ᠦᠪᠡᠷᠲᠡᠭᠡᠨ ᠵᠠᠰᠠᠬᠤ
ᠣᠷᠣᠨ ᠤ ᠵᠠᠰᠠᠭ ᠤᠨ ᠣᠷᠳᠣᠨᠤ ᠠᠵᠢᠯᠤᠨ ᠢᠯᠡᠳᠭᠡᠯ ᠳᠦ᠂ ᠬᠣᠲᠠ ᠬᠥᠳᠡᠭᠡᠶᠢᠨ ᠣᠷᠣᠨ ᠪᠦᠰᠡ ᠶ᠋ᠢᠨ ᠵᠣᠬᠢᠴᠠᠩᠭᠤᠶ
ᠬᠥᠭ᠌ᠵᠢᠯᠲᠡ ᠶ᠋ᠢ ᠬᠦᠴᠦᠯᠡᠨ ᠠᠬᠢᠭᠤᠯᠵᠤ᠂ ᠪᠥᠬᠥ᠌ ᠣᠷᠣᠨ ᠤ ᠡᠯ᠎ᠡ ᠭᠠᠵᠠᠷ ᠤᠨ ᠥᠷᠢᠰᠥᠯᠳᠦᠨ ᠬᠥᠭ᠌ᠵᠢᠬᠦ᠌
ᠠᠮᠢᠳᠤᠯᠢᠭ ᠪᠠᠢᠳᠠᠯ ᠢ ᠪᠣᠶ ᠪᠣᠯᠭᠠᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
1 ᠰᠠᠷᠠᠶ᠋ᠢᠨ 23 ᠤ᠋ ᠡᠳᠦᠷ᠂ ᠥᠪᠡᠷᠲᠡᠭᠡᠨ ᠵᠠᠰᠠᠬᠤ ᠣᠷᠣᠨᠤ ᠠᠷᠠᠳᠤᠨ ᠲᠥᠯᠥᠭᠡᠯᠡᠭ᠌ᠴᠢ ᠼᠦᠢ ᠵᠧᠨ ᠰᠤᠷᠪᠤᠯᠵᠢᠯᠠᠭ᠎ᠠ
ᠬᠦᠯᠢᠶᠡᠬᠦ᠌ᠳᠡᠭᠡᠨ᠄ 《ᠥᠪᠡᠷᠲᠡᠭᠡᠨ
ᠵᠠᠰᠠᠬᠤ ᠣᠷᠣᠨ ᠠᠴᠠ ᠪᠥᠬᠥ᠌ ᠣᠷᠣᠨ ᠤ ᠠᠵᠤ ᠠᠬᠤᠶ ᠨᠡᠢᠭᠡᠮ ᠦᠨ ᠬᠥᠭ᠌ᠵᠢᠯᠲᠡ ᠶ᠋ᠢ ᠨᠢᠭᠡᠳᠦᠯᠲᠡᠶ ᠲᠥᠯᠥᠪᠵᠢᠭᠦᠯᠦᠨ
ᠠᠬᠢᠭᠤᠯᠬᠤᠶ᠋ᠢᠨ ᠬᠠᠮᠲᠤ᠂ ᠬᠢᠯᠢ ᠳᠠᠭᠠᠸ᠋ ᠭᠠᠵᠠᠷ ᠣᠷᠣᠨᠤ ᠬᠣᠲᠠ ᠪᠠᠯᠭᠠᠰᠤᠨ ᠤ ᠠᠵᠤ ᠠᠬᠤᠶ ᠶ᠋ᠢᠨ
ᠬᠥᠭ᠌ᠵᠢᠯᠲᠡ ᠪᠠ ᠨᠡᠢᠭᠡᠮᠦᠨ ᠪᠦᠬᠦᠯᠢ ᠴᠣᠭ᠍ᠴᠠᠶ᠋ᠢᠨ ᠴᠢᠳᠠᠮᠵᠢᠶ᠋ᠢᠨ ᠪᠠᠢᠭᠤᠯᠤᠯᠲᠠᠶ᠋ᠢ ᠳᠡᠮᠵᠢᠬᠦ᠌
ᠪᠠ ᠠᠩᠬᠠᠷᠬᠤ ᠡᠷᠴᠢᠮ ᠢᠶᠡᠨ ᠤᠯᠠᠮ ᠴᠢᠨᠠᠭᠰᠢᠳᠠ ᠴᠢᠩᠭᠠᠷᠠᠭᠤᠯᠬᠤᠶ᠋ᠢ ᠰᠠᠨᠠᠭᠤᠯᠵᠤ ᠪᠠᠢᠨ᠎ᠠ》 ᠭᠡᠪᠠ᠃

ᠼᠦᠢ ᠵᠧᠨ ᠲᠥᠯᠥᠭᠡᠯᠡᠭ᠌ᠴᠢ
《ᠥᠪᠥᠷ ᠮᠣᠩᠭᠣᠯ ᠳᠤ 4200 ᠭᠠᠷᠤᠶ ᠺᠢᠯᠣᠮᠧᠲ᠋ᠷ ᠬᠢᠯᠢ ᠶ᠋ᠢᠨ ᠱᠤᠭᠤᠮ ᠲᠠᠶ᠂ ᠬᠢᠯᠢ ᠳᠠᠭᠠᠤ ᠭᠠᠵᠠᠷ ᠣᠷᠣᠨ
ᠤ ᠠᠵᠤ ᠠᠬᠤᠶ ᠶ᠋ᠢᠨ ᠬᠥᠭ᠌ᠵᠢᠯᠲᠡ ᠶ᠋ᠢ ᠴᠢᠩᠭᠠᠳᠭᠠᠬᠤ ᠪᠣᠯ ᠥᠪᠡᠷᠲᠡᠭᠡᠨ ᠵᠠᠰᠠᠬᠤ ᠣᠷᠣᠨ ᠤ ᠪᠦᠬᠦ᠌ ᠲᠠᠯ᠎ᠠ
ᠪᠠᠷ ᠪᠦᠲᠦᠭᠡᠨ ᠪᠠᠢᠭᠤᠯᠵᠤ ᠬᠥᠭ᠌ᠵᠢᠬᠦ᠌ ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ》᠃ ᠼᠦᠢ ᠵᠧᠨ ᠪᠠᠢᠴᠠᠭᠠᠨ ᠰᠤᠳᠤᠯᠤᠯᠲᠠᠪᠡᠷ ᠳᠡᠮᠵᠢᠨ ᠣᠢᠯᠠᠭᠠᠭ᠍ᠰᠠᠨ ᠨᠢ᠂ ᠵᠠᠷᠢᠮ ᠬᠢᠯᠢ ᠳᠠᠭᠠᠸ᠋
ᠭᠠᠵᠠᠷ ᠣᠷᠣᠨ ᠤ ᠰᠤᠮᠤ ᠱᠢᠶᠠᠩ ᠪᠠᠯᠭᠠᠰᠤ᠂ ᠭᠠᠴᠠᠭ᠎ᠠ ᠲᠣᠰᠭᠣᠨ ᠤ ᠵᠠᠮ ᠬᠠᠷᠢᠯᠴᠠᠭ᠎ᠠ᠂ ᠰᠦᠯᠵᠢᠶ᠎ᠡ ᠬᠣᠯᠪᠣᠭ᠎ᠠ᠂
ᠡᠮ ᠡᠮᠨᠡᠯᠭᠡ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠰᠣᠶᠣᠯ ᠵᠡᠷᠭᠡ ᠲᠠᠯ᠎ᠠ ᠪᠠᠷ ᠬᠢ ᠬᠥᠭ᠌ᠵᠢᠯᠲᠡ ᠨᠢ
ᠬᠠᠷᠢᠴᠠᠩᠭᠤᠢ ᠬᠣᠴᠣᠷᠤᠩᠭᠤᠶ ᠪᠠᠢᠵᠤ᠂ ᠤᠨᠴᠠᠭᠠᠢᠯᠠᠨ ᠳᠤᠮᠳᠠ ᠪᠠᠷᠠᠭᠤᠨ ᠬᠡᠰᠡᠭ ᠦᠨ ᠬᠢᠯᠢ ᠲᠠᠭᠠᠤ ᠭᠠᠵᠠᠷ
ᠣᠷᠣᠨᠤ ᠬᠣᠲᠠ ᠪᠠᠯᠭᠠᠰᠤᠵᠢᠯᠲᠠ ᠶ᠋ᠢᠨ ᠴᠢᠳᠠᠮᠵᠢ ᠨᠢ ᠬᠠᠷᠢᠴᠠᠩᠭᠤᠶᠪᠠᠷ ᠨᠡᠯᠢᠶᠡᠳ ᠪᠠᠭᠤᠷᠠᠶ ᠪᠠᠢᠪᠠ᠃
ᠲᠡᠷᠡ᠂ ᠬᠢᠯᠢ ᠳᠠᠭᠠᠤ ᠭᠠᠵᠠᠷ ᠣᠷᠣᠨ ᠤ ᠮᠠᠯᠴᠢᠨ ᠲᠦᠮᠡᠨ
ᠦ ᠤᠰᠤ᠂ ᠴᠠᠬᠢᠯᠭᠠᠨ᠂ ᠣᠷᠣᠨ ᠰᠠᠭᠤᠴᠠ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠣᠶᠣᠯ᠂
ᠵᠠᠮ ᠬᠠᠷᠢᠯᠴᠠᠭ᠎ᠠ᠂ ᠴᠢᠮᠡᠭᠡ ᠬᠣᠯᠪᠣᠭ᠎ᠠ ᠵᠢᠴᠢ ᠨᠡᠢᠭᠡᠮᠦᠨ ᠠᠰᠠᠷᠠᠮᠵᠢ ᠬᠠᠷᠠᠭᠠᠯᠵᠠᠯ ᠵᠡᠷᠭᠡ ᠦᠨᠳᠦᠰᠦᠨ
ᠠᠷᠠᠳ ᠤᠨ ᠠᠮᠢᠳᠤᠷᠠᠯ ᠤᠨ ᠠᠰᠠᠭᠤᠳᠠᠯ ᠳᠡᠭᠡᠷ᠎ᠡ᠂ ᠲᠦᠷᠦ᠍ ᠶ᠋ᠢᠨ ᠪᠤᠳᠤᠯᠭ᠎ᠠ ᠪᠣᠯᠤᠨ ᠵᠠᠷᠤᠳᠠᠯᠤᠨ ᠳᠡᠮᠵᠢᠯᠭᠡ
ᠪᠤᠯᠤᠨ ᠪᠡᠯᠡ ᠣᠷᠣᠭᠤᠯᠤᠯᠲᠠ ᠶ᠋ᠢᠨ ᠡᠷᠴᠢᠮ ᠢᠶᠡᠨ ᠴᠢᠨᠠᠭ᠍ᠰᠢᠳᠠ ᠴᠢᠩᠭᠠᠷᠠᠭᠤᠯᠵᠤ᠂ ᠬᠢᠯᠢ ᠳᠠᠭᠠᠤ ᠭᠠᠵᠠᠷ
ᠣᠷᠣᠨ ᠳᠤ 《ᠰᠡᠳᠭᠢᠯ ᠢ ᠨᠢ ᠲᠠᠳᠠᠵᠤ ᠬᠥᠮᠦᠨ ᠢ ᠨᠢ ᠦᠯᠡᠳᠡᠭᠡᠬᠦ᠌》 ᠣᠷᠴᠢᠨ ᠢ ᠬᠠᠮᠤᠭ ᠤᠨ ᠶᠡᠬᠡ ᠬᠡᠮᠵᠢᠢ᠎ᠡ ᠪᠡᠷ ᠡᠭᠦᠳᠴᠦ ᠥᠭ᠌ᠬᠦ ᠬᠡᠷᠡᠭ᠌ᠲᠡᠢ ᠭᠡᠵᠦ᠍ ᠤᠷᠢᠶᠠᠯᠠᠪᠠ᠃
ᠼᠦᠢ ᠵᠧᠨ᠂《ᠵᠠᠰᠠᠭ ᠤᠨ
ᠣᠷᠳᠣᠨ ᠤ ᠠᠵᠢᠯ ᠤᠨ ᠢᠯᠡᠳᠭᠡᠯ ᠳᠦ ᠡᠬᠡ ᠤᠯᠤᠰᠤᠨ ᠤᠮᠠᠷᠠᠲᠤ ᠬᠢᠯᠢᠶ᠋ᠢᠨ ᠠᠮᠤᠷ ᠲᠦᠪᠱᠢᠨ ᠲᠣᠭ᠍ᠲᠠᠭᠤᠨᠤ ᠬᠠᠯᠬᠠᠪᠴᠢᠶ᠋ᠢ ᠪᠡᠬᠢᠵᠢᠭᠦᠯᠬᠦ᠂ ᠠᠮᠤᠭᠤᠯᠠᠩᠲᠦ ᠥᠪᠥᠷ ᠮᠣᠩᠭᠣᠯ ᠤᠨ ᠪᠦᠳᠦᠭᠡᠨ ᠪᠠᠢᠭᠤᠯᠤᠯᠲᠠ ᠶ᠋ᠢ
ᠭᠦᠨᠵᠡᠭᠡᠢ ᠠᠬᠢᠭᠤᠯᠬᠤ ᠵᠡᠷᠭᠡ ᠱᠠᠭᠠᠷᠳᠠᠯᠭ᠎ᠠ ᠶ᠋ᠢ ᠳᠤᠷᠠᠳᠴᠤ᠌᠂ ᠬᠢᠯᠢ ᠶ᠋ᠢᠨ ᠬᠠᠮᠠᠭᠠᠯᠠᠯᠲᠠ ᠶ᠋ᠢᠨ
ᠴᠡᠷᠢᠭ ᠠᠩᠬᠢ ᠳᠤ ᠪᠣᠳᠠᠲᠠᠢ ᠨᠠᠢᠳᠠᠪᠤᠷᠢᠵᠢᠭᠤᠯᠬᠤ ᠨᠢ ᠳᠠᠷᠤᠢ ᠬᠢᠯᠢ ᠶ᠋ᠢᠨ ᠬᠠᠮᠢᠶᠠᠷᠤᠯᠲᠠ ᠡᠵᠡᠮᠳᠡᠯ
ᠢ ᠶᠡᠬᠡ ᠪᠡᠷ ᠴᠢᠩᠭᠠᠳᠭᠠᠵᠤ᠂ ᠴᠡᠷᠢᠭ ᠵᠠᠰᠠᠭ ᠴᠡᠷᠢᠭ ᠠᠷᠠᠳᠤᠨ ᠪᠦᠯᠬᠦᠮᠳᠡᠯ ᠢ ᠰᠠᠢᠲᠤᠷ ᠬᠠᠮᠠᠭᠠᠯᠠᠵᠤ᠂
ᠬᠢᠯᠢ ᠶ᠋ᠢᠨ ᠠᠮᠤᠷ ᠲᠦᠪᠱᠢᠨ ᠲᠣᠭ᠍ᠲᠠᠭᠤᠨ ᠢ ᠦᠨᠡᠨ ᠬᠦ᠌
ᠪᠠᠲᠤᠯᠠᠬᠤ ᠶᠠᠪᠤᠳᠠᠯ ᠪᠤᠯᠤᠨ᠎ᠠ》 ᠭᠡᠵᠦ᠍ ᠢᠯᠡᠷᠭᠡᠢᠯᠡᠪᠡ᠃
ᠲᠡᠷᠡ ᠰᠡᠳᠭᠢᠯ ᠬᠦᠳᠡᠯᠦᠨ᠄ ᠰᠠᠭᠤᠭ᠎ᠠ ᠭᠠᠵᠠᠷᠤᠨ ᠨᠠᠮ ᠵᠠᠰᠠᠭ ᠴᠡᠷᠢᠭ ᠠᠷᠠᠳ ᠲᠠᠶ ᠬᠠᠮᠲᠤ ᠪᠠᠷ ᠨᠠᠢ᠍ᠮᠠᠨ
ᠮᠢᠩᠭᠠᠨ ᠭᠠᠵᠠᠷ ᠤᠨ ᠬᠢᠯᠢᠶ᠋ᠢᠨ ᠬᠠᠮᠠᠭᠠᠯᠠᠯᠲᠠᠶ᠋ᠢᠨ ᠱᠤᠭᠤᠮ ᠢ ᠦᠨᠳᠦᠰᠦᠲᠡᠨ ᠦ ᠪᠦᠯᠬᠦᠮᠳᠡᠯ ᠦᠨ
ᠦᠵᠡᠰᠭᠦᠯᠡᠩᠲᠦ ᠰᠠᠢᠬᠠᠨ ᠦᠵᠡᠮᠵᠢ ᠶ᠋ᠢᠨ ᠣᠷᠣᠨ ᠪᠣᠯᠭᠠᠨ ᠪᠦᠲᠦᠭᠡᠨ ᠪᠠᠢᠭᠤᠯᠵᠤ᠂ ᠬᠢᠯᠢᠶ᠋ᠢᠨ ᠬᠥᠱᠢᠶᠡ
ᠨᠢᠭᠡᠪᠦᠷᠢᠶ᠋ᠢ ᠴᠥᠮ ᠤᠯᠤᠰᠢᠶᠡᠨ ᠬᠠᠢᠷᠠᠯᠠᠬᠤ ᠦᠵᠡᠯ ᠦᠨ ᠬᠥᠮᠦᠵᠢᠯ ᠦᠨ ᠡᠬᠢ ᠪᠠᠶᠠᠯᠢᠭ ᠪᠣᠯᠭᠠᠨ ᠴᠣᠭ᠍ᠴᠠᠯᠠᠵᠤ᠂
ᠤᠳᠠᠭ᠎ᠠ ᠪᠦᠷᠢ ᠶ᠋ᠢᠨ ᠤᠯᠤᠰ ᠤᠨ ᠲᠤᠬ ᠮᠠᠨᠳᠤᠭᠤᠯᠬᠤ᠂ ᠤᠯᠤᠰ ᠤᠨ ᠰᠦᠯᠳᠡ ᠳᠠᠭᠤᠤ ᠳᠠᠭᠤᠯᠠᠬᠤ ᠶ᠋ᠢ ᠴᠥᠮ
ᠠᠭᠤᠤ ᠶᠡᠬᠡ ᠡᠭᠡ ᠤᠯᠤᠰ ᠲᠠᠭᠠᠨ ᠲᠡᠪᠰᠢᠭᠦᠯᠬᠦ ᠠᠷᠢᠭᠤᠨ ᠲᠠᠷᠬᠠᠨ ᠬᠦᠨᠳᠦᠳᠭᠡᠯ ᠪᠠ ᠲᠥᠪ ᠴᠢᠩᠭ᠎ᠠ ᠲᠠᠩᠭᠠᠷᠢᠭ
ᠪᠣᠯᠭᠠᠵᠤ᠂ ᠤᠳᠠᠭ᠎ᠠ ᠪᠦᠷᠢ ᠶ᠋ᠢᠨ ᠴᠠᠭ᠍ᠳᠠᠨ ᠲᠣᠭᠣᠷᠢᠬᠤ ᠵᠢ ᠴᠥᠮ ᠡᠭᠡ ᠤᠯᠤᠰᠤᠨ ᠬᠢᠯᠢ ᠬᠢᠵᠠᠭᠠᠷ ᠢᠶᠠᠨ
ᠬᠠᠮᠲᠤ ᠪᠠᠷ ᠰᠠᠬᠢᠬᠤ ᠰᠦᠷ ᠵᠢᠪᠬᠤᠯᠠᠩᠲᠤ ᠠᠶᠠᠨ ᠪᠣᠯᠭᠠᠵᠤ᠂ ᠤᠳᠠᠭ᠎ᠠ ᠪᠦᠷᠢ ᠶ᠋ᠢᠨ ᠴᠡᠷᠢᠭ ᠠᠷᠠᠳ ᠤᠨ
ᠶᠠᠪᠤᠯᠴᠠᠭ᠎ᠠ ᠶ᠋ᠢ ᠴᠥᠮ ᠦᠨᠳᠦᠰᠦᠲᠡᠨᠨᠦᠭᠦᠳᠦᠨ ᠠᠷᠠᠳ ᠲᠦᠮᠡᠨᠦ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠵᠦ᠂
ᠠᠬ᠎ᠠ ᠳᠡᠭᠦᠦ᠍ ᠮᠡᠲᠦ ᠲᠤᠳᠤᠨᠤᠰᠤᠬ ᠠᠮᠢᠳᠤᠯᠢᠭ ᠦᠢᠯᠡᠳᠦᠯᠭᠡᠪᠡᠷ ᠦᠵᠡᠨ᠎ᠡ ᠬᠡᠪᠡ᠃
ᠵᠤᠬᠢᠶᠠᠯ \ ᠯᠢ ᠵᠦᠸᠸ
ᠵᠢᠷᠤᠭ \ ᠶ᠋ᠢᠨ ᠴᠢᠤᠸᠠᠨ