ᠭᠸ ᡁᠢ ᠢ ᠭᠡᠱᠢᠭᠦᠨ᠄ ᠬᠠᠩᠭᠠᠯᠭ᠎ᠠ᠎ᠶ᠋ᠢᠨ ᠲᠠᠯ᠎ᠠ᠎ᠠᠴᠠ ᠭᠠᠷᠳᠠᠵᠤ ᠬᠤᠳᠠ ᠬᠥᠳᠡᠭᠡ᠎ᠶ᠋ᠢᠨ ᠬᠣᠶᠠᠷ ᠡᠱᠢᠲᠦ ᠪᠦᠲᠦᠴᠡ᠎ᠶ᠋ᠢ ᠦᠭᠡᠢᠰᠭᠡᠨ᠎ᠡ
2022-01-25 09:38:31
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠂ ᠵᠡᠭᠦᠨ ᠳᠤᠮᠳᠠ ᠪᠠᠷᠠᠭᠤᠨ ᠣᠷᠣᠨ᠎ᠤ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠵᠡᠷᠭᠡ ᠲᠠᠯ᠎ᠠ᠎ᠪᠠᠷ ᠬᠣᠲᠠ ᠬᠥᠳᠡᠭᠡ᠎ᠶᠢᠨ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠪᠥᠬᠥ᠌ ᠣᠷᠣᠨ᠎ᠤ ᠡᠯ᠎ᠡ ᠭᠠᠵᠠᠷ᠎ᠤᠨ ᠥᠷᠢᠰᠥᠯᠳᠦᠨ ᠬᠥᠭ᠌ᠵᠢᠭ᠌ᠰᠡᠨ ᠠᠮᠢᠳᠤᠯᠢᠭ ᠪᠠᠢᠳᠠᠯ᠎ᠢ ᠪᠣᠶ ᠪᠣᠯᠭᠠᠭ᠍ᠰᠠᠨ᠎ᠨᠢ ᠬᠥᠮᠦᠰ᠎ᠢ ᠶᠡᠬᠡ ᠪᠡᠷ ᠵᠣᠷᠢᠭ᠍ᠵᠢᠭᠤᠯᠪᠠ》ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠠᠵᠤ ᠠᠬᠤᠶ᠎ᠶ᠋ᠢᠨ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ ᠭᠸ ᡁᠢ ᠢ ᠬᠡᠯᠡᠪᠡ᠃


QQ图片20220125091816.png


ᠭᠸ ᡁᠢ ᠢ ᠭᠡᠱᠢᠭᠦᠨ

ᠭᠸ ᡁᠢ ᠢ᠎ᠶ᠋ᠢᠨ ᠦᠵᠡᠬᠦ᠌᠎ᠪᠡᠷ᠂ ᠬᠤᠲᠠ ᠬᠥᠳᠡᠭᠡ᠎ᠶᠢᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠬᠤᠲᠠ ᠬᠥᠳᠡᠭᠡ᠎ᠶ᠋ᠢ ᠬᠠᠮᠲᠤ᠎ᠪᠠᠷ ᠪᠠᠶᠠᠵᠢᠭᠤᠯᠬᠤ᠎ᠳᠤ ᠡᠷᠬᠡᠪᠰᠢ ᠬᠠᠩᠭᠠᠯᠭ᠎ᠠ᠎ᠶ᠋ᠢᠨ ᠲᠠᠯ᠎ᠠ᠎ᠶ᠋ᠢᠨ ᠲᠠᠪᠤᠨ ᠶᠡᠬᠡ ᠡᠯᠧᠮᠧᠨ᠋ᠲ᠂ ᠲᠤᠬᠠᠢᠯᠠᠪᠠᠯ ᠬᠥᠳᠡᠯᠮᠦᠷᠢ ᠬᠦᠴᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠮᠥᠩᠭᠥᠨ ᠭᠦᠢᠯᠭᠡᠭᠡ᠂ ᠭᠠᠵᠠᠷ ᠱᠢᠷᠣᠢ᠂ ᠲᠦᠷᠦ᠍᠎ᠶ᠋ᠢᠨ ᠪᠤᠲᠤᠯᠭ᠎ᠠ᠎ᠠᠴᠠ ᠭᠠᠷᠲᠠᠵᠤ ᠬᠤᠲᠠ ᠬᠥᠳᠡᠭᠡ᠎ᠶ᠋ᠢᠨ ᠬᠣᠶᠠᠷ ᠡᠱᠢᠲᠦ ᠪᠦᠲᠦᠴᠡ᠎ᠶ᠋ᠢ ᠦᠭᠡᠢᠰᠭᠡᠬᠦ ᠬᠡᠷᠡᠭ᠌ᠲᠡᠢ᠃ ᠲᠡᠷᠡ᠂ ᠬᠥᠳᠡᠯᠮᠦᠷᠢ ᠬᠦᠴᠦ᠍ ᠪᠣᠯᠤᠨ ᠬᠥᠮᠦᠨ ᠠᠮᠠ᠎ᠶ᠋ᠢ ᠨᠢᠭᠡᠳᠦᠯᠲᠡᠶ ᠲᠥᠯᠥᠪᠵᠢᠭᠦᠯᠬᠦ᠌ ᠡᠭᠦᠳᠡᠨ᠎ᠡᠴᠡ ᠭᠠᠷᠳᠠᠵᠦ᠂ ᠤᠷᠢᠳ᠎ᠢᠶᠠᠷ ᠠᠵᠢᠯ ᠣᠯᠭᠣᠬᠤ᠂ ᠥᠨᠳᠥᠷ ᠴᠠᠯᠢᠩ ᠬᠥᠯᠥᠰᠥ᠎ᠶ᠋ᠢᠨ ᠲᠦᠷᠢᠮ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠥᠬᠥᠭᠡᠷᠦᠮᠵᠢ᠎ᠶ᠋ᠢ ᠰᠠᠢᠵᠢᠷᠠᠭᠤᠯᠬᠤ ᠵᠡᠷᠭᠡ ᠠᠷᠭ᠎ᠠ᠎ᠪᠠᠷ ᠳᠠᠮᠵᠢᠭᠤᠯᠤᠨ᠂ ᠱᠢᠯᠢᠳᠡᠭ ᠬᠥᠳᠡᠯᠮᠦᠷᠢ ᠬᠦᠴᠦᠨ᠎ᠢ ᠰᠢᠯᠵᠢᠬᠦᠯᠬᠦ ᠪᠤᠶᠤ ᠥᠷᠭᠡᠨ ᠠᠭᠤᠳᠠᠮ ᠮᠠᠯᠵᠢᠬᠤ ᠲᠠᠷᠢᠶᠠᠯᠠᠬᠤ ᠣᠷᠣᠨ᠎ᠳᠤ ᠭᠦᠨᠵᠡᠭᠡᠢᠷᠡᠨ ᠠᠵᠢᠯ ᠣᠯᠵᠤ ᠦᠶ᠋ᠯᠡᠰ ᠪᠤᠰᠭᠠᠬᠤ᠎ᠶ᠋ᠢ ᠲᠠᠳᠠᠪᠠᠯ ᠵᠤᠬᠢᠨ᠎ᠠ ᠭᠡᠵᠦ ᠰᠠᠨᠠᠭᠤᠯᠪᠠ᠃ ᠬᠣᠲᠠ᠎ᠲᠠᠶ ᠬᠠᠷᠢᠴᠠᠭᠤᠯᠪᠠᠯ᠂ ᠮᠠᠯᠵᠢᠬᠤ ᠲᠠᠷᠢᠶᠠᠯᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠱᠢᠨ᠎ᠡ᠎ᠶ᠋ᠢ ᠡᠭᠦᠳᠬᠦ᠌ ᠴᠢᠳᠠᠪᠤᠷᠢ ᠪᠠᠭᠤᠷᠠᠶ᠂ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠳᠠᠢᠰᠢ ᠶᠡᠬᠡ ᠬᠡᠮᠵᠢᠶ᠎ᠡ᠎ᠪᠡᠷ ᠬᠡᠯᠪᠡᠢᠯᠭᠡᠬᠦ᠌ ᠬᠡᠷᠡᠭ᠌ᠲᠡᠶ᠂ ᠡᠭᠦᠨ᠎ᠳᠦ ᠡᠭᠦᠯᠳᠡᠷ ᠰᠠᠢᠵᠢᠷᠠᠭᠤᠯᠬᠤ᠂ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠂ ᠮᠠᠯᠵᠢᠬᠤ ᠲᠠᠷᠢᠶᠠᠯᠠᠬᠤ ᠣᠷᠣᠨ᠎ᠤ ᠲᠣᠭᠠᠴᠢᠯᠠᠭ᠍ᠰᠠᠨ ᠪᠥᠲᠥᠭᠡᠨ ᠪᠠᠢᠭᠤᠯᠤᠯᠲᠠ ᠵᠡᠷᠭᠡ ᠪᠠᠭ᠍ᠲᠠᠨ᠎ᠠ᠃

ᠭᠸ ᡁᠢ ᠢ᠎ᠶ᠋ᠢᠨ ᠦᠵᠡᠬᠦ᠌᠎ᠪᠡᠷ᠂ ᠡᠳ᠋᠎ᠦᠨ ᠵᠠᠰᠠᠭ ᠪᠣᠯᠤᠨ ᠮᠥᠩᠭᠥᠨ ᠭᠦᠶ᠋ᠯᠭᠡᠭᠡᠨ᠎ᠦ ᠳᠡᠮᠵᠢᠯᠭᠡ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠪᠠᠯᠠ ᠮᠥᠩᠭᠥ᠎ᠶ᠋ᠢ ᠠᠯᠢ ᠴᠢᠳᠠᠬᠤ᠎ᠪᠠᠷ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠎ᠤ᠋ ᠲᠠᠯ᠎ᠠ᠎ᠳᠤ ᠬᠡᠷᠡᠭ᠌ᠯᠡᠵᠦ᠍᠂ ᠬᠣᠲᠠ᠎ᠶ᠋ᠢᠨ ᠪᠠᠯᠠ ᠮᠥᠩᠭᠥ᠎ᠶ᠋ᠢ ᠠᠵᠤ ᠦᠶ᠋ᠯᠡᠳᠪᠦᠷᠢ᠎ᠪᠡᠷ ᠲᠠᠷᠢᠶᠠᠯᠠᠩ᠎ᠢ ᠨᠥᠬᠥᠪᠥᠷᠢᠯᠡᠬᠦ᠌᠂ ᠬᠣᠲᠠ᠎ᠪᠠᠷ ᠬᠥᠳᠡᠭᠡ ᠲᠣᠰᠭᠣᠨ᠎ᠢ ᠨᠥᠬᠥᠪᠥᠷᠢᠯᠡᠬᠦ᠌ ᠬᠡᠯᠪᠡᠷᠢ ᠪᠡᠷ ᠮᠠᠯᠵᠢᠬᠤ ᠲᠠᠷᠢᠶᠠᠯᠠᠬᠤ ᠣᠷᠣᠨ ᠳᠠᠰᠢ ᠬᠡᠯᠪᠡᠢᠯᠭᠡᠵᠦ᠍ ᠪᠣᠯᠤᠨ᠎ᠠ᠃

ᠭᠠᠵᠠᠷ ᠱᠢᠷᠣᠶ ᠪᠣᠯ ᠮᠠᠯᠴᠢᠨ ᠲᠠᠷᠢᠶᠠᠴᠢᠨ᠎ᠤ ᠣᠷᠣᠱᠢᠨ ᠲᠣᠭ᠍ᠲᠠᠨᠢᠬᠤ᠎ᠶ᠋ᠢᠨ ᠦᠨᠳᠦᠰᠦ ᠮᠥᠨ᠂ ᠦᠵᠡᠰᠭᠦᠯᠡᠩᠲᠦ ᠰᠠᠢᠬᠠᠨ ᠬᠣᠲᠠ᠎ᠶ᠋ᠢ ᠪᠥᠲᠥᠭᠡᠨ ᠪᠠᠢᠭᠤᠯᠬᠤ᠎ᠶ᠋ᠢᠨ ᠬᠠᠮᠲᠤ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠴᠸ᠋ ᠨᠠᠩ ᠴᠢᠬᠤᠯᠠᠴᠢᠯᠠᠬᠤ ᠬᠡᠷᠡᠭ᠌ᠲᠡᠶ᠃ ᠭᠸ ᡁᠢ ᠢ᠂ ᠬᠣᠭ ᠨᠣᠪᠰᠢ᠎ᠶ᠋ᠢ ᠲᠦᠷᠦᠯ ᠬᠤᠪᠢᠶᠠᠬᠤ᠂ ᠡᠷᠦᠬᠡ᠎ᠶ᠋ᠢᠨ ᠵᠣᠷᠯᠣᠩ᠎ᠤᠨ ᠥᠭᠡᠷᠡᠴᠢᠯᠡᠯᠲᠡ᠂ ᠠᠮᠢ ᠠᠬᠤᠢ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠦᠳᠦᠭᠡᠨ ᠪᠠᠢᠭᠤᠯᠬᠤ ᠠᠵᠢᠯᠯᠠᠭ᠎ᠠ᠎ᠶ᠋ᠢ ᠶᠡᠬᠡ᠎ᠪᠡᠷ ᠥᠷᠨᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠨᠣᠮᠢᠨ ᠨᠣᠭᠣᠭᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ᠎ᠢ ᠰᠠᠢᠲᠤᠷ ᠰᠠᠬᠢᠨ ᠬᠠᠮᠠᠭᠠᠯᠠᠵᠤ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠪᠣᠯᠬᠤ ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ ᠬᠡᠷᠡᠭ᠌ᠲᠡᠢ ᠭᠡᠵᠦ᠍ ᠬᠡᠯᠡᠪᠡ᠃ ᠲᠠᠷᠢᠶᠠᠯᠠᠬᠤ ᠮᠠᠯᠵᠢᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢ ᠲᠦᠷᠭᠡᠳᠭᠡᠨ ᠲᠣᠭ᠍ᠲᠠᠭᠠᠵᠤ ᠂ ᠪᠦᠬᠦ᠌ ᠨᠡᠢᠭᠡᠮ᠎ᠢᠶᠡᠷ᠎ᠢᠶᠡᠨ《ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ》 ᠎ᠢ ᠬᠠᠯᠠᠮᠵᠢᠯᠠᠬᠤ ᠰᠠᠢᠨ ᠰᠠᠢᠬᠠᠨ ᠬᠥᠮᠦᠨ ᠨᠡᠢᠭᠡᠮ᠎ᠦᠨ ᠣᠷᠴᠢᠨ ᠠᠬᠤᠶ᠎ᠶ᠋ᠢ ᠪᠣᠶ ᠪᠣᠯᠭᠠᠵᠤ᠂ ᠬᠣᠲᠠ ᠬᠥᠳᠡᠭᠡ᠎ᠶᠢᠨ ᠣᠷᠣᠨ ᠪᠦᠰᠡ᠎ᠶ᠋ᠢᠨ ᠵᠣᠬᠢᠴᠠᠩᠭᠤᠶ᠎ᠪᠠᠷ ᠬᠥᠭ᠌ᠵᠢᠬᠦ᠌᠎ᠶ᠋ᠢ ᠦᠨᠳᠦᠰᠦᠨ᠎ᠡᠴᠡ ᠨᠢ ᠪᠡᠶᠡᠯᠡᠭᠦᠯᠬᠦ᠌ ᠬᠡᠷᠡᠭ᠌ᠲᠡᠶ ᠭᠡᠵᠠᠢ᠃

ᠵᠤᠬᠢᠶᠠᠯ \  ᠱᠢᠤᠸᠠᠢ ᠯᠠᠢ         

ᠵᠢᠷᠤᠭ \  ᠮᠦᠩᠬᠡᠴᠢᠯᠠᠭᠤ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号