ᠱᠢᠨ᠎ᠡ ᠡᠭᠦᠷᠭᠡ ᠬᠠᠷᠢᠭᠤᠴᠠᠯᠭ᠎ᠠ᠎ᠶ᠋ᠢ ᠵᠤᠷᠢᠬᠳᠠᠢ ᠡᠭᠦᠷᠭᠡᠯᠡᠵᠦ᠍ ᠱᠢᠨ᠎ᠡ ᠠᠶᠠᠨ ᠎ᠳᠠᠭᠠᠨ ᠡᠷᠡᠮᠡᠬᠡᠢᠯᠡᠨ ᠤᠷᠤᠭ᠍ᠰᠢᠯᠠᠶ᠎ᠠ — ᠥᠪᠡᠷᠲᠡᠭᠡᠨ ᠵᠠᠰᠠᠬᠤ ᠣᠷᠣᠨ ᠤ᠋ ᠠᠷᠪᠠᠨ ᠭᠤᠷᠪᠠᠳᠤᠭᠠᠷ ᠬᠤᠭᠤᠴᠠᠭᠠᠨ᠎ᠦ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠬᠢᠯᠡᠰ ᠬᠤᠷᠤᠮ
2022-01-25 09:06:31
ᠵᠣᠬᠢᠶᠠᠭ᠍ᠴᠢ᠄
ᠯᠢ ᠬᠠᠨ ᠶᠤᠸᠠᠨ ᠶᠦᠩ ᠬᠣᠩ ᠬᠠᠨ ᠴᠢᠩ ᠯᠢ ᠶ᠋ᠢᠨ ᠴᠢᠤᠸᠠᠨ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 24᠎ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ ᠡᠯ᠎ᠡ ᠵᠥᠪᠯᠡᠬᠦ᠌ ᠵᠦᠶ᠋ᠯ᠎ᠢᠶᠡᠨ ᠠᠮᠵᠢᠯᠲᠠ᠎ᠲᠠᠶ ᠲᠠᠭᠤᠰᠬᠠᠵᠤ᠂ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠠᠮᠵᠢᠯᠳᠠ ᠲᠠᠢ ᠲᠡᠭᠦᠰᠪᠡ᠃ ᠲᠣᠰ ᠤᠳᠠᠭᠠᠨ᠎ᠤ ᠬᠤᠷᠠᠯ᠎ᠠᠴᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠣᠷᠢᠶ᠎ᠠ ᠎ᠶ᠋ᠢᠨ ᠠᠵᠢᠯ ᠎ᠤᠨ ᠮᠡᠳᠡᠬᠦᠯᠦᠯᠳᠡ ᠪᠣᠯᠤᠨ ᠪᠤᠰᠤᠳ ᠡᠯ᠎ᠡ ᠵᠦᠶ᠋ᠯ᠎ᠦᠨ ᠠᠵᠢᠯ᠎ᠤᠨ ᠮᠡᠳᠡᠬᠦᠯᠦᠯᠳᠡ ᠵᠢ ᠵᠥᠪᠱᠢᠶᠡᠷᠡᠵᠦ᠍᠂ 《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ᠌ ᠲᠦᠷᠢᠮ》 ᠢ᠋ ᠵᠠᠰᠠᠪᠤᠷᠢ ᠤᠷᠤᠭᠤᠯᠵᠦ ᠪᠠᠲᠤᠯᠠᠵᠤ᠂ ᠰᠤᠩᠭᠤᠭᠤᠯᠢ ᠪᠡᠷ ᠬᠠᠮᠢᠶ᠎ᠠ ᠪᠥᠬᠥᠶ ᠠᠵᠢᠯᠲᠠᠨ ᠎ᠤ ᠶᠠᠪᠤᠳᠠᠯ ᠎ᠤᠨ ᠵᠦᠶ᠋ᠯᠡᠰ᠎ᠢ ᠪᠠᠲᠤᠯᠠᠪᠠ᠃ ᠬᠤᠷᠠᠯ᠎ᠤᠨ ᠬᠤᠭᠤᠴᠠᠭᠠᠨ᠎ᠳᠤ᠂ ᠪᠦᠬᠦ᠌ ᠠᠷᠠᠳ᠎ᠤᠨ ᠲᠥᠯᠥᠭᠡᠯᠡᠭ᠌ᠴᠢ ᠤᠯᠤᠰ ᠲᠦᠷᠦ᠍᠎ᠶ᠋ᠢ ᠡᠷᠬᠢᠮᠯᠡᠵᠦ᠍᠂ ᠶᠡᠬᠡ ᠲᠠᠯ᠎ᠠ᠎ᠶ᠋ᠢ ᠬᠠᠷᠠᠭᠠᠯᠵᠠᠵᠤ᠂ ᠰᠠᠬᠢᠯᠭ᠎ᠠ ᠪᠠᠲᠤ ᠎ᠶ᠋ᠢ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠰᠠᠨᠠᠭᠠᠴᠢᠯᠠᠭ᠎ᠠ᠎ᠠᠴᠠ ᠎ᠪᠠᠨ ᠰᠠᠨᠠᠯ ᠵᠥᠪᠯᠡᠯᠭᠡ ᠳᠤᠷᠠᠳᠤᠨ ᠬᠠᠤᠯᠢ ᠶᠣᠰᠣᠭᠠᠷ ᠡᠷᠬᠡ ᠎ᠪᠡᠨ ᠬᠡᠷᠡᠭ᠌ᠵᠢᠭᠦᠯᠵᠦ᠍᠂ ᠴᠢᠩᠭ᠎ᠠ ᠬᠦᠴᠦᠲᠡᠢ ᠤᠯᠤᠰ ᠲᠦᠷᠦ᠍᠎ᠶ᠋ᠢᠨ ᠤᠬᠠᠮᠰᠠᠷ ᠪᠠ ᠡᠭᠦᠷᠭᠡ ᠬᠠᠷᠢᠭᠤᠴᠠᠯᠭ᠎ᠠ᠎ᠶ᠋ᠢ ᠢᠯᠡᠷᠡᠭᠦᠯᠵᠦ᠍᠂ ᠠᠷᠠᠳ᠎ᠤᠨ ᠲᠥᠯᠥᠭᠡ ᠵᠢᠳᠬᠦᠬᠦ᠌ ᠭᠦᠨ ᠵᠤᠵᠠᠭᠠᠨ ᠰᠡᠳᠭᠢᠯᠭᠡ ᠪᠠ ᠡᠷᠡᠮᠡᠬᠡᠢᠯᠡᠨ ᠤᠷᠤᠭ᠍ᠰᠢᠯᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃ ᠲᠤᠰ ᠤᠳᠠᠭ᠎ᠠ᠎ᠶ᠋ᠢᠨ ᠶᠡᠬᠡ ᠬᠤᠷᠠᠯ ᠎ᠠᠴᠠ ᠲᠣᠭ᠍ᠲᠠᠭᠠᠭ᠍ᠰᠠᠨ ᠬᠠᠷᠠᠯᠲᠠ ᠡᠭᠦᠷᠭᠡ ᠨᠢ ᠪᠦᠬᠦ᠌ ᠲᠥᠯᠥᠭᠡᠯᠡᠭ᠌ᠴᠢᠳ᠎ᠦᠨ ᠤᠶᠤᠨ ᠤᠬᠠᠭᠠᠨ ᠬᠦᠴᠦ᠍ ᠬᠥᠳᠡᠯᠮᠦᠷᠢ᠎ᠶ᠋ᠢ ᠱᠢᠩᠭᠡᠭᠡᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ ᠎ᠶ᠋ᠢᠨ ᠰᠠᠢ᠌ᠨ ᠰᠠᠢᠬᠠᠨ ᠬᠦᠰᠡᠯ ᠡᠷᠡᠮᠡᠯᠵᠡᠯ ᠎ᠢ ᠠᠴᠢᠶᠠᠯᠠᠵᠤ ᠪᠤᠢ᠃

 

QQ图片20220125090441.png


ᠶᠡᠬᠡ ᠬᠤᠷᠠᠯ᠎ᠤᠨ ᠠᠬᠤᠢ ᠲᠠᠯᠠᠪᠠᠢ


QQ图片20220125090450.png


ᠳᠠᠷᠤᠪᠴᠢ᠎ᠵᠢ ᠲᠠᠷᠤᠵᠤ ᠪᠠᠲᠤᠯᠠᠨ᠎ᠠ


QQ图片20220125090517.png


ᠪᠢᠯᠧᠲ ᠥᠭ᠌ᠴᠦ ᠰᠣᠩᠭᠣᠨ᠎ᠠ


QQ图片20220125090455.png


ᠰᠠᠨᠠᠯ ᠵᠢᠡᠨ ᠰᠤᠯᠢᠯᠴᠠᠨ᠎ᠠ


QQ图片20220125090524.png


ᠤᠯᠤᠰ᠎ᠤᠨ ᠰᠦᠯᠳᠡ ᠳᠠᠭᠤᠤ᠎ᠪᠡᠨ ᠳᠠᠭᠤᠯᠠᠨ᠎ᠠ


QQ图片20220125090529.png


ᠰᠠᠨᠠᠯ ᠰᠠᠨᠠᠭᠤᠯᠭ᠎ᠠ ᠪᠠᠨ ᠢᠳᠡᠪᠬᠢᠲᠡᠢ ᠳᠡᠪᠰᠢᠭᠦᠯᠦᠨ᠎ᠡ


QQ图片20220125090502.png


ᠢᠯᠡᠳᠭᠡᠯ᠎ᠢ ᠬᠢᠨᠠᠮᠠᠭᠠᠢ ᠰᠤᠨᠤᠰᠤᠨ᠎ᠠ


QQ图片20220125090535.png


ᠵᠠᠭᠤᠴᠢᠯᠠᠭᠤᠷ᠎ᠤᠨ ᠬᠢᠨ ᠬᠣᠶᠠᠷ ᠬᠤᠷᠠᠯ᠎ᠤᠨ ᠲᠥᠯᠥᠭᠡᠯᠡᠭ᠌ᠴᠢᠳ᠎ᠲᠦ ᠠᠩᠬᠠᠷᠤᠯ᠎ᠢᠶᠠᠨ ᠬᠠᠨᠳᠤᠭᠤᠯᠤᠨ᠎ᠠ


QQ图片20220125090509.png


ᠳᠤᠭᠤᠢᠯᠠᠩ ᠬᠤᠪᠢᠶᠠᠵᠤ ᠶᠠᠷᠢᠯᠴᠠᠨ᠎ᠠ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号