2022 ᠣᠨ᠎ᠤ ᠥᠪᠥᠷ ᠮᠣᠩᠭᠣᠯ᠎ᠤᠨ ᠰᠦᠯᠵᠢᠶᠡᠨ᠎ᠦ ᠴᠠᠭᠠᠨ ᠰᠠᠷ᠎ᠠ᠎ᠶ᠋ᠢᠨ ᠦᠳᠡᠱᠢᠯᠡᠭᠡ 1 ᠰᠠᠷ᠎ᠠ᠎ᠶ᠋ᠢᠨ 25 ᠤ ᠡᠳᠦᠷ ( ᠯᠠ ᠰᠠᠷ᠎ᠠ᠎ᠶ᠋ᠢᠨ ᠬᠣᠷᠢᠨ ᠭᠤᠷᠪᠠᠨ᠂ ᠭᠠᠯ ᠲᠠᠬᠢᠯᠭ᠎ᠠ ) ᠦᠨ ᠣᠷᠣᠶ᠎ᠶ᠋ᠢᠨ 8 ᠴᠠᠭ ᠲᠤ ᠠᠷᠠᠳ᠎ᠤᠨ ᠰᠦᠯᠵᠢᠶ᠎ᠡ᠂ ᠲᠥᠪ ᠲᠧᠯᠸᠢᠰ᠎ᠦᠨ ᠰᠦᠯᠵᠢᠶ᠎ᠡ᠂ ᠳᠤᠮᠳᠠᠳᠤ
ᠤᠯᠤᠰ᠎ᠤᠨ ᠰᠦᠯᠵᠢᠶ᠎ᠡ᠂ ᠲᠠᠯ᠎ᠠ ᠨᠤᠲᠤᠭ ᠰᠢᠯᠵᠢᠶ᠎ᠠ᠂ ᠥᠪᠥᠷ ᠮᠣᠩᠭᠣᠯ ᠤᠨ ᠤᠳᠭ᠎ᠠ ᠤᠷᠠᠯᠢᠭ᠎ᠤᠨ ᠬᠢᠨ᠎ᠤ
ᠬᠤᠯᠪᠤᠭ᠎ᠠ ᠵᠢᠨ ᠵᠢᠷᠬᠢᠶ᠎ᠠ ᠵᠢᠨ ᠲᠡᠪᠴᠡᠡᠭ᠂ ᠹᠸᠡᠭ ᠬᠤᠸᠠᠡᠭ ᠰᠦᠯᠵᠢᠶ᠎ᠡ᠂ ᠥᠨᠥᠳᠦᠷ᠎ᠤᠨ ᠲᠡᠷᠢᠭᠦᠨ
ᠵᠤᠷᠪᠤᠰ᠂ᠴᠤᠤᠷᠢᠶ᠎ᠠ᠂ ᠱᠢᠨ ᠯᠠᠩ᠂ ᠲᠧᠩ ᠱᠢᠶᠦ᠋ᠨ ᠵᠡᠷᠭᠡ ᠲᠠᠪᠴᠠᠩᠳ᠋ᠦ ᠨᠡᠢᠲᠡᠯᠡᠨᠠ᠃

ᠲᠤᠰ ᠤᠳᠠᠭᠠᠨ᠎ᠤ ᠴᠠᠭᠠᠨ ᠰᠠᠷ᠎ᠠ᠎ᠶ᠋ᠢᠨ ᠦᠳᠡᠱᠢᠯᠡᠭᠡ《2022 ᠣᠨ᠎ᠳᠤ ᠥᠪᠥᠷ ᠮᠣᠩᠭᠣᠯ᠎ᠢ ᠬᠠᠷᠠᠬᠤᠢ》 ᠪᠠᠷ ᠰᠡᠳᠦᠪᠯᠡᠨ᠂ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ ᠬᠢᠨ᠎ᠦ ᠬᠣᠯᠪᠤᠭ᠎ᠠ ᠭᠤᠤᠯᠯᠠᠨ ᠡᠷᠭᠢᠯᠡᠵᠤ᠂
ᠥᠪᠥᠷ ᠮᠣᠩᠭᠣᠯ᠎ᠤᠨ ᠲᠠᠯ᠎ᠠ ᠨᠤᠲᠤᠭ᠎ᠤᠨ ᠳᠠᠭᠤᠤ ᠬᠥᠭ᠌ᠵᠢᠮ᠎ᠦᠨ ᠠᠵᠤ ᠦᠶ᠋ᠯᠡᠰ᠎ᠦᠨ ᠰᠤᠳᠤᠯᠭᠠᠨ᠎ᠤ
ᠬᠦᠷᠢᠶᠡᠯᠡᠩ ᠳᠠᠭᠠᠭᠠᠴᠢᠯᠠᠨ ᠡᠷᠭᠢᠯᠡᠪᠡ᠃
ᠦᠳᠡᠱᠢᠯᠡᠭᠡ ᠨᠢ
ᠠᠭᠤᠯᠭ᠎ᠠ᠎ᠶ᠋ᠢᠨ ᠪᠦᠲᠦᠴᠡ ᠵᠢᠴᠢ ᠬᠦᠳᠦᠯᠬᠦ ᠬᠡᠯᠪᠡᠷᠢ᠎ᠵᠢᠨ ᠲᠠᠯ᠎ᠠ ᠪᠡᠷ ᠱᠢᠨ᠎ᠡ᠎ᠶ᠋ᠢ ᠡᠭᠦᠳᠴᠤ᠂ 12 ᠫᠷᠤᠭ᠌ᠷᠠᠮᠵᠢᠡᠷ
ᠪᠦᠬᠦ ᠦᠳᠡᠰᠢᠯᠡᠭᠡ ᠵᠢ ᠬᠣᠯᠪᠣᠵᠤ᠂ ᠡᠩ᠎ᠦᠨ ᠦᠵᠡᠭ᠌ᠴᠢᠳ᠎ᠦᠨ ᠬᠠᠷᠠᠴᠠ᠎ᠪᠠᠷ ᠥᠪᠥᠷ ᠮᠣᠩᠭᠣᠯ᠎ᠤᠨ ᠰᠠᠢᠨ
ᠰᠠᠢᠬᠠᠨ ᠨᠢᠭᠡ ᠡᠳᠦᠷ᠎ᠢ ᠥᠭᠦᠯᠡᠭᠰᠡᠨ ᠪᠢᠯᠡ᠃

ᠦᠳᠡᠰᠢᠯᠡᠭᠡ ᠨᠢ
ᠦᠵᠡᠭ᠌ᠳᠡᠯᠲᠦ ᠵᠦᠴᠦᠭᠡ《ᠬᠠᠮᠤᠭ᠎ᠤᠨ ᠭᠤᠶᠤ ᠨᠢᠭᠡᠨ ᠡᠳᠦᠷ》 ᠵᠢᠡᠷ ᠡᠬᠢᠯᠡᠭᠦᠯᠵᠤ᠂
ᠬᠠᠷᠠᠭᠠᠨ ᠰᠡᠷᠡᠯ᠎ᠦᠨ ᠬᠡᠪ ᠨᠠᠮᠪᠠᠳᠤ ᠬᠡᠢᠰᠪᠦᠷᠢ ᠪᠡ ᠪᠣᠳᠠᠲᠤ ᠠᠬᠤᠢ᠎ᠶ᠋ᠢ ᠤᠶᠠᠯᠳᠤᠭᠤᠯᠵᠤ᠂ ᠡᠨᠡ ᠪᠣᠯ
ᠥᠪᠥᠷ ᠮᠣᠩᠭᠣᠯ᠎ᠤᠨ ᠶᠡᠷᠦᠩᠬᠡᠢᠯᠡᠭ᠌ᠰᠡᠨ ᠤᠷᠠᠯᠢᠭ᠎ᠤᠨ ᠬᠦᠷᠢᠶᠡᠨ᠎ᠳᠡᠬᠢ ᠠᠩᠬᠠᠳᠠᠭ᠍ᠴᠢ ᠬᠡᠷᠡᠭ᠌ᠯᠡᠯᠲᠡ
ᠪᠣᠯᠤᠨ᠎ᠠ; ᠱᠢᠨ᠎ᠡ᠎ᠪᠡᠷ ᠨᠠᠢᠷᠠᠭᠤᠯᠤᠭ᠍ᠰᠠᠨ ᠰᠦᠯᠵᠢᠶᠡᠨ᠎ᠤ ᠬᠠᠯᠠᠮᠰᠢᠯ ᠲᠠᠭᠤᠤ 《ᠬᠡᠷᠡᠯ ᠭᠢᠯᠪᠠᠭ᠎ᠠ》 ᠵᠢ 《ᠮᠦᠸᠸ ᠾᠧ ᠪᠥᠵᠢᠭ᠎ᠦᠨ ᠲᠢᠩᠬᠢᠮ》 ᠬᠡᠬᠦ
ᠲᠠᠭᠤᠤ ᠵᠢᠨ ᠬᠥᠭ ᠠᠶᠠᠰ᠎ᠢᠶᠠᠷ ᠥᠭᠡᠷᠡᠴᠢᠯᠡᠨ ᠨᠠᠢᠷᠠᠭᠤᠯᠪᠠ; 《ᠪᠢ ᠲᠠᠨ᠎ᠢ
ᠬᠠᠪᠰᠤᠷᠤᠶ᠎ᠠ》 ᠭᠡᠬᠦ ᠪᠢᠴᠢᠯ ᠺᠢᠨᠣ᠋᠎ᠶ᠋ᠢᠨ ᠤᠤᠭᠠᠯ ᠳᠠᠭᠤᠤ ᠬᠥᠭ᠌ᠵᠢᠮ ᠳ᠋ᠤ ᠠᠳᠠᠯᠢ ᠪᠤᠰᠤ ᠠᠵᠢᠯ
ᠲᠥᠷᠥᠯ᠎ᠦᠨ ᠱᠢᠯᠢᠳᠡᠭ ᠨᠠᠮ᠎ᠤᠨ ᠭᠡᠱᠢᠭᠦᠨ᠎ᠦ ᠲᠥᠯᠥᠭᠡᠯᠡᠭ᠌ᠴᠢ᠎ᠶ᠋ᠢ ᠰᠣᠩᠭᠣᠨ ᠭᠤᠤᠯ ᠳᠠᠭᠤᠴᠢᠨ ᠪᠣᠯᠭᠠᠵᠤ᠂
ᠪᠢᠴᠢᠯ ᠺᠢᠨᠣ᠋᠎ᠶ᠋ᠢᠨ ᠬᠡᠯᠪᠡᠷᠢ᠎ᠪᠡᠷ ᠥᠯᠢᠭᠡᠷ ᠪᠠ ᠳᠠᠭᠤᠤ ᠬᠥᠭ᠌ᠵᠢᠮ᠎ᠢ ᠣᠷᠭᠠᠨᠢᠭ᠎ᠢᠶᠠᠷ ᠵᠣᠯᠭᠠᠭᠤᠯᠪᠡ; ᠨᠣᠷᠮᠠᠨ᠂ ᠢᠩᠭᠡᠮᠠ᠂ ᠤᠷᠠᠨ᠎ᠠ᠎ᠶ᠋ᠢᠨ ᠬᠠᠮᠲᠤ ᠪᠠᠷ ᠳᠠᠭᠤᠯᠠᠭ᠍ᠰᠠᠨ 《ᠱᠢᠨ᠎ᠡ ᠴᠢᠨᠳᠠᠮᠤᠨᠢ ᠡᠷᠳᠡᠨᠢ》 ᠨᠢ ᠥᠪᠥᠷ
ᠮᠣᠩᠭᠣᠯ᠎ᠤᠨ ᠠᠷᠠᠳ ᠲᠦᠮᠡᠨ᠎ᠦ ᠠᠮᠢᠳᠤᠷᠠᠯ᠎ᠳᠠᠭᠠᠨ ᠬᠠᠢᠷᠠᠲᠠᠶ᠂ ᠠᠪᠤ ᠡᠵᠢ᠎ᠳᠡᠭᠡᠨ ᠲᠠᠯᠠᠷᠬᠠᠬᠤ᠂
ᠪᠠᠶᠠᠰᠤᠩᠭᠤᠶ᠎ᠪᠠᠷ ᠤᠷᠤᠭ᠍ᠰᠢᠯᠠᠬᠤ ᠰᠣᠶᠣᠯ ᠢᠷᠭᠡᠨᠱᠢᠯ᠎ᠦᠨ ᠵᠣᠷᠢᠭ ᠰᠠᠨᠠᠭ᠎ᠠ᠎ᠶ᠋ᠢ ᠢᠯᠡᠷᠡᠭᠦᠯᠪᠡ᠃
ᠦᠳᠡᠱᠢᠯᠡᠭᠡ᠎ᠳᠦ ᠪᠠᠰᠠ ᠲᠣᠭᠠᠴᠢᠯᠠᠭ᠍ᠰᠠᠨ ᠬᠡᠷᠡᠭ᠌ᠯᠡᠭᠡ᠎ᠶ᠋ᠢ ᠬᠡᠷᠡᠭ᠌ᠯᠡᠵᠦ᠍᠂ 《ᠪᠢᠳᠡ ᠠᠶᠤᠬᠤ ᠦᠭᠡᠢ》 ᠭᠡᠬᠦ ᠳᠠᠭᠤᠤ ᠵᠢ ᠵᠠᠭᠤᠨ
ᠬᠥᠮᠦᠨ᠎ᠦ ᠡᠭᠦᠯᠡᠨ ᠨᠠᠢᠷᠠᠯ ᠳᠠᠭᠤᠤ ᠵᠢᠨ ᠬᠡᠯᠪᠡᠷᠢ
ᠪᠠᠷ ᠳᠠᠭᠤᠯᠠᠬᠤ ᠵᠢ ᠪᠡᠶᠡᠯᠡᠭᠦᠯᠵᠦ᠂ ᠬᠥᠬᠡᠬᠣᠲᠠ ᠪᠤᠭᠤᠲᠤ ᠤᠷᠳᠤᠰ ᠤᠯᠠᠭᠠᠨᠴᠠᠪ᠎ᠤᠨ ᠠᠳᠠᠯᠢ ᠪᠤᠰᠤ
ᠬᠤᠳᠠ᠎ᠶ᠋ᠢᠨ ᠪᠡᠯᠭᠡ ᠲᠡᠮᠳᠡᠭ᠌ᠲᠦ ᠪᠠᠷᠢᠯᠭ᠎ᠠ᠎ᠶ᠋ᠢᠨ ᠡᠮᠦᠨ᠎ᠡ《ᠬᠦᠰᠡᠯ
ᠵᠡᠭᠦᠳᠦ᠍᠎ᠶ᠋ᠢᠨ ᠠᠢᠵᠠᠮ》 ᠡᠭᠦᠯᠡᠨ ᠪᠥᠵᠢᠭ᠎ᠢ ᠬᠠᠮᠲᠤ ᠪᠠᠷ
ᠪᠦᠵᠢᠭᠯᠡᠭᠰᠡᠨ ᠪᠠᠢᠨ᠎ᠠ ᠃

2022 ᠣᠨ᠎ᠤ ᠥᠪᠥᠷ
ᠮᠣᠩᠭᠣᠯ᠎ᠤᠨ ᠰᠦᠯᠵᠢᠶᠡᠨ᠎ᠦ ᠴᠠᠭᠠᠨ ᠰᠠᠷ᠎ᠠ᠎ᠶ᠋ᠢᠨ ᠦᠳᠡᠱᠢᠯᠡᠭᠡ᠎ᠨᠢ ᠱᠢᠨ᠎ᠡ ᠤᠳᠭ᠎ᠠ ᠤᠷᠠᠯᠢᠭ᠎ᠤᠨ
ᠵᠣᠬᠢᠶᠠᠨ ᠪᠠᠢᠭᠤᠯᠤᠯᠲᠠ᠂ ᠱᠢᠨ᠎ᠡ ᠤᠳᠭ᠎ᠠ ᠤᠷᠠᠯᠢᠭ᠎ᠤᠨ ᠪᠦᠯᠬᠦᠮ ᠨᠡᠢᠲᠡ᠎ᠪᠡᠷ ᠭᠤᠤᠯ ᠴᠣᠭ᠍ᠴᠠ ᠵᠢᠨ
ᠲᠣᠭ᠍ᠯᠠᠭ᠍ᠴᠢ ᠪᠣᠯᠭᠠᠵᠣ᠂ ᠪᠥᠬᠥ᠌ ᠣᠷᠣᠨ᠎ᠤ ᠱᠢᠨ᠎ᠡ ᠤᠳᠭ᠎ᠠ ᠤᠷᠠᠯᠢᠭ᠎ᠤᠨ ᠵᠣᠬᠢᠶᠠᠨ ᠪᠠᠢᠭᠤᠯᠤᠯᠲᠠ᠂
ᠱᠢᠨ᠎ᠡ ᠤᠳᠭ᠎ᠠ ᠤᠷᠠᠯᠢᠭ᠎ᠤᠨ ᠪᠦᠯᠬᠦᠮ ᠨᠡᠢᠲᠡ᠎ᠶ᠋ᠢᠨ ᠣᠶᠤᠨ ᠤᠬᠠᠭᠠᠨ᠎ᠢ ᠨᠢᠭ᠍ᠲᠠᠷᠠᠭᠤᠯᠵᠤ᠂ ᠥᠪᠥᠷ
ᠮᠣᠩᠭᠣᠯ᠎ᠤᠨ ᠱᠢᠨ᠎ᠡ ᠤᠳᠭ᠎ᠠ ᠤᠷᠠᠯᠢᠭ᠎ᠤᠨ ᠬᠦᠴᠦᠨ᠎ᠢ ᠦᠵᠡᠭᠦᠯᠵᠦ᠍᠂ ᠱᠢᠨ᠎ᠡ ᠤᠳᠭ᠎ᠠ ᠤᠷᠠᠯᠢᠭ᠎ᠤᠨ ᠪᠦᠯᠬᠦᠮ
ᠨᠡᠢᠲᠡ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠪᠠᠢᠷᠢ
ᠲᠣᠭ᠍ᠲᠠᠭᠠᠯᠲᠠ᠎ᠳᠤ ᠰᠠᠭᠤᠷᠢᠯᠠᠨ᠂ ᠴᠢᠨᠠᠷ ᠰᠠᠢᠲᠠᠶ ᠤᠳᠭ᠎ᠠ ᠤᠷᠠᠯᠢᠭ᠎ᠤᠨ ᠪᠦᠲᠦᠭᠡᠯ᠎ᠢᠶᠡᠷ ᠥᠪᠥᠷ ᠮᠣᠩᠭᠣᠯ᠎ᠤᠨ
ᠥᠯᠢᠭᠡᠷ᠎ᠢ ᠰᠠᠢᠲᠤᠷ ᠶᠠᠷᠢᠵᠤ᠂ ᠦᠨᠳᠦᠰᠦᠲᠡᠨ᠎ᠨᠦᠭᠦᠳ᠎ᠦᠨ ᠪᠠᠶᠠᠷ ᠬᠥᠷ᠎ᠲᠡᠶ᠂ ᠡᠶ᠎ᠡ ᠨᠠᠢᠷᠲᠠᠶ᠂ ᠨᠢᠭᠡ
ᠬᠡᠷ ᠪᠦᠯᠢ ᠮᠡᠲᠦ ᠳᠣᠲᠣᠨᠣ ᠪᠠᠢᠭ᠎ᠠ ᠪᠠᠶᠠᠷ᠎ᠤᠨ ᠡᠳᠦᠷ᠎ᠦᠨ ᠠᠭᠤᠷ ᠠᠮᠢᠰᠭᠤᠯ᠎ᠢ ᠪᠣᠶ ᠪᠣᠯᠭᠠᠵᠤ᠂ ᠥᠪᠥᠷ
ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠱᠢᠨ᠎ᠡ ᠴᠠᠭ ᠦᠶ᠎ᠡ᠎ᠳᠦ ᠨᠡᠢᠭᠡᠮ ᠵᠢᠷᠤᠮ᠎ᠤᠨ
ᠣᠳᠣᠬᠢᠴᠢᠯᠠᠯᠲᠠ ᠳᠠᠢᠰᠢ ᠬᠠᠮᠲᠤ᠎ᠪᠠᠷ ᠤᠷᠤᠭ᠍ᠰᠢᠯᠠᠬᠤ ᠠᠭᠤᠤ ᠶᠡᠬᠡ ᠦᠶ᠋ᠯᠡᠳᠦᠯᠭᠡ᠎ᠶ᠋ᠢ ᠠᠮᠢᠳᠤᠯᠢᠭ᠎ᠢᠶᠠᠷ
ᠬᠠᠷᠠᠭᠤᠯᠪᠡ᠃
ᠡᠨᠡ ᠦᠳᠡᠰᠢ《2022 ᠣᠨ᠎ᠤ
ᠥᠪᠥᠷ ᠮᠣᠩᠭᠣᠯ᠎ᠤᠨ ᠰᠦᠯᠵᠢᠶᠡᠨ᠎ᠦ ᠴᠠᠭᠠᠨ ᠰᠠᠷ᠎ᠠ᠎ᠶ᠋ᠢᠨ ᠦᠳᠡᠱᠢᠯᠡᠭᠡ》 ᠲᠠᠨ ᠲᠠᠢ ᠪᠤᠯᠵᠤᠵᠤ᠂ ᠪᠢᠳᠡ ᠬᠠᠮᠲᠤ᠎ᠪᠠᠷ
ᠥᠪᠥᠷ ᠮᠣᠩᠭᠣᠯ᠎ᠳᠠᠭᠠᠨ ᠡᠷᠡᠬᠡᠢ ᠱᠠᠩᠨᠠᠵᠤ᠂ ᠳᠤᠮᠳᠠᠳᠤ ᠤᠯᠤᠰ᠎ᠤᠨ ᠴᠡᠴᠡᠭ᠌ᠯᠡᠨ ᠬᠥᠭ᠌ᠵᠢᠬᠦ᠌᠎ᠶ᠋ᠢ
ᠬᠠᠮᠲᠤ᠎ᠪᠠᠷ ᠵᠥᠩᠨᠡᠶ᠎ᠡ!