᠨ ᠪᠠᠢᠭᠤᠯᠵᠤ᠂ ᠲᠦᠮᠡ ᠭᠠᠷᠤᠢ ᠨᠢᠭᠳᠠ
ᠤᠢᠷᠠᠳᠤᠭᠰᠠᠳ ᠢ᠋ ᠨᠢ ᠭᠠᠵᠠᠷ ᠬᠤᠪᠢᠶᠠᠵᠤ ᠲᠤᠰᠠᠭᠠᠷᠯᠠᠨ᠂
ᠬᠡᠳᠦᠨ ᠵᠠᠭᠤᠨ ᠡᠪᠡᠳᠴᠢᠲᠡᠨ ᠢ᠋ ᠬᠤᠯᠠ ᠵᠢᠨ ᠭᠠᠵᠠᠷ ᠲᠦ᠍ ᠱᠢᠯᠵᠢᠭᠦᠯᠦᠨ ᠡᠮᠨᠡᠵᠤ᠂ ᠠᠷᠠᠳ ᠲᠦᠮᠡᠨ ᠤ᠋ ᠠᠮᠤᠷ
ᠠᠮᠤᠭᠤᠯᠠᠩ ᠪᠠ ᠨᠡᠢᠭᠡᠮ ᠤ᠋ᠨ ᠡᠮᠬᠢ ᠳᠢᠭ᠌ᠯᠢᠮ ᠤ᠋ᠨ ᠠᠮᠤᠷ ᠲᠣᠭ᠍ᠲᠠᠭᠤᠨ ᠢ᠋ ᠬᠦᠴᠦᠲᠡᠢ ᠬᠠᠮᠠᠭᠠᠯᠠᠭᠰᠠᠨ ᠶᠤᠮ
᠃
2021
ᠣᠨ
ᠳ᠋ᠤ᠂ ᠲᠦᠩᠯᠢᠶᠣᠤ ᠬᠣᠲᠠ ᠣᠨᠴᠠ ᠶᠡᠬᠡ ᠴᠠᠰᠤᠨ ᠱᠢᠭᠤᠷᠭᠠ ᠳ᠋ᠤ ᠳᠠᠭᠠᠷᠢᠭ᠍ᠳᠠᠵᠤ᠂ ᠬᠤᠷᠠᠭ᠍ᠰᠠᠨ ᠴᠠᠰᠤᠨ ᠤ᠋ ᠬᠡᠮᠵᠢᠶ᠎ᠠ 1951 ᠣᠨ ᠡᠴᠡ ᠨᠠᠭᠠᠱᠢᠬᠢ ᠬᠠᠮᠤᠭ ᠤ᠋ᠨ ᠥᠨᠳᠥᠷ ᠲᠡᠮᠳᠡᠭ᠌ᠯᠡᠯ ᠢ᠋ ᠡᠭᠦᠳᠴᠡᠶ ᠃ ᠵᠠᠮ ᠬᠠᠷᠢᠯᠴᠠᠭ᠎ᠠ ᠲᠦᠭᠵᠢᠷᠡᠭᠰᠡᠨ ᠵᠢᠡᠷ ᠪᠠᠷᠠᠬᠤ
ᠦᠬᠡᠢ ᠮᠠᠯᠴᠢᠨ ᠲᠠᠷᠢᠶᠠᠴᠢᠨ ᠤ᠋ ᠢᠳᠡᠱᠢᠨ ᠨᠣᠭᠣᠭᠠᠶ᠋ᠢᠨ
ᠲᠤᠯᠠᠭᠠᠨ ᠬᠦᠯᠡᠮᠵᠢ᠂ ᠮᠠᠯ ᠤ᠋ᠨ ᠬᠠᠱᠢᠶᠠ ᠰᠠᠷᠠᠪᠴᠢ
ᠴᠠᠰᠤᠨ ᠳ᠋ᠤ ᠳᠠᠷᠤᠭ᠍ᠳᠠᠪᠠ᠃ ᠡᠬᠦᠨ ᠳ᠋ᠤ ᠥᠪᠡᠷᠲᠡᠭᠡᠨ ᠵᠠᠰᠠᠬᠤ ᠣᠷᠣᠨ ᠡᠴᠡ ᠬᠦᠨᠳᠦ ᠶᠡᠬᠡ ᠴᠠᠭ ᠠᠭᠤᠷ ᠤ᠋ᠨ ᠭᠠᠮᠱᠢᠭ ᠤ᠋ᠨ II ᠲᠠᠰ ᠤ᠋ᠨ ᠪᠠᠴᠢᠮ ᠪᠠᠢᠳᠠᠯ ᠢ᠋ ᠠᠷᠭᠠᠴᠠᠭᠠᠬᠤ ᠠᠵᠢᠯ ᠢ᠋ ᠦᠳᠲᠡᠷ ᠲᠦᠷᠭᠡᠨ
ᠡᠬᠢᠯᠡᠭᠦᠯᠵᠦ᠍᠂ ᠭᠠᠮᠱᠢᠭ ᠡᠴᠡ ᠪᠣᠯᠵᠣ ᠡᠪᠳᠡᠭ᠌ᠳᠡᠭ᠌ᠰᠡᠨ ᠬᠡᠷ ᠪᠠᠢᠱᠢᠩ᠂ ᠬᠠᠰᠢᠶ᠎ᠠ ᠰᠠᠷᠠᠪᠴᠢ ᠶ᠋ᠢ ᠪᠠᠢᠴᠠᠭᠠᠨ
ᠵᠠᠰᠠᠵᠤ ᠪᠡᠬᠢᠵᠢᠭᠦᠯᠬᠦ ᠵᠢᠨ ᠬᠠᠮᠳᠤ ᠤᠰᠤ᠂ ᠴᠠᠬᠢᠯᠭᠠᠨ᠂ ᠰᠢᠳᠠᠮᠠᠬᠠᠢ ᠬᠡᠶ᠂ ᠳᠤᠯᠠᠭᠠᠯᠠᠭ᠎ᠠ᠂ ᠵᠠᠮ ᠬᠠᠷᠢᠯᠴᠠᠭ᠎ᠠ᠂
ᠴᠢᠮᠡᠭᠡ ᠬᠣᠯᠪᠣᠭ᠎ᠠ ᠵᠡᠷᠭᠡ ᠰᠠᠭᠤᠷᠢ ᠲᠦᠬᠦᠭᠡᠷᠦᠮᠵᠢ ᠶ᠋ᠢ ᠵᠠᠪᠳᠤᠨ ᠰᠡᠯᠪᠢᠨ ᠵᠠᠰᠠᠵᠤ᠂ ᠡᠳ᠋ ᠪᠠᠷᠠᠭ᠎ᠠ ᠶ᠋ᠢᠨ
ᠬᠠᠩᠭᠠᠯᠭ᠎ᠠ ᠪᠠ ᠲᠣᠬᠢᠷᠠᠭᠤᠯᠤᠯᠲᠠ ᠶ᠋ᠢ ᠴᠢᠩᠭᠠᠳᠭᠠᠨ᠂ ᠭᠠᠮᠱᠢᠭ᠍ᠳᠠᠭ᠍ᠰᠠᠨ ᠭᠠᠵᠠᠷ ᠣᠷᠣᠨ ᠤ᠋ ᠬᠡᠪ ᠤ᠋ᠨ ᠦᠶ᠋ᠯᠡᠳᠪᠦᠷᠢᠯᠡᠯ
ᠠᠮᠢᠳᠤᠷᠠᠯ ᠤ᠋ᠨ ᠡᠮᠬᠢ ᠳᠢᠭ᠌ᠯᠢᠮ ᠢ᠋ ᠪᠥᠬᠥ᠌ ᠬᠦᠴᠦᠨ ᠵᠢᠡᠷ ᠬᠠᠮᠠᠭᠠᠯᠠᠭᠰᠠᠨ ᠪᠠᠢᠨ᠎ᠠ ᠃
ᠠᠶᠤᠯ ᠲᠦᠭ᠌ᠰᠢᠭᠦᠷᠢ ᠵᠠᠩᠬᠢᠯᠠᠭ᠎ᠠ ᠵᠢᠨ ᠴᠠᠭ ᠦᠶ᠎ᠡ ᠳ᠋ᠡᠬᠢ ᠡᠨᠡ ᠬᠦ᠌ ᠬᠠᠷᠢᠭᠤᠴᠠᠯᠭ᠎ᠠ
ᠡᠭᠦᠷᠭᠡᠯᠡᠯ ᠨᠢ ᠬᠥᠮᠦᠰ ᠤ᠋ᠨ ᠰᠡᠳᠭᠢᠯ ᠢ᠋ ᠨᠡᠩ ᠳᠤᠯᠠᠭᠠᠴᠠᠭᠤᠯᠤᠨ᠎ᠠ᠃ ᠥᠩᠭᠡᠷᠡᠭ᠌ᠰᠡᠨ ᠨᠢᠭᠡ ᠵᠢᠯ
ᠳ᠋ᠤ᠂ ᠪᠢᠳᠡ ᠠᠵᠤ ᠠᠬᠤᠢ ᠨᠡᠢᠭᠡᠮ ᠤ᠋ᠨ ᠬᠥᠭ᠌ᠵᠢᠯᠲᠡ ᠳ᠋ᠤ ᠲᠤᠯᠭᠠᠷᠠᠵᠤ ᠪᠠᠢᠭ᠎ᠠ ᠬᠦᠴᠢᠷᠳᠡᠯ ᠪᠠ ᠥᠷᠢᠰᠥᠯᠳᠦᠭᠡᠨ
ᠢ᠋ ᠪᠡᠶ᠎ᠡ ᠪᠡᠷ ᠵᠢᠡᠨ ᠥᠩᠭᠡᠷᠡᠭᠦᠯᠦᠭᠰᠡᠨ ᠪᠤᠯᠪᠠᠴᠦ ᠠᠷᠠᠳ ᠲᠦᠮᠡᠨ ᠢ᠋ ᠲᠠᠬᠡᠳᠤᠯᠡᠨ ᠠᠮᠢ ᠨᠠᠰᠤᠶ᠋ᠢ ᠳᠡᠭᠡᠳᠦᠯᠡᠭᠰᠡᠨ
ᠡᠨᠡ ᠬᠦ᠌ ᠬᠠᠷᠢᠭᠤᠴᠠᠯᠭ᠎ᠠ ᠡᠬᠦᠷᠬᠡᠯᠡᠯ ᠳ᠋ᠤᠨᠢ ᠢᠳᠡ ᠬᠦᠴᠦᠨ ᠤᠨᠳᠤᠷᠴᠦ ᠢᠳᠡᠬᠡᠯ ᠵᠤᠷᠢᠭ ᠬᠦᠪᠴᠢᠯᠡᠭᠳᠡᠨᠠ᠃
ᠠᠵᠢᠯ ᠣᠯᠭᠣᠵᠤ ᠠᠰᠢᠭ ᠤᠷᠤᠯᠭ᠎ᠠ ᠵᠢ ᠨᠡᠮᠡᠭᠳᠡᠬᠦᠯᠬᠦ ᠠᠷᠭ᠎ᠠ ᠬᠡᠮᠵᠢᠶ᠎ᠡ
ᠶ᠋ᠢ ᠴᠢᠩᠭᠠᠳᠬᠠᠭᠰᠠᠨ ᠡᠴᠡ ᠬᠣᠲᠠ ᠪᠠᠯᠭᠠᠰᠤᠨ ᠳ᠋ᠤ ᠰᠢᠨ᠎ᠠ ᠪᠡᠷ 22.4 ᠲᠦᠮᠡᠨ
ᠬᠥᠮᠦᠨ ᠠᠵᠢᠯ ᠣᠯᠵᠤ᠂ ᠲᠡᠮᠡᠴᠡᠯ ᠤ᠋ᠨ ᠡᠷᠴᠢ ᠵᠣᠷᠢᠭ ᠨᠠᠩ
ᠴᠢᠩᠭᠠᠷᠠᠪᠠ ᠃
ᠬᠣᠲᠠ ᠬᠥᠳᠡᠭᠡ ᠶ᠋ᠢᠨ ᠰᠠᠭᠤᠭᠠᠯᠢ ᠠᠷᠠᠳ ᠤ᠋ᠨ ᠣᠷᠣᠯᠭ᠎ᠠ ᠲᠣᠰ ᠪᠦᠷᠢ 6.5% ᠪᠠ 9% ᠪᠠᠷ
ᠨᠡᠮᠡᠭ᠌ᠳᠡᠵᠦ᠍᠂ ᠠᠷᠠᠳ ᠣᠯᠠᠨ ᠤ᠋ ᠤᠷᠤᠯᠭ᠎ᠠ ᠡᠳᠦᠷ ᠡᠴᠡ ᠡᠳᠦᠷ ᠨᠡᠮᠡᠭᠳᠡᠨ᠂ ᠵᠣᠯ ᠵᠢᠷᠭᠠᠯᠲᠤ ᠠᠮᠢᠳᠤᠷᠠᠯ
ᠨᠠᠩ ᠡᠷᠡᠮᠡᠯᠵᠡᠯᠲᠡᠶ ᠪᠣᠯᠪᠠ ᠃
ᠲᠦᠭᠡᠮᠡᠯ ᠬᠠᠷᠠᠭᠠᠯᠵᠠᠯ ᠤ᠋ᠨ ᠴᠢᠨᠠᠷᠲᠠᠶ ᠰᠤᠷᠭᠠᠭᠤᠯᠢ ᠵᠢᠨ ᠨᠠᠰᠤᠨ ᠡᠴᠡ
ᠡᠮᠦᠨᠡᠬᠢ ᠰᠤᠷᠭᠠᠨ ᠬᠥᠮᠦᠵᠢᠯ ᠤ᠋ᠨ ᠬᠠᠮᠤᠷᠬᠤ ᠬᠡᠪᠴᠢᠶ᠎ᠡ
ᠶ᠋ᠢ ᠥᠷᠭᠡᠳᠭᠡᠨ᠂ ᠬᠡᠦᠬᠡᠳ ᠢ᠋ ᠣᠢᠷ᠎ᠠ ᠬᠠᠪᠢ ᠳ᠋ᠤᠨᠢ
ᠴᠡᠴᠡᠷᠯᠢᠭᠲᠦ ᠰᠠᠭᠤᠯᠭᠠᠵᠤ᠂ 《ᠴᠡᠴᠡᠷᠯᠢᠭᠲᠦ ᠣᠷᠣᠬᠤ ᠳ᠋ᠤ ᠬᠦᠴᠢᠷᠲᠡᠶ》《ᠴᠡᠴᠡᠷᠯᠢᠭᠲᠦ
ᠣᠷᠣᠬᠤ ᠳ᠋ᠤ ᠦᠨᠡᠲᠡᠶ》 ᠪᠠᠢᠬᠤ
ᠵᠡᠷᠭᠡ ᠠᠰᠠᠭᠤᠳᠠᠯ ᠨᠢᠬᠡᠨᠳᠡ ᠬᠡᠷ ᠤ᠋ᠨ ᠠᠬᠠᠮᠠᠳ ᠤ᠋ᠨ ᠬᠦᠴᠢᠷᠳᠡᠯ ᠪᠢᠰᠢ ᠪᠣᠯᠵᠠᠶ ᠃
ᠨᠠᠰᠤᠵᠢᠯ ᠤ᠋ᠨ ᠠᠰᠠᠷᠠᠮᠵᠢ ᠶ᠋ᠢᠨ ᠮᠥᠩᠭᠥ᠌᠂ ᠡᠮᠴᠢᠯᠡᠬᠡᠨ ᠤ᠋ ᠳᠠᠭᠠᠳᠭᠠᠯ
ᠤ᠋ᠨ ᠨᠥᠬᠥᠪᠥᠷᠢ᠂ ᠨᠠᠭᠠᠳᠤ ᠵᠠᠬ᠎ᠠ ᠶ᠋ᠢᠨ ᠠᠮᠢᠳᠤᠷᠠᠯ ᠤ᠋ᠨ ᠪᠠᠲᠤᠯᠠᠭ᠎ᠠ ᠶ᠋ᠢᠨ ᠮᠥᠩᠭᠥ᠌᠂ ᠣᠨᠴᠠ ᠬᠦᠴᠢᠷᠳᠡᠯᠲᠡᠶ
ᠬᠥᠮᠦᠰ ᠢ᠋ ᠠᠪᠤᠷᠠᠨ ᠲᠤᠰᠠᠯᠠᠵᠤ ᠠᠰᠠᠷᠠᠨ ᠲᠡᠵᠢᠭᠡᠬᠦ᠌ ᠵᠡᠷᠭᠡ ᠵᠢᠨ ᠪᠠᠷᠢᠮᠵᠢᠶ᠎ᠠ ᠶ᠋ᠢ ᠤᠯᠠᠮ ᠨᠢᠭᠡ ᠠᠯᠬᠤᠮ
ᠳᠡᠭᠡᠭ᠌ᠰᠢᠯᠡᠭᠦᠯᠵᠦ᠍᠂ ᠬᠦᠴᠢᠷᠳᠡᠯᠲᠡᠶ ᠣᠯᠠᠨ ᠲᠦᠮᠡᠨᠦ ᠦᠨᠳᠦᠰᠦᠨ ᠠᠮᠢᠳᠤᠷᠠᠯ ᠨᠠᠩ ᠪᠠᠲᠤᠯᠠᠭ᠎ᠠ ᠲᠠᠶ ᠪᠣᠯᠪᠠ
᠃
ᠬᠠᠭᠤᠴᠢᠨ ᠰᠠᠭᠤᠭᠠᠯᠢ ᠲᠣᠭᠣᠷᠢᠭ ᠤ᠋ᠨ 21.3 ᠲᠦᠮᠡᠨ ᠡᠷᠦᠬᠡ ᠵᠢᠨ ᠭᠡᠷ
ᠪᠠᠢᠰᠢᠩ ᠢ᠋ ᠥᠭᠡᠷᠡᠴᠢᠯᠡᠨ ᠱᠢᠨᠡᠳᠭᠡᠵᠦ᠍᠂ 2.59 ᠲᠦᠮᠡᠨ
ᠡᠷᠦᠬᠡ ᠳᠥᠭᠥᠮ ᠪᠦᠳᠦᠴᠡᠳᠦ ᠣᠷᠣᠨ ᠰᠠᠭᠤᠴᠠ ᠵᠢᠨ ᠲᠣᠭᠣᠷᠢᠭ ᠡᠴᠡ ᠭᠡᠭᠡᠨ ᠰᠠᠷᠠᠭᠤᠯ ᠱᠢᠨ᠎ᠡ ᠭᠡᠷ ᠲᠦ᠍ ᠨᠡᠬᠦᠵᠤ
ᠣᠷᠣᠪᠠ᠃
᠁
ᠲᠣᠭ᠎ᠠ ᠪᠠᠷᠢᠮᠲᠠ ᠲᠠᠩ ᠴᠤᠯᠭᠤᠢ ᠪᠤᠯᠪᠠᠴᠦ ᠠᠷᠠᠳ ᠤ᠋ᠨ ᠠᠮᠢᠳᠤᠷᠠᠯ ᠤ᠋ᠨ ᠳᠤᠯᠠᠭᠠᠴᠠ ᠶ᠋ᠢ ᠬᠡᠮᠵᠢᠬᠦ᠌ ᠬᠠᠮᠤᠭ ᠤ᠋ᠨ ᠢᠲᠡᠭᠡᠭᠦᠯᠬᠦ᠌ ᠬᠦᠴᠦᠨ ᠲᠡᠶ ᠬᠡᠮᠵᠢᠭᠦᠷ ᠪᠤᠯᠬᠤ ᠶᠤᠮ᠃
《ᠠᠯᠪᠠᠨ ᠵᠢᠷᠤᠮ ᠤ᠋ᠨ ᠰᠤᠷᠭᠠᠨ ᠬᠥᠮᠦᠵᠢᠯ ᠤ᠋ᠨ ᠲᠡᠩᠴᠡᠭᠦᠷᠢᠲᠡᠶ ᠬᠥᠭ᠌ᠵᠢᠯᠲᠡ ᠡᠴᠡ ᠠᠱᠢᠭ
ᠭᠥᠷᠳᠡᠵᠦ᠍᠂ ᠮᠠᠨ ᠤ᠋ ᠬᠥᠳᠡᠭᠡ ᠲᠣᠰᠭᠣᠨ ᠤ᠋ ᠰᠤᠷᠭᠠᠭᠤᠯᠢ ᠳ᠋ᠤ ᠴᠦ᠍ ᠪᠠᠭ᠍ᠰᠢ ᠶ᠋ᠢᠨ ᠨᠡᠢᠳᠡ ᠵᠢᠨ ᠪᠠᠭᠤᠳᠠᠯ
ᠪᠠ ᠨᠥᠬᠥᠪᠥᠷᠢ ᠲᠡᠶ ᠪᠣᠯᠵᠣ᠂ ᠪᠠᠭ᠍ᠰᠢᠨᠠᠷ ᠰᠠᠨᠠᠭ᠎ᠠ ᠠᠮᠤᠷ ᠬᠥᠳᠡᠭᠡ ᠲᠣᠰᠭᠣᠨ ᠳ᠋ᠤ ᠦᠯᠡᠳᠡᠨ ᠨᠢᠬᠡ ᠰᠡᠳᠬᠢᠯ
ᠨᠢᠬᠡ ᠵᠤᠷᠢᠭ ᠵᠢᠡᠷ ᠰᠤᠷᠭᠠᠨ ᠬᠥᠮᠦᠵᠢᠯ ᠢ᠋ ᠰᠠᠢᠲᠤᠷ
ᠬᠢᠵᠦ᠍ ᠪᠤᠢ᠃ ᠮᠠᠨ ᠤ᠋ ᠬᠦᠳᠡᠬᠡ ᠵᠢᠨ ᠬᠡᠦᠬᠡᠳ ᠬᠣᠲᠠ ᠶ᠋ᠢᠨ ᠬᠡᠦᠬᠡᠳ ᠲᠡᠶ ᠠᠳᠠᠯᠢ ᠪᠡᠷ ᠮᠡᠳᠡᠭᠡ ᠵᠠᠩᠭᠢᠴᠢᠯᠠᠭᠰᠠᠨ
ᠵᠢᠭᠠᠨ ᠰᠤᠷᠭᠠᠯᠲᠠ᠂ ᠲᠠᠮᠢᠷ ᠤ᠋ᠨ ᠤᠷᠳᠤᠨ᠂ ᠣᠳᠣᠬᠢᠴᠢᠯᠠᠭ᠍ᠰᠠᠨ
ᠬᠣᠭᠣᠯᠠᠨ ᠬᠡᠷ ᠵᠡᠷᠭᠡ ᠵᠢ ᠡᠳ᠋ᠯᠡᠵᠦ᠂ ᠰᠤᠷᠭᠠᠨ ᠬᠥᠮᠦᠵᠢᠯ ᠤ᠋ᠨ ᠡᠷᠬᠡ ᠲᠡᠭ᠌ᠰᠢ ᠶ᠋ᠢ ᠪᠣᠳᠠᠲᠠᠶ ᠳ᠋ᠤ ᠨᠠᠢᠳᠠᠪᠤᠷᠢᠵᠢᠭᠤᠯᠪᠠ》ᠭᠡᠵᠦ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ
ᠬᠤᠷᠠᠯ ᠤ᠋ᠨ ᠲᠥᠯᠥᠭᠡᠯᠡᠭ᠌ᠴᠢ᠂ ᠺᠠᠢᠯᠦ᠍ ᠱᠢᠶᠠᠨ ᠤ᠋ ᠾᠸᠢ ᠯᠦᠩ ᠪᠠ ᠳᠤᠮᠳᠠᠳᠤ ᠰᠤᠷᠭᠠᠭᠤᠯᠢ ᠶ᠋ᠢᠨ ᠪᠠᠭ᠍ᠰᠢ
ᠸᠠᠩ ᠵᠶ᠋ᠢ ᠬᠣᠩ ᠠᠷᠠᠳ ᠤ᠋ᠨ ᠠᠮᠢᠳᠤᠷᠠᠯ ᠤ᠋ᠨ ᠬᠤᠪᠢᠷᠠᠯᠲᠠ ᠵᠢᠨ ᠲᠤᠬᠠᠢ ᠰᠡᠳᠭᠢᠯ ᠳᠣᠭ᠍ᠳᠣᠯᠤᠨ ᠲᠠᠨᠢᠯᠴᠠᠭᠤᠯᠤᠨ᠎ᠠ
᠃
《ᠨᠢᠳᠤᠨᠤᠨ ᠳᠥᠷᠪᠡᠳᠡᠬᠢ ᠪᠦᠯᠦᠭ᠂ ᠲᠠᠪᠤᠳᠤᠭᠠᠷ ᠪᠦᠯᠦᠭ ᠤ᠋ᠨ ᠤᠯᠤᠰ ᠤ᠋ᠨ ᠡᠮ ᠤ᠋ᠨ ᠵᠦᠶ᠋ᠯᠡᠰ ᠢ᠋ ᠲᠦᠪᠯᠡᠷᠡᠬᠦᠯᠤᠨ ᠬᠤᠳᠠᠯᠳᠤᠵᠤ ᠠᠪᠬᠤ
ᠵᠢ ᠮᠠᠨ ᠤ᠋ ᠣᠷᠣᠨ ᠳ᠋ᠤ ᠨᠠᠢᠳᠠᠪᠤᠷᠢᠵᠢᠭᠤᠯᠤᠨ ᠬᠡᠷᠡᠭ᠌ᠵᠢᠭᠦᠯᠵᠦ᠍᠂ 200
ᠭᠠᠷᠤᠶ ᠵᠦᠶ᠋ᠯ ᠤ᠋ᠨ ᠡᠮ ᠤ᠋ᠨ ᠵᠦᠶ᠋ᠯ ᠤ᠋ᠨ ᠦᠨ᠎ᠡ ᠬᠠᠩᠰᠢ ᠶᠡᠬᠡ ᠪᠡᠷ
ᠪᠠᠭᠤᠷᠠᠨ᠂ ᠣᠯᠠᠨ ᠲᠦᠮᠡᠨ ᠡᠩ ᠤ᠋ᠨ ᠦᠨ᠎ᠠ ᠬᠠᠩᠰᠢ ᠲᠠᠢ ᠡᠮ ᠤ᠋ᠨ ᠵᠦᠶ᠋ᠯᠡᠰ ᠢ᠋ ᠬᠡᠷᠡᠭ᠌ᠯᠡᠬᠦ ᠪᠤᠯᠵᠤ᠂ ᠡᠮᠴᠢᠯᠡᠭᠡᠨᠦ
ᠳᠠᠷᠤᠭᠠᠰᠤ ᠶᠡᠬᠡ ᠪᠡᠷ ᠬᠥᠩᠭᠡᠷᠡᠨ ᠵᠢᠷᠭᠠᠯᠳᠤ ᠲᠦᠷᠦᠭᠳᠡᠯ ᠤᠯᠠᠮ ᠨᠡᠮᠡᠭᠳᠡᠭᠰᠡᠨ》 ᠭᠡᠵᠦ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ
ᠤ᠋ᠨ ᠲᠥᠯᠥᠭᠡᠯᠡᠭ᠌ᠴᠢ᠂ ᠪᠤᠭᠤᠲᠤ ᠬᠣᠲᠠ ᠶ᠋ᠢᠨ ᠲᠥᠪ ᠡᠮᠨᠡᠯᠭᠡᠶ᠋ᠢᠨ ᠬᠣᠷᠢᠶ᠎ᠠ ᠵᠢᠨ ᠵᠢᠷᠦᠬᠡᠨ ᠤ᠋ ᠳᠣᠲᠣᠷ ᠰᠠᠯᠠᠭᠠᠨ ᠤ᠋ ᠡᠷᠬᠢᠯᠡᠭ᠌ᠴᠢ ᠵᠣᠣ ᠷᠦᠢ ᠫᠢᠩ ᠬᠡᠯᠡᠨ᠎ᠠ
᠃
ᠠᠷᠠᠳ ᠤ᠋ᠨ ᠠᠮᠢᠳᠤᠷᠠᠯ ᠤ᠋ᠨ ᠠᠵᠢᠯ ᠢ᠋ ᠬᠢᠷᠢ ᠵᠡᠷᠬᠡ ᠬᠢᠭᠰᠡᠨ ᠢ᠋ ᠠᠷᠠᠳ
ᠲᠦᠮᠡᠨ ᠲᠤᠳᠤᠷ᠎ᠠ ᠪᠠᠨ ᠲᠤᠭ᠎ᠠ ᠲᠠᠢ ᠶᠤᠮ ᠃ ᠬᠥᠳᠡᠭᠡ ᠲᠣᠰᠭᠣᠨ ᠡᠴᠡ ᠬᠤᠲᠠ ᠪᠠᠯᠭᠠᠰᠤ ᠬᠦᠷᠲᠡᠯ᠎ᠡ᠂ ᠨᠢᠭᠡ
ᠡᠷᠦᠬᠡ ᠡᠴᠡ ᠲᠦᠭ ᠲᠦᠮᠡᠨ ᠡᠷᠦᠬᠡ ᠬᠦᠷᠲᠡᠯ᠎ᠡ᠂ ᠠᠷᠠᠳ ᠤᠯᠠᠨ ᠨᠡᠩ ᠰᠠᠢ᠌ᠨ ᠰᠤᠷᠭᠠᠨ ᠬᠥᠮᠦᠵᠢᠯ᠂ ᠨᠡᠩ ᠲᠣᠭ᠍ᠲᠠᠭᠤᠨ
ᠠᠵᠢᠯ ᠤ᠋ᠨ ᠪᠠᠢᠷᠢ᠂ ᠨᠡᠩ ᠬᠠᠨᠤᠮᠵᠢᠲᠠᠢ ᠠᠰᠢᠭ ᠣᠷᠣᠯᠭ᠎ᠠ᠂ ᠨᠡᠩ ᠨᠠᠢᠳᠠᠪᠤᠷᠢᠲᠠᠢ ᠨᠡᠢᠭᠡᠮ ᠤ᠋ᠨ ᠪᠠᠲᠤᠯᠠᠭ᠎ᠠ᠂
ᠨᠡᠩ ᠥᠨᠳᠥᠷ ᠲᠦᠪᠱᠢᠨ ᠪᠦᠬᠦᠢ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠦᠢᠯᠡᠴᠢᠯᠡᠭᠡ᠂ ᠨᠡᠩ ᠲᠠᠭᠠᠯᠠᠮᠵᠢᠲᠠᠢ
ᠣᠷᠣᠨ ᠰᠠᠭᠤᠴᠠ ᠶ᠋ᠢᠨ ᠣᠷᠴᠢᠨ ᠲᠣᠭᠣᠷᠢᠨ ᠲᠠᠶ ᠪᠤᠯᠵᠤ᠂ ᠪᠠᠶᠠᠷ ᠵᠢᠷᠭᠠᠯ ᠵᠢᠡᠷ ᠪᠢᠯᠬᠠᠨ ᠪᠠᠬᠠᠷᠤᠯᠳᠤ ᠠᠮᠢᠳᠤᠷᠠᠯ
ᠵᠢᠡᠨ ᠱᠠᠭᠰᠢᠵᠠᠭᠠᠨᠠ ᠃
《ᠬᠣᠷᠢᠭ᠎ᠠ ᠱᠤᠭᠤᠮ ᠢ᠋ ᠰᠠᠬᠢᠵᠤ ᠦᠨᠳᠦᠰᠦᠨ ᠵᠦᠢᠯ ᠢ᠋ ᠪᠠᠲᠤᠯᠠᠨ ᠳᠤᠲᠠᠭᠤᠳᠠᠯ ᠢ᠋ ᠨᠥᠬᠥᠪᠥᠷᠢᠯᠡᠵᠦ᠍᠂
ᠠᠷᠠᠳ ᠤ᠋ᠨ ᠠᠮᠢᠳᠤᠷᠠᠯ ᠤ᠋ᠨ ᠪᠤᠶᠠᠨ ᠵᠢᠷᠭᠠᠯ ᠢ᠋ ᠦᠷᠭᠦᠯᠵᠢᠯᠡᠨ ᠨᠡᠮᠡᠭ᠌ᠳᠡᠭᠦᠯᠦᠨᠡ ᠃ ᠠᠵᠤ ᠠᠬᠤᠢ ᠶ᠋ᠢᠨ
ᠬᠥᠭ᠌ᠵᠢᠯᠲᠡ ᠪᠠ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂
ᠴᠢᠳᠠᠯ ᠵᠢᠡᠷ ᠵᠢᠡᠨ ᠴᠢᠷᠮᠠᠢᠨ ᠴᠢᠳᠠᠯ ᠤ᠋ᠨ ᠵᠢᠡᠨ ᠬᠢᠷᠢ ᠪᠡᠷ ᠬᠢᠵᠦ᠍᠂ ᠤᠯᠠᠨ ᠲᠦᠮᠡᠨᠦ ᠬᠠᠮᠤᠭ ᠡᠴᠡ ᠠᠩᠬᠠᠷᠴᠤ᠌
ᠪᠠᠢᠭ᠎ᠠ ᠬᠦᠷᠢᠶᠡᠨ ᠳ᠋ᠤ ᠤᠯᠠᠨ ᠨᠡᠢᠲᠡᠶ᠋ᠢᠨ ᠦᠨᠳᠦᠰᠦᠨ ᠦᠢᠯᠡᠴᠢᠯᠡᠭᠡ ᠶ᠋ᠢ ᠣᠨᠣᠴᠠᠲᠠᠢ ᠬᠠᠩᠭᠠᠵᠤ᠂ ᠬᠠᠮᠲᠤ
ᠪᠠᠷ ᠴᠢᠨᠡᠭᠡᠯᠢᠭ᠌ᠵᠢᠬᠦ᠌ ᠬᠠᠷᠠᠯᠲᠠ ᠲᠡᠢᠰᠢ ᠯᠠᠪᠳᠠᠭᠤᠨ ᠵᠢᠡᠷ ᠤᠷᠤᠭ᠍ᠰᠢᠯᠠᠨᠠ》᠃ ᠡᠨᠡ ᠪᠤᠯ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠤ᠋ᠨ ᠵᠠᠰᠠᠭ ᠤ᠋ᠨ ᠣᠷᠳᠣᠨ
ᠤ᠋ ᠠᠵᠢᠯ ᠤ᠋ᠨ ᠢᠯᠡᠳᠭᠡᠯᠳᠡᠬᠢ ᠠᠷᠠᠳ ᠤ᠋ᠨ ᠠᠮᠢᠳᠤᠷᠠᠯ ᠤ᠋ᠨ ᠪᠤᠶᠠᠨ ᠵᠢᠷᠭᠠᠯ ᠢ᠋ ᠨᠡᠮᠡᠭ᠌ᠳᠡᠭᠦᠯᠬᠦ᠌ ᠪᠠᠰᠠ
ᠨᠢᠭᠡᠨ ᠱᠢᠨ᠎ᠡ ᠬᠠᠷᠠᠯᠲᠠ ᠪᠤᠯᠬᠤ ᠶᠤᠮ ᠃
ᠠᠷᠠᠳᠲᠦᠮᠡᠨ ᠤ᠋ ᠰᠠᠨᠠᠭᠠᠱᠢᠷᠠᠵᠤ ᠪᠠᠢᠭ᠎ᠠ ᠵᠦᠢᠯᠡᠰ ᠢ᠋ ᠵᠠᠪᠠᠯ ᠪᠤᠳᠤᠵᠤ
ᠣᠯᠤᠨ᠎ᠠ᠂ ᠠᠷᠠᠳ ᠲᠦᠮᠡᠨ ᠤ᠋ ᠬᠦᠰᠡᠵᠦ᠍ ᠪᠠᠢᠭ᠎ᠠ ᠵᠦᠢᠯᠡᠰ ᠢ᠋ ᠵᠠᠪᠠᠯ ᠭᠦᠢᠴᠡᠳᠭᠡᠨ᠎ᠡ᠃ ᠶᠡᠬᠡ ᠳᠡᠭᠡᠳᠦ ᠰᠤᠷᠭᠠᠭᠤᠯᠢ
ᠶ᠋ᠢᠨ ᠲᠡᠭᠦᠰᠭᠦ ᠤᠶᠤᠲᠠᠳ ᠤ᠋ᠨ ᠠᠵᠢᠯ ᠣᠯᠭᠣᠯᠲᠠ ᠶ᠋ᠢ ᠪᠠᠲᠤᠯᠠᠬᠤ ᠡᠴᠡ ᠠᠪᠤᠭᠠᠳ ᠲᠦᠷᠭᠡᠨ ᠬᠦᠷᠭᠡᠭ᠌ᠴᠢ᠂ ᠵᠠᠬᠢᠶᠠᠯᠠᠭ᠎ᠠ
ᠶ᠋ᠢᠨ ᠬᠣᠭᠣᠯᠠ ᠬᠦᠷᠭᠡᠭ᠌ᠴᠢ ᠵᠡᠷᠭᠡ ᠬᠥᠮᠦᠰ ᠤ᠋ᠨ ᠡᠷᠬᠡ ᠠᠱᠢᠭ ᠢ᠋ ᠪᠠᠲᠤᠯᠠᠬᠤ ᠬᠦᠷᠲᠡᠯ᠎ᠡ᠂ ᠠᠯᠪᠠᠨ ᠵᠢᠷᠤᠮ
ᠤ᠋ᠨ ᠰᠤᠷᠭᠠᠨ ᠬᠥᠮᠦᠵᠢᠯ ᠤ᠋ᠨ ᠲᠡᠩᠴᠡᠭᠦᠷᠢᠲᠡᠢ ᠬᠥᠭ᠌ᠵᠢᠯᠲᠡ ᠶ᠋ᠢ ᠠᠬᠢᠭᠤᠯᠬᠤᠡᠴᠡ ᠠᠪᠤᠭᠠᠳ ᠶᠡᠬᠡ ᠳᠡᠭᠡᠳᠦ
ᠰᠤᠷᠭᠠᠭᠤᠯᠢ ᠶ᠋ᠢᠨ 《ᠬᠣᠣᠰ ᠲᠡᠷᠢᠭᠦᠨ ᠵᠡᠷᠭᠡ》 ᠵᠢᠨ ᠪᠦᠳᠦᠭᠡᠨ ᠪᠠᠢᠭᠤᠯᠤᠯᠲᠠ
ᠬᠦᠷᠲᠡᠯ᠎ᠡ᠂ ᠪᠦᠬᠦ᠌ ᠠᠷᠠᠳ ᠢ᠋ ᠡᠮᠴᠢᠯᠡᠬᠡᠨ ᠤ᠋ ᠳᠠᠭᠠᠳᠭᠠᠯ ᠳ᠋ᠤ ᠤᠷᠤᠭᠤᠯᠬᠤ ᠡᠴᠡ ᠠᠪᠤᠭᠠᠳ 《ᠨᠠᠰᠤᠲᠠᠢᠴᠤᠳ ᠪᠣᠯᠤᠨ ᠨᠢᠯᠬᠠᠰ》 ᠤ᠋ᠨ ᠠᠰᠠᠭᠤᠳᠠᠯ
ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠬᠤ ᠬᠦᠷᠲᠡᠯ᠎ᠡ᠂ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ
ᠳ᠋ᠤ ᠠᠷᠠᠳ ᠤᠯᠠᠨ ᠤ᠋ ᠬᠦᠰᠡᠯ ᠡᠷᠡᠮᠡᠯᠵᠡᠯ᠂ ᠠᠷᠠᠳ ᠤ᠋ᠨ ᠠᠮᠢᠳᠤᠷᠠᠯ ᠤ᠋ᠨ ᠲᠤᠬᠠᠢ ᠭᠦᠨ ᠵᠤᠵᠠᠭᠠᠨ ᠬᠠᠢᠷ᠎ᠠ
ᠰᠡᠳᠭᠢᠯᠭᠡ ᠱᠢᠩᠭᠡᠵᠦ᠍ ᠪᠠᠢᠨ᠎ᠠ ᠃
《ᠠᠷᠠᠳ ᠲᠦᠮᠡᠨ ᠵᠢᠡᠷ ᠭᠣᠣᠯ ᠪᠣᠯᠭᠠᠬᠤ ᠬᠥᠭ᠌ᠵᠢᠯᠲᠡ ᠵᠢᠨ ᠦᠵᠡᠯ ᠰᠠᠨᠠᠭ᠎ᠠ ᠶ᠋ᠢ ᠨᠠᠷᠢᠨ
ᠬᠢᠨᠠᠮᠠᠭᠠᠢ ᠦᠢᠯᠡᠳᠦᠯᠭᠡᠵᠢᠭᠦᠯᠵᠦ᠍᠂ ᠤᠯᠠᠨ ᠨᠡᠢᠲᠡ ᠵᠢᠨ ᠦᠢᠯᠡᠴᠢᠯᠡᠭᠡ ᠶ᠋ᠢ ᠦᠨᠳᠦᠰᠦᠨ ᠵᠤᠢᠯ ᠢ᠋ ᠪᠠᠳᠤᠯᠠᠬᠤ
ᠡᠴᠡ ᠴᠢᠨᠠᠷ ᠰᠠᠢᠲᠠᠢ ᠲᠡᠩᠴᠡᠭᠦᠷᠢᠲᠡᠢ ᠲᠡᠢᠰᠢ ᠬᠤᠪᠢᠷᠠᠭᠤᠯᠬᠤ ᠶ᠋ᠢ ᠴᠢᠷᠮᠠᠢᠨ ᠪᠠᠶᠡᠯᠡᠬᠦᠯᠥᠨᠠ》᠃ 《ᠣᠷᠣᠭᠤᠯᠤᠯᠲᠠ ᠪᠠᠨ ᠦᠷᠭᠦᠯᠵᠢᠯᠡᠨ ᠨᠡᠮᠡᠭ᠌ᠳᠡᠭᠦᠯᠵᠦ᠍᠂
ᠳᠤᠲᠠᠭᠤᠳᠠᠯ ᠢ᠋ ᠲᠦᠷᠭᠡᠨ ᠨᠥᠬᠥᠪᠥᠷᠢᠯᠡᠨ᠂ ᠠᠷᠭ᠎ᠠ ᠪᠦᠬᠦᠨ ᠢ᠋ ᠰᠦᠪᠡᠭ᠌ᠴᠢᠯᠠᠵᠤ ᠪᠠᠢᠭᠠᠳ ᠠᠷᠠᠳ ᠤ᠋ᠨ ᠠᠮᠢᠳᠤᠷᠠᠯ
ᠢ᠋ ᠪᠠᠲᠤᠯᠠᠵᠤ᠂ ᠪᠤᠶᠠᠨ ᠵᠢᠷᠭᠠᠯ ᠢ᠋ ᠨᠡᠮᠡᠭ᠌ᠳᠡᠭᠦᠯᠤᠨ᠂ ᠬᠣᠷᠢᠭ᠎ᠠ ᠱᠤᠭᠤᠮ ᠢ᠋ ᠰᠠᠬᠢᠵᠤ᠂ ᠬᠠᠮᠲᠤ ᠪᠠᠷ ᠴᠢᠨᠡᠭᠡᠯᠢᠭ᠌ᠵᠢᠬᠦ᠌
ᠶ᠋ᠢ ᠴᠢᠨᠠᠭ᠍ᠰᠢᠳᠠ ᠠᠬᠢᠭᠤᠯᠤᠨ᠎ᠠ》᠃ 《ᠠᠷᠠᠳ ᠤ᠋ᠨ ᠠᠮᠢᠳᠤᠷᠠᠯ ᠢ᠋ ᠠᠳᠭᠤᠨ᠂ ᠲᠣᠭ᠍ᠲᠠᠭᠤᠨ ᠢ᠋ ᠪᠠᠲᠤᠯᠠᠵᠤ᠂ ᠠᠵᠢᠯ ᠣᠯᠭᠣᠯᠲᠠ
ᠶ᠋ᠢ ᠲᠡᠷᠢᠭᠦᠨ ᠳ᠋ᠤ ᠲᠠᠯᠪᠢᠬᠤ ᠲᠥᠷᠥ ᠵᠢᠨ ᠪᠣᠳᠣᠯᠭ᠎ᠠ ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂
ᠣᠯᠠᠨ ᠨᠡᠢᠲᠡ ᠵᠢᠨ ᠦᠨᠳᠦᠰᠦᠨ ᠦᠶ᠋ᠯᠡᠴᠢᠯᠡᠭᠡ ᠶ᠋ᠢ ᠤᠨᠤᠴᠠᠳᠠᠢ ᠬᠠᠩᠭᠠᠨ᠂ ᠬᠡᠪᠴᠢᠶᠡᠲᠦ ᠴᠢᠨᠠᠷᠲᠠᠶ ᠪᠠᠷ ᠳᠠᠬᠢᠨ
ᠶᠠᠳᠠᠭᠤᠷᠠᠬᠤ ᠥᠬᠡᠶ ᠪᠠᠢᠬᠤ ᠬᠣᠷᠢᠭ᠎ᠠ ᠱᠤᠭᠤᠮ ᠢ᠋ ᠪᠠᠲᠤ ᠰᠠᠬᠢᠨ᠎ᠠ》 ᠁
ᠬᠣᠶᠠᠷ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠡᠴᠡ ᠠᠢᠮᠠᠭ ᠬᠣᠲᠠ
ᠬᠦᠷᠲᠡᠯ᠎ᠡ᠂ ᠠᠷᠠᠳ ᠤ᠋ᠨ ᠠᠮᠢᠳᠤᠷᠠᠯ ᠤ᠋ᠨ ᠠᠵᠢᠯ ᠢ᠋ ᠨᠢᠭᠡᠨᠲᠡ ᠦᠳᠲᠡᠷ ᠲᠦᠷᠭᠡᠨ ᠲᠥᠯᠥᠪᠵᠢᠭᠦᠯᠦᠨ ᠪᠠᠢᠷᠢᠯᠠᠭᠤᠯᠵᠤ
ᠪᠤᠢ᠃ ᠲᠥᠯᠥᠭᠡᠯᠡᠭ᠌ᠴᠢᠳ ᠭᠡᠱᠢᠭᠦᠳ ᠴᠦ᠍ ᠠᠷᠠᠳ ᠤ᠋ᠨ ᠠᠮᠢᠳᠤᠷᠠᠯ ᠤ᠋ᠨ ᠳᠤᠲᠠᠭᠤᠳᠠᠯ ᠢ᠋ ᠨᠥᠬᠥᠪᠥᠷᠢᠯᠡᠬᠦ᠌᠂
ᠠᠷᠠᠳ ᠤ᠋ᠨ ᠠᠮᠢᠳᠤᠷᠠᠯ ᠤ᠋ᠨ ᠬᠦᠴᠢᠷ ᠠᠰᠠᠭᠤᠳᠠᠯ ᠢ᠋ ᠱᠢᠢᠳᠪᠦᠷᠢᠯᠡᠬᠦ᠌᠂ ᠠᠷᠠᠳ ᠤ᠋ᠨ ᠠᠮᠢᠳᠤᠷᠠᠯ ᠤ᠋ᠨ ᠬᠣᠷᠢᠭ᠎ᠠ
ᠱᠤᠭᠤᠮ ᠢ᠋ ᠪᠠᠲᠤ ᠰᠠᠬᠢᠬᠤ ᠲᠣᠭᠣᠷᠢᠨ ᠳ᠋ᠤ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠲᠡᠪᠰᠢᠬᠦᠯᠵᠤ᠂
ᠦᠷᠭᠦᠯᠵᠢᠯᠡᠨ ᠬᠦᠴᠦᠯᠡᠨ ᠴᠢᠷᠮᠠᠢᠵᠤ ᠪᠠᠢᠨ᠎ᠠ ᠃
《ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠭᠣᠨ ᠤ᠋ ᠡᠮᠴᠢ ᠵᠢᠨ ᠡᠩᠨᠡᠬᠡᠨ ᠤ᠋ ᠲᠠᠯ᠎ᠠ
ᠪᠡᠷ᠂ ᠬᠦᠮᠦᠨ ᠤ᠋ ᠬᠦᠴᠦᠨ ᠬᠦᠷᠦᠯᠴᠡᠬᠦ᠌ ᠥᠬᠡᠶ᠂ ᠬᠢᠷᠢ ᠬᠡᠮ ᠵᠢᠡᠷ ᠳᠤᠲᠠᠮᠠᠭ᠂ ᠬᠠᠷᠠᠭᠠᠯᠵᠠᠯ ᠳᠤᠤᠷ᠎ᠠ ᠵᠡᠷᠭᠡ
ᠠᠰᠠᠭᠤᠳᠠᠯ ᠳ᠋ᠤ ᠲᠤᠯᠭᠠᠷᠠᠵᠤ᠂ ᠮᠠᠯᠵᠢᠬᠤ ᠲᠠᠷᠢᠶᠠᠯᠠᠬᠤ ᠣᠷᠣᠨ ᠤ᠋ ᠬᠥᠭ᠌ᠵᠢᠯᠲᠡ ᠶ᠋ᠢ ᠨᠥᠯᠥᠭᠡᠯᠡᠵᠦ᠍ ᠪᠠᠢᠨ᠎ᠠ᠃ ᠮᠠᠯᠵᠢᠬᠤ ᠲᠠᠷᠢᠶᠠᠯᠠᠬᠤ ᠣᠷᠣᠨ ᠳ᠋ᠤ ᠬᠥᠳᠡᠭᠡ ᠲᠣᠰᠭᠣᠨ ᠤ᠋ ᠡᠮᠴᠢ ᠵᠢᠨ ᠡᠩᠨᠡᠭᠡ ᠵᠢᠨ ᠪᠠᠢᠭᠤᠯᠤᠯᠲᠠ ᠶ᠋ᠢ
ᠴᠢᠩᠭᠠᠳᠭᠠᠬᠤ ᠵᠢ ᠲᠤᠯᠭᠠᠮ ᠱᠠᠭᠠᠷᠳᠠᠵᠤ᠂ ᠬᠠᠮᠢᠶ᠎ᠠ ᠪᠥᠬᠥᠶ ᠰᠤᠷᠭᠠᠭᠤᠯᠢᠨᠤᠭᠤᠳ ᠲᠦ᠍ ᠶᠡᠷᠦᠩᠬᠡᠶ ᠰᠠᠯᠠᠭᠠᠨ
ᠤ᠋ ᠬᠥᠳᠡᠭᠡ ᠲᠣᠰᠭᠣᠨ ᠤ᠋ ᠡᠮᠴᠢ ᠵᠢᠨ ᠡᠩᠨᠡᠭᠡ ᠵᠢᠨ ᠪᠠᠢᠭᠤᠯᠤᠯᠲᠠ ᠶ᠋ᠢ ᠴᠢᠩᠭᠠᠳᠭᠠᠨ᠂ ᠣᠲᠣ ᠵᠢᠨ ᠪᠠᠢᠭ᠎ᠠ
ᠬᠥᠳᠡᠭᠡ ᠲᠣᠰᠭᠣᠨ ᠤ᠋ ᠡᠮᠴᠢ ᠳ᠋ᠤ ᠪᠤᠯᠪᠠᠰᠤᠷᠠᠯ ᠬᠦᠷᠲᠡᠭᠡᠬᠦ ᠡᠷᠴᠢᠮ ᠵᠢᠡᠨ ᠴᠢᠩᠭᠠᠷᠠᠭᠤᠯᠬᠤ ᠵᠢᠨ ᠬᠠᠮᠲᠤ᠂
ᠵᠠᠰᠠᠭ ᠤ᠋ᠨ ᠣᠷᠳᠣᠨ ᠡᠴᠡ ᠬᠤᠳᠠᠯᠳᠤᠨ ᠠᠪᠬᠤ ᠦᠢᠯᠡᠴᠢᠯᠡᠭᠡᠨ ᠤ᠋ ᠠᠷᠭ᠎ᠠ ᠬᠡᠯᠪᠡᠷᠢ ᠪᠡᠷ ᠳᠠᠮᠵᠢᠨ ᠬᠥᠳᠡᠭᠡ
ᠲᠣᠰᠭᠣᠨ ᠤ᠋ ᠡᠮᠴᠢ ᠵᠢᠨ ᠡᠩᠨᠡᠭᠡ ᠶ᠋ᠢ ᠪᠡᠬᠢᠵᠢᠭᠦᠯᠵᠦ᠍᠂ ᠬᠦᠯᠦᠰᠤ ᠣᠯᠭᠣᠮᠵᠢ ᠶ᠋ᠢ ᠨᠢ ᠨᠡᠮᠡᠭᠳᠡᠭᠦᠯᠦᠨ᠂
ᠮᠠᠯᠴᠢᠨ ᠲᠠᠷᠢᠶᠠᠴᠢᠨ ᠳ᠋ᠤ ᠦᠶ᠋ᠯᠡᠴᠢᠯᠡᠬᠦ᠌ ᠪᠣᠳᠠᠰ ᠤ᠋ᠨ ᠪᠠᠲᠤᠯᠠᠭ᠎ᠠ ᠶ᠋ᠢ ᠨᠢ ᠬᠠᠩᠭᠠᠵᠤ ᠦᠭᠬᠦ ᠴᠢᠬᠤᠯᠠᠳᠠᠢ》ᠭᠡᠵᠤ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨᠦ ᠭᠡᠱᠢᠭᠦᠨ᠂
ᠱᠢᠯᠢ ᠵᠢᠨ ᠭᠣᠣᠯ ᠤ᠋ᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠵᠢᠨ ᠵᠠᠬᠢᠷᠤᠯ ᠶᠠᠩ ᠹᠦ᠋ ᠶᠢᠤ ᠶᠠᠷᠢᠨ᠎ᠠ᠃
《ᠬᠥᠳᠡᠭᠡ ᠲᠣᠰᠭᠣᠨ ᠤ᠋ ᠨᠠᠰᠤᠵᠢᠯ ᠤ᠋ᠨ ᠠᠰᠠᠷᠠᠮᠵᠢ ᠵᠢᠨ ᠪᠠᠲᠤᠯᠠᠭ᠎ᠠ ᠵᠢᠨ ᠱᠢᠰᠲ᠋ᠧᠮ
ᠤ᠋ᠨ ᠪᠠᠢᠭᠤᠯᠤᠯᠲᠠ ᠶ᠋ᠢ ᠲᠦᠷᠭᠡᠳᠭᠡᠨ ᠠᠬᠢᠭᠤᠯᠵᠤ᠂ ᠤᠯᠤᠰ ᠪᠤᠶᠤ ᠣᠷᠣᠨ ᠨᠤᠲᠤᠭ ᠤ᠋ᠨ ᠡᠳ᠋ ᠤ᠋ᠨ ᠵᠠᠰᠠᠭ ᠤ᠋ᠨ
ᠣᠷᠣᠭᠤᠯᠤᠯᠲᠠ ᠪᠠᠷ ᠲᠠᠮᠵᠢᠨ ᠡᠮᠴᠢᠯᠡᠭᠡ ᠬᠢᠬᠡᠳ ᠰᠤᠪᠢᠯᠠᠯᠲᠠ ᠶ᠋ᠢ ᠤᠶᠠᠯᠳᠤᠭᠤᠯᠤᠭ᠍ᠰᠠᠨ ᠬᠡᠯᠪᠡᠷᠢ ᠵᠢᠨ ᠬᠥᠳᠡᠭᠡ
ᠲᠣᠰᠭᠣᠨ ᠤ᠋ ᠨᠠᠰᠤᠵᠢᠯ ᠤ᠋ᠨ ᠠᠰᠠᠷᠠᠮᠵᠢ ᠵᠢᠨ ᠪᠠᠲᠤᠯᠠᠭ᠎ᠠ ᠵᠢᠨ ᠱᠢᠰᠲ᠋ᠧᠮ ᠢ᠋ ᠲᠦᠷᠭᠡᠳᠭᠡᠨ ᠪᠠᠢᠭᠤᠯᠬᠤ ᠴᠢᠬᠤᠯᠠᠳᠠᠢ》 ᠭᠡᠵᠤ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢ᠂ ᠵᠠᠯᠠᠢᠳ ᠬᠣᠱᠢᠭᠤᠨ
ᠤ᠋ ᠬᠣᠯᠪᠣᠭ᠎ᠠ ᠪᠠᠯᠭᠠᠰᠤ ᠵᠢᠨ ᠶᠦᠩ ᠱᠢᠩ ᠲᠣᠰᠭᠣᠨ ᠤ᠋ ᠨᠠᠮ ᠤ᠋ᠨ ᠡᠭᠦᠷ ᠤ᠋ᠨ ᠱᠦᠵᠢ ᠱᠧᠨ ᠭᠦᠸᠧ ᠹᠦ᠋ ᠰᠠᠨᠠᠭᠤᠯᠭ᠎ᠠ
ᠪᠠᠨ ᠶᠠᠷᠢᠯ᠎ᠠ ᠃
ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯᠡᠴᠡ ᠦᠵᠡᠪᠡᠯ᠂ 2022 ᠣᠨ ᠳ᠋ᠤ
ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠠᠮᠢᠳᠤᠷᠠᠯ ᠢ᠋ ᠪᠠᠲᠤᠯᠠᠬᠤ ᠣᠷᠣᠭᠤᠯᠤᠯᠲᠠ ᠤᠯᠠᠮ ᠡᠴᠡ ᠤᠯᠠᠮ
ᠨᠡᠮᠡᠭᠳᠡᠬᠦ ᠪᠤᠯᠤᠨ᠎ᠠ᠄ ᠰᠤᠷᠭᠠᠨ ᠬᠥᠮᠦᠵᠢᠯ ᠤ᠋ᠨ ᠪᠠᠯᠠ ᠮᠥᠩᠭᠥ ᠶ᠋ᠢ 74.2 ᠳ᠋ᠦᠩᠱᠢᠭᠤᠷ
ᠲᠥᠭᠥᠷᠢᠭ ᠲᠣᠬᠢᠷᠠᠭᠤᠯᠵᠤ᠂ 9% ᠪᠠᠷ ᠨᠡᠮᠡᠭᠳᠡᠬᠦᠯᠪᠡ; ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠱᠢᠰᠲ᠋ᠧᠮ ᠤ᠋ᠨ ᠪᠠᠢᠭᠤᠯᠤᠯᠲᠠ ᠶ᠋ᠢ ᠠᠬᠢᠭᠤᠯᠬᠤ
ᠪᠡᠯᠡ ᠮᠥᠩᠭᠥ ᠶ᠋ᠢ 28.2 ᠳ᠋ᠦᠩᠱᠢᠭᠤᠷ
ᠲᠥᠭᠥᠷᠢᠭ ᠲᠣᠬᠢᠷᠠᠭᠤᠯᠵᠤ᠂ 12% ᠵᠢᠡᠷ
ᠨᠡᠮᠡᠭᠳᠡᠬᠦᠯᠪᠡ; ᠨᠡᠢᠭᠡᠮ ᠤ᠋ᠨ ᠪᠠᠲᠤᠯᠠᠭ᠎ᠠ ᠵᠢᠨ ᠲᠦᠪᠱᠢᠨ ᠢ᠋ ᠳᠡᠭᠡᠭ᠌ᠰᠢᠯᠡᠭᠦᠯᠬᠦ᠌
ᠪᠡᠯᠡ ᠮᠥᠩᠭᠥ ᠶ᠋ᠢ 65.1 ᠳ᠋ᠦᠩᠱᠢᠭᠤᠷ
ᠲᠥᠭᠥᠷᠢᠭ ᠲᠣᠬᠢᠷᠠᠭᠤᠯᠵᠤ᠂ 19% ᠪᠡᠷ
ᠨᠡᠮᠡᠭᠳᠡᠬᠦᠯᠪᠡ ᠁
ᠬᠦᠭᠵᠢᠯᠲᠡ ᠨᠢ ᠠᠷᠠᠳ ᠲᠦᠮᠡᠨᠦ ᠲᠥᠯᠥᠭᠡ ᠪᠠᠢᠵᠤ᠂ ᠬᠥᠭ᠌ᠵᠢᠭᠦ ᠳ᠋ᠤ ᠠᠷᠠᠳ
ᠲᠦᠮᠡᠨ ᠢ᠋ ᠲᠦᠱᠢᠭ᠌ᠯᠡᠨ᠂ ᠬᠦᠭᠵᠢᠯᠲᠡ ᠶ᠋ᠢ ᠠᠷᠠᠳ ᠲᠦᠮᠡᠨ ᠬᠠᠮᠲᠤ ᠪᠠᠷ ᠡᠳ᠋ᠯᠡᠨ᠎ᠡ ᠃ ᠤᠯᠤᠰ ᠣᠷᠣᠨ ᠪᠠᠶᠠᠨ
ᠬᠦᠴᠦᠷᠬᠡᠭᠵᠢᠵᠤ᠂ ᠦᠨᠳᠦᠰᠦᠲᠡᠨ ᠰᠡᠷᠭᠦᠨ ᠮᠠᠨᠳᠤᠬᠤ ᠨᠢ ᠡᠴᠦᠰᠲᠡᠬᠡᠨ ᠲᠦᠭ ᠲᠦᠮᠡᠨ ᠭᠡᠷ ᠪᠦᠯᠢ ᠵᠢᠨ ᠵᠣᠯ
ᠵᠢᠷᠭᠠᠯᠲᠤ ᠰᠠᠢ᠌ᠨ ᠰᠠᠢᠬᠠᠨ ᠠᠮᠢᠳᠤᠷᠠᠯ ᠳᠡᠭᠡᠷ᠎ᠡ ᠢᠯᠡᠷᠡᠵᠦ᠍᠂ ᠲᠦᠭ ᠲᠦᠮᠡᠨ ᠠᠷᠠᠳ ᠤ᠋ᠨ ᠠᠳᠠᠯ ᠠᠮᠢᠳᠤᠷᠠᠯ
ᠲᠠᠰᠤᠷᠠᠯᠳᠠ ᠦᠭᠡᠢ ᠰᠠᠢᠵᠢᠷᠠᠬᠤ ᠳᠡᠭᠡᠷ᠎ᠡ ᠢᠯᠡᠷᠡᠬᠦ᠌ ᠪᠣᠯᠤᠨ᠎ᠠ᠃ 《ᠠᠷᠠᠳ ᠤ᠋ᠨ ᠠᠮᠢᠳᠤᠷᠠᠯ ᠳ᠋ᠠᠬᠢ ᠣᠷᠣᠭᠤᠯᠤᠯᠲᠠ ᠪᠠᠨ ᠲᠠᠰᠤᠷᠠᠯᠲᠠ ᠥᠬᠡᠶ ᠨᠡᠮᠡᠭ᠌ᠳᠡᠭᠦᠯᠵᠦ᠍᠂
ᠬᠥᠮᠦᠰ ᠢ᠋ ᠬᠠᠯᠠᠭᠤᠨ ᠳᠤᠯᠠᠭᠠᠨ ᠰᠠᠨᠠᠭ᠎ᠠ ᠠᠮᠤᠷ ᠪᠠᠢᠯᠭᠠᠨ᠎ᠠ᠂ ᠡᠨᠡ ᠨᠢ ᠪᠢᠳᠡᠨ ᠳ᠋ᠤ ᠬᠢᠵᠠᠭᠠᠯᠠᠰᠢ ᠥᠬᠡᠶ
ᠬᠥᠳᠡᠯᠭᠡᠬᠦ᠌ ᠬᠦᠴᠦᠨ ᠣᠯᠭᠣᠭᠰᠠᠨ》 ᠭᠡᠵᠦ᠍ ᠲᠤᠰ ᠤᠳᠠᠭ᠎ᠠ ᠵᠢᠨ ᠬᠤᠷᠠᠯ
ᠳ᠋ᠤ ᠰᠤᠯᠠ ᠣᠷᠣᠯᠴᠠᠭ᠍ᠰᠠᠨ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂
ᠤᠯᠠᠭᠠᠨᠬᠠᠳᠠ ᠬᠤᠳᠠ ᠵᠢᠨ ᠰᠦᠩᠱᠠᠨ ᠲᠣᠭᠣᠷᠢᠭ ᠤ᠋ᠨ ᠱᠢᠶᠤᠤ ᠮᠢᠶᠣᠣ ᠽᠢ ᠲᠣᠰᠭᠣᠨ ᠤ᠋ ᠨᠠᠮ ᠤ᠋ᠨ ᠡᠭᠦᠷ ᠤ᠋ᠨ
ᠱᠦᠵᠢ ᠵᠤᠤ ᠬᠤᠢ ᠵᠢᠶ᠍ᠸ ᠤᠷᠮᠠᠳᠠᠢ ᠶᠠᠷᠢᠨ᠎ᠠ ᠃
ᠠᠷᠠᠳ ᠲᠦᠮᠡᠨ ᠤ᠋ ᠠᠮᠢᠳᠤᠷᠠᠯ ᠢ᠋ ᠴᠠᠭ ᠢᠮᠠᠭᠳᠠ ᠰᠡᠳᠭᠢᠯᠳᠡᠭᠡᠨ ᠪᠤᠳᠤᠵᠤ᠂
ᠠᠷᠠᠳ ᠲᠦᠮᠡᠨ ᠤ᠋ ᠪᠠᠴᠢᠮᠳᠠᠵᠤ ᠪᠠᠢᠭ᠎ᠠ᠂ ᠬᠦᠴᠢᠷᠳᠡᠵᠤ ᠪᠠᠢᠭ᠎ᠠ᠂ ᠵᠤᠪᠠᠨᠢᠵᠤ ᠪᠠᠢᠭ᠎ᠠ᠂ ᠪᠠᠷᠠᠯᠠᠵᠤ ᠪᠠᠢᠭ᠎ᠠ
ᠶᠠᠪᠤᠳᠠᠯ ᠢ᠋ ᠰᠢᠢᠳᠪᠤᠷᠢᠯᠡᠬᠦ ᠪᠡᠷ ᠬᠠᠷᠢᠭᠤᠴᠠᠯᠭ᠎ᠠ ᠡᠭᠦᠷᠭᠡᠯᠡᠯ ᠵᠢᠡᠨ ᠪᠣᠯᠭᠠᠨ᠂ ᠱᠢᠨ᠎ᠡ ᠨᠢᠭᠡ ᠵᠢᠯ ᠳ᠋ᠤ
ᠠᠷᠠᠳ ᠤ᠋ᠨ ᠠᠮᠢᠳᠤᠷᠠᠯ ᠤ᠋ᠨ ᠪᠤᠶᠠᠨ ᠵᠢᠷᠭᠠᠯ ᠢ᠋ ᠦᠷᠭᠦᠯᠵᠢᠯᠡᠨ ᠨᠡᠮᠡᠭ᠌ᠳᠡᠭᠦᠯᠬᠦ᠌ ᠨᠡᠩ ᠥᠨᠳᠥᠷ ᠬᠠᠷᠠᠯᠲᠠ
ᠲᠡᠢᠰᠢ ᠤᠷᠤᠭ᠍ᠰᠢᠯᠠᠨᠠ ᠭᠡᠵᠦ᠍ ᠲᠥᠯᠥᠭᠡᠯᠡᠭ᠌ᠴᠢᠳ ᠭᠡᠱᠢᠭᠦᠳ ᠢᠯᠡᠳᠭᠡᠵᠡᠭᠡᠨᠠ᠃