ᠤᠢᠷ᠎ᠠ᠎ᠳᠤ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ ᠺᠤᠮᠫᠠᠨᠢ ᠨᠠᠮ᠎ᠤᠨ ᠬᠣᠷᠢᠶᠠᠨ᠎ᠤ(ᠥᠷᠭᠡᠳᠭᠡᠭ᠌ᠰᠡᠨ)ᠬᠤᠷᠠᠯ ᠬᠤᠷᠠᠯᠳᠤᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠪᠠ ᠃
ᠬᠤᠷᠠᠯ ᠡᠴᠡ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ ᠶ᠋ᠢᠨ ᠪᠦᠯᠦᠭ᠌ᠯᠡᠯ ᠺᠤᠮᠫᠠᠨᠢ ᠵᠢᠴᠢ ᠡᠯ᠎ᠡ ᠬᠠᠷᠢᠶ᠎ᠠ ᠠᠵᠤ ᠠᠬᠤᠢᠯᠠᠯ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠭᠣᠣᠯᠳᠠᠯᠭ᠎ᠠ᠎ᠲᠠᠶ ᠠᠵᠢᠯ ᠪᠣᠯᠭᠠᠵᠤ᠂ ᠴᠠᠭ ᠲᠤᠬᠠᠢᠳᠤᠨᠢ ᠰᠤᠷᠤᠯᠴᠠᠵᠥ᠍ ᠰᠤᠳᠤᠯᠤᠨ ᠶᠠᠷᠢᠯᠴᠠᠬᠤ ᠠᠵᠢᠯ ᠢ ᠵᠣᠬᠢᠶᠠᠨ ᠪᠠᠢᠭᠤᠯᠵᠤ᠂ ᠴᠠᠭ ᠲᠤᠬᠠᠢ ᠳᠤᠨᠢ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠵᠦ᠍᠂ ᠤᠯᠠᠨ ᠬᠡᠯᠪᠡᠷᠢ ᠶ᠋ᠢᠨ ᠰᠤᠷᠤᠯᠴᠠᠵᠥ᠍ ᠤᠬᠠᠭᠤᠯᠬᠤ ᠠᠷᠭ᠎ᠠ ᠬᠡᠯᠪᠡᠷᠢ ᠪᠡᠷ ᠳᠠᠮᠵᠢᠭᠤᠯᠵᠦ᠂ ᠪᠦᠬᠦ᠌ ᠪᠦᠯᠦᠭ᠌ᠯᠡᠯ ᠺᠤᠮᠫᠠᠨᠢ ᠳᠦ ᠰᠤᠷᠤᠯᠴᠠᠵᠥ᠍ ᠤᠬᠠᠭᠤᠯᠬᠤ ᠬᠠᠯᠠᠭᠤᠨ ᠥᠷᠨᠢᠯᠲᠡ ᠭᠠᠷᠭᠠᠬᠤ ᠬᠡᠷᠡᠭᠲᠡᠢ ᠭᠡᠵᠦ᠍ ᠱᠠᠭᠠᠷᠳᠠᠪᠠ ᠃
ᠬᠤᠷᠠᠯ ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠮᠥᠨ ᠴᠢᠨᠠᠷ᠎ᠢ ᠣᠨᠣᠪᠴᠢᠲᠠᠶ ᠡᠵᠡᠮᠳᠡᠵᠦ᠍᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠪᠥᠬᠥᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠤᠨ ᠵᠠᠭᠤᠨ ᠵᠢᠯ ᠦᠨ ᠲᠡᠮᠡᠴᠡᠯ᠎ᠦᠨ ᠲᠡᠦᠬᠡᠲᠦ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠲᠠᠯ᠎ᠠ ᠪᠠᠷ ᠴᠢᠩᠭ᠎ᠠ ᠠᠳᠭᠤᠨ ᠪᠣᠳᠠᠲᠠᠶ ᠬᠢᠬᠦ ᠬᠡᠷᠡᠭᠲᠡᠢ᠃ ᠤᠳᠤᠷᠢᠳᠭᠤ ᠪᠠᠭ᠎ᠤᠨ ᠪᠦᠷᠢᠯᠳᠦᠬᠦᠨ ᠤᠷᠢᠳ᠎ᠢᠶᠠᠷ ᠰᠤᠷᠤᠯᠴᠠᠵᠤ᠂ ᠤᠷᠢᠳ᠎ᠢᠶᠠᠷ ᠬᠦᠳᠡᠯᠦᠯᠴᠡᠬᠦ᠎ᠶ᠋ᠢ ᠪᠠᠷᠢᠮᠲᠠᠯᠠᠵᠤ᠂ ᠵᠥᠪ ᠴᠢᠭ᠌ᠯᠡᠯ᠎ᠢᠶᠡᠷ ᠤᠳᠤᠷᠢᠳᠤᠮᠵᠢ ᠪᠣᠯᠭᠠᠬᠤ᠎ᠶ᠋ᠢ ᠪᠠᠲᠤ ᠡᠵᠡᠮᠳᠡᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠶ᠋ᠢ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ ᠶ᠋ᠢᠨ ᠪᠦᠯᠦᠭ᠌ᠯᠡᠯ ᠺᠤᠮᠫᠠᠨᠢ ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠶ᠋ᠢ ᠠᠬᠢᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠥᠷᠭᠡᠳᠭᠡᠬᠦ᠌᠎ᠶ᠋ᠢ ᠠᠬᠢᠭᠤᠯᠵᠤ᠂ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠪᠦᠯᠦᠭ᠌ᠯᠡᠯ ᠺᠤᠮᠫᠠᠨᠢ ᠶᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠪᠡᠶᠡᠯᠡᠭᠦᠯᠬᠦ᠌ ᠳᠤᠮᠳᠠ ᠦᠨᠡᠨ ᠬᠦ᠌ ᠨᠠᠢᠳᠠᠪᠤᠷᠢᠵᠢᠭᠤᠯᠵᠤ ᠂ ᠠᠵᠤ ᠠᠬᠤᠢᠯᠠᠯ ᠤᠨ ᠥᠭᠡᠷᠡᠴᠢᠯᠡᠯᠲᠡ ᠬᠥᠭ᠌ᠵᠢᠯᠲᠡ ᠶ᠋ᠢ ᠠᠬᠢᠭᠤᠯᠬᠤ ᠪᠠ ᠲᠡᠷᠢᠭᠦᠨ ᠵᠡᠷᠭᠡ ᠶ᠋ᠢᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ ᠺᠤᠮᠫᠠᠨᠢ᠎ᠶᠢᠨ ᠪᠠᠢᠯᠳᠤᠬᠤ ᠪᠣᠳᠣᠯᠭ᠎ᠠ ᠶ᠋ᠢᠨ ᠬᠠᠷᠠᠯᠲᠠ᠎ᠶ᠋ᠢ ᠴᠣᠭ᠍ᠴᠠᠯᠠᠬᠤ ᠬᠦᠴᠦᠷᠬᠡᠭ ᠶᠡᠬᠡ ᠬᠥᠳᠡᠯᠭᠡᠭᠦᠷ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃