ᠦᠨᠳᠦᠰᠦᠲᠡᠨ ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠪᠡᠬᠢᠵᠢᠭᠦᠯᠦᠨ ᠬᠥᠭ᠌ᠵᠢᠭᠦᠯᠵᠦ᠍ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠡᠭᠦᠷᠢᠳᠡ ᠪᠠᠳᠤᠯᠠᠨ᠎ᠠ
2022-01-25 09:24:36
ᠵᠣᠬᠢᠶᠠᠭ᠍ᠴᠢ᠄
ᠠᠨ ᠶᠢᠨ ᠳ᠋ᠦᠩ
ᠣᠩᠱᠢᠭ᠍ᠰᠠᠨ ᠣᠳᠠᠭ᠎ᠠ᠄
★★★☆☆

ᠱᠢᠨ᠎ᠡ ᠵᠢᠯ ᠡᠬᠢᠯᠡᠮᠡᠭ᠌ᠴᠡ ᠳᠠᠬᠢᠨᠲᠠ ᠪᠠᠶᠠᠷ᠎ᠤᠨ ᠴᠢᠮᠡᠭᠡ ᠳᠠᠮᠵᠢᠭᠳᠠᠯ᠎ᠠ ! 2016 ᠣᠨ᠎ᠳᠤ ᠪᠥᠬᠥ᠌ ᠤᠯᠤᠰ᠎ᠤᠨ ᠠᠩᠬᠠᠳᠠᠭ᠍ᠴᠢ ᠪᠦᠯᠦᠭ᠂ ᠪᠥᠬᠥ᠌ ᠣᠷᠣᠨ᠎ᠤ ᠠᠩᠬᠠᠳᠠᠭ᠍ᠴᠢ 《ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ》 ᠢ᠋ ᠠᠮᠵᠢᠯᠲᠠ᠎ᠲᠠᠶ ᠡᠭᠦᠳᠦᠨ ᠪᠠᠢᠭᠤᠯᠤᠭ᠍ᠰᠠᠨ᠎ᠤ ᠲᠠᠷᠠᠭ᠎ᠠ᠂ ᠲᠠᠪᠤᠨ ᠵᠢᠯ᠎ᠦᠨ ᠳᠠᠷᠠᠭᠠᠬᠢ ᠦᠨᠦᠳᠦᠷ᠂ ᠬᠢᠩᠭᠠᠨ ᠠᠢᠮᠠᠭ ᠡᠨᠡ ᠬᠦ᠌ ᠢᠷᠠᠭᠤ ᠠᠯᠳᠠᠷ᠎ᠢ ᠳᠠᠬᠢᠨᠲᠠ ᠭᠥᠷᠳᠡᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋  ᠡᠷᠬᠢᠮ ᠳᠡᠭᠡᠳᠦ ᠢᠷᠠᠭᠤ ᠠᠯᠳᠠᠷ᠎ᠲᠤ ᠥᠩᠭᠡ ᠬᠡᠷᠡᠯ ᠨᠡᠮᠡᠷᠢᠯᠡᠪᠡ᠃

ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠃ 《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢ ᠪᠦᠳᠦᠭᠡᠨ ᠪᠠᠢᠭᠤᠯᠬᠤ 》 ᠂ 《 ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠬᠦᠷᠭᠡᠬᠦ᠌》 ᠵᠡᠷᠭᠡ ᠲᠡᠦᠬᠡ᠎ᠶ᠋ᠢᠨ ᠰᠠᠢᠬᠠᠨ ᠵᠣᠭᠣᠭ ᠡᠴᠨ ᠪᠠᠷᠠᠭᠤᠨ ᠣᠷᠣᠨ᠎ᠤ ᠱᠢᠲᠠᠮᠠᠬᠠᠢ ᠭᠡᠢ᠎ᠶ᠋ᠢ ᠵᠡᠭᠦᠨᠰᠢ ᠳᠠᠮᠵᠢᠭᠤᠯᠬᠤ᠂ ᠪᠠᠷᠠᠭᠤᠨ ᠣᠷᠣᠨ᠎ᠤ ᠴᠠᠬᠢᠯᠭᠠᠨ᠎ᠢ ᠵᠡᠭᠦᠨᠰᠢ ᠬᠦᠷᠭᠡᠬᠦ᠂ ᠤᠮᠠᠷᠠᠲᠤ᠎ᠶ᠋ᠢᠨ ᠨᠡᠭᠦᠷᠡᠰᠦ᠎ᠶ᠋ᠢ ᠡᠮᠦᠨᠡᠰᠢ ᠵᠥᠭᠡᠭᠡᠪᠦᠷᠢᠯᠡᠬᠦ᠌ ᠬᠦᠷᠲᠡᠯ᠎ᠡ ᠁ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ᠂ ᠦᠨᠳᠦᠰᠦᠲᠡᠨ᠎ᠦ ᠪᠦᠯᠬᠦᠮᠳᠡᠯ ᠎ᠦᠨ ᠭᠸᠨ ᠥᠪᠥᠷ ᠮᠣᠩᠭᠣᠯ ᠎ᠤᠨ ᠡᠨᠡ ᠬᠦ᠌ ᠬᠠᠯᠠᠭᠤᠨ ᠬᠥᠷᠥᠰᠥᠨ᠎ᠳᠦ ᠤᠯᠠᠮᠵᠢᠯᠠᠭ᠍ᠳᠠᠭ᠍ᠰᠠᠭᠠᠷ ᠢᠷᠡᠵᠠᠢ᠃

ᠥᠪᠥᠷ ᠮᠣᠩᠭᠣᠯ ᠤᠯᠤᠰ᠎ᠤᠨ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠤᠬᠠᠮᠰᠠᠷ ᠡᠴᠨ ᠎ᠪᠠᠨ ᠡᠭᠦᠷᠭᠡᠯᠡᠨ ᠰᠠᠢᠲᠤᠷ ᠭᠦᠶ᠋ᠴᠡᠳᠭᠡᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠦᠷᠨᠢᠬᠦᠯᠵᠦ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠦᠷᠭᠦᠯᠵᠢᠯᠡᠨ ᠪᠡᠬᠢᠵᠢᠭᠦᠯᠦᠨ ᠬᠥᠭ᠌ᠵᠢᠭᠦᠯᠪᠡ᠃ ᠦᠨᠳᠦᠰᠦᠲᠡᠨ᠎ᠨᠦᠭᠦᠳ᠎ᠦᠨ ᠰᠣᠶᠣᠯ ᠬᠠᠷᠢᠯᠴᠠᠨ ᠨᠥᠯᠥᠭᠡᠯᠡᠵᠦ᠍᠂ ᠬᠠᠷᠢᠯᠴᠠᠨ ᠠᠭᠤᠰᠤᠯᠴᠠᠵᠤ᠂ ᠦᠨᠳᠦᠰᠦᠲᠡᠨ᠎ᠨᠦᠭᠦᠳ ᠬᠣᠭᠣᠷᠣᠨᠳᠣ᠎ᠪᠠᠨ ᠢᠯᠭᠠᠭ᠎ᠠ ᠵᠦᠷᠢᠶ᠎ᠡ ᠪᠡᠨ ᠬᠦᠨᠳᠦᠳᠭᠡᠵᠦ᠍᠂ ᠤᠯᠠᠨ ᠶᠠᠩᠵᠤ᠎ᠶ᠋ᠢ ᠪᠠᠭ᠍ᠲᠠᠭᠠᠵᠤ᠂ ᠬᠠᠷᠢᠯᠴᠠᠨ ᠪᠠᠬᠠᠷᠬᠠᠵᠤ ᠰᠤᠷᠤᠯᠴᠠᠵᠤ᠂ 《〈ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠦᠨ ᠬᠥᠮᠦᠨ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌〉》ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠪᠠᠨ ᠴᠢᠨᠠᠭ᠍ᠰᠢᠳᠠ ᠴᠢᠩᠭᠠᠳᠭᠠᠪᠠ᠃

ᠦᠨᠳᠦᠰᠦᠲᠡᠨ᠎ᠨᠦᠭᠦᠳ᠎ᠦᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠲᠤ ᠴᠤᠬᠴᠠᠯᠠᠨ᠎ᠠ

《ᠴᠠᠰᠤᠨ ᠱᠢᠭᠤᠷᠭ᠎ᠠ ᠮᠠᠨ᠎ᠤ ᠡᠭᠦᠳᠡ᠎ᠶ᠋ᠢ ᠳᠠᠭᠠᠷᠢᠪᠠ᠂ ᠪᠦᠬᠦ᠌ ᠪᠠᠯᠭᠠᠰᠤᠨ᠎ᠤ ᠠᠪᠤᠷᠠᠨ ᠲᠤᠰᠠᠯᠠᠬᠤ ᠲᠡᠮᠡᠴᠡᠯ᠎ᠦᠨ ᠵᠣᠷᠢᠭ ᠪᠠᠲᠤ ᠴᠢᠨᠭᠭ᠎ᠠ᠃ ᠦᠨᠳᠦᠰᠦᠲᠡᠨ ᠨᠤᠭᠦᠳ ᠪᠦᠯᠬᠦᠮᠳᠡᠵᠦ ᠪᠦᠬᠦᠳᠡ ᠤᠯᠠᠨ᠎ᠢᠶᠠᠷ᠎ᠢᠶᠠᠨ ᠰᠡᠳᠭᠢᠯ ᠨᠢᠭᠡᠳᠦᠨᠡᠮ᠃ ᠬᠦᠴᠦ᠍ᠨ ᠴᠢᠳᠠᠯ᠎ᠢᠶᠡᠨ ᠡᠷᠬᠦᠭᠰᠡᠨ ᠴᠸ᠋ ᠬᠠᠷᠢᠭᠤ ᠬᠦᠰᠡᠬᠦ ᠦᠭᠡᠢ᠃ ᠴᠠᠰᠤ ᠠᠷᠢᠯᠤᠨ ᠰᠡᠳᠭᠢᠯ ᠠᠭᠤᠵᠢᠷᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ》᠃

ᠲᠦᠩᠯᠢᠶᠣᠤ ᠬᠤᠳᠠ᠎ᠶ᠋ᠢᠨ ᠵᠢᠷᠭᠠᠯᠠᠩᠲᠤ ᠪᠠᠯᠭᠠᠰᠤ᠎ᠶ᠋ᠢᠨ ᠵᠢᠷᠭᠠᠯᠠᠩᠲᠤ ᠭᠠᠴᠠᠭᠠᠨ᠎ᠤ ᠮᠠᠯᠴᠢᠨ ᠪᠦᠦ ᠯᠢᠶᠠᠨ᠎ᠤ ᠥᠪᠡᠷ᠎ᠢᠶᠡᠨ ᠨᠠᠢᠷᠠᠭᠤᠯᠵᠤ ᠥᠪᠡᠷ᠎ᠢᠶᠡᠨ ᠲᠣᠭ᠍ᠯᠠᠭ᠍ᠰᠠᠨ ᠬᠣᠯᠪᠣᠭ᠎ᠠ 《ᠲᠦᠮᠡᠨ ᠤᠯᠠᠨ᠎ᠢᠶᠠᠷ᠎ᠢᠶᠠᠨ ᠲᠡᠮᠤᠷ ᠬᠡᠷᠡᠮ ᠮᠡᠳᠦ ᠨᠢᠬᠳᠠᠷᠠᠵᠤ ᠰᠠᠯᠬᠢ ᠱᠢᠭᠤᠷᠭ᠎ᠠ᠎ᠶ᠋ᠢ ᠬᠠᠮᠲᠤ᠎ᠪᠠᠷ ᠡᠰᠡᠷᠬᠦᠴᠡᠶ᠎ᠡ》 ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠭᠢᠯ ᠵᠢᠷᠦᠬᠡ᠎ᠪᠡᠨ ᠬᠣᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭ᠍ᠰᠠᠨ ᠰᠡᠳᠭᠢᠯ ᠳᠤᠯᠠᠭᠠᠴᠠᠭᠤᠯᠤᠮ᠎ᠠ ᠪᠠᠢᠳᠠᠯ᠎ᠢ ᠵᠢᠷᠤᠭ᠍ᠯᠠᠪᠠ᠃

 《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ᠎ᠤᠨ ᠣᠨᠴᠠᠯᠢᠭ᠎ᠲᠠᠶ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌ ᠵᠥᠪ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠷᠭᠦᠯᠵᠢᠯᠡᠨ ᠪᠠᠲᠤ ᠴᠣᠭ᠍ᠴᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠢᠭᠤᠯᠤᠯᠲᠠ᠎ᠶ᠋ᠢ ᠭᠦᠨᠵᠡᠭᠡᠶ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠲᠣᠭ᠍ᠲᠠᠭᠤᠨ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ ᠰᠠᠢᠨ ᠰᠠᠢᠬᠠᠨ ᠪᠠᠢᠳᠠᠯ᠎ᠢ ᠲᠠᠰᠤᠷᠠᠯᠲᠠ ᠥᠬᠡᠶ ᠪᠡᠬᠢᠵᠢᠭᠦᠯᠦᠨ ᠬᠥᠭ᠌ᠵᠢᠭᠦᠯᠪᠡ᠃

《ᠦᠨᠳᠦᠰᠦᠨ ᠱᠠᠲᠤᠨ ᠎ᠤ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠰᠠᠭᠤᠭᠳᠠᠯ ᠬᠠᠮᠤᠬ ᠤ᠋ᠨ ᠬᠦᠨ ᠶᠠᠪᠤᠳᠠᠯ  ᠬᠡᠪᠡᠯ᠂ ᠡᠵᠡᠨ᠎ᠡ ᠬᠣᠱᠢᠭᠤᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠳᠤᠮᠳᠠ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ ᠬᠢᠵᠢᠭ᠎ᠲᠡᠶ ᠲᠡᠮᠡᠴᠡᠬᠦ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠲᠦᠷᠭᠡᠨ ᠲᠤᠰᠭᠠᠯ ᠭᠠᠷᠭᠠᠵᠤ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠬᠢᠵᠢᠭ᠎ᠦᠨ ᠪᠠᠢᠳᠠᠯ ᠳᠠᠷᠬᠠᠨ ᠳᠡᠯᠭᠡᠷᠡᠬᠦ᠌᠎ᠶ᠋ᠢ ᠪᠦᠲᠦᠮᠵᠢᠲᠡᠶ ᠬᠣᠷᠢᠭ᠍ᠯᠠᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ》 ᠬᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠠᠯᠠᠱᠠ ᠵᠡᠭᠦᠨ ᠬᠣᠱᠢᠭᠤᠨ᠎ᠤ ᠵᠢᠭᠠᠨ ᠰᠤᠷᠭᠠᠯᠲᠠ᠎ᠶ᠋ᠢᠨ ᠰᠤᠳᠤᠯᠭᠠᠨ ᠪᠣᠯᠤᠨ ᠪᠠᠭ᠍ᠰᠢ᠎ᠶ᠋ᠢᠨ ᠪᠣᠯᠪᠠᠰᠤᠷᠠᠯ᠎ᠤᠨ ᠲᠥᠪ᠎ᠦᠨ ᠡᠷᠬᠢᠯᠡᠭ᠌ᠴᠢ ᠲᠤᠤ ᠾᠦᠢ ᠱᠢᠶᠠ ᠶᠠᠷᠢᠬᠰᠠᠨ ᠵᠢᠡᠨ᠂ ᠡᠵᠡᠨ᠎ᠡ ᠬᠣᠱᠢᠭᠤ ᠬᠢᠵᠢᠭ ᠎ᠦᠨ ᠭᠡᠨᠡᠳᠲᠡ᠎ᠶ᠋ᠢᠨ ᠳᠠᠭᠠᠷᠢᠯᠳᠠ᠎ᠳᠤ ᠤᠴᠠᠷᠠᠬᠤ ᠳ᠋ᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠡᠯ᠎ᠡ ᠭᠠᠵᠠᠷ᠎ᠤᠨ ᠬᠢᠨ ᠴᠢᠷᠮᠠᠢᠨ ᠲᠤᠰᠠᠯᠠᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠢᠴᠢᠭᠦᠷᠢ ᠭᠤᠳᠤᠮᠰᠢᠭ ᠪᠠ ᠢᠷᠠᠭᠤ ᠠᠯᠳᠠᠷ᠎ᠢᠶᠡᠨ ᠬᠠᠮᠳᠤᠳᠬᠠᠬᠤ᠂ ᠦᠬᠦᠵᠦ᠍ ᠰᠡᠬᠡᠬᠦ᠌᠎ᠪᠡᠨ ᠬᠠᠮᠲᠤᠳᠭᠠᠬᠤ ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠲᠠᠢᠯᠪᠤᠷᠢᠯᠠᠬᠰᠠᠨ ᠪᠢᠯᠡ ᠬᠡᠪᠡ᠃

 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠦᠨᠳᠦᠰᠦᠲᠡᠨ᠎ᠦ ᠪᠦᠯᠬᠦᠮᠳᠡᠯ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢ ᠦᠷᠭᠦᠯᠵᠢᠯᠡᠨ ᠪᠡᠬᠢᠵᠢᠭᠦᠯᠬᠦ᠌ ᠲᠤᠬᠠᠢ ᠲᠤᠰᠭᠠᠢ ᠪᠠᠢᠷᠢᠯᠠᠭᠤᠯᠤᠯᠲᠠ ᠬᠢᠵᠦ᠍᠂  ᠡᠨᠡ  ᠨᠢ  ᠤᠯᠤᠰ ᠲᠦᠷᠦ᠍᠎ᠶ᠋ᠢᠨ ᠵᠣᠭ᠍ᠰᠣᠴᠠ᠎ᠲᠠᠶ ᠪᠥᠭᠡᠳ ᠪᠠᠰᠠ ᠥᠪᠡᠷᠲᠡᠭᠡᠨ ᠵᠠᠰᠠᠬᠤ ᠣᠷᠣᠨ᠎ᠤ ᠣᠳᠣᠬᠠᠨ᠎ᠤ ᠪᠣᠳᠠᠲᠤ ᠪᠠᠢᠳᠠᠯ᠎ᠲᠠᠶ ᠨᠡᠢᠴᠡᠵᠦ᠍ ᠪᠠᠢᠨ᠎ᠠ》 ᠬᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠲᠦᠩᠯᠢᠶᠣᠤ ᠬᠤᠲᠠ᠎ᠶ᠋ᠢᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠡᠷᠬᠢᠯᠡᠭ᠌ᠴᠢ ᠪᠦᠦ ᠭᠧᠨ ᠵᠦ᠍ ᠬᠡᠯᠡᠭᠰᠡᠨ ᠵᠢᠡᠨ᠂ 《ᠪᠢᠳᠡ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ ᠭᠡᠮ ᠰᠣᠭᠣᠭ᠎ᠢ ᠪᠦᠲᠦᠮᠵᠢᠲᠡᠢ ᠰᠡᠷᠭᠡᠢᠯᠡᠨ ᠠᠷᠢᠯᠭᠠᠨ᠎ᠠ 》 ᠭᠡᠪᠡ᠃

ᠦᠨᠳᠦᠰᠦ ᠭᠦᠨ ᠨᠠᠪᠴᠢ ᠰᠠᠬᠤᠯᠢᠭ ᠪᠤᠯ ᠰᠠᠭᠤᠷᠢ ᠪᠠᠳᠤ ᠬᠦᠭᠵᠢᠯ ᠪᠠᠳᠠᠷᠠᠩᠭᠤᠢ

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ《ᠬᠥᠲᠥᠯᠪᠦᠷᠢ》ᠮᠥᠨ᠃ ᠮᠠᠨ᠎ᠤ ᠣᠷᠣᠨ ᠡᠨᠡ ᠬᠦ᠌ ᠭᠤᠤᠯ ᠱᠢᠵᠢᠮ᠎ᠢ ᠪᠠᠲᠤ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠤᠬᠠᠭᠤᠯᠭ᠎ᠠ ᠬᠥᠮᠦᠵᠢᠯ᠎ᠢ ᠴᠢᠩᠭᠠᠳᠭᠠᠪᠠ᠃

2021 ᠣᠨ᠎ᠳᠤ᠂ ᠪᠥᠬᠥ᠌ ᠣᠷᠣᠨ ᠮᠠᠷᠺᠰ᠎ᠤᠨ ᠦᠵᠡᠯ᠎ᠦᠨ ᠦᠨᠳᠦᠰᠦᠲᠡᠨ᠎ᠦ ᠦᠵᠡᠯᠲᠡ ᠪᠠ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ ᠮᠢᠨᠦ᠍ ᠳᠡᠷᠭᠡᠳᠡᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ ᠵᠡᠷᠭᠡ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ 3.5 ᠲᠦᠮᠡ ᠭᠠᠷᠤᠶ ᠲᠠᠯᠠᠪᠠᠢ ᠵᠣᠬᠢᠶᠠᠨ ᠪᠠᠢᠭᠤᠯᠤᠨ ᠥᠷᠨᠢᠭᠦᠯᠪᠡ; ᠡᠯ᠎ᠡ ᠱᠠᠲᠤᠨ᠎ᠤ ᠵᠠᠭᠤᠴᠢᠯᠠᠭᠤᠷ᠎ᠲᠤ ᠲᠤᠰᠭᠠᠶ ᠪᠤᠯᠤᠩ ᠭᠠᠷᠭᠠᠵᠤ᠂ ᠨᠠᠮ᠎ᠤᠨ ᠤᠳᠤᠷᠢᠳᠤᠯᠭ᠎ᠠ ᠳᠤᠤᠷᠠᠬᠢ ᠥᠪᠥᠷ ᠮᠣᠩᠭᠣᠯ᠎ᠤᠨ ᠬᠤᠪᠢᠰᠭᠠᠯ᠂ ᠪᠥᠲᠥᠭᠡᠨ ᠪᠠᠢᠭᠤᠯᠤᠯᠲᠠ ᠪᠠ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠎ᠶ᠋ᠢ ᠤᠬᠠᠭᠤᠯᠤᠨ ᠲᠠᠢᠯᠪᠤᠷᠢᠯᠠᠪᠠ; ᠥᠪᠥᠷ ᠮᠣᠩᠭᠣᠯ᠎ᠤᠨ ᠶᠡᠬᠡ ᠰᠤᠷᠭᠠᠭᠤᠯᠢ ᠤᠯᠤᠰ᠎ᠤᠨ ᠠᠩᠬᠠᠳᠠᠭ᠍ᠴᠢ ᠪᠦᠯᠦᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠤᠨ ᠬᠦᠮᠦᠵᠢᠬᠦᠯᠬᠦ ᠰᠠᠭᠤᠷᠢᠨ᠎ᠢᠶᠠᠷ ᠰᠣᠩᠭᠣᠭ᠍ᠳᠠᠵᠤ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠰᠤᠳᠤᠯᠭᠠᠨ᠎ᠤ ᠰᠠᠭᠤᠷᠢᠨ᠎ᠢᠶᠠᠷ ᠲᠣᠭ᠍ᠲᠠᠭᠠᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠡᠷᠬᠢᠮᠪᠠᠶᠠᠷ᠎ᠤᠨ ᠦᠵᠡᠬᠦ᠌᠎ᠪᠡᠷ᠂ ᠶᠡᠬᠡ ᠳᠡᠭᠡᠳᠦ ᠰᠤᠷᠭᠠᠭᠤᠯᠢ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠢᠯᠡ ᠲᠣᠳᠣ ᠭᠤᠤᠯ ᠱᠢᠵᠢᠮ᠎ᠢ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠳᠦ ᠠᠭᠤᠰᠭᠠᠨ ᠣᠷᠣᠭᠤᠯᠵᠤ᠂ ᠬᠤᠪᠢᠰᠭᠠᠯ᠎ᠤᠨ ᠡᠬᠢ ᠪᠠᠶᠠᠯᠢᠭ᠎ᠲᠤ ᠠᠭᠤᠯᠤᠭ᠍ᠳᠠᠵᠤ ᠪᠠᠢᠭ᠎ᠠ ᠣᠶᠤᠨ ᠰᠠᠨᠠᠭᠠᠨ᠎ᠤ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ᠎ᠢ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠦᠨ ᠪᠠᠭ᠍ᠰᠢ ᠰᠤᠷᠤᠭ᠍ᠴᠢᠳ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠬᠠᠮᠲᠤ᠎ᠪᠠᠷ ᠴᠣᠭ᠍ᠴᠠᠯᠠᠨ ᠪᠠᠢᠭᠤᠯᠬᠤ ᠬᠡᠷᠡᠭ᠌ᠲᠡᠶ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠣᠯ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠬᠤ᠂ ᠤᠯᠤᠰ᠎ᠤᠨ ᠠᠮᠤᠷ ᠲᠦᠪᠱᠢᠨ ᠪᠠ ᠨᠢᠭᠡᠳᠦᠯ᠎ᠢ ᠬᠠᠮᠠᠭᠠᠯᠠᠬᠤ ᠤᠷᠳᠤ ᠬᠤᠭᠤᠴᠠᠭᠠᠨ᠎ᠤ ᠠᠷᠭ᠎ᠠ ᠪᠤᠳᠤᠯᠭ᠎ᠠ᠂ ᠦᠨᠳᠦᠰᠦ᠎ᠶ᠋ᠢ ᠪᠡᠬᠢᠵᠢᠭᠦᠯᠬᠦ᠌ ᠠᠷᠭ᠎ᠠ ᠬᠡᠮᠵᠢᠶ᠎ᠡ ᠮᠥᠨ᠃《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠪᠡᠯ᠂ ᠮᠠᠨ᠎ᠤ ᠬᠡᠦᠬᠡᠳ᠎ᠦᠨ ᠢᠷᠡᠭᠡᠳᠦᠢ᠎ᠶᠢᠨ ᠬᠥᠭ᠌ᠵᠢᠯᠲᠡ᠎ᠶ᠋ᠢᠨ ᠣᠷᠣᠨ ᠵᠠᠢ ᠨᠡᠩ ᠶᠡᠬᠡ ᠪᠣᠯᠤᠨ᠎ᠠ᠃ ᠪᠢ ᠦᠩᠭᠡᠷᠡᠭᠰᠡᠨ ᠳ᠋ᠤ ᠦᠨᠳᠦᠰᠦᠲᠡᠨ᠎ᠦ ᠦᠭᠡ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ᠂ ᠤᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠢᠳᠡᠪᠬᠢᠲᠡᠢ ᠰᠤᠷᠤᠯᠴᠠᠨ ᠬᠡᠷᠡᠭ᠌ᠯᠡᠵᠦ᠍ ᠬᠢᠴᠢᠶᠡᠯ ᠤᠷᠤᠵᠤ᠂ ᠨᠡᠢᠲᠡᠯᠢᠭ ᠬᠡᠯᠡᠨ᠎ᠦ ᠬᠢᠷᠢ ᠬᠡᠮᠵᠢᠶᠡᠨ᠎ᠦ ᠱᠢᠯᠭᠠᠯᠲᠠ᠎ᠶ᠋ᠢᠨ ᠬᠣᠶᠠᠳᠤᠭᠠᠷ ᠳᠡᠰ᠎ᠤᠨ ᠬᠦᠬᠡ ᠲᠡᠰ᠎ᠤᠨ ᠦᠨᠡᠮᠯᠡᠯ᠎ᠢ ᠤᠯᠬᠤ᠎ᠪᠠᠷ ᠴᠢᠷᠮᠠᠢᠵᠤ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠤᠯᠠᠭᠠᠨᠬᠣᠲᠠ᠎ᠶ᠋ᠢᠨ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ᠎ᠶ᠋ᠢᠨ ᠪᠠᠭ᠍ᠰᠢ ᠵᠠᠩ ᠰᠡᠴᠡᠨ ᠥᠪᠡᠷ᠎ᠦᠨ ᠣᠯᠤᠯᠲᠠ ᠪᠠ ᠬᠠᠷᠠᠯᠲᠠ᠎ᠪᠠᠨ ᠬᠤᠪᠢᠶᠠᠯᠴᠠᠪᠠ᠃

《ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠤᠨ ᠰᠤᠷᠭᠠᠭᠤᠯᠢ ᠬᠣᠯᠢᠯᠳᠤᠬᠤ᠂ ᠠᠩᠭᠢ ᠬᠣᠯᠢᠯᠳᠤᠬᠤ᠂  ᠪᠠᠢᠷᠢ ᠬᠣᠯᠢᠯᠳᠤᠬᠤ᠎ᠵᠢ ᠪᠥᠬᠥ᠌ ᠲᠠᠯ᠎ᠠ᠎ᠪᠠᠷ ᠡᠮᠬᠢ ᠵᠢᠷᠤᠮ᠎ᠲᠠᠶ᠎ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ》᠃ ᠦᠨᠳᠦᠰᠦᠨ ᠱᠠᠳᠤᠨ᠎ᠤ ᠰᠤᠷᠭᠠᠨ ᠬᠦᠮᠦᠵᠢᠯ᠎ᠤᠨ ᠠᠵᠢᠯᠳᠠᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠤᠷᠠᠳ᠎ᠤᠨ ᠡᠮᠦᠨᠡᠲᠦ ᠬᠣᠱᠢᠭᠤᠨ᠎ᠤ ᠵᠢᠷᠭᠤᠳᠤᠭᠠᠷ ᠳᠤᠮᠳᠠᠳᠤ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠵᠠᠩ ᠯᠢ ᠱᠢᠶᠠ᠂ 《ᠰᠦᠭ ᠰᠦᠨᠡᠰᠦ᠎ᠶ᠋ᠢ ᠱᠤᠭᠤᠵᠤ ᠬᠥᠮᠦᠨ᠎ᠢ ᠬᠥᠮᠦᠵᠢᠭᠦᠯᠬᠦ᠌ ᠦᠨᠳᠦᠰᠦ᠎ᠶ᠋ᠢ ᠪᠡᠬᠢᠵᠢᠭᠦᠯᠬᠦ᠌ ᠢᠨᠵᠧᠨᠧᠷᠢᠩ》ᠵᠡᠷᠭᠡ ᠱᠢᠷᠢᠰ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠢ ᠨᠢᠭᠡ ᠴᠤᠬ᠍ᠴᠠᠵᠢᠭᠤᠯᠬᠤ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠨᠠᠮ᠎ᠤᠨ ᠲᠡᠦᠬᠡ᠎ᠶ᠋ᠢᠨ ᠮᠡᠳᠡᠯᠭᠡ᠎ᠶ᠋ᠢ ᠵᠢᠭᠠᠨ ᠰᠤᠷᠭᠠᠯᠲᠠ᠎ᠶ᠋ᠢᠨ ᠠᠭᠤᠯᠭ᠎ᠠ᠎ᠳᠤ ᠣᠷᠣᠭᠤᠯᠵᠤ᠂ ᠳᠤᠮᠳᠠᠳᠤ ᠤᠯᠤᠰ᠎ᠢᠶᠠᠨ ᠬᠠᠢᠷᠠᠯᠠᠬᠤ ᠦᠵᠡᠯ᠎ᠢ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠭᠦᠨ ᠦᠨᠳᠦᠰᠦᠯᠡᠭᠦᠯᠬᠦ᠌ ᠬᠡᠷᠡᠭ᠌ᠲᠡᠢ ᠭᠡᠵᠦ᠍ ᠰᠠᠨᠠᠭᠤᠯᠪᠠ᠃

ᠵᠠᠭᠤᠴᠢᠯᠠᠭᠤᠷ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠯᠢᠦ ᠴᠢᠨ᠂ 《ᠲᠡᠮᠳᠡᠭ᠌ᠯᠡᠭ᠌ᠴᠢ》 ᠪᠣᠯᠤᠨ 《ᠲᠠᠮᠵᠢᠭᠤᠯᠤᠬᠴᠢ》ᠵᠢᠨ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭ᠍ᠲᠠ ᠦᠢᠯᠡᠳᠦᠯᠭᠡᠵᠢᠭᠦᠯᠵᠦ᠍᠂ ᠨᠠᠮ᠎ᠤᠨ ᠦᠨᠳᠦᠰᠦᠲᠡᠨ᠎ᠦ ᠤᠨᠤᠯ ᠪᠣᠯᠤᠨ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠵᠤ᠂  ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠲᠠᠮᠵᠢᠭᠤᠯᠵᠤ᠂ ᠤᠯᠤᠰ᠎ᠢᠶᠠᠨ ᠬᠠᠢᠷᠠᠯᠠᠬᠤ ᠦᠵᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠬᠡᠷᠡᠭ᠌ᠲᠡᠢ ᠭᠡᠵᠠᠢ᠃

ᠦᠨᠳᠦᠰᠦᠲᠡᠨ᠎ᠦ ᠪᠦᠯᠬᠦᠮᠳᠡᠯ᠎ᠦᠨ ᠢᠵᠢᠯ ᠲᠥᠪᠲᠦ ᠲᠣᠭᠣᠷᠢᠭ᠎ᠢ ᠰᠠᠢᠲᠤᠷ ᠵᠢᠷᠤᠭ᠍ᠯᠠᠨ᠎ᠠ

ᠡᠬᠡ ᠤᠯᠤᠰ ᠎ᠤᠨ ᠤᠮᠠᠷᠠᠲᠤ ᠬᠢᠯᠢ ᠎ᠶ᠋ᠢᠨ 4200 ᠭᠠᠷᠤᠢ ᠺᠢᠯᠤᠮᠸᠲᠷ᠎ᠤᠨ ᠬᠢᠯᠢ᠎ᠶ᠋ᠢᠨ ᠱᠤᠭᠤᠮ ᠳᠡᠭᠡᠷ᠎ᠡ ᠥᠪᠥᠷ ᠮᠣᠩᠭᠣᠯ ᠎ᠤᠨ 20 ᠬᠢᠯᠢ ᠎ᠶ᠋ᠢᠨ ᠬᠣᠱᠢᠭᠤ(ᠬᠤᠳᠠ᠂ ᠲᠤᠭᠤᠷᠢᠭ) ᠪᠠᠢᠷᠢᠯᠠᠵᠤ᠂ ᠬᠢᠯᠢ ᠎ᠶ᠋ᠢᠨ ᠱᠤᠭᠤᠮ ᠎ᠤᠨ ᠦᠨᠳᠦᠰᠦᠲᠡᠨ᠎ᠨᠦᠭᠦᠳ ᠎ᠦᠨ ᠤᠯᠠᠨ ᠲᠦᠮᠡᠨ ᠎ᠦ ᠬᠦᠷᠲᠡᠮᠵᠢ ᠎ᠶ᠋ᠢᠨ ᠲᠦᠷᠦᠭ᠌ᠳᠡᠯ᠂ ᠵᠣᠯ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠳᠡᠭᠡᠭ᠌ᠰᠢᠯᠡᠭᠦᠯᠬᠦ᠌ ᠪᠣᠯ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ ᠴᠢᠬᠤᠯᠠ ᠨᠢᠭᠡ ᠭᠣᠭ᠍ᠴᠣᠭ᠎ᠠ ᠪᠣᠯᠤᠨ᠎ᠠ᠃

ᠬᠢᠯᠢ ᠬᠢᠵᠠᠭᠠᠷ ᠣᠷᠣᠨ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ ᠡᠬᠢᠯᠡᠭ᠌ᠰᠡᠨ ᠎ᠡᠴᠡ ᠨᠠᠭᠠᠰᠢ᠂ ᠮᠠᠨ ᠎ᠤ ᠣᠷᠣᠨ ᠨᠢᠭᠡ ᠪᠦᠯᠦᠭ ᠵᠠᠮ᠂ ᠴᠠᠬᠢᠯᠭᠠᠨ᠂ ᠤᠰᠤ᠂ ᠴᠢᠮᠡᠭᠡ ᠬᠣᠯᠪᠣᠭ᠎ᠠ ᠵᠡᠷᠭᠡ ᠎ᠪᠡᠷ ᠭᠣᠣᠯ ᠪᠣᠯᠭᠠᠭ᠍ᠰᠠᠨ ᠰᠠᠭᠤᠷᠢ ᠲᠥᠬᠥᠭᠡᠷᠦᠮᠵᠢ ᠎ᠶ᠋ᠢᠨ ᠪᠦᠲᠦᠭᠡᠨ ᠪᠠᠢᠭᠤᠯᠤᠯᠲᠠ ᠎ᠶ᠋ᠢᠨ ᠲᠥᠷᠥᠯ ᠵᠦᠢᠯ ᠎ᠢ ᠬᠡᠷᠡᠭ᠌ᠵᠢᠭᠦᠯᠵᠦ᠍᠂ ᠨᠢᠭᠡ ᠪᠦᠯᠦᠭ ᠶᠠᠳᠠᠭᠤ ᠎ᠠᠴᠠ ᠠᠩᠭᠢᠵᠢᠷᠠᠭᠤᠯᠵᠤ ᠪᠣᠭᠣᠮᠲᠠ ᠱᠢᠪᠲᠤᠯᠬᠤ᠂ ᠨᠤᠷᠠᠬᠤ ᠠᠶᠤᠯᠲᠠᠶ ᠭᠡᠷ ᠪᠠᠢᠱᠢᠩ ᠎ᠢ ᠱᠢᠨᠡᠳᠭᠡᠨ ᠵᠠᠰᠠᠬᠤ᠂ ᠣᠷᠴᠢᠨ ᠲᠣᠭᠣᠷᠢᠨ ᠎ᠢ ᠴᠡᠭ᠌ᠴᠡᠯᠡᠨ ᠵᠠᠰᠠᠬᠤ ᠵᠡᠷᠭᠡ ᠎ᠪᠡᠷ ᠭᠣᠣᠯ ᠪᠣᠯᠭᠠᠭ᠍ᠰᠠᠨ ᠠᠷᠠᠳ᠎ᠤᠨ ᠠᠮᠢᠳᠤᠷᠠᠯ ᠎ᠤᠨ ᠲᠥᠷᠥᠯ ᠵᠦᠢᠯ᠂  ᠨᠢᠭᠡ ᠪᠦᠯᠦᠭ ᠰᠤᠷᠭᠠᠨ ᠬᠥᠮᠦᠵᠢᠯ᠂ ᠰᠣᠶᠣᠯ᠂ ᠡᠷᠡᠭᠦᠯ ᠬᠠᠮᠠᠭᠠᠯᠠᠯ ᠎ᠤᠨ ᠦᠢᠯᠡᠰ ᠵᠡᠷᠭᠡ ᠎ᠪᠡᠷ ᠭᠣᠣᠯᠳᠠᠯᠭ᠎ᠠ ᠪᠣᠯᠭᠠᠭ᠍ᠰᠠᠨ ᠨᠡᠢᠭᠡᠮ ᠎ᠦᠨ ᠦᠢᠯᠡᠰ ᠎ᠦᠨ ᠲᠦᠷᠦᠯ  ᠵᠦᠢᠯ ᠵᠢᠴᠢ ᠲᠠᠷᠢᠶᠠᠯᠠᠬᠤ ᠎ᠶ᠋ᠢ ᠵᠣᠭ᠍ᠰᠣᠭᠠᠵᠤ ᠤᠢ ᠱᠢᠭᠤᠶ ᠎ᠶ᠋ᠢ ᠰᠡᠷᠭᠦᠭᠡᠬᠦ᠂ ᠡᠪᠡᠰᠦ ᠪᠡᠯᠴᠢᠭᠡᠷ ᠎ᠢ ᠰᠡᠷᠭᠦᠭᠡᠬᠦ᠌ ᠵᠡᠷᠭᠡ ᠎ᠪᠡᠷ ᠭᠣᠣᠯᠳᠠᠯᠭ᠎ᠠ ᠪᠣᠯᠭᠠᠭ᠍ᠰᠠᠨ ᠨᠢᠭᠡ ᠪᠦᠯᠦᠭ ᠠᠮᠢ ᠠᠬᠤᠶ ᠎ᠶ᠋ᠢᠨ ᠪᠦᠳᠦᠭᠡᠨ ᠪᠠᠢᠭᠤᠯᠤᠯᠲᠠ ᠎ᠶ᠋ᠢᠨ ᠲᠦᠷᠦᠯ ᠵᠦᠢᠯ ᠎ᠢ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠎ᠤ ᠰᠠᠭᠤᠷᠢ ᠲᠥᠬᠥᠭᠡᠷᠦᠮᠵᠢ ᠪᠠ ᠤᠯᠠᠨ ᠲᠦᠮᠡᠨ ᠎ᠦ ᠦᠢᠯᠡᠳᠪᠦᠷᠢᠯᠡᠯ ᠠᠮᠢᠳᠤᠷᠠᠯ ᠎ᠤᠨ ᠨᠥᠬᠥᠴᠡᠯ ᠢᠯᠡᠳᠲᠡ ᠰᠠᠢᠵᠢᠷᠠᠵᠤ᠂ ᠬᠢᠯᠢ ᠬᠢᠵᠠᠭᠠᠷ ᠣᠷᠣᠨ ᠎ᠢ ᠬᠥᠭ᠌ᠵᠢᠭᠦᠯᠵᠦ᠍ ᠠᠷᠠᠳ ᠎ᠢ ᠪᠠᠶᠠᠵᠢᠭᠤᠯᠬᠤ ᠠᠵᠢᠯᠯᠠᠭ᠎ᠠ ᠱᠠᠳᠤᠴᠢ ᠴᠢᠨᠠᠷᠲᠠᠶ ᠦᠷ᠎ᠡ ᠪᠦᠲᠦᠮᠵᠢ ᠤᠯᠪᠠ᠃

《ᠨᠢᠳᠤᠨᠤᠨ 12.12 ᠲᠦᠮᠡᠨ ᠬᠢᠯᠢ ᠬᠢᠵᠠᠭᠠᠷ ᠎ᠤᠨ ᠮᠠᠯᠴᠢᠨ ᠡᠷᠦᠬᠡ ᠳ᠋ᠤ ᠤᠶᠤᠨᠴᠢ ᠷᠠᠳᠢᠣ᠋ ᠲᠧᠯᠸᠢᠰ ᠎ᠦᠨ ᠰᠦᠯᠵᠢᠶ᠎ᠡ ᠎ᠶ᠋ᠢ ᠨᠡᠪᠲᠡᠷᠡᠭᠦᠯᠪᠡ᠂ ᠡᠨᠡ ᠪᠣᠯ ᠮᠠᠰᠢ ᠪᠠᠶᠠᠷᠯᠠᠭᠤᠱᠢᠲᠠᠶ ᠠᠮᠵᠢᠯᠲᠠ ᠮᠥᠨ᠃ ᠡᠨᠡ ᠵᠢᠯ ᠎ᠦᠨ ᠠᠵᠢᠯ ᠎ᠤᠨ ᠡᠭᠦᠷᠭᠡ ᠎ᠳᠦ ᠮᠠᠯᠵᠢᠬᠤ ᠣᠷᠣᠨ ᠎ᠤ ᠮᠡᠳᠡᠭᠡ ᠬᠣᠯᠪᠣᠭᠠᠨ ᠎ᠤ ᠰᠠᠭᠤᠷᠢ ᠥᠷᠲᠡᠭᠡ ᠎ᠶ᠋ᠢᠨ ᠪᠥᠲᠥᠭᠡᠨ ᠪᠠᠢᠭᠤᠯᠤᠯᠲᠠ ᠎ᠶ᠋ᠢ ᠴᠢᠩᠭᠠᠳᠭᠠᠬᠤ ᠎ᠪᠠᠷ ᠳᠤᠷᠠᠳᠤᠭ᠍ᠰᠠᠨ ᠨᠢ ᠮᠠᠯᠵᠢᠬᠤ ᠣᠷᠣᠨ ᠎ᠤ ᠣᠳᠣᠬᠢᠴᠢᠯᠠᠯᠲᠠ ᠎ᠶ᠋ᠢ ᠠᠬᠢᠭᠤᠯᠬᠤ ᠎ᠳᠤ ᠶᠡᠷᠦ᠍ ᠪᠤᠰᠤ ᠎ᠶ᠋ᠢᠨ ᠠᠴᠢ ᠬᠣᠯᠪᠣᠭ᠍ᠳᠠᠯ ᠎ᠲᠠᠶ ᠶᠤᠮ》᠃ ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ ᠎ᠶ᠋ᠢᠨ ᠵᠥᠪᠯᠡᠯᠭᠡᠨ ᠎ᠦ ᠭᠡᠱᠢᠭᠦᠨ ᠤᠣ ᠱᠢᠶᠤᠤ ᠮᠸᠩ ᠬᠡᠯᠡᠬᠦ᠌᠎ᠳᠡᠭᠡᠨ᠂ ᠬᠢᠯᠢ ᠬᠢᠵᠠᠭᠠᠷ ᠣᠷᠣᠨ ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ ᠎ᠶ᠋ᠢ ᠭᠦᠨᠵᠡᠭᠡᠶ ᠠᠬᠢᠭᠤᠯᠵᠤ᠂ ᠬᠢᠯᠢ ᠬᠢᠵᠠᠭᠠᠷ ᠪᠣᠢᠳᠠ ᠪᠥᠭ᠌ᠯᠡᠭᠦᠸ᠋ ᠭᠠᠵᠠᠷ ᠣᠷᠣᠨ᠎ᠤ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠠᠲᠤᠳᠭᠠᠬᠤ ᠨᠢ ᠦᠨᠳᠦᠰᠦᠲᠡᠨ ᠎ᠦ ᠪᠦᠯᠬᠦᠮᠳᠡᠯ ᠎ᠳᠦ ᠪᠠᠲᠤ ᠪᠡᠬᠢ ᠰᠠᠭᠤᠷᠢ ᠵᠢ ᠲᠠᠯᠪᠢᠵᠤ ᠥᠭ᠌ᠬᠦ ᠪᠣᠯᠤᠨ᠎ᠠ ᠭᠡᠪᠡ᠃

ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠲᠥᠯᠥᠭᠡᠯᠡᠭ᠌ᠴᠢ᠂ ᠨᠢᠭᠡᠨ ᠬᠢᠯᠢ ᠎ᠶ᠋ᠢᠨ ᠬᠠᠮᠠᠭᠠᠯᠠᠯᠲᠠ ᠎ᠶ᠋ᠢᠨ ᠴᠡᠷᠢᠭ ᠠᠩᠭᠢ ᠎ᠶ᠋ᠢᠨ ᠤᠯᠤᠰ ᠲᠥᠷᠥ ᠎ᠶ᠋ᠢᠨ ᠭᠡᠱᠢᠭᠦᠨ ᠼᠦᠢ ᠵᠧᠨ᠄《ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ ᠡᠭᠦᠳᠦᠨ ᠪᠠᠢᠭᠤᠯᠬᠤ ᠠᠵᠢᠯ ᠎ᠤᠨ ᠬᠦᠴᠦᠯᠡᠬᠦ᠌ ᠴᠡᠭ ᠎ᠢ ᠣᠯᠠᠨ ᠲᠦᠮᠡᠨ ᠎ᠦ ᠬᠤᠪᠢ ᠪᠡᠶ᠎ᠡ ᠎ᠶ᠋ᠢᠨ ᠠᠱᠢᠭ ᠲᠤᠰᠠ ᠎ᠶ᠋ᠢᠨ ᠠᠰᠠᠭᠤᠳᠠᠯ ᠎ᠢ ᠱᠢᠶ᠋ᠳᠪᠦᠷᠢᠯᠡᠬᠦ᠌ ᠳᠡᠭᠡᠷ᠎ᠡ ᠲᠠᠯᠪᠢᠵᠤ᠂ ᠡᠭᠦᠳᠦᠨ ᠪᠠᠢᠭᠤᠯᠬᠤ ᠠᠵᠢᠯ ᠎ᠤᠨ ᠣᠯᠠᠨ ᠲᠦᠮᠡᠨ ᠎ᠦ ᠰᠠᠭᠤᠷᠢ ᠪᠠ ᠪᠣᠳᠠᠰ ᠎ᠤᠨ ᠰᠠᠭᠤᠷᠢ ᠎ᠶ᠋ᠢ ᠪᠠᠲᠤ ᠴᠣᠭ᠍ᠴᠠᠯᠠᠬᠤ ᠬᠡᠷᠡᠭ᠌ᠲᠡᠶ》 ᠭᠡᠪᠠ᠃

ᠤᠯᠠᠨ ᠦᠨᠳᠦᠰᠦᠲᠡᠨ ᠲᠥᠪᠯᠡᠷᠡᠨ ᠰᠠᠭᠤᠷᠢᠱᠢᠭ᠍ᠰᠠᠨ ᠥᠪᠥᠷ ᠮᠣᠩᠭᠣᠯ᠎ᠳᠤ᠂ ᠦᠨᠳᠦᠰᠦᠲᠡᠨ ᠎ᠦ ᠪᠦᠯᠬᠦᠮᠳᠡᠯ ᠨᠢ ᠨᠡᠷᠡᠨ᠎ᠦ ᠭᠡᠷᠡᠯ ᠪᠣᠯᠤᠨ ᠠᠭᠠᠷ ᠎ᠲᠠᠶ ᠠᠳᠠᠯᠢ ᠎ᠪᠠᠷ᠂ ᠰᠡᠳᠭᠢᠯ ᠎ᠳᠦ ᠱᠢᠩᠭᠡᠵᠦ᠍᠂ ᠦᠢᠯᠡ ᠠᠵᠢᠯᠯᠠᠭ᠎ᠠ ᠎ᠳᠤ ᠱᠢᠩᠭᠡᠵᠦ᠍᠂ ᠦᠨᠳᠦᠰᠦᠲᠡᠨ᠎ᠨᠦᠭᠦᠳ᠎ᠦᠨ ᠴᠢᠰᠤᠨ ᠰᠤᠳᠠᠰᠤᠨ ᠎ᠳᠤ ᠭᠦᠨ ᠠᠭᠤᠰᠴᠤ᠌᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠬᠤ᠂ ᠠᠭᠤᠤ ᠶᠡᠬᠡ ᠳᠤᠮᠳᠠᠳᠤ ᠎ᠶ᠋ᠢᠨ ᠵᠡᠭᠦᠳᠦ᠍ ᠎ᠪᠡᠨ ᠬᠠᠮᠲᠤ ᠪᠠᠷ ᠲᠡᠷᠭᠡᠯᠱᠢᠭᠦᠯᠬᠦ᠌ ᠬᠠᠮᠲᠤᠷᠠᠯ ᠎ᠤᠨ ᠬᠦᠴᠦᠨ ᠎ᠢ ᠨᠢᠭ᠍ᠲᠠᠷᠠᠭᠤᠯᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠵᠠᠮ᠎ᠳᠤ᠂ ᠦᠨᠳᠦᠰᠦᠲᠡᠨ᠎ᠨᠦᠭᠦᠳ ᠎ᠦᠨ ᠬᠠᠮᠲᠤ ᠎ᠶ᠋ᠢᠨ ᠬᠥᠭ᠌ᠵᠢᠯ ᠴᠡᠴᠡᠭ᠌ᠯᠡᠯ ᠎ᠢ ᠨᠡᠩ ᠰᠠᠢᠲᠤᠷ ᠠᠬᠢᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号