ᠣᠢᠷ᠎ᠠ᠎ᠳᠤ᠂ ᠳᠤᠮᠳᠠᠳᠤ ᠤᠯᠤᠰ᠎ᠤᠨ ᠢᠨᠲ᠋ᠧᠷ ᠰᠦᠯᠵᠢᠶᠡᠨ᠎ᠦ ᠰᠣᠨᠢᠨ ᠮᠡᠳᠡᠭᠡᠨ᠎ᠦ ᠲᠥᠪ᠎ᠡᠴᠡ ᠭᠤᠤᠯᠯᠠᠨ ᠡᠷᠭᠢᠯᠡᠵᠦ᠍ ᠰᠢᠯᠭᠠᠷᠠᠭᠤᠯᠵᠤ ᠭᠠᠷᠭᠠᠭᠰᠠᠨ《2021· ᠳᠤᠮᠳᠠᠳᠤ ᠤᠯᠤᠰ᠎ᠤᠨ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠨᠡᠢᠳᠡᠯᠢᠭ ᠵᠢᠱ᠌ᠢᠶ᠎ᠡ ᠵᠢᠴᠢ ᠬᠣᠲᠠ᠎ᠶ᠋ᠢᠨ ᠲᠦᠷᠦᠯ ᠲᠡᠮᠳᠡᠭ》᠎ᠢ᠋ ᠨᠡᠢᠲᠡᠯᠡᠵᠠᠢ᠃ ᠡᠬᠦᠨ ᠳ᠋ᠤ ᠬᠥᠬᠡᠬᠣᠲᠠ《ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠬᠣᠲᠠ》 ᠪᠠ《ᠣᠨ᠎ᠤ ᠬᠠᠮᠤᠭ᠎ᠤᠨ ᠰᠠᠢᠨ ᠳᠡᠯᠭᠡᠷᠡᠭᠦᠯᠦᠯᠳᠡ ᠬᠢᠭᠰᠡᠨ ᠵᠢᠭᠤᠯᠴᠢᠯᠠᠯ᠎ᠤᠨ ᠦᠵᠡᠮᠵᠢᠲᠦ ᠣᠷᠣᠨ》 (ᠬᠡᠪᠳᠡᠭᠡ ᠦᠬᠡᠷ᠎ᠤᠨ ᠲᠤᠬᠤᠢ᠂ ᠬᠠᠲᠤᠨ ᠭᠤᠤᠯ᠎ᠤᠨ ᠶᠡᠬᠡ ᠬᠠᠪᠴᠢᠯ) ᠭᠡᠬᠦ᠌ ᠬᠣᠶᠠᠷ ᠶᠡᠬᠡ ᠱᠠᠩᠨᠠᠯ᠎ᠢ ᠭᠥᠷᠳᠡᠵᠦ᠂ ᠤᠯᠠᠭᠠᠨᠬᠠᠳᠠ ᠬᠤᠳᠠ᠎ᠶᠢᠨ ᠤᠩᠨᠢᠭᠤᠳ ᠬᠤᠰᠢᠭᠤ《ᠳᠤᠮᠳᠠᠳᠤ ᠤᠯᠤᠰ ᠤ᠋ᠨ ᠬᠤᠲᠠᠢ᠋ᠢᠨ ᠴᠢᠨᠠᠷ ᠰᠠᠢᠲᠠᠢ ᠬᠦᠭᠵᠢᠯᠲᠡ ᠢ᠋ᠢᠨ ᠨᠡᠢᠲᠡᠯᠢᠭ ᠵᠢᠱ᠌ᠢᠶ᠎ᠡ》ᠢ᠋ᠢᠨ ᠲᠦᠯᠦᠭᠡᠯᠡᠭᠴᠢ ᠪᠤᠯᠵᠤ᠂《ᠳᠤᠮᠳᠠᠳᠤ ᠤᠯᠤᠰ ᠤ᠋ᠨ ᠪᠠᠯᠡ ᠤᠷᠤᠭᠤᠯᠤᠨ ᠬᠦᠭᠵᠢᠭᠦᠯᠬᠦ ᠲᠡᠯᠳᠡ ᠬᠦᠴᠦᠨ ᠲᠠᠢ ᠵᠢᠭᠤᠯᠴᠢᠯᠡᠯ ᠤ᠋ᠨ ᠦᠵᠡᠮᠵᠢ ᠢ᠋ᠢᠨ ᠤᠷᠤᠨ》 ᠪᠠ《ᠳᠤᠮᠳᠠᠳᠤ ᠤᠯᠤᠰ ᠤ᠋ᠨ ᠰᠢᠨᠵᠢᠯᠡᠨ ᠰᠤᠷᠤᠯᠴᠠᠬᠤ ᠰᠤᠶᠤᠯ ᠵᠢᠭᠤᠯᠴᠢᠯᠡᠯ ᠤ᠋ᠨ ᠦᠵᠡᠮᠵᠢᠲᠤ ᠤᠷᠤᠨ》 ᠢ᠋ᠢᠡᠷ ᠦᠨᠡᠯᠡᠭᠳᠡᠪᠡ᠃
ᠲᠣᠰ ᠤᠳᠠᠭᠠᠨ᠎ᠤ ᠱᠢᠯᠭᠠᠷᠠᠭᠤᠯᠤᠯᠳᠠ ᠳ᠋ᠤ ᠭᠤᠸᠠᠩᠵᠧᠦ᠂ ᠯᠠᠨᠵᠧᠸ᠋᠂ ᠪᠡᠭᠡᠵᠢᠩ᠎ᠦᠨ ᠱᠦᠨ ᠢ ᠲᠣᠭᠣᠷᠢᠭ ᠂ ᠵᠧᠵᠢᠶᠠᠩ ᠮᠤᠵᠢ᠎ᠶ᠋ᠢᠨ ᠸᠸᠨᠵᠸᠤ᠂ ᠭᠤᠸᠠᠩᠳᠦ᠋ᠩ ᠮᠤᠵᠢ᠎ᠶ᠋ᠢᠨ ᠮᠧᠶ ᠵᠧᠸ᠋ ᠵᠡᠷᠭᠡ 40 ᠭᠠᠷᠤᠶ ᠨᠢᠭᠡᠴᠢ ᠪᠠ ᠪᠠᠢᠭᠤᠯᠤᠮᠵᠢ ᠵᠢᠨ ᠬᠢᠨ ᠤᠷᠤᠯᠴᠠᠵᠤ᠂ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠤᠷ᠎ᠲᠤ 《2021· ᠳᠤᠮᠳᠠᠳᠤ ᠤᠯᠤᠰ᠎ᠤᠨ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠨᠡᠢᠳᠡᠯᠢᠭ ᠵᠢᠱ᠌ᠢᠶ᠎ᠡ》 ᠶ᠋ᠢᠨ ᠲᠥᠯᠥᠭᠡᠯᠡᠭ᠌ᠴᠢ᠎ᠶ᠋ᠢ ᠨᠡᠢᠲᠡᠯᠡᠭᠰᠡᠨ ᠪᠠᠢᠨ᠎ᠠ᠃ ᠬᠦᠬᠡᠬᠤᠳᠠ᠎ᠶᠢᠨ ᠰᠤᠶᠤᠯ ᠵᠢᠭᠤᠯᠴᠢᠯᠠᠯ᠎ᠤᠨ ᠡᠬᠢ ᠪᠠᠶᠠᠯᠢᠭ ᠡᠯᠪᠡᠭ ᠪᠠᠢᠵᠦ᠂ ᠠᠭᠤᠯᠠ ᠳᠠᠯ᠎ᠠ᠂ ᠤᠢ ᠰᠢᠭᠤᠢ᠂ ᠨᠠᠭᠤᠷ ᠭᠤᠤᠯ᠂ ᠨᠤᠭᠤ ᠭᠠᠵᠠᠷ ᠵᠡᠷᠭᠡ ᠦᠵᠡᠮᠵᠢ ᠪᠦᠷᠢᠨ ᠪᠠᠢᠳᠠᠭ᠃ ᠤᠢᠷ᠎ᠠ᠎ᠶᠢᠨ ᠵᠢᠯ᠎ᠤᠳ᠎ᠲᠤ ᠬᠦᠬᠡᠬᠤᠳᠠ ᠵᠢᠨ ᠬᠢᠨ ᠰᠤᠶᠤᠯ ᠵᠢᠭᠤᠯᠴᠢᠯᠠᠯ᠎ᠤᠨ ᠠᠵᠤ ᠦᠢᠯᠡᠰ᠎ᠤᠨ ᠬᠦᠭᠵᠢᠯᠳᠡ᠎ᠵᠢ ᠴᠢᠬᠤᠯᠠᠴᠢᠯᠠᠨ ᠠᠳᠬᠤᠵᠤ᠂ ᠰᠤᠶᠤᠯ ᠵᠢᠭᠤᠯᠴᠢᠯᠠᠯ᠎ᠤᠨ ᠲᠦᠷᠦᠯ ᠳᠡᠮᠳᠡᠭ᠎ᠤᠨ ᠰᠢᠨ᠎ᠡ᠎ᠵᠢ ᠡᠬᠦᠳᠬᠦ ᠵᠢ ᠳᠠᠰᠤᠷᠠᠯᠳᠠ ᠦᠬᠡᠢ ᠰᠦᠪᠡᠭᠴᠢᠯᠡᠵᠠᠢ᠃ ᠤᠩᠨᠢᠭᠤᠳ ᠬᠤᠰᠢᠭᠤ ᠰᠢᠨᠵᠢᠯᠡᠨ ᠰᠤᠷᠤᠯᠴᠠᠬᠤ ᠵᠢᠭᠤᠯᠴᠢᠯᠠᠯ᠎ᠤᠨ ᠰᠠᠭᠤᠷᠢᠨ᠎ᠢ ᠪᠦᠬᠦ ᠬᠦᠴᠦᠨ ᠵᠢᠡᠷ ᠪᠦᠳᠦᠭᠡᠨ ᠪᠠᠢᠭᠤᠯᠵᠦ᠂ ᠲᠦᠷᠦᠯ ᠵᠦᠢᠯ᠎ᠤᠨ ᠨᠡᠭᠡᠭᠡᠨ ᠬᠦᠭᠵᠢᠬᠦᠯᠦᠯᠳᠡ᠎ᠵᠢ ᠢᠳᠡᠪᠬᠢᠳᠡᠢ ᠠᠰᠢᠬᠯᠠᠨ᠂ ᠰᠢᠷᠢᠰ ᠰᠤᠶᠤᠯ᠎ᠤᠨ ᠪᠦᠳᠦᠭᠡᠭᠳᠡᠬᠦᠨ᠎ᠢ ᠡᠬᠦᠳᠬᠦ ᠪᠠ ᠪᠤᠷᠤᠯᠠᠭᠤᠯᠬᠤ᠂ ᠬᠦᠴᠦᠳᠡᠢ ᠤᠬᠠᠭᠤᠯᠭ᠎ᠠ ᠬᠢᠬᠦ ᠵᠡᠷᠭᠡ ᠠᠷᠭ᠎ᠠ ᠬᠡᠯᠪᠡᠷᠢ ᠪᠡᠷ ᠲᠠᠮᠵᠢᠨ ᠤᠩᠨᠢᠭᠤᠳ ᠬᠤᠰᠢᠭᠤᠨ᠎ᠤ ᠤᠨᠴᠠᠯᠢᠬᠳᠦ ᠰᠤᠶᠤᠯ᠎ᠤᠨ ᠳᠠᠮᠵᠢᠭᠤᠯᠭ᠎ᠠ ᠪᠤᠯᠤᠨ ᠨᠡᠷ᠎ᠡ ᠨᠦᠯᠦᠭᠡ᠎ᠪᠠᠨ ᠦᠷᠭᠡᠳᠬᠡᠭᠰᠡᠨ ᠪᠠᠢᠨ᠎ᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号