ᠦᠪᠡᠷᠲᠡᠭᠡᠨ ᠵᠠᠰᠠᠬᠣ ᠣᠷᠣᠨ᠎ᠤ ᠠᠷᠪᠠᠨ ᠭᠣᠷᠪᠠᠲᠣᠭᠠᠷ ᠬᠣᠭᠣᠴᠠᠭᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠣᠷᠠᠯ᠎ᠤᠨ ᠵᠢᠷᠭᠣᠲᠣᠭᠠᠷ ᠬᠣᠷᠠᠯ ᠭᠣᠷᠪᠠᠲᠣᠭᠠᠷ ᠣᠲᠠᠭ᠎ᠠ᠎ᠶᠢᠨ ᠪᠦᠬᠦᠲᠡ ᠬᠣᠷᠠᠯ ᠬᠢᠵᠡᠢ
2022-01-25 06:50:01
ᠵᠣᠬᠢᠶᠠᠭ᠍ᠴᠢ᠄
ᠴᠸᠨ ᠴᠦᠨ ᠶᠠᠨ
ᠣᠩᠱᠢᠭ᠍ᠰᠠᠨ ᠣᠳᠠᠭ᠎ᠠ᠄
★★★☆☆

ᠱᠢ ᠲᠠᠢ ᠹᠸᠩ ᠸᠠᠩ ᠯᠢ ᠰᠢᠶᠠ ᠯᠢ ᠰᠢᠦ ᠯᠢᠩ ᠣᠷᠣᠯᠴᠠᠪᠠ

1 ᠰᠠᠷ᠎ᠠ᠎ᠶᠢᠨ 24 ᠤ᠋ ᠦᠲᠡ᠎ᠶᠢᠨ ᠬᠣᠢᠨ᠎ᠠ᠂ ᠦᠪᠡᠷᠲᠡᠭᠡᠨ ᠵᠠᠰᠠᠬᠣ ᠣᠷᠣᠨ᠎ᠤ ᠠᠷᠪᠠᠨ ᠭᠣᠷᠪᠠᠲᠣᠭᠠᠷ ᠬᠣᠭᠣᠴᠠᠭᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠣᠷᠠᠯ᠎ᠤᠨ ᠵᠢᠷᠭᠣᠲᠣᠭᠠᠷ ᠬᠣᠷᠠᠯ ᠦᠪᠦᠷ ᠮᠣᠩᠭᠣᠯ᠎ᠤᠨ ᠠᠷᠠᠳ᠎ᠤᠨ ᠬᠣᠷᠠᠯ᠎ᠤᠨ ᠲᠠᠩᠬᠢᠮ ᠳ᠋ᠦ ᠭᠣᠷᠪᠠᠲᠣᠭᠠᠷ ᠣᠲᠠᠭ᠎ᠠ᠎ᠶᠢᠨ ᠪᠦᠬᠦᠲᠡ ᠬᠣᠷᠠᠯ ᠬᠢᠵᠠᠢ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠦ ᠲᠡᠷᠢᠭᠦᠯᠡᠭ᠌ᠴᠢ ᠾᠧ ᠶᠠᠨ ᠯᠢᠩ ᠬᠤᠷᠠᠯ᠎ᠢ ᠡᠷᠬᠢᠯᠡᠵᠡᠢ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠦ ᠲᠡᠷᠢᠭᠦᠯᠡᠭ᠌ᠴᠢ ᠱ᠌ᠢ ᠸᠸᠨ ᠱᠢᠤᠸᠠᠢ᠂ ᠭᠦᠢᠴᠡᠳᠭᠡᠭ᠌ᠦ ᠲᠡᠷᠢᠭᠦᠯᠡᠭ᠌ᠴᠢ ᠵᠠᠩ ᠱᠢᠶᠤᠤ ᠪᠢᠩ᠂ ᠶᠤᠤ ᠶᠦᠩ ᠪᠥᠸᠧ᠂ ᠯᠢ ᠯᠢ᠂ ᠲᠠᠩ ᠢ᠂ ᠵᠠᠩ ᠷᠦᠢ᠂ ᠭᠦᠸᠧ ᠢᠦᠢ ᠹᠸᠩ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃ ᠱ᠌ᠢ᠎ᠲᠡᠶ ᠹᠸᠩ᠂ ᠸᠠᠩ ᠯᠢ ᠱᠢᠶᠠ᠂ ᠯᠢ ᠱᠢᠤ ᠯᠢᠩ᠂ ᠮᠸᠩ ᠹᠠᠨ ᠯᠢ ᠂ ᠯᠢᠦ ᠱᠤᠸᠠᠩ᠂ ᠶᠠᠩ ᠸᠧᠢ ᠳ᠋ᠦᠩ᠂ ᠪᠦᠦ ᠭᠠᠩ᠂ ᠵᠧᠩ ᠬᠣᠩ ᠹᠠᠨ᠂ ᠳ᠋ᠢᠩ ᠱᠢᠤ ᠹᠸᠩ᠂ ᠮᠸᠩ ᠱᠢᠶᠠᠨ ᠳ᠋ᠦᠩ᠂ ᠶᠠᠩ ᠰᠢᠶᠣᠣ ᠺᠠᠩ᠂ ᠬᠤᠸᠠᠩ ᡁᠢ ᠴᠢᠶᠠᠩ᠂ ᠬᠦᠦᠳᠠᠭᠤᠯᠠ᠂ ᠢᠦᠢ ᠯᠢ ᠱᠢᠨ ᠵᠡᠷᠭᠡ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠢᠴᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠣᠲᠣ ᠪᠠᠢᠭ᠎ᠠ ᠲᠥᠯᠥᠭᠡᠯᠡᠭ᠌ᠴᠢ 530 ᠬᠥᠮᠦᠨ ᠪᠣᠶ᠂ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢ 481 ᠬᠥᠮᠦᠨ ᠪᠠᠢᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

ᠬᠤᠷᠠᠯ᠎ᠠᠴᠠ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠤᠰᠭᠠᠶ ᠵᠥᠪᠯᠡᠯ᠎ᠦᠨ ᠡᠷᠬᠢᠯᠡᠭ᠌ᠴᠢ ᠭᠡᠱᠢᠭᠦᠨ᠎ᠤ ᠵᠢᠱᠶ᠋ᠭᠲᠡᠭᠴᠢ᠎ᠶᠢ ᠪᠠᠲᠤᠯᠠᠬᠤ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠲᠦᠷᠢᠮ᠎ᠦᠨ ᠵᠥᠪᠯᠡᠯ᠎ᠦᠨ ᠡᠷᠬᠢᠯᠡᠭ᠌ᠴᠢ ᠭᠡᠱᠢᠭᠦᠨ᠎ᠦ ᠨᠡᠷᠡᠰ》 ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ᠎ᠦ ᠨᠡᠷᠡᠰ》᠎ᠢ᠋ ᠪᠠᠲᠣᠯᠠᠵᠦ᠂ ᠹᠸᠩ ᠢᠦᠶ ᠵᠧᠨ ᠶ᠋ᠢᠡᠷ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠲᠦᠷᠢᠮ᠎ᠦᠨ ᠵᠥᠪᠯᠡᠯ᠎ᠦᠨ ᠡᠷᠬᠢᠯᠡᠭ᠌ᠴᠢ᠎ᠭᠡᠰᠢᠬᠦᠨ᠎ᠤ ᠲᠤᠱᠢᠶᠠᠯ᠎ᠢ ᠡᠭᠦᠷᠭᠡᠯᠡᠬᠦᠯᠵᠦ᠂ ᠨᠢᠦ ᠵᠢᠶᠦ᠋ᠨ ᠶᠠᠨ ᠶ᠋ᠢᠡᠷ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠡᠷᠬᠢᠯᠡᠭ᠌ᠴᠢ᠎ᠭᠡᠰᠢᠬᠦᠨ᠎ᠤ ᠲᠤᠱᠢᠶᠠᠯ᠎ᠢ ᠡᠭᠦᠷᠭᠡᠯᠡᠬᠦᠯᠪᠡ᠃

ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠤᠨ ᠶᠡᠷᠦᠩᠬᠡᠶ ᠪᠢᠯᠧᠲ ᠬᠢᠨᠠᠭ᠍ᠴᠢ᠂ ᠳᠡᠳ᠋ ᠶᠡᠷᠦᠩᠬᠡᠶ ᠪᠢᠯᠧᠲ ᠬᠢᠨᠠᠭ᠍ᠴᠢ᠂ ᠪᠢᠯᠧᠲ ᠬᠢᠨᠠᠭ᠍ᠴᠢ᠎ᠶ᠋ᠢᠨ ᠨᠡᠷᠡᠰ》 ᠎ᠢ᠋ ᠪᠠᠲᠤᠯᠠᠪᠠ᠃ ᠪᠢᠯᠧᠲ ᠥᠭ᠌ᠴᠦ ᠰᠣᠩᠭᠣᠬᠣ ᠪᠡᠷ ᠲᠠᠮᠵᠢᠨ᠂ ᠯᠢᠨ ᠱᠤᠤ ᠴᠦᠨ᠂ ᠳ᠋ᠤᠸᠠᠨ ᡁᠢ ᠴᠢᠶᠠᠩ᠎ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ ᠶ᠋ᠢᠨ ᠬᠣᠷᠢᠶ᠎ᠠ᠎ᠵᠢᠨ ᠳᠡᠳ᠋ ᠡᠷᠬᠢᠯᠡᠭ᠌ᠴᠢ᠎ᠪᠡᠷ ᠰᠣᠩᠭᠣᠵᠤ᠂ ᠯᠢᠦ ᠱᠤᠸᠠᠩ᠎ᠢ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ᠎ᠪᠡᠷ ᠰᠣᠩᠭᠣᠵᠤ᠂ ᠸᠠᠩ ᠹᠠᠩ᠂ ᠨᠢᠦ ᠵᠢᠶᠦ᠋ᠨ ᠶᠠᠨ᠂ ᠱ᠌ᠢ ᠸᠠᠨ ᠵᠢᠶᠦ᠋ᠨ᠂ ᠹᠸᠩ ᠢᠦᠢ ᠵᠧᠨ᠂ ᠯᠢᠦ ᠶᠦᠩ ᡁᠢ᠂ ᠯᠢ ᠵᠢᠶᠠᠨ ᠸᠧᠢ᠂ ᠵᠠᠩ ᠬᠤᠢ ᠢᠦᠢ᠂ ᠠᠯᠲᠠᠨᠰᠠᠩ᠂ ᠯᠦᠸᠧ ᠬ᠍ᠣ᠌ ᠽᠠᠢ᠂ ᠵᠧᠩ ᠵᠢᠨ ᠴᠦᠨ᠂ ᠵᠢᠶᠠᠩ ᠬᠤᠸᠠ᠎ᠶ᠋ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠭᠡᠱᠢᠭᠦᠨ᠎ᠢᠶᠡᠷ ᠰᠣᠩᠭᠣᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号