ᠶᠠᠩ ᠹᠦ᠋ ᠶᠢᠤ ᠭᠡᠱᠢᠭᠦᠨ᠄ ᠬᠥᠳᠡᠭᠡ ᠲᠣᠰᠭᠣᠨ ᠤ᠋ ᠡᠮᠴᠢ ᠵᠢᠨ ᠡᠩᠨᠡᠭᠡ ᠵᠢᠨ ᠪᠠᠢᠭᠤᠯᠤᠯᠲᠠ ᠶ᠋ᠢ ᠴᠢᠩᠭᠠᠳᠭᠠᠬᠤ ᠴᠢᠬᠤᠯᠠᠳᠠᠢ
2022-01-25 08:48:28
ᠵᠣᠬᠢᠶᠠᠭ᠍ᠴᠢ᠄
ᠱᠢᠤᠢ ᠶᠤᠸᠠᠢ ᠮᠦᠩᠭᠡᠴᠢᠯᠠᠭᠤ
ᠣᠩᠱᠢᠭ᠍ᠰᠠᠨ ᠣᠳᠠᠭ᠎ᠠ᠄
★★★☆☆

ᠮᠠᠯᠵᠢᠬᠤ ᠲᠠᠷᠢᠶᠠᠯᠠᠬᠤ ᠣᠷᠣᠨ ᠤ᠋ ᠦᠨᠳᠦᠰᠦᠨ ᠱᠠᠲᠤᠨ ᠤ᠋ ᠡᠮᠴᠢᠯᠡᠭᠡᠨ ᠤ᠋ ᠱᠢᠰᠲ᠋ᠧᠮ ᠤ᠋ᠨ ᠪᠠᠢᠭᠤᠯᠤᠯᠲᠠ ᠶ᠋ᠢ ᠴᠢᠩᠭᠠᠳᠭᠠᠬᠤ ᠪᠣᠯ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠶ᠋ᠢ ᠪᠡᠶᠡᠯᠡᠭᠦᠯᠬᠦ᠌ ᠵᠠᠩᠭᠢᠯᠠᠭ᠎ᠠ ᠵᠢᠨ ᠭᠣᠭ᠍ᠴᠣᠭ᠎ᠠ ᠪᠣᠯᠬᠤ ᠪᠥᠭᠡᠳ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠵᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠃ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠠᠷᠠᠳ ᠲᠦᠮᠡᠨ ᠤ᠋ ᠡᠷᠡᠭᠦᠯ ᠮᠡᠨᠳᠦ᠍ ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠤ ᠵᠢᠭᠠᠵᠤ ᠭᠠᠷᠭᠠᠪᠠ᠃ ᠲᠤᠰ ᠤᠳᠠᠭ᠎ᠠ ᠵᠢᠨ ᠬᠤᠷᠠᠯ ᠳ᠋ᠤ᠂ ᠥᠪᠡᠷᠲᠡᠭᠡᠨ ᠵᠠᠰᠠᠬᠤ ᠣᠷᠣᠨ ᠤ᠋ ᠤᠯᠤᠰ ᠲᠦᠷᠦ᠍ ᠵᠢᠨ ᠵᠥᠪᠯᠡᠯᠭᠡᠨ ᠤ᠋ ᠭᠡᠱᠢᠭᠦᠨ᠂ ᠱᠢᠯᠢ ᠵᠢᠨ ᠭᠣᠣᠯ ᠤ᠋ᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠵᠢᠨ ᠵᠠᠬᠢᠷᠤᠯ ᠶᠠᠩ ᠹᠦ᠋ ᠶᠢᠤ ᠮᠠᠨ ᠤ᠋ ᠣᠷᠣᠨ ᠤ᠋ ᠬᠥᠳᠡᠭᠡ ᠲᠣᠰᠭᠣᠨ ᠤ᠋ ᠡᠮᠴᠢ ᠵᠢᠨ ᠡᠩᠨᠡᠭᠡᠨ ᠤ᠋ ᠪᠠᠢᠭᠤᠯᠤᠯᠲᠠ ᠶ᠋ᠢ ᠴᠢᠩᠭᠠᠳᠭᠠᠬᠤ ᠲᠤᠬᠠᠢ ᠰᠠᠨᠠᠯ ᠳᠤᠷᠠᠳᠤᠯᠭ᠎ᠠ ᠳᠤᠷᠠᠳᠪᠠ᠃


QQ图片20220125084002.png


《ᠮᠠᠨ ᠤ᠋ ᠤᠯᠤᠰ ᠤ᠋ᠨ ᠮᠠᠯᠵᠢᠬᠤ ᠲᠠᠷᠢᠶᠠᠯᠠᠬᠤ ᠣᠷᠣᠨ ᠳ᠋ᠤ᠂ ᠬᠥᠳᠡᠭᠡ ᠲᠣᠰᠭᠣᠨ ᠤ᠋ ᠡᠮᠴᠢ ᠨᠡᠷ ᠶᠡᠬᠡᠩᠬᠢ ᠡᠮᠴᠢᠯᠡᠬᠡᠨ ᠤ᠋ ᠬᠠᠷᠠᠭᠠᠯᠵᠠᠯ ᠤ᠋ᠨ ᠬᠠᠷᠢᠭᠤᠴᠠᠯᠭ᠎ᠠ ᠶ᠋ᠢ ᠡᠭᠦᠷᠭᠡᠯᠡᠵᠦ᠍ ᠪᠠᠢᠬᠤ ᠪᠥᠭᠡᠳ ᠪᠠᠰᠠ ᠣᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠦᠶ᠋ᠯᠡᠴᠢᠯᠡᠭᠡᠨ ᠤ᠋ ᠬᠠᠷᠢᠭᠤᠴᠠᠯᠭ᠎ᠠ ᠶ᠋ᠢ ᠡᠭᠦᠷᠭᠡᠯᠡᠵᠦ᠍᠂ ᠡᠪᠡᠳᠴᠢᠨ ᠡᠴᠡ ᠪᠣᠯᠵᠣ ᠶᠠᠳᠠᠭᠤᠷᠠᠬᠤ᠂ ᠡᠪᠡᠳᠴᠢᠨ ᠡᠴᠡ ᠪᠣᠯᠵᠣ ᠳᠠᠬᠢᠨ ᠶᠠᠳᠠᠭᠤᠷᠠᠬᠤ ᠶ᠋ᠢ ᠰᠡᠷᠭᠡᠢᠯᠡᠬᠦ᠌ ᠴᠢᠬᠤᠯᠠ ᠬᠦᠴᠦᠨ ᠪᠤᠯᠵᠤ ᠪᠠᠢᠨ᠎ᠠ》 ᠬᠡᠵᠤ ᠶᠠᠩ ᠹᠦ᠋ ᠶᠢᠤ ᠶᠠᠷᠢᠨ᠎ᠠ᠃ ᠲᠠᠬᠦᠨ ᠤ᠋ ᠬᠡᠯᠡᠬᠦ ᠪᠡᠷ᠂ ᠮᠠᠨ ᠤ᠋ ᠣᠷᠣᠨ ᠤ᠋ ᠬᠥᠳᠡᠭᠡ ᠲᠣᠰᠭᠣᠨ ᠤ᠋ ᠡᠮᠴᠢ ᠵᠢᠨ ᠡᠩᠨᠡᠭᠡ ᠵᠢᠨ ᠣᠳᠣᠬᠢ ᠪᠠᠢᠳᠠᠯ ᠡᠴᠡ ᠦᠵᠡᠪᠡᠯ᠂ ᠣᠯᠠᠩᠬᠢ ᠨᠢ ᠵᠥᠪᠬᠡᠨ ᠨᠤᠲᠤᠭ ᠤ᠋ᠨ ᠡᠮᠴᠢ ᠵᠢᠨ ᠦᠨᠡᠮᠯᠡᠯ ᠲᠡᠶ ᠪᠥᠭᠡᠳ ᠰᠤᠷᠤᠯᠭ᠎ᠠ ᠵᠢᠨ ᠨᠠᠮᠲᠠᠷ ᠨᠢ ᠳᠤᠤᠷ᠎ᠠ ᠪᠠᠢᠵᠤ᠂ ᠪᠠᠰᠠ ᠨᠠᠰᠤ ᠠᠬᠢᠭᠰᠠᠨ ᠠᠰᠠᠭᠤᠳᠠᠯ ᠬᠦᠨᠳᠦ ᠨᠣᠴᠢᠲᠠᠶ ᠤᠷᠤᠰᠢᠵᠤ ᠪᠠᠢᠨ᠎ᠠ᠃ ᠡᠭᠦᠨ ᠤ᠋ ᠬᠠᠮᠲᠤ᠂ ᠪᠠᠢᠭᠤᠯᠤᠮᠵᠢ ᠵᠢᠨ ᠣᠷᠣᠨ ᠲᠣᠭ᠎ᠠ ᠵᠡᠷᠭᠡ ᠵᠢᠨ ᠬᠢᠵᠠᠭᠠᠷᠯᠠᠯ ᠡᠴᠡ ᠪᠣᠯᠵᠤ᠂ ᠬᠥᠭ᠌ᠵᠢᠯᠲᠡ ᠵᠢᠨ ᠨᠥᠭᠡᠴᠡ ᠬᠦᠴᠦᠨ ᠬᠦᠷᠦᠯᠴᠡᠬᠦ᠌ ᠦᠭᠡᠶ᠂ ᠠᠵᠢᠯᠲᠠᠨ ᠨᠡᠯᠢᠶᠡᠳ ᠶᠡᠬᠡ ᠠᠯᠳᠠᠭ᠍ᠳᠠᠵᠤ ᠪᠤᠢ᠃ ᠬᠥᠮᠦᠨ ᠠᠮᠠ ᠵᠢᠨ ᠨᠠᠰᠤᠵᠢᠯ ᠤ᠋ᠨ ᠠᠰᠠᠭᠤᠳᠠᠯ᠂ ᠡᠪᠡᠳᠴᠢᠨ ᠡᠮᠭᠡᠭ ᠤ᠋ᠨ ᠪᠠᠢᠳᠠᠯ ᠵᠢᠴᠢ ᠠᠮᠢᠳᠤᠷᠠᠯ ᠤ᠋ᠨ ᠠᠷᠭ᠎ᠠ ᠬᠡᠯᠪᠡᠷᠢ ᠵᠢᠨ ᠬᠤᠪᠢᠷᠠᠯᠲᠠ ᠶ᠋ᠢ ᠳᠠᠭᠠᠯᠳᠤᠨ᠂ ᠬᠥᠳᠡᠭᠡ ᠲᠣᠰᠭᠣᠨ ᠤ᠋ ᠡᠮᠴᠢ ᠵᠢᠨ ᠳᠠᠷᠤᠯᠲᠠ ᠤᠯᠠᠮ ᠡᠴᠡ ᠤᠯᠠᠮ ᠶᠡᠬᠡᠰᠭᠦ ᠪᠣᠯᠤᠨ᠎ᠠ᠃

ᠬᠡᠷᠬᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠦᠶ᠋ᠯᠡᠴᠢᠯᠡᠭᠡᠨ ᠤ᠋ ᠱᠢᠰᠲ᠋ᠧᠮ ᠤ᠋ᠨ ᠳᠤᠲᠠᠭᠤᠳᠠᠯ ᠢ᠋ ᠨᠥᠬᠥᠪᠥᠷᠢᠯᠡᠵᠦ᠍᠂ ᠬᠥᠳᠡᠭᠡ ᠲᠣᠰᠭᠣᠨ ᠤ᠋ ᠡᠮᠴᠢ ᠵᠢᠨ ᠡᠷᠡᠭᠦᠯ ᠵᠢᠡᠷ ᠦᠰᠦᠨ ᠪᠣᠢᠵᠢᠬᠤ ᠤᠷᠴᠢᠨ ᠢ᠋ ᠪᠤᠢ ᠪᠤᠯᠭᠠᠬᠤ ᠪᠣᠶ ? ᠶᠠᠩ ᠹᠦ᠋ ᠶᠢᠤ᠂ ᠬᠥᠳᠡᠭᠡ ᠲᠣᠰᠭᠣᠨ ᠤ᠋ ᠡᠮᠴᠢ ᠶ᠋ᠢ ᠬᠥᠮᠦᠵᠢᠭᠦᠯᠬᠦ᠌ ᠡᠷᠴᠢᠮ ᠵᠢᠡᠨ ᠴᠢᠩᠭᠠᠷᠠᠭᠤᠯᠵᠤ᠂ ᠬᠥᠳᠡᠭᠡ ᠲᠣᠰᠭᠣᠨ ᠤ᠋ ᠡᠮᠴᠢ ᠶ᠋ᠢ ᠪᠣᠯᠪᠠᠰᠤᠷᠠᠭᠤᠯᠬᠤ ᠲᠦᠷᠢᠮ ᠢ᠋ ᠪᠦᠷᠢᠨᠱᠢᠬᠦᠯᠬᠦ᠌ ᠬᠡᠷᠡᠭ᠌ᠲᠡᠶ ᠬᠡᠵᠤ ᠰᠠᠨᠠᠭᠤᠯᠤᠭᠰᠠᠨ ᠪᠠᠢᠨ᠎ᠠ᠃ ᠲᠡᠷᠡ᠂ 《ᠦᠪᠡᠷᠲᠡᠭᠡᠨ ᠵᠠᠰᠠᠬᠤ ᠤᠷᠤᠨ ᠤ᠋ ᠠᠨᠠᠭᠠᠬᠤ ᠤᠬᠠᠭᠠᠨ ᠤ᠋ ᠰᠤᠷᠭᠠᠨ ᠬᠥᠮᠦᠵᠢᠯ ᠤ᠋ᠨ ᠱᠢᠨ᠎ᠡ ᠶ᠋ᠢ ᠡᠭᠦᠳᠬᠦ ᠬᠦᠭᠵᠢᠯᠲᠡ ᠵᠢᠨ ᠬᠡᠷᠡᠭ᠌ᠵᠢᠭᠦᠯᠬᠦ᠌ ᠲᠥᠰᠦᠯ》 ᠤ᠋ᠨ ᠵᠣᠷᠢᠭ ᠰᠠᠨᠠᠭ᠎ᠠ ᠶ᠋ᠢ ᠦᠨᠳᠦᠰᠦᠯᠡᠨ᠂ ᠮᠠᠨ ᠤ᠋ ᠣᠷᠣᠨ ᠤ᠋ ᠪᠣᠳᠠᠲᠠᠶ ᠬᠡᠷᠡᠭ᠌ᠴᠡᠭᠡ ᠱᠠᠭᠠᠷᠳᠠᠯᠭ᠎ᠠ ᠶ᠋ᠢ ᠦᠨᠳᠦᠰᠦᠯᠡᠵᠤ᠂ ᠲᠤᠭᠲᠠᠭᠰᠠᠨ ᠭᠠᠵᠠᠷ ᠲᠦ᠍ ᠰᠣᠷᠣᠭ᠍ᠴᠢ ᠡᠯᠰᠡᠬᠦ᠌᠂ ᠴᠢᠭᠯᠡᠯ ᠲᠠᠶ ᠪᠡᠷ ᠬᠥᠮᠦᠵᠢᠭᠦᠯᠬᠦ᠌᠂ ᠴᠢᠭᠯᠡᠯ ᠲᠠᠶ ᠪᠡᠷ ᠠᠵᠢᠯ ᠣᠯᠭᠣᠬᠤ ᠠᠷᠭ᠎ᠠ ᠬᠡᠯᠪᠡᠷᠢ ᠪᠡᠷ ᠲᠠᠮᠵᠢᠨ ᠲᠤᠰᠭᠠᠶ ᠰᠠᠯᠠᠭᠠᠨ ᠤ᠋ ᠲᠠᠰ ᠳᠠᠪᠬᠤᠷᠭ᠎ᠠ ᠵᠢᠨ ᠮᠠᠯᠵᠢᠬᠤ ᠲᠠᠷᠢᠶᠠᠯᠠᠬᠤ ᠣᠷᠣᠨ ᠤ᠋ ᠵᠠᠬᠢᠶᠠᠯᠠᠭ᠎ᠠ ᠵᠢᠨ ᠬᠡᠯᠪᠡᠷᠢ ᠵᠢᠨ ᠲᠤᠭᠳᠠᠭᠰᠠᠨ ᠴᠢᠭᠯᠡᠯᠳᠤ ᠰᠦᠶ᠋ᠳᠭᠡᠯ ᠦᠯᠦ ᠬᠤᠷᠢᠶᠠᠬᠤ ᠠᠨᠠᠭᠠᠬᠤ ᠤᠬᠠᠭᠠᠨ ᠤ᠋ ᠰᠣᠷᠣᠭ᠍ᠴᠢ ᠬᠥᠮᠦᠵᠢᠭᠦᠯᠬᠦ᠌ ᠲᠥᠷᠥᠯ ᠵᠦᠶ᠋ᠯ ᠢ᠋ ᠵᠣᠬᠢᠶᠠᠨ ᠪᠠᠢᠭᠤᠯᠤᠨ ᠥᠷᠨᠢᠭᠦᠯᠵᠦ᠍᠂ ᠭᠠᠴᠠᠭ᠎ᠠ ᠲᠣᠰᠭᠣᠨ ᠤ᠋ ᠡᠷᠡᠭᠦᠯ ᠬᠠᠮᠠᠭᠠᠯᠠᠯ ᠤ᠋ᠨ ᠲᠠᠰᠤᠭ ᠪᠤᠯᠤᠨ ᠪᠣᠢᠳᠠ ᠪᠦᠭ᠌ᠯᠡᠭᠦᠦ ᠭᠠᠵᠠᠷ ᠣᠷᠣᠨ ᠤ᠋ ᠰᠤᠮᠤ ᠱᠢᠶᠠᠩ ᠪᠠᠯᠭᠠᠰᠤ ᠵᠢᠨ ᠡᠷᠡᠭᠦᠯ ᠬᠠᠮᠠᠭᠠᠯᠠᠯ ᠤ᠋ᠨ ᠬᠣᠷᠢᠶ᠎ᠠ ᠳ᠋ᠤ ᠨᠢᠭᠡ ᠪᠦᠯᠦᠭ ᠲᠤᠰᠭᠠᠶ ᠰᠠᠯᠠᠭᠠᠨ ᠤ᠋ ᠵᠠᠬᠢᠶᠠᠯᠠᠭ᠎ᠠ ᠵᠢᠨ ᠬᠡᠯᠪᠡᠷᠢ ᠵᠢᠨ ᠲᠤᠭᠳᠠᠭᠰᠠᠨ ᠴᠢᠭᠯᠡᠯᠳᠤ ᠠᠨᠠᠭᠠᠬᠤ ᠤᠬᠠᠭᠠᠨ ᠤ᠋ ᠰᠣᠷᠣᠭ᠍ᠴᠢ ᠶ᠋ᠢ ᠬᠥᠮᠦᠵᠢᠭᠦᠯᠦᠨ᠎ᠡ᠃ ᠡᠮᠴᠢᠯᠡᠭᠡᠨ ᠤ᠋ ᠮᠡᠷᠭᠡᠵᠢᠯ ᠢ᠋ ᠳᠡᠭᠡᠭᠰᠢᠯᠡᠭᠦᠯᠬᠦ᠂ ᠲᠥᠪᠯᠡᠷᠡᠭᠦᠯᠦᠨ ᠪᠣᠯᠪᠠᠰᠤᠷᠠᠭᠤᠯᠬᠤ᠂ ᠬᠣᠲᠠ ᠬᠥᠳᠡᠭᠡ ᠶ᠋ᠢ ᠠᠵᠢᠯ ᠲᠦᠷᠦᠯ ᠵᠢᠡᠷ ᠵᠢᠡᠨ ᠲᠤᠰᠠᠯᠠᠬᠤ ᠵᠡᠷᠭᠡ ᠣᠯᠠᠨ ᠵᠦᠶ᠋ᠯ ᠤ᠋ᠨ ᠠᠷᠭ᠎ᠠ ᠠᠪᠴᠠᠯ ᠠᠪᠴᠦ ᠪᠠᠢᠭᠠᠳ ᠬᠥᠳᠡᠭᠡ ᠲᠣᠰᠭᠣᠨ ᠤ᠋ ᠡᠮᠴᠢ ᠶ᠋ᠢ ᠬᠣᠱᠢᠭᠤ ᠱᠢᠶᠠᠨ ᠤ᠋ ᠱᠠᠲᠤᠨ ᠤ᠋ ᠡᠮᠴᠢᠯᠡᠭᠡᠨ ᠡᠷᠡᠭᠦᠯ ᠬᠠᠮᠠᠭᠠᠯᠠᠯ ᠤ᠋ᠨ ᠪᠠᠢᠭᠤᠯᠤᠮᠵᠢ ᠪᠤᠶᠤ ᠠᠨᠠᠭᠠᠬᠤ ᠤᠬᠠᠭᠠᠨ ᠤ᠋ ᠲᠥᠷᠥᠯ ᠤ᠋ᠨ ᠲᠤᠰᠭᠠᠶ ᠮᠡᠷᠭᠡᠵᠢᠯ ᠲᠡᠶ ᠳᠡᠭᠡᠳᠦ ᠰᠤᠷᠭᠠᠭᠤᠯᠢ ᠳ᠋ᠤ ᠰᠤᠩᠭᠤᠨ ᠲᠤᠮᠢᠯᠠᠵᠤ ᠪᠣᠯᠪᠠᠰᠤᠷᠠᠯ ᠬᠦᠷᠲᠡᠭᠡᠪᠡᠯ ᠵᠤᠬᠢᠨ᠎ᠠ ᠬᠡᠪᠠ᠃

ᠶᠠᠩ ᠹᠦ᠋ ᠶᠢᠤ᠄ 《ᠨᠡᠢᠭᠡᠮ ᠡᠴᠡ ᠰᠤᠮᠤ ᠱᠢᠶᠠᠩ ᠪᠠᠯᠭᠠᠰᠤ ᠵᠢᠨ ᠡᠷᠡᠭᠦᠯ ᠬᠠᠮᠠᠭᠠᠯᠠᠯ ᠤ᠋ᠨ ᠬᠣᠷᠢᠶᠠᠨ ᠤ᠋ ᠭᠠᠴᠠᠭ᠎ᠠ ᠲᠣᠰᠭᠣᠨ ᠳ᠋ᠤ ᠰᠠᠭᠤᠭ᠎ᠠ ᠡᠮᠴᠢ ᠶ᠋ᠢ ᠢᠯᠡ ᠪᠡᠷ ᠡᠯᠰᠡᠬᠦ᠌ ᠪᠤᠶᠤ ᠬᠥᠳᠡᠭᠡ ᠲᠣᠰᠭᠣᠨ ᠤ᠋ ᠡᠮᠴᠢ ᠵᠢᠨ ᠨᠡᠢᠲᠡ ᠵᠢᠨ ᠠᠰᠠᠷᠠᠮᠵᠢ ᠵᠢᠨ ᠠᠵᠢᠯ ᠤ᠋ᠨ ᠪᠠᠢᠷᠢ ᠲᠤᠬᠢᠷᠠᠭᠤᠯᠵᠤ᠂ ᠵᠠᠰᠠᠭ ᠤ᠋ᠨ ᠣᠷᠳᠣᠨ ᠡᠴᠡ ᠬᠤᠳᠠᠯᠳᠤᠨ ᠠᠪᠬᠤ ᠦᠢᠯᠡᠴᠢᠯᠡᠬᠡᠨ ᠤ᠋ ᠠᠷᠭ᠎ᠠ ᠬᠡᠯᠪᠡᠷᠢ ᠪᠡᠷ ᠲᠠᠮᠵᠢᠨ ᠬᠥᠳᠡᠭᠡ ᠲᠣᠰᠭᠣᠨ ᠤ᠋ ᠡᠮᠴᠢ ᠳ᠋ᠤ ᠴᠠᠯᠢᠩ ᠬᠦᠯᠦᠰᠤ ᠬᠠᠷᠠᠭᠠᠯᠵᠠᠯ ᠵᠡᠷᠭᠡ ᠲᠠᠯ᠎ᠠ ᠵᠢᠨ ᠪᠠᠲᠤᠯᠠᠭ᠎ᠠ ᠬᠠᠩᠭᠠᠵᠤ ᠪᠣᠯᠤᠨ᠎ᠠ》 ᠭᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号