《ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠵᠢ ᠤᠷᠭᠢᠯ ᠬᠡᠮᠵᠢᠭᠳᠡᠯ ᠳ᠋ᠤ ᠬᠦᠷᠬᠡᠵᠤ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠬᠠᠷᠠᠯᠲᠠ
ᠶ᠋ᠢ ᠪᠡᠶᠡᠯᠡᠭᠦᠯᠬᠦ ᠳ᠋ᠦ ᠡᠷᠬᠡᠪᠰᠢ ᠦᠵᠦ᠍ᠲᠥᠯᠥᠪᠯᠡᠭᠡᠪᠣᠯᠤᠨ ᠪᠠᠢᠯᠳᠤᠬᠤ ᠪᠤᠳᠤᠯᠭ᠎ᠠ ᠵᠢᠨ ᠲᠥᠯᠥᠪᠵᠢᠭᠦᠯᠭᠡ
ᠶ᠋ᠢ ᠴᠢᠩᠭᠠᠳᠭᠠᠵᠤ᠂ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭ᠌ᠴᠢᠲᠤ ᠬᠥᠭ᠌ᠵᠢᠯᠲᠡ ᠵᠢᠨ ᠪᠠᠢᠭᠤᠯᠤᠮᠵᠢ
ᠲᠣᠭ᠍ᠲᠠᠴᠠ ᠶ᠋ᠢ ᠪᠠᠢᠭᠤᠯᠤᠨ᠂ ᠳᠤᠮᠳᠠ ᠤᠷᠳᠤ ᠬᠤᠭᠤᠴᠠᠭᠠᠨ ᠤ᠋ ᠴᠢᠨᠠᠷ ᠰᠠᠢᠲᠠᠢ ᠬᠥᠭ᠌ᠵᠢᠯᠲᠡ ᠵᠢᠨ ᠠᠷᠭ᠎ᠠ
ᠪᠤᠳᠤᠯᠭ᠎ᠠ ᠶ᠋ᠢ ᠲᠣᠭ᠍ᠲᠠᠭᠠᠬᠤ ᠴᠢᠬᠤᠯᠠᠳᠠᠢ᠃ ᠠᠮᠢ ᠠᠬᠤᠢ ᠵᠢᠨ ᠬᠠᠯᠬᠠᠪᠴᠢ ᠪᠣᠯᠤᠨ ᠡᠨᠧᠷᠭᠢ ᠵᠢᠨ ᠰᠠᠭᠤᠷᠢᠨ
ᠤ᠋ ᠴᠢᠳᠠᠮᠵᠢ ᠵᠢᠨ ᠪᠠᠢᠷᠢ ᠲᠣᠭ᠍ᠲᠠᠭᠠᠯᠲᠠ ᠲᠠᠶ ᠤᠶᠠᠯᠳᠤᠭᠤᠯᠤᠨ᠂ ᠡᠯᠡᠰᠦᠷᠬᠡᠭ ᠣᠷᠣᠨ ᠤ᠋ ᠴᠡᠪᠡᠷ ᠡᠨᠧᠷᠭᠢ
ᠬᠢᠬᠡᠳ ᠠᠮᠢ ᠠᠬᠤᠢ ᠵᠢᠨ ᠠᠵᠤ ᠦᠢᠯᠡᠰ ᠤ᠋ᠨ ᠠᠭᠤᠰᠤᠯᠴᠠᠨ ᠬᠥᠭ᠌ᠵᠢᠬᠦ ᠶ᠋ᠢ ᠠᠬᠢᠭᠤᠯᠵᠤ᠂ ᠮᠠᠨ ᠤ᠋ ᠣᠷᠣᠨ ᠤ᠋
ᠪᠠᠢᠭᠠᠯᠢ ᠵᠢᠨ ᠡᠬᠢ ᠪᠠᠶᠠᠯᠢᠭ ᠤ᠋ᠨ ᠳᠠᠪᠠᠭᠤᠯᠢᠭ ᠢ᠋ ᠤᠨᠴᠠᠯᠢᠬ᠍ᠳᠤ ᠠᠵᠤ ᠦᠢᠯᠡᠰ ᠤ᠋ᠨ ᠳᠠᠪᠠᠭᠤᠯᠢᠭ ᠪᠣᠯᠭᠠᠨ
ᠬᠤᠪᠢᠷᠠᠭᠤᠯᠬᠤ ᠴᠢᠬᠤᠯᠠᠳᠠᠢ》 ᠭᠡᠵᠤ ᠥᠪᠡᠷᠲᠡᠭᠡᠨ ᠵᠠᠰᠠᠬᠤ ᠣᠷᠣᠨ ᠤ᠋
ᠠᠷᠠᠳ ᠤ᠋ᠨ ᠲᠦᠯᠦᠭᠡᠯᠡᠭᠴᠢᠳᠤᠨ ᠶᠡᠬᠡ ᠬᠤᠷᠠᠯᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌
ᠤᠬᠠᠭᠠᠨ ᠲᠧᠭ᠌ᠨᠢᠭ ᠮᠡᠷᠭᠡᠵᠢᠯ ᠤ᠋ᠨ ᠨᠡᠢᠭᠡᠮᠯᠢᠭ ᠤ᠋ᠨ ᠲᠡᠷᠢᠭᠦᠯᠡᠭ᠌ᠴᠢ ᠵᠣᠣ ᠵᠢᠶ ᠥᠪᠡᠷᠲᠡᠭᠡᠨ ᠵᠠᠰᠠᠬᠤ
ᠣᠷᠣᠨ ᠤ᠋ ᠬᠣᠶᠠᠷ ᠬᠤᠷᠠᠯ ᠳᠡᠭᠡᠷ᠎ᠡ ᠡᠢᠨ ᠬᠦ᠌ ᠰᠠᠨᠠᠭᠤᠯᠭ᠎ᠠ ᠲᠤᠷᠠᠳᠴᠠᠢ᠃

ᠵᠤᠤ ᠵᠶ᠋ᠢ᠂ ᠡᠯᠡᠰᠦᠷᠬᠡᠭ ᠣᠷᠣᠨ ᠤ᠋ ᠴᠡᠪᠡᠷ ᠡᠨᠧᠷᠭᠢ ᠬᠢᠬᠡᠳ ᠠᠮᠢ ᠠᠬᠤᠢ
ᠵᠢᠨ ᠠᠵᠤ ᠦᠢᠯᠡᠰ ᠤ᠋ᠨ ᠳᠡᠭᠡᠳᠦ ᠱᠢᠨ᠎ᠡ ᠮᠡᠷᠭᠡᠵᠢᠯ ᠤ᠋ᠨ ᠬᠦᠷᠢᠶᠡᠯᠡᠩ ᠲᠣᠭᠣᠷᠢᠭ ᠢ᠋ ᠪᠠᠢᠭᠤᠯᠪᠠᠯ ᠵᠣᠬᠢᠨ᠎ᠠ
ᠬᠡᠮᠡᠨ ᠰᠠᠨᠠᠭᠠᠴᠢᠯᠠᠪᠠ ᠃ ᠡᠯᠡᠰᠦᠨ ᠴᠥᠯ᠂ ᠭᠣᠪᠢ ᠨᠤᠲᠤᠭ ᠲᠦ᠍ ᠰᠠᠯᠬᠢᠨ ᠡᠨᠧᠷᠭᠢ᠂ ᠬᠡᠷᠡᠯᠴᠢ ᠴᠡᠨᠡᠭ ᠤ᠋ᠨ
ᠠᠵᠤ ᠦᠶ᠋ᠯᠡᠰ ᠢ᠋ ᠶᠡᠬᠡ ᠪᠡᠷ ᠬᠥᠭ᠌ᠵᠢᠭᠦᠯᠵᠦ᠍᠂ ᠴᠠᠬᠢᠯᠭᠠᠨ ᠢ᠋ ᠭᠠᠳᠠᠭ᠍ᠰᠢ ᠬᠦᠷᠭᠡᠬᠦ᠌ ᠣᠨᠴᠠ ᠥᠨᠳᠥᠷ ᠬᠦᠴᠦᠳᠡᠯᠲᠦ
ᠣᠶᠤᠨᠴᠢ ᠲᠤᠤᠷ ᠢ᠋ ᠢᠵᠢ ᠪᠦᠷᠢᠳᠦᠭᠦᠯᠦᠨ ᠪᠥᠲᠥᠭᠡᠨ ᠪᠠᠢᠭᠤᠯᠵᠤ᠂ 《ᠨᠠᠷᠠ ᠰᠠᠯᠬᠢ》 ᠵᠢ ᠠᠵᠤ ᠠᠬᠤᠶ ᠵᠢᠨ ᠬᠥᠳᠡᠯᠭᠡᠭᠦ ᠡᠨᠧᠷᠭᠢ ᠪᠣᠯᠭᠠᠨ ᠬᠤᠪᠢᠷᠠᠭᠤᠯᠵᠤ᠂ ᠥᠪᠥᠷ ᠮᠣᠩᠭᠣᠯ
ᠢ᠋ ᠴᠢᠯᠠᠭᠤᠵᠢᠮᠠᠯ ᠤ᠋ᠨ ᠡᠨᠧᠷᠭᠢ ᠵᠢᠨ ᠲᠣᠮᠣ ᠣᠷᠣᠨ ᠡᠴᠡ ᠴᠡᠪᠡᠷ ᠡᠨᠧᠷᠭᠢ ᠵᠢᠨ ᠲᠣᠮᠣ ᠣᠷᠣᠨ ᠪᠣᠯᠭᠠᠨ ᠬᠤᠪᠢᠷᠠᠭᠤᠯᠬᠤ
ᠶ᠋ᠢ ᠠᠬᠢᠭᠤᠯᠤᠨ᠂ ᠤᠯᠤᠰ ᠤ᠋ᠨ ᠳᠠᠬᠢᠯᠳᠡ ᠡᠨᠧᠷᠭᠢ ᠵᠢᠨ ᠲᠣᠮᠣ ᠰᠠᠭᠤᠷᠢᠨ ᠪᠠ ᠣᠲᠣ ᠦᠶ᠎ᠡ ᠵᠢᠨ ᠡᠨᠧᠷᠭᠢ ᠵᠢᠨ
ᠠᠵᠤ ᠠᠬᠤᠶ ᠵᠢᠨ ᠵᠢᠱ᠌ᠢᠶ᠎ᠡ ᠦᠵᠡᠭᠦᠯᠬᠦ᠌ ᠣᠷᠣᠨ ᠢ᠋ ᠪᠥᠲᠥᠭᠡᠨ ᠪᠠᠢᠭᠤᠯᠤᠨ᠎ᠠ᠃ ᠬᠠᠲᠤᠨ ᠭᠤᠤᠯ ᠳᠠᠭᠠᠤ ᠵᠢᠨ
ᠡᠯᠡᠰᠦᠷᠬᠡᠭ ᠣᠷᠣᠨ ᠳ᠋ᠤ ᠬᠡᠷᠡᠯᠴᠢ ᠴᠡᠨᠡᠭ ᠵᠢᠡᠷ ᠡᠯᠡᠰᠦ ᠶ᠋ᠢ ᠵᠠᠰᠠᠭ᠍ᠰᠠᠨ ᠠᠮᠵᠢᠯᠲᠠ ᠲᠠᠶ ᠵᠠᠭ᠍ᠪᠤᠷ ᠢ᠋
ᠳᠡᠯᠭᠡᠷᠡᠭᠦᠯᠵᠦ᠍᠂ 《ᠬᠡᠷᠡᠯᠴᠢ ᠴᠡᠨᠡᠭ ᠤ᠋ᠨ ᠠᠵᠤ ᠦᠶ᠋ᠯᠡᠰ + ᠠᠮᠢ ᠠᠬᠤᠶ
ᠵᠢᠨ ᠲᠠᠷᠢᠶᠠᠯᠠᠩ》 ᠢ᠋ ᠬᠥᠭ᠌ᠵᠢᠭᠦᠯᠬᠦ ᠪᠡᠷ ᠳᠡᠮᠵᠢᠨ ᠴᠡᠪᠡᠷ ᠡᠨᠧᠷᠭᠢ
ᠬᠢᠭᠡᠳ ᠠᠮᠢ ᠠᠬᠤᠶ ᠵᠢᠨ ᠠᠵᠤ ᠦᠶ᠋ᠯᠡᠰ ᠤ᠋ᠨ ᠠᠭᠤᠰᠤᠯᠴᠠᠨ ᠬᠥᠭ᠌ᠵᠢᠬᠦ ᠶ᠋ᠢ ᠲᠥᠪᠯᠡᠷᠡᠭᠦᠯᠵᠦ᠍ ᠡᠷᠴᠢᠮᠵᠢᠭᠦᠯᠦᠨ
ᠠᠬᠢᠭᠤᠯᠤᠨ᠎ᠠ ᠃ ᠬᠦᠷᠢᠶᠡᠯᠡᠩ ᠲᠣᠭᠣᠷᠢᠭ ᠲᠦ᠍ ᠲᠤᠷᠤᠭ ᠮᠣᠳᠣ᠂ ᠪᠣᠳᠠᠯᠢᠭ ᠮᠣᠳᠣ ᠪᠠ ᠡᠪᠡᠰᠦᠯᠢᠭ ᠤᠷᠭᠤᠮᠠᠯ
ᠲᠠᠷᠢᠵᠤ ᠰᠠᠯᠬᠢ ᠶ᠋ᠢ ᠬᠠᠯᠬᠠᠯᠠᠨ ᠡᠯᠡᠰᠦ ᠶ᠋ᠢ ᠲᠣᠭ᠍ᠲᠠᠪᠤᠷᠢᠵᠢᠭᠤᠯᠵᠤ᠂ ᠥᠨᠳᠥᠷ ᠲᠠᠯᠪᠢᠭᠤᠷᠲᠤ ᠬᠡᠷᠡᠯᠴᠢ
ᠴᠡᠨᠡᠭ ᠤ᠋ᠨ ᠬᠠᠪᠲᠠᠰᠤᠨ ᠤ᠋ ᠳᠤᠤᠷ᠎ᠠ ᠰᠦᠯ ᠰᠠᠢᠲᠠᠶ ᠡᠪᠡᠰᠦ ᠳᠠᠷᠢᠵᠤ᠂ ᠬᠠᠪᠲᠠᠰᠤᠨ ᠤ᠋ ᠬᠣᠭᠣᠷᠣᠨᠳᠣ ᠬᠡᠷ
ᠤ᠋ᠨ ᠵᠢᠭᠦᠷᠲᠡᠨ ᠲᠡᠵᠢᠭᠡᠨ᠂ 《ᠠᠮᠢ ᠠᠬᠤᠶ ᠶ᠋ᠢᠨ ᠰᠡᠷᠭᠦᠭᠡᠯᠳᠡ —
ᠥᠨᠳᠥᠷ ᠦᠷ᠎ᠡ ᠪᠦᠲᠦᠮᠵᠢᠲᠡᠶ ᠲᠠᠷᠢᠮᠠᠯ — ᠪᠣᠬᠢᠷᠲᠤᠯ ᠥᠬᠡᠶ ᠮᠠᠯ ᠠᠵᠤ ᠠᠬᠤᠶ — ᠴᠡᠪᠡᠷ
ᠡᠨᠧᠷᠭᠢ》 ᠶ᠋ᠢ ᠨᠢᠭᠡ ᠴᠣᠭ᠍ᠴᠠᠵᠢᠭᠤᠯᠤᠭ᠍ᠰᠠᠨ ᠡᠯᠡᠰᠦᠷᠬᠡᠭ ᠣᠷᠣᠨ ᠤ᠋
ᠠᠮᠢ ᠠᠬᠤᠶ ᠡᠨᠧᠷᠭᠢ ᠵᠢᠨ ᠠᠵᠤ ᠦᠶ᠋ᠯᠡᠰ ᠤ᠋ᠨ ᠬᠡᠯᠬᠢᠶ᠎ᠡ ᠶ᠋ᠢ ᠪᠦᠷᠢᠯᠳᠦᠭᠦᠯᠵᠤ᠂ ᠣᠨᠴᠠᠯᠢᠭ᠍ᠲᠤ ᠠᠵᠤ ᠦᠶ᠋ᠯᠡᠰ
ᠤ᠋ᠨ ᠥᠯᠢᠭᠡᠷ ᠬᠡᠪ ᠢ᠋ ᠪᠠᠢᠭᠤᠯᠪᠠᠯ ᠵᠤᠬᠢᠨ᠎ᠠ᠃
《ᠡᠭᠦᠨᠦ ᠬᠠᠮᠲᠤ ᠡᠯᠡᠰᠦᠨ ᠴᠦᠯ ᠡᠯᠡᠰᠦᠷᠬᠡᠭ ᠭᠠᠵᠠᠷ ᠵᠡᠷᠭᠡ ᠵᠢᠨ ᠠᠮᠢ ᠠᠬᠤᠶ ᠵᠢᠨ ᠱᠢᠰᠲ᠋ᠧᠮ
ᠤ᠋ᠨ ᠬᠠᠮᠠᠭᠠᠯᠠᠯᠲᠠ ᠶ᠋ᠢ ᠲᠠᠰᠤᠷᠠᠯᠲᠠ ᠥᠬᠡᠶ ᠴᠢᠩᠭᠠᠳᠭᠠᠵᠤ᠂ ᠡᠯᠡᠰᠦᠷᠬᠡᠭ ᠣᠷᠣᠨ ᠤ᠋ ᠠᠮᠢ ᠠᠬᠤᠶ ᠵᠢᠨ ᠱᠢᠰᠲ᠋ᠧᠮ
ᠤ᠋ᠨ ᠦᠶ᠋ᠯᠡᠴᠢᠯᠡᠭᠡᠨᠦ ᠴᠢᠳᠠᠮᠵᠢ ᠶ᠋ᠢ ᠶᠡᠬᠡ ᠪᠡᠷ ᠳᠡᠭᠡᠭ᠌ᠰᠢᠯᠡᠭᠦᠯᠬᠦ᠌ ᠬᠡᠷᠡᠭ᠌ᠲᠡᠶ᠃ ᠲᠠᠷᠢᠶᠠᠯᠠᠩ ᠤ᠋ᠨ
ᠬᠥᠭ᠌ᠵᠢᠯᠲᠡ ᠵᠢᠨ ᠵᠠᠭ᠍ᠪᠤᠷ ᠤ᠋ᠨ ᠬᠤᠪᠢᠰᠤᠯᠲᠠ ᠶ᠋ᠢ ᠱᠢᠨ᠎ᠡ ᠶ᠋ᠢ ᠡᠭᠦᠳᠦᠨ ᠠᠬᠢᠭᠤᠯᠵᠤ᠂ ᠡᠯᠡᠰᠦᠷᠬᠡᠭ ᠣᠷᠣᠨ
ᠡᠴᠡ ᠴᠠᠭᠠᠨ ᠭᠣᠶᠣᠣ᠂ ᠤᠯᠠᠭᠠᠨ ᠭᠣᠶᠣᠣ᠂ ᠦᠵᠦᠮ᠂ ᠱᠢᠬᠢᠷ ᠡᠪᠡᠰᠦ ᠵᠡᠷᠭᠡ ᠴᠢᠨᠠᠷ ᠰᠠᠢᠲᠠᠢ ᠠᠮᠢ ᠠᠬᠤᠢ ᠵᠢᠨ
ᠪᠦᠲᠦᠭᠡᠭ᠌ᠳᠡᠬᠦᠨ ᠢ᠋ ᠬᠤᠷᠢᠶᠠᠨ᠂ ᠣᠨᠴᠠᠯᠢᠭ᠍ᠲᠤ ᠠᠵᠤ ᠠᠬᠤᠢ ᠵᠢᠨ ᠣᠢ᠂ ᠬᠢᠲᠠᠳ ᠮᠣᠩᠭᠣᠯ ᠡᠮ ᠤ᠋ᠨ ᠮᠠᠲ᠋ᠧᠷᠢᠶᠠᠯ᠂
ᠠᠮᠢ ᠠᠬᠤᠢ ᠵᠢᠨ ᠵᠢᠭᠤᠯᠴᠢᠯᠠᠯ᠂ ᠰᠠᠯᠬᠢᠨ ᠬᠦᠴᠦ ᠭᠡᠷᠡᠯᠴᠢ ᠴᠡᠨᠡᠭ ᠵᠢᠡᠷ ᠴᠠᠬᠢᠯᠭᠠᠨ ᠭᠠᠷᠭᠠᠬᠤ ᠵᠡᠷᠭᠡ ᠡᠯᠡᠰᠦᠷᠬᠡᠭ
ᠣᠷᠣᠨ ᠤ᠋ ᠣᠨᠴᠠᠯᠢᠭ᠍ᠲᠤ ᠠᠵᠤ ᠦᠢᠯᠡᠰ ᠢ᠋ ᠠᠩᠬ᠎ᠠ ᠠᠯᠬᠤᠮ ᠪᠦᠷᠢᠯᠳᠦᠭᠦᠯᠦᠨ᠎ᠡ᠃ ᠡᠯᠡᠰᠦᠷᠬᠡᠭ ᠣᠷᠣᠨ ᠤ᠋ ᠠᠮᠢ
ᠠᠬᠤᠶ ᠵᠢᠨ ᠳᠠᠬᠢᠨ ᠪᠦᠲᠦᠭᠡᠨ ᠪᠠᠢᠭᠤᠯᠤᠯᠲᠠ ᠬᠢᠭᠡᠳ ᠪᠣᠬᠢᠷᠲᠤᠯ ᠦᠭᠡᠶ ᠬᠥᠭ᠌ᠵᠢᠯᠲᠡ ᠵᠢᠨ ᠲᠤᠯᠭᠠᠭᠤᠷᠢᠯᠠᠬᠤ
ᠱᠢᠰᠲᠧᠮ ᠢ᠋ ᠪᠠᠢᠭᠤᠯᠤᠨ ᠪᠦᠷᠢᠨᠱᠢᠭᠦᠯᠵᠦ᠍᠂ ᠡᠯᠡᠰᠦᠷᠬᠡᠭ ᠣᠷᠣᠨᠤ᠋ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠶ᠋ᠢ ᠠᠬᠢᠭᠤᠯᠵᠤ᠂
ᠠᠮᠢ ᠠᠬᠤᠶ ᠪᠠ ᠦᠢᠯᠡᠳᠪᠦᠷᠢᠯᠡᠯ ᠠᠮᠢᠳᠤᠷᠠᠯ ᠤ᠋ᠨ ᠦᠷ᠎ᠠ ᠠᠱᠢᠭ ᠢ᠋ ᠵᠡᠷᠬᠡ ᠪᠡᠷ ᠪᠡᠶᠡᠯᠡᠬᠦᠯᠬᠦ ᠴᠢᠬᠤᠯᠠᠳᠠᠢ》 ᠭᠡᠵᠦ᠍ ᠵᠤᠤ ᠵᠢᠶ ᠬᠡᠯᠡᠪᠡ᠃