ᠨᠠᠢᠳᠠᠯᠭ᠎ᠠ
2022-01-26 09:38:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆



ᠠᠷᠠᠳ᠎ᠤᠨ᠎ᠲᠦᠯᠦᠭᠡᠯᠡᠭᠴᠢᠳ᠎ᠮᠠᠨᠢ᠎ᠶᠡᠷᠦ ᠨᠢ ᠨᠠᠮ ᠵᠠᠰᠠᠭ ᠬᠢᠬᠡᠳ ᠠᠷᠠᠳ ᠲᠦᠮᠡᠨ᠎ᠤ ᠬᠤᠭᠤᠷᠤᠨᠳᠤᠬᠢ ᠴᠢᠬᠤᠯᠠ ᠬᠦᠬᠦᠷᠭᠡ ᠬᠤᠯᠪᠤᠭᠠᠰᠤ ᠪᠤᠯᠳᠠᠭ᠃ 

ᠰᠢᠯᠢ᠎ᠵᠢᠨ᠎ᠭᠤᠤᠯ᠎ᠤᠨ᠎ᠲᠠᠯ᠎ᠠ᠎ᠨᠤᠳᠤᠭ᠎ᠤᠨ᠎ᠠᠷᠠᠳ ᠲᠦᠮᠡᠨ᠎ᠤ ᠪᠠᠨ ᠭᠦᠰᠡᠯ ᠨᠠᠢᠳᠠᠯᠭ᠎ᠠ ᠵᠢ ᠡᠪᠤᠷᠯᠠᠨ᠂ ᠦᠪᠡᠷᠳᠡᠭᠡᠨ ᠵᠠᠰᠠᠬᠤ ᠤᠷᠤᠨ᠎ᠤ《ᠬᠤᠶᠠᠷ ᠬᠤᠷᠠᠯ》ᠳ᠋ᠤ ᠤᠷᠤᠯᠴᠠᠵᠤ ᠪᠠᠢᠭ᠎ᠠ ᠪᠦᠬᠦ᠎ᠤᠷᠤᠨ᠎ᠤ᠎ᠠᠷᠠᠳ᠎ᠤᠨ᠎ᠲᠦᠯᠦᠭᠡᠯᠡᠭᠴᠢ᠎ᠦᠨᠢᠷᠴᠡᠴᠡᠭ᠂᠎ᠮᠠᠯᠴᠢᠨ᠎ᠲᠦᠮᠡᠨ ᠵᠢᠡᠨ ᠲᠦᠯᠦᠭᠡᠯᠡᠨ ᠰᠠᠨᠠᠯ ᠵᠦᠪᠯᠡᠯᠭᠡ ᠪᠠᠨ ᠲᠡᠪᠰᠢᠬᠦᠯᠦᠨ᠎ᠠ᠃

ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢ᠂ ᠤᠯᠠᠭᠠᠨᠴᠠᠪ ᠬᠤᠳᠠ ᠵᠢᠨ ᠲᠦᠷᠪᠡᠳ ᠬᠤᠰᠢᠭᠤ ᠪᠡᠷ ᠨᠤᠳᠤᠭᠳᠠᠢ ᠴᠤᠯᠮᠤᠨ ᠦᠪᠡᠷᠳᠡᠭᠡᠨ ᠵᠠᠰᠠᠬᠤ ᠤᠷᠤᠨ᠎ᠤ 《ᠬᠤᠶᠠᠷ ᠬᠤᠷᠠᠯ》 ᠳ᠋ᠤ ᠰᠤᠯᠠ ᠤᠷᠤᠯᠴᠠᠬᠤ ᠵᠢᠨ ᠲᠠᠭᠠᠤ ᠪᠦᠬᠦ ᠤᠯᠤᠰ᠎ᠤᠨ《ᠬᠤᠶᠠᠷ ᠬᠤᠷᠠᠯ》 ᠳ᠋ᠤ ᠲᠡᠪᠰᠢᠬᠦᠯᠬᠦ ᠰᠠᠨᠠᠯ ᠵᠦᠪᠯᠡᠯᠭᠡ ᠪᠠᠨ ᠡᠮᠬᠢᠳᠭᠡᠨ ᠶᠠᠭᠠᠷᠠᠨ᠎ᠠ᠃

ᠬᠤᠷᠠᠯ᠎ᠤᠨ ᠬᠤᠭᠤᠴᠠᠭᠠᠨ ᠳ᠋ᠦ᠂ ᠪᠦᠭᠦ ᠤᠯᠤᠰ ᠪᠠ ᠤᠷᠤᠨ᠎ᠤ ᠬᠤᠶᠠᠷ ᠱᠠᠳᠤᠨ᠎ᠤ ᠠᠷᠠᠳ᠎ᠤᠨ ᠲᠦᠯᠦᠭᠡᠯᠡᠭᠴᠢ ᠤᠴᠠᠷᠠᠨ ᠲᠠᠨᠢᠯᠴᠠᠵᠤ ᠤᠷᠮᠠᠳᠠᠢ ᠰᠠᠢᠬᠠᠨ ᠵᠤᠭᠤᠭ ᠲᠡᠯᠭᠡᠵᠤ᠂ ᠦᠨᠳᠦᠰᠦᠨ ᠱᠠᠳᠤᠨ᠎ᠤ ᠲᠦᠯᠦᠭᠡᠯᠡᠭᠴᠢ ᠦᠨᠢᠷᠴᠡᠴᠡᠭ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢ ᠴᠤᠯᠮᠤᠨ ᠳ᠋ᠤ ᠦᠪᠡᠷ᠎ᠤᠨ ᠬᠦᠰᠡᠯ ᠨᠠᠢᠳᠠᠯᠭ᠎ᠠ ᠪᠠᠨ ᠲᠤᠰᠬᠠᠯ᠎ᠠ᠃

ᠪᠦᠭᠦ ᠤᠯᠤᠰ᠎ᠤᠨ ᠠᠷᠠᠳ᠎ᠤᠨ ᠲᠦᠯᠦᠭᠡᠯᠡᠭᠴᠢ ᠴᠤᠯᠮᠤᠨ ᠭᠤᠸᠠᠢ ᠲᠡᠭᠦᠨ᠎ᠤ ᠰᠠᠨᠠᠯ ᠵᠦᠪᠯᠡᠯᠭᠡ ᠵᠢ ᠪᠠᠶᠠᠷᠳᠠᠢ ᠭᠦᠯᠢᠶᠡᠨ ᠠᠪᠴᠤ᠂ ᠪᠦᠬᠦ ᠤᠯᠤᠰ᠎ᠤᠨ《ᠬᠤᠶᠠᠷ ᠬᠤᠷᠠᠯ》 ᠳ᠋ᠤ ᠲᠡᠪᠰᠢᠭᠦᠯᠭᠦ ᠪᠤᠯᠤᠮᠵᠢ ᠵᠢ ᠪᠤᠢ ᠪᠤᠯᠭᠠᠬᠰᠠᠨ ᠪᠠᠢᠨ᠎ᠠ᠃

ᠲᠠᠯ᠎ᠠ ᠨᠤᠳᠤᠭ ᠡᠴᠨ ᠤᠷᠤᠨ᠎ᠤ ᠲᠦᠪ ᠭᠦᠬᠡᠬᠤᠳᠡ᠂ ᠭᠦᠬᠡᠬᠤᠳᠡ ᠡᠴᠡ ᠨᠡᠢᠰᠯᠡᠯ ᠪᠡᠭᠡᠵᠢᠡᠭ ᠬᠦᠷᠳᠡᠯ᠎ᠠ᠂ ᠠᠷᠠᠳ᠎ᠤᠨ ᠲᠦᠯᠦᠭᠡᠯᠡᠭᠴᠢᠳ ᠮᠠᠨᠢ ᠠᠷᠠᠳ ᠲᠦᠮᠡᠨ᠎ᠤ ᠬᠦᠰᠡᠯ ᠰᠢᠩᠭᠡᠭᠰᠡᠨ ᠲᠡᠷᠡ ᠤᠯᠠᠨ ᠨᠠᠢᠳᠠᠯᠭ᠎ᠠ ᠵᠢ ᠡᠪᠤᠷᠯᠡᠵᠤ᠂ ᠠᠷᠢᠭᠤᠨ ᠲᠠᠷᠬᠠᠨ ᠡᠬᠦᠷᠭᠡ ᠬᠠᠷᠢᠭᠤᠴᠠᠯᠭ᠎ᠠ ᠪᠠᠨ ᠲᠡᠭᠡᠳᠦᠯᠡᠨ ᠬᠦᠢᠴᠡᠳᠭᠡᠵᠦ᠂ ᠠᠷᠠᠳ ᠲᠦᠮᠡᠨ ᠤ᠋ ᠦᠶᠦᠭ ᠲᠠᠪᠠᠳᠠᠢ ᠵᠢᠷᠭᠠᠯᠳᠤ᠎ᠠᠮᠢᠳᠤᠷᠠᠯ᠎ᠢ᠋᠎ᠪᠢᠴᠢᠭᠯᠡᠭᠦ ᠳ᠋ᠦ ᠦᠪᠡᠷ᠎ᠤᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠡᠨ ᠤᠰᠤᠯᠳᠠᠯ ᠦᠬᠡᠢ ᠪᠡᠶᠡᠯᠡᠭᠦᠯᠬᠦ ᠪᠡᠷ ᠴᠢᠷᠮᠠᠢᠵᠤ ᠪᠠᠢᠨ᠎ᠠ᠃

 

ᠰᠤᠷᠪᠤᠯᠵᠢᠯᠠᠬᠴᠢ᠄ ᠰᠦᠨ ᠯᠢ ᠶᠢᠡᠭ  ᠰᠢᠶᠠᠡᠭ ᠲᠤᠤ  

ᠰᠡᠬᠦᠳᠡᠷᠯᠡᠭᠴᠢ᠄  ᠢᠳᠡᠷᠡᠬᠦᠨ ᠶᠢᠰᠦᠨ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号