ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠬᠥᠬᠡᠬᠣᠲᠠ᠎ᠳᠤ ᠢᠷᠡᠬᠦ (ᠪᠤᠴᠠᠬᠤ) ᠬᠥᠮᠦᠰ ᠲᠸ᠋ ᠲᠠᠯᠪᠢᠬᠤ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ
2022-01-26 09:50:14
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ ᠣᠢᠷᠠᠳᠤᠵᠤ᠌᠂ ᠬᠥᠮᠦᠰ ᠲᠦᠪᠯᠡᠷᠡᠩᠭᠦᠢ ᠪᠠᠷ ᠨᠤᠲᠤᠭ᠎ᠲᠠᠭᠠᠨ ᠪᠤᠴᠠᠬᠤ ᠪᠤᠯᠤᠨ᠎ᠠ᠃ 1 ᠰᠠᠷ᠎ᠠ᠎ᠶ᠋ᠢᠨ 24᠎ᠦ ᠡᠳᠦᠷ ᠬᠥᠬᠡᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠬᠡᠷ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠤ᠂ ᠬᠣᠲᠠ᠎ᠶ᠋ᠢᠨ ᠠᠷᠠᠳ᠎ᠲᠤ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠪᠥᠬᠥ᠌ ᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠬᠠᠮᠢᠶ᠎ᠠ ᠪᠥᠬᠥᠶ ᠪᠠᠢᠳᠠᠯ᠎ᠢ ᠲᠠᠨᠢᠯᠴᠠᠭᠤᠯᠪᠠ᠃

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠬᠤ᠎ᠶ᠋ᠢᠨ ᠲᠥᠯᠥᠭᠡ᠂ ᠬᠥᠬᠡᠬᠤᠳᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠠᠳᠠᠯᠢ ᠪᠤᠰᠤ ᠳᠡᠰ᠎ᠤᠨ ᠲᠦᠭ᠌ᠰᠢᠭᠦᠷᠢ᠎ᠲᠡᠢ ᠭᠠᠵᠠᠷ ᠤᠷᠤᠨ ᠡᠴᠡ ᠬᠥᠬᠡᠬᠣᠲᠠ᠎ᠳᠤ ᠢᠷᠡᠬᠦ ( ᠪᠤᠴᠠᠬᠤ ) ᠬᠥᠮᠦᠰ᠎ᠦᠨ ᠰᠡᠷᠭᠡᠢᠯᠡᠨ ᠡᠵᠡᠮᠳᠡᠬᠦ᠌ ᠲᠥᠷᠥ᠎ᠶ᠋ᠢᠨ ᠪᠣᠳᠣᠯᠭ᠎ᠠ᠎ᠶ᠋ᠢ ᠲᠣᠳᠣᠷᠬᠠᠢᠯᠠᠪᠠ᠄

ᠨᠢᠭᠡ᠂ 14 ᠡᠳᠦᠷ᠎ᠦᠨ ᠳᠣᠲᠣᠷ᠎ᠠ ᠤᠯᠤᠰ᠎ᠤᠨ ᠳᠣᠲᠣᠭᠠᠳᠤ᠎ᠶ᠋ᠢᠨ ᠦᠨᠳᠦᠷ ᠲᠦᠭᠰᠢᠭᠦᠷᠢᠲᠠᠢ ᠭᠠᠵᠠᠷ ᠣᠷᠣᠨ᠎ᠳᠤ ᠵᠢᠭᠤᠯᠴᠢᠯᠠᠭ᠍ᠰᠠᠨ ᠲᠡᠦᠬᠡ᠎ᠲᠡᠶ ᠬᠦᠮᠦᠰ ᠬᠥᠬᠡᠬᠣᠲᠠ᠎ᠳᠤ ᠢᠷᠡᠬᠦ ( ᠡᠷᠡᠭᠦᠯ ᠮᠡᠨᠳᠦ᠍᠎ᠶ᠋ᠢᠨ ᠺᠣᠳ᠋ ᠪᠤᠶᠤ ᠠᠶᠠᠯᠠᠯ᠎ᠤᠨ ᠵᠠᠮ᠎ᠤᠨ ᠺᠣᠳ᠋᠎ᠨᠢ ᠤᠯᠠᠭᠠᠨ ᠦᠡᠭᠭᠡᠲᠠᠢ) ᠎ᠳ᠋ᠦ 14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠬᠦ᠌᠎ᠶ᠋ᠢ ᠬᠡᠷᠡᠭ᠌ᠵᠢᠭᠦᠯᠵᠦ᠍᠂᠎ᠡᠨᠡ᠎ᠬᠤᠭᠤᠴᠠᠭᠠᠨ᠎ᠳᠤ5᠎ᠤᠳᠠᠭ᠎ᠠ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠨ᠎ᠠ; 

ᠬᠣᠶᠠᠷ᠂ 14 ᠡᠳᠦᠷ᠎ᠦᠨ ᠳᠣᠲᠣᠷ᠎ᠠ ᠤᠯᠤᠰ᠎ᠤᠨ ᠳᠣᠲᠣᠭᠠᠳᠤ᠎ᠶ᠋ᠢᠨ ᠳᠤᠮᠳᠠ ᠲᠦᠭ᠌ᠰᠢᠭᠦᠷᠢᠲᠡᠶ ᠭᠠᠵᠠᠷ ᠣᠷᠣᠨ᠎ᠳᠤ ᠵᠢᠭᠤᠯᠴᠢᠯᠠᠭ᠍ᠰᠠᠨ ᠲᠡᠦᠬᠡ᠎ᠲᠡᠶ ᠬᠦᠮᠦᠰ ᠬᠥᠬᠡᠬᠣᠲᠠ᠎ᠳᠤ ᠢᠷᠡᠬᠦ ( ᠡᠷᠡᠭᠦᠯ ᠮᠡᠨᠳᠦ᠍᠎ᠶ᠋ᠢᠨ ᠺᠣᠳ᠋ ᠪᠤᠶᠤ ᠠᠶᠠᠯᠠᠯ᠎ᠤᠨ ᠵᠠᠮ᠎ᠤᠨ ᠺᠣᠳ᠋᠎ᠨᠢ ᠱᠢᠷ᠎ᠠ ᠦᠡᠭᠭᠡᠲᠠᠢ ) ᠎ᠳ᠋ᠦ 14 ᠡᠳᠦᠷ ᠬᠡᠷ᠎ᠲᠡᠬᠡᠨ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠬᠦ᠌᠎ᠶ᠋ᠢ ᠬᠡᠷᠡᠭ᠌ᠵᠢᠭᠦᠯᠵᠦ᠍᠂᠎ᠡᠨᠡ᠎ᠬᠤᠭᠤᠴᠠᠭᠠᠨ᠎ᠳᠤ5 ᠤᠳᠠᠭ᠎ᠠ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠨ᠎ᠡ; 

ᠭᠤᠷᠪᠠ᠂ 14 ᠡᠳᠦᠷ᠎ᠦᠨ ᠳᠣᠲᠣᠷ᠎ᠠ ᠤᠯᠤᠰ᠎ᠤᠨ ᠳᠣᠲᠣᠭᠠᠳᠤ᠎ᠶ᠋ᠢᠨ ᠳᠤᠮᠳᠠ ᠥᠨᠳᠥᠷ ᠲᠦᠭ᠌ᠰᠢᠭᠦᠷᠢᠲᠡᠶ ᠭᠠᠵᠠᠷ ᠣᠷᠣᠨ᠎ᠤ ᠪᠠᠢᠭ᠎ᠠ ᠬᠣᠲᠠ᠎ᠶ᠋ᠢᠨ ᠪᠤᠰᠤᠳ ᠱᠢᠶᠠᠨ (ᠬᠣᠲᠠ᠂ ᠲᠣᠭᠣᠷᠢᠭ᠂ ᠬᠣᠱᠢᠭᠤ ) ᠎ᠳ᠋ᠤ ᠵᠢᠭᠤᠯᠴᠢᠯᠠᠨ ᠰᠠᠭᠤᠭ᠍ᠰᠠᠨ ᠲᠡᠦᠬᠡ᠎ᠲᠡᠶ ᠬᠥᠬᠡᠬᠣᠲᠠ᠎ᠳᠤ ᠢᠷᠡᠬᠦ ( ᠪᠤᠴᠠᠬᠤ ) ᠬᠦᠮᠦᠰ ( ᠡᠷᠡᠭᠦᠯ ᠮᠡᠨᠳᠦ᠍᠎ᠶ᠋ᠢᠨ ᠺᠣᠳ᠋ ᠪᠤᠶᠤ ᠠᠶᠠᠯᠠᠯ᠎ᠤᠨ ᠺᠣᠳ᠋᠎ᠨᠢ ᠨᠣᠭᠣᠭᠠᠨ ᠦᠡᠭᠭᠡᠲᠠᠢ * ᠲᠡᠮᠳᠡᠭ ᠲᠠᠢ ) 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ ᠵᠢᠨ ᠦᠷ᠎ᠠ ᠳ᠋ᠦᠡᠭ᠎ᠨᠢ ᠪᠢᠯᠢᠭ ᠴᠢᠨᠠᠷ᠎ᠤᠨ ᠭᠡᠷᠡᠴᠢ᠎ᠲᠡᠶ ᠪᠠᠢᠵᠤ᠂ ᠬᠥᠬᠡᠬᠣᠲᠠ᠎ᠳᠤ ᠬᠥᠷᠬᠥ᠎ᠡᠴᠡ ᠡᠮᠦᠨ᠎ᠡ ᠵᠣᠷᠢᠭ᠍ᠰᠠᠨ ᠭᠠᠵᠠᠷ᠎ᠤᠨ ᠨᠡᠢᠭᠡᠮ ᠲᠣᠭᠣᠷᠢᠭ ( ᠲᠣᠰᠭᠣᠨ ) ᠪᠤᠶᠤ ᠪᠠᠢᠭᠤᠯᠭ᠎ᠠ ᠨᠢᠭᠡᠴᠢ᠎ᠳᠤ ᠮᠡᠳᠡᠭᠦᠯᠵᠦ᠍᠂ ᠬᠥᠬᠡᠬᠣᠲᠠ᠎ᠳᠤ ᠢᠷᠡᠭ᠌ᠰᠡᠨ᠎ᠦ ᠳᠠᠷᠠᠭᠠᠬᠢ ᠨᠢᠭᠡᠳᠦᠭᠡᠷ ᠭᠤᠷᠪᠠᠳᠤᠭᠠᠷ ᠡᠳᠦᠷ᠎ᠲᠦ ᠲᠣᠰ ᠪᠦᠷᠢ ᠨᠢᠭᠡ ᠤᠳᠠᠭ᠎ᠠ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ᠎ᠬᠢᠵᠦ᠍᠂᠎ᠬᠣᠶᠠᠳᠤᠭᠠᠷ᠎ᠤᠳᠠᠭᠠᠨ᠎ᠤ᠎ᠪᠥᠭᠡᠮ᠎ᠬᠦᠴᠢᠯ᠎ᠦᠨ ᠰᠢᠯᠭᠠᠨ ᠪᠠᠢᠴᠠᠭᠠᠯᠲᠠ᠎ᠶ᠋ᠢᠨ ᠦᠷ᠎ᠡ ᠳ᠋ᠦᠩ ᠭᠠᠷᠬᠤ᠎ᠠᠴᠠ ᠡᠮᠦᠨ᠎ᠡ ᠲᠦᠷ ᠴᠠᠭ ᠬᠡᠷ ᠲᠡᠭᠡᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠵᠦ᠍᠂ ᠬᠥᠮᠦᠨ ᠣᠯᠠᠨ ᠴᠤᠭ᠍ᠯᠠᠷᠠᠬᠤ ᠭᠠᠵᠠᠷ᠎ᠲᠤ ᠬᠦᠷᠴᠦ᠍ ᠪᠣᠯᠬᠤ ᠥᠬᠡᠶ᠂ ᠡᠭᠦᠨ᠎ᠦ ᠬᠠᠮᠳᠤ 14 ᠡᠳᠦᠷ᠎ᠤᠨ ᠦᠪᠡᠷ᠎ᠤᠨ ᠡᠷᠡᠭᠦᠯ ᠮᠡᠨᠳᠦ ᠵᠢᠨ ᠬᠢᠨᠠᠨ ᠬᠡᠮᠵᠢᠯᠲᠡ ᠬᠢᠨ᠎ᠠ;

ᠳᠥᠷᠪᠡ᠂ 14 ᠡᠳᠦᠷ᠎ᠦᠨ ᠳᠣᠲᠣᠷ᠎ᠠ ᠤᠯᠤᠰ᠎ᠤᠨ ᠳᠣᠲᠣᠭᠠᠳᠤ᠎ᠶ᠋ᠢᠨ ᠳᠤᠮᠳᠠ ᠥᠨᠳᠥᠷ ᠲᠦᠭ᠌ᠰᠢᠭᠦᠷᠢᠲᠡᠶ ᠭᠠᠵᠠᠷ ᠣᠷᠣᠨ᠎ᠤ ᠪᠠᠢᠭ᠎ᠠ ᠱᠢᠶᠠᠨ (ᠬᠣᠲᠠ᠂ ᠲᠣᠭᠣᠷᠢᠭ᠂ ᠬᠣᠱᠢᠭᠤ)᠎ᠤ ᠪᠤᠰᠤᠳ ᠳᠤᠤᠷ᠎ᠠ ᠲᠦᠭ᠌ᠰᠢᠭᠦᠷᠢᠲᠡᠶ ᠭᠠᠵᠠᠷ ᠣᠷᠣᠨ᠎ᠳᠤ ᠵᠢᠭᠤᠯᠴᠢᠯᠠᠨ ᠰᠠᠭᠤᠭ᠍ᠰᠠᠨ ᠲᠡᠦᠬᠡ᠎ᠲᠡᠶ ᠬᠥᠬᠡᠬᠣᠲᠠ᠎ᠳᠤ ᠢᠷᠡᠬᠦ ( ᠪᠤᠴᠠᠬᠤ ) ᠬᠥᠮᠦᠰ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ ᠵᠢᠨ ᠦᠷ᠎ᠠ ᠳ᠋ᠦᠡᠭ ᠨᠢ ᠪᠢᠯᠢᠭ ᠴᠢᠨᠠᠷ᠎ᠤᠨ ᠭᠡᠷᠡᠴᠢ᠎ᠲᠡᠶ ᠪᠠᠢᠬᠤ᠎ᠠᠴᠠ ᠭᠠᠳᠠᠨ᠎ᠠ᠂ ᠪᠠᠰᠠ ᠬᠥᠬᠡᠬᠣᠲᠠ᠎ᠳᠤ ᠢᠷᠡᠬᠦ᠌᠎ᠡᠴᠡ ᠡᠮᠦᠨᠡᠬᠢ ᠲᠤᠬᠠᠶ᠎ᠶ᠋ᠢᠨ ᠭᠠᠵᠠᠷ᠎ᠤᠨ ᠵᠢᠯᠣᠭᠣᠳᠭᠤ ᠭᠠᠵᠠᠷ᠎ᠠᠴᠠ ᠭᠠᠷᠭᠠᠭ᠍ᠰᠠᠨ ᠭᠡᠷᠡᠴᠢ᠎ᠲᠡᠶ ᠪᠠᠢᠵᠤ᠂ ᠬᠥᠬᠡᠬᠣᠲᠠ᠎ᠳᠤ ᠬᠦᠷᠬᠥ᠎ᠡᠴᠡ ᠡᠮᠦᠨ᠎ᠡ ᠵᠣᠷᠢᠭ᠍ᠰᠠᠨ ᠭᠠᠵᠠᠷ᠎ᠤᠨ ᠨᠡᠢᠭᠡᠮ ᠲᠣᠭᠣᠷᠢᠭ ( ᠲᠣᠰᠭᠣᠨ ) ᠪᠤᠶᠤ ᠪᠠᠢᠭᠤᠯᠭ᠎ᠠ ᠨᠢᠭᠡᠴᠢ᠎ᠳ᠋ᠦ ᠮᠡᠳᠡᠭᠦᠯᠵᠦ᠍᠂ ᠬᠥᠬᠡᠬᠣᠲᠠ᠎ᠳᠤ ᠢᠷᠡᠭ᠌ᠰᠡᠨ᠎ᠦ ᠳᠠᠷᠠᠭᠠᠬᠢ ᠨᠢᠭᠡᠳᠦᠭᠡᠷ ᠭᠤᠷᠪᠠᠳᠤᠭᠠᠷ ᠡᠳᠦᠷ᠎ᠲᠦ ᠲᠣᠰ ᠪᠦᠷᠢ ᠨᠢᠭᠡ ᠤᠳᠠᠭ᠎ᠠ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ ᠬᠢᠵᠦ᠍᠂ ᠬᠣᠶᠠᠳᠤᠭᠠᠷ ᠤᠳᠠᠭᠠᠨ᠎ᠤ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ᠎ᠶ᠋ᠢᠨ ᠦᠷ᠎ᠡ ᠳ᠋ᠦᠩ ᠭᠠᠷᠬᠤ᠎ᠠᠴᠠ ᠡᠮᠦᠨ᠎ᠡ ᠲᠦᠷ ᠴᠠᠭ ᠬᠡᠷ ᠲᠡᠭᠡᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠵᠦ᠍᠂ ᠬᠥᠮᠦᠨ ᠣᠯᠠᠨ ᠴᠤᠭ᠍ᠯᠠᠷᠠᠬᠤ ᠭᠠᠵᠠᠷ᠎ᠲᠤ ᠬᠦᠷᠴᠦ᠍ ᠪᠣᠯᠬᠤ ᠥᠬᠡᠶ᠂ ᠡᠭᠦᠨ᠎ᠦ ᠬᠠᠮᠳᠤ 14 ᠡᠳᠦᠷ᠎ᠤᠨ ᠦᠪᠡᠷ᠎ᠤᠨ ᠡᠷᠡᠭᠦᠯ ᠮᠡᠨᠳᠦ ᠵᠢᠨ ᠬᠢᠨᠠᠨ ᠬᠡᠮᠵᠢᠯᠲᠡ ᠬᠢᠨ᠎ᠠ;

ᠲᠠᠪᠤ᠂ ᠬᠠᠭᠤᠷᠠᠶ ᠵᠠᠮ᠂ ᠠᠭᠠᠷ᠎ᠤᠨ ᠠᠶᠠᠯᠠᠯ᠎ᠤᠨ ᠪᠣᠭᠣᠮᠲᠠ᠎ᠪᠡᠷ ᠬᠢᠯᠢ᠎ᠪᠡᠷ ᠣᠷᠣᠵᠤ ᠢᠷᠡᠭ᠌ᠰᠡᠨ ᠬᠥᠮᠦᠰ᠂ ᠡᠳ᠋ ᠪᠣᠳᠠᠰ᠂ ᠣᠷᠴᠢᠨ ᠲᠣᠭᠣᠷᠢᠨ ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ᠂ ᠲᠣᠭ᠍ᠲᠠᠭ᠍ᠰᠠᠨ ᠡᠮᠴᠢᠯᠡᠭᠡᠨ ᠎ᠦ ᠪᠠᠢᠭᠤᠯᠤᠮᠵᠢ᠂ ᠬᠠᠯᠠᠭᠤᠷᠠᠯ᠎ᠤᠨ ᠡᠭᠦᠳᠡᠨ ᠡᠮᠨᠡᠯᠭᠡ ᠵᠡᠷᠭᠡ ᠲᠦᠭ᠌ᠰᠢᠭᠦᠷᠢ ᠶᠡᠬᠡᠲᠡᠶ ᠠᠵᠢᠯ᠎ᠤᠨ ᠪᠠᠢᠷᠢ᠎ᠲᠠᠶ ᠣᠢᠷᠠᠲᠤᠭ᠍ᠰᠠᠳ᠂ ᠬᠥᠬᠡᠬᠣᠲᠠ᠎ᠳᠤ ᠢᠷᠡᠬᠦ᠌ ( ᠪᠤᠴᠠᠬᠤ ) ᠳ᠋ᠦ ᠠᠵᠢᠯ᠎ᠤᠨ ᠪᠠᠢᠷᠢ᠎ᠠᠴᠠ᠎ᠪᠠᠨ 14 ᠡᠳᠦᠷ᠎ᠡᠴᠡ ᠳᠡᠭᠡᠭ᠌ᠰᠢ ᠰᠠᠯᠤᠭ᠍ᠰᠠᠨ ᠪᠠᠢᠬᠤ ᠪᠥᠭᠡᠳ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ ᠵᠢᠨ ᠦᠷ᠎ᠠ ᠳ᠋ᠦᠡᠭ᠎ᠨᠢ ᠪᠢᠯᠢᠭ ᠴᠢᠨᠠᠷ᠎ᠤᠨ ᠭᠡᠷᠡᠴᠢ ᠪᠠᠢᠬᠤ ᠬᠡᠷᠡᠭ᠌ᠲᠡᠶ; 

ᠵᠢᠷᠭᠤᠭ᠎ᠠ᠂ ᠪᠠᠢᠭ᠎ᠠ ᠭᠠᠵᠠᠷ᠎ᠤᠨ ᠬᠤᠳᠠ᠎ᠨᠢ ᠪᠦᠬᠦᠨ᠎ᠢᠶᠡᠷ᠎ᠢᠶᠡᠨ ᠳᠤᠤᠷ᠎ᠠ ᠲᠦᠭ᠌ᠰᠢᠭᠦᠷᠢᠲᠡᠶ ᠭᠠᠵᠠᠷ ᠣᠷᠣᠨ᠎ᠠᠴᠠ ᠬᠥᠬᠡᠬᠣᠲᠠ᠎ᠳᠤ ᠢᠷᠡᠬᠦ(ᠪᠤᠴᠠᠬᠤ) ᠬᠥᠮᠦᠰ ( ᠡᠷᠡᠭᠦᠯ ᠮᠡᠨᠳᠦ᠍᠎ᠶ᠋ᠢᠨ ᠺᠣᠳ᠋ ᠪᠠ ᠠᠶᠠᠯᠠᠯ᠎ᠤᠨ ᠺᠣᠳ᠋᠎ᠨᠢ ᠴᠥᠮ ᠬᠡᠪ᠎ᠦᠨ ᠪᠤᠰᠤ ᠪᠠᠢᠳᠠᠯ ᠥᠬᠡᠶ)᠂ ᠪᠡᠶ᠎ᠡ᠎ᠶ᠋ᠢᠨ ᠳᠤᠯᠠᠭᠠᠨ᠎ᠨᠢ ᠬᠡᠪ᠎ᠦᠨ ᠪᠠᠢᠬᠤ ᠪᠠᠢᠳᠠᠯ ᠳᠤᠤᠷ᠎ᠠ ᠡᠮᠬᠢ ᠵᠢᠷᠤᠮ᠎ᠲᠠᠶ᠎ᠪᠠᠷ ᠶᠠᠪᠤᠵᠤ ᠰᠠᠭᠤᠵᠤ ᠪᠣᠯᠤᠨ᠎ᠠ᠂ ᠡᠢᠮᠦ᠍ ᠲᠥᠷᠥᠯ᠎ᠦᠨ ᠬᠥᠮᠦᠰ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ ᠵᠢᠨ ᠦᠷ᠎ᠠ ᠳ᠋ᠦᠡᠭ ᠨᠢ ᠪᠢᠯᠢᠭ ᠴᠢᠨᠠᠷ᠎ᠲᠡᠢ ᠭᠡᠷᠡᠴᠢ᠎ᠶ᠋ᠢ ᠠᠪᠴᠤ᠌᠂ ᠡᠰᠡᠬᠦᠯ᠎ᠡ ᠬᠦᠬᠡᠬᠤᠳᠠ᠎ᠳᠤ ᠢᠷᠡᠭ᠌ᠰᠡᠨ ᠎ᠤ ᠳᠠᠷᠠᠭᠠᠬᠢ 24 ᠴᠠᠭ᠎ᠤᠨ ᠳᠣᠲᠣᠷ᠎ᠠ ᠨᠢᠭᠡ ᠤᠳᠠᠭ᠎ᠠ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ ᠬᠢᠬᠦ᠌᠎ᠶ᠋ᠢᠨ ᠬᠠᠮᠲᠤ 14 ᠡᠳᠦᠷ᠎ᠦᠨ ᠥᠪᠡᠷ᠎ᠦᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠰᠠᠢᠲᠤᠷ ᠬᠢᠵᠦ᠍᠂ ᠡᠷᠡᠭᠦᠯ ᠮᠡᠨᠳᠦ᠍᠎ᠶ᠋ᠢᠨ ᠬᠢᠨᠠᠨ᠎ᠬᠡᠮᠵᠢᠯᠲᠡ᠎ᠶ᠋ᠢᠨ᠎ᠬᠤᠭᠤᠴᠠᠭᠠᠨ᠎ᠳᠤ᠎ᠭᠠᠳᠠᠭ᠍ᠰᠢ᠎ᠭᠠᠷᠬᠤ᠎ᠪᠡᠨ ᠠᠯᠢ ᠴᠢᠳᠠᠬᠤ᠎ᠪᠠᠷ ᠪᠠᠭᠠᠰᠭᠠᠵᠤ᠂ ᠬᠥᠮᠦᠨ ᠣᠯᠠᠨ ᠴᠤᠭ᠍ᠯᠠᠷᠠᠬᠤ ᠭᠠᠵᠠᠷ᠎ᠲᠤ ᠤᠴᠢᠬᠤ᠎ᠠᠴᠠ ᠵᠠᠢᠯᠠᠰᠭᠢᠬᠦ᠌ ᠬᠡᠷᠡᠭ᠌ᠲᠡᠶ ᠭᠡᠵᠦ᠍ ᠰᠠᠨᠠᠭᠤᠯᠪᠠ᠃

ᠡᠭᠦᠨ᠎ᠡᠴᠡ ᠭᠠᠳᠠᠨ᠎ᠠ᠂ ᠬᠥᠬᠡᠬᠣᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠬᠤᠭᠤᠴᠠᠭᠠᠨ᠎ᠳᠤ ᠴᠢᠩᠭ᠎ᠠ ᠰᠡᠷᠭᠡᠢᠯᠡᠨ ᠡᠵᠡᠮᠳᠡᠬᠦ᠌᠂ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠬᠤ᠂ ᠠᠮᠤᠷ ᠲᠦᠪᠱᠢᠨ᠎ᠢ ᠴᠢᠩᠭᠠᠳᠭᠠᠬᠤ ᠭᠤᠷᠪᠠᠨ ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠶ ᠰᠠᠢᠲᠤᠷ ᠬᠢᠬᠦ᠌ ᠬᠡᠷᠡᠭ᠌ᠲᠡᠶ᠃ ᠠᠷᠠᠳ᠎ᠤᠨ ᠠᠭᠠᠷ᠎ᠤᠨ ᠲᠡᠭᠡᠭᠡᠪᠦᠷᠢ᠂ ᠲᠡᠮᠦᠷ ᠵᠠᠮ᠂ ᠵᠠᠰᠠᠮᠠᠯ ᠵᠠᠮ᠎ᠤᠨ ᠠᠶᠠᠨᠴᠢᠳ᠎ᠤᠨ ᠵᠦᠭᠡᠭᠡᠪᠦᠷᠢ᠎ᠪᠡᠷ ᠳᠡᠮᠵᠢᠨ᠎ᠬᠥᠬᠡᠬᠣᠲᠠ᠎ᠳᠤ᠎ᠢᠷᠡᠬᠦ᠎ᠠᠶᠠᠨᠴᠢᠳ᠎ᠤᠨ᠎ᠪᠡᠶ᠎ᠡ᠎ᠶ᠋ᠢᠨ ᠲᠤᠯᠠᠭᠠᠨ᠎ᠢ ᠪᠠᠢᠴᠠᠭᠠᠨ ᠬᠡᠮᠵᠢᠬᠦ᠌᠎ᠶ᠋ᠢᠨ ᠬᠠᠮᠲᠤ 《ᠬᠦᠬᠡᠬᠤᠳᠠ ᠵᠢᠨ ᠰᠡᠷᠡᠮᠵᠢ᠎ᠶ᠋ᠢᠨ ᠲᠡᠮᠳᠡᠭ》᠎ᠢ ᠪᠠᠢᠴᠠᠭᠠᠨ ᠱᠢᠯᠭᠠᠬᠤ ᠴᠢᠬᠤᠯᠠᠲᠠᠶ᠂ ᠤᠯᠤᠰ᠎ᠤᠨ ᠳᠣᠲᠣᠭᠠᠳᠤ᠎ᠶ᠋ᠢᠨ ᠳᠤᠮᠳᠠ ᠥᠨᠳᠥᠷ ᠲᠦᠭ᠌ᠰᠢᠭᠦᠷᠢᠲᠡᠶ ᠭᠠᠵᠠᠷ ᠣᠷᠣᠨ᠎ᠤ ᠠᠶᠠᠨᠴᠢᠳ ᠪᠤᠯ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ ᠵᠢᠨ ᠦᠷ᠎ᠠ ᠳ᠋ᠦᠡᠭ ᠨᠢ ᠪᠢᠯᠢᠭ ᠴᠢᠨᠠᠷ᠎ᠤᠨ ᠭᠡᠷᠡᠴᠢ᠎ᠶ᠋ᠢ ᠱᠢᠯᠭᠠᠵᠤ᠂ ᠬᠢᠨᠠᠨ ᠱᠢᠯᠭᠠᠭᠠᠳ ᠡᠷᠡᠭᠦᠯ ᠮᠡᠨᠳᠦ᠍᠎ᠶ᠋ᠢᠨ ᠺᠣᠳ᠋ ᠪᠤᠶᠤ ᠠᠶᠠᠯᠠᠯ᠎ᠤᠨ ᠺᠣᠳ᠋᠎ᠨᠢ ᠤᠯᠠᠭᠠᠨ ᠥᠩᠭᠡ᠎ᠲᠡᠶ ᠪᠤᠯ 14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠬᠦ᠌ ᠴᠢᠬᠤᠯᠠᠲᠠᠶ;ᠡᠷᠡᠭᠦᠯ ᠮᠡᠨᠳᠦ᠍᠎ᠶ᠋ᠢᠨ ᠺᠣᠳ᠋ ᠪᠤᠶᠤ ᠠᠶᠠᠯᠠᠯ᠎ᠤᠨ ᠺᠣᠳ᠋᠎ᠢ ᠬᠢᠨᠠᠨ ᠱᠢᠯᠭᠠᠬᠤ᠎ᠳᠤ ᠱᠢᠷ᠎ᠠ ᠥᠩᠭᠡ᠎ᠲᠠᠢ ᠪᠤᠯ 14 ᠡᠳᠦᠷ ᠬᠡᠷ᠎ᠲᠡᠬᠡᠨ ᠲᠤᠰᠠᠭᠠᠷᠯᠠᠨ᠎ᠠ᠃ ᠬᠥᠬᠡᠬᠣᠲᠠ᠎ᠠᠴᠠ ᠭᠠᠷᠬᠤ ᠠᠶᠠᠨᠴᠢᠳ᠎ᠤᠨ ᠵᠣᠷᠢᠭ᠍ᠰᠠᠨ ᠭᠠᠵᠠᠷ ᠨᠢ ᠪᠡᠭᠡᠵᠢᠩ᠎ᠬᠣᠲᠠ᠎ᠪᠠᠢᠪᠠᠯ᠂ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ ᠵᠢᠨ ᠦᠷ᠎ᠠ ᠳ᠋ᠦᠡᠭ ᠨᠢ ᠪᠢᠯᠢᠭ ᠴᠢᠨᠠᠷ᠎ᠤᠨ ᠭᠡᠷᠡᠴᠢ ᠬᠠᠩᠭᠠᠬᠤ᠎ᠶ᠋ᠢᠨ ᠬᠠᠮᠲᠤ 《ᠪᠡᠭᠡᠵᠢᠩ᠎ᠦᠨ ᠡᠷᠡᠭᠦᠯ ᠮᠡᠨᠳᠦ᠍᠎ᠶ᠋ᠢᠨ ᠡᠷᠳᠡᠨᠢ》 ᠪᠠᠷ ᠳᠠᠮᠵᠢᠨ ᠬᠢᠨᠠᠨ ᠰᠢᠯᠭᠠᠭᠤᠯᠬᠤ ᠬᠡᠷᠡᠭ᠌ᠲᠡᠶ᠃ ᠭᠠᠵᠠᠷ ᠳᠤᠤᠷᠠᠬᠢ ᠲᠡᠮᠦᠷ ᠵᠠᠮ᠂ ᠨᠡᠢᠲᠡ᠎ᠶ᠋ᠢᠨ ᠮᠠᠱᠢᠨ ᠲᠡᠷᠭᠡ ᠵᠡᠷᠭᠡ ᠣᠯᠠᠨ ᠨᠡᠢᠲᠡ᠎ᠶ᠋ᠢᠨ ᠵᠠᠮ ᠬᠠᠷᠢᠯᠴᠠᠭ᠎ᠠ᠎ᠪᠠᠷ ᠶᠠᠪᠤᠬᠤ ᠠᠶᠠᠨᠴᠢᠳ ᠪᠥᠬᠥ᠌ ᠶᠠᠪᠤᠴᠠ᠎ᠳᠤ ᠡᠮᠴᠢᠯᠡᠭᠡᠨ᠎ᠦ ᠠᠮᠠᠪᠴᠢ ᠵᠡᠭᠦᠵᠦ᠍᠂ ᠪᠡᠶ᠎ᠡ᠎ᠶ᠋ᠢᠨ ᠳᠤᠯᠠᠭᠠᠨ᠎ᠤ ᠬᠡᠮᠵᠢᠯᠲᠡ᠎ᠶ᠋ᠢ ᠬᠦᠯᠢᠶᠡᠵᠦ᠍᠂ ᠡᠷᠡᠭᠦᠯ ᠮᠡᠨᠳᠦ᠍᠎ᠶ᠋ᠢᠨ ᠺᠣᠳ᠋᠎ᠢᠶᠠᠨ ᠰᠠᠨᠠᠭᠠᠴᠢᠯᠠᠭ᠎ᠠ᠎ᠠᠴᠠ᠎ᠪᠠᠨ ᠦᠵᠡᠭᠦᠯᠬᠦ᠌ ᠬᠡᠷᠡᠭ᠌ᠲᠡᠶ᠃ ᠲᠦᠷᠢᠶᠡᠰᠦᠨ ᠮᠠᠱᠢᠨ᠎ᠤ ᠵᠢᠯᠣᠭᠣᠴᠢ ᠪᠣᠯᠤᠨ ᠠᠶᠠᠨᠴᠢᠳ ᠪᠥᠬᠥ᠌ ᠶᠠᠪᠤᠴᠠ᠎ᠳᠤ ᠠᠮᠠᠪᠴᠢ ᠵᠡᠭᠦᠵᠦ᠍᠂ ᠠᠶᠠᠨᠴᠢᠳ ᠪᠡᠶ᠎ᠡ᠎ᠶ᠋ᠢᠨ ᠲᠤᠯᠠᠭᠠᠨ᠎ᠢᠶᠠᠨ ᠬᠡᠮᠵᠢᠬᠦᠯᠬᠦ᠎ᠶ᠋ᠢᠨ ᠬᠠᠮᠲᠤ ᠡᠷᠡᠭᠦᠯ ᠮᠡᠨᠳᠦ᠍᠎ᠶ᠋ᠢᠨ ᠺᠣᠳ᠋᠎ᠢᠶᠠᠨ ᠦᠵᠡᠭᠦᠯᠬᠦ᠌ ᠬᠡᠷᠡᠭ᠌ᠲᠡᠶ᠃ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠵᠥᠭᠡᠭᠡᠪᠦᠷᠢ᠎ᠶ᠋ᠢᠨ ᠬᠦᠴᠦᠨ᠎ᠦ ᠪᠠᠲᠤᠯᠠᠭ᠎ᠠ᠎ᠶ᠋ᠢ ᠪᠠᠲᠤᠯᠠᠬᠤ᠎ᠶ᠋ᠢᠨ ᠲᠥᠯᠥᠭᠡ᠂ ᠪᠠᠴᠢᠮ ᠪᠠᠢᠳᠠᠯ᠎ᠢ ᠠᠷᠭᠠᠴᠠᠭᠠᠬᠤ 4 ᠲᠡᠷᠭᠡᠨ ᠠᠩᠬᠢ᠎ᠶ᠋ᠢ ᠵᠣᠬᠢᠶᠠᠨ ᠪᠠᠢᠭᠤᠯᠵᠤ᠂ ᠲᠦᠷᠢᠶᠡᠰᠦᠨ ᠮᠠᠱᠢᠨ ᠲᠡᠷᠭᠡ᠂ ᠲᠤᠮᠤ ᠮᠠᠱᠢᠨ ᠲᠡᠷᠭᠡ᠂ ᠨᠡᠢᠲᠡ᠎ᠶ᠋ᠢᠨ ᠮᠠᠱᠢᠨ ᠲᠡᠷᠭᠡ᠂ ᠠᠴᠢᠶᠠᠨ᠎ᠤ ᠮᠠᠰᠢᠨ ᠲᠡᠷᠭᠡ᠎ᠪᠡᠷ ᠪᠦᠷᠢᠯᠳᠦᠵᠦ᠍᠂ ᠨᠡᠢ᠌ᠳᠡ 3145 ᠮᠠᠱᠢᠨ ᠲᠡᠷᠭᠡ᠎ᠲᠡᠶ᠃ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠣᠲᠣ᠎ᠶ᠋ᠢᠨ ᠪᠠᠢᠭ᠎ᠠ《ᠪᠠᠢᠴᠠᠭᠠᠬᠤ ᠶᠣᠰᠣᠲᠠᠶ ᠪᠦᠬᠦᠨ᠎ᠢ ᠪᠠᠢᠴᠠᠭᠠᠬᠤ》ᠠᠵᠢᠯ᠎ᠢ ᠪᠠᠲᠤᠯᠠᠭ᠍ᠰᠠᠨ ᠰᠠᠭᠤᠷᠢᠨ ᠳᠡᠭᠡᠷ᠎ᠡ᠂ ᠪᠥᠬᠥ᠌ ᠬᠣᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠤᠤᠯᠳᠠᠯᠭ᠎ᠠ᠎ᠲᠠᠶ ᠬᠥᠮᠦᠰ᠎ᠲᠦ ᠨᠢᠭᠡ ᠤᠳᠠᠭ᠎ᠠ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠵᠦ᠍᠂ ᠣᠳᠣᠬᠠᠨ᠎ᠳᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠦᠷᠢᠶᠡᠨ᠎ᠤ ᠨᠡᠢᠲᠡ 20975 ᠬᠥᠮᠦᠨ᠎ᠢ ᠱᠢᠯᠭᠠᠨ ᠪᠠᠢᠴᠠᠭᠠᠪᠠ᠃

ᠬᠥᠬᠡᠬᠣᠲᠠ ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠬᠢᠵᠢᠭ᠎ᠦᠨ ᠪᠠᠢᠳᠠᠯ᠎ᠢ ᠠᠱᠢᠭ᠍ᠯᠠᠨ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ ᠬᠢᠭ᠌ᠰᠡᠳ᠎ᠢ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠪᠠᠢᠴᠠᠭᠠᠨ ᠱᠢᠶ᠋ᠳᠪᠦᠷᠢᠯᠡᠵᠦ᠍᠂ ᠴᠤᠤᠷᠬᠠᠯ ᠡᠭᠦᠰᠭᠡᠭᠰᠡᠨ᠂ ᠴᠤᠤᠷᠬᠠᠯ ᠲᠠᠷᠬᠠᠭᠠᠭ᠍ᠰᠠᠨ᠂ ᠵᠢᠭᠤᠯᠴᠢᠯᠠᠨ ᠰᠠᠭᠤᠭ᠍ᠰᠠᠨ ᠲᠡᠦᠬᠡ᠂ ᠨᠢᠭᠲᠠ ᠦᠢᠷᠠᠳᠤᠭᠰᠠᠨ ᠲᠡᠤᠬᠡ᠎ᠪᠡᠨ ᠵᠣᠷᠢᠭᠤᠳᠠ᠎ᠨᠢᠭᠤᠵᠤ᠎ᠳᠠᠯᠳᠠᠯᠠᠭ᠍ᠰᠠᠨ᠂ ᠰᠡᠷᠭᠡᠢᠯᠡᠨ ᠡᠵᠡᠮᠳᠡᠬᠦ᠌ ᠬᠣᠯᠪᠣᠭ᠍ᠳᠠᠯ ᠪᠥᠬᠥᠶ ᠲᠣᠭ᠍ᠲᠠᠭᠠᠯ᠎ᠢ ᠬᠡᠷᠡᠭ᠌ᠵᠢᠭᠦᠯᠬᠦ᠌ ᠥᠬᠡᠶ᠂ ᠬᠢᠵᠢᠭ᠎ᠢ ᠰᠡᠷᠭᠡᠢᠯᠡᠬᠦ᠌ ᠬᠠᠮᠢᠶᠠᠷᠤᠯᠲᠠ᠎ᠳᠤ ᠬᠠᠮᠵᠢᠯᠴᠠᠬᠤ ᠥᠬᠡᠶ ᠪᠠᠢᠪᠠᠯ ᠬᠠᠤᠯᠢ ᠶᠣᠰᠣᠭᠠᠷ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ ᠡᠷᠡᠰ ᠨᠡᠬᠡᠮᠵᠢᠯᠡᠨ᠎ᠡ ᠭᠡᠵᠡᠢ᠃ 2021 ᠣᠨ᠎ᠳᠤ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠬᠢᠵᠢᠭ᠎ᠦᠨ ᠪᠠᠢᠳᠠᠯ᠎ᠳᠤ᠎ᠬᠣᠯᠪᠣᠭ᠍ᠳᠠᠭ᠍ᠰᠠᠨ᠎ᠬᠠᠤᠯᠢ᠎ᠡᠴᠡ᠎ᠵᠥᠷᠢᠴᠡᠭ᠌ᠰᠡᠨ27᠎ᠶᠠᠯᠠᠲᠤ ᠬᠡᠷᠡᠭ 34 ᠬᠦᠮᠦᠨ᠎ᠳ᠋ᠦ ᠴᠣᠬᠢᠯᠲᠠ ᠥᠭ᠌ᠴᠦ ᠱᠢᠶ᠋ᠳᠪᠦᠷᠢᠯᠡᠪᠡ᠃

ᠡᠭᠦᠨ᠎ᠦ ᠬᠠᠮᠲᠤ᠂ ᠣᠯᠠᠨ ᠲᠦᠮᠡᠨ᠎ᠦ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠬᠦ᠌᠎ᠳᠦ ᠲᠥᠬᠥᠮ ᠦᠵᠡᠭᠦᠯᠬᠦ᠌᠎ᠶ᠋ᠢᠨ ᠲᠥᠯᠥᠭᠡ᠂ ᠬᠥᠬᠡᠬᠣᠲᠠ ᠣᠷᠳᠣ ᠬᠤᠭᠤᠴᠠᠭ᠎ᠠ᠎ᠪᠠᠷ ᠪᠥᠭᠡᠮ ᠬᠦᠴᠢᠯ᠎ᠦᠨ᠎ᠱᠢᠯᠭᠠᠨ ᠪᠠᠢᠴᠠᠭᠠᠯᠲᠠ ᠬᠢᠬᠦ ᠡᠮᠴᠢᠯᠡᠭᠡᠨ᠎ᠦ ᠪᠠᠢᠭᠤᠯᠤᠮᠵᠢ᠎ᠶ᠋ᠢ 24 ᠪᠠᠢᠭᠤᠯᠤᠭ᠍ᠰᠠᠨ ᠰᠠᠭᠤᠷᠢᠨ ᠳᠡᠭᠡᠷ᠎ᠡ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ 16 ᠲᠦᠷ ᠴᠠᠭ᠎ᠤᠨ ᠥᠯᠢᠭᠡᠷ ᠠᠪᠬᠤ ᠴᠡᠭ᠎ᠢ ᠨᠠᠮᠠᠨ ᠳᠣᠭᠢᠷᠠᠭᠤᠯᠵᠤ᠂ ᠬᠡᠷᠡᠭ᠌ᠴᠡᠭᠡ᠎ᠲᠡᠶ ᠬᠣᠲᠠ᠎ᠶ᠋ᠢᠨ ᠠᠷᠠᠳ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠠᠯᠪᠠᠨ ᠰᠦᠯᠵᠢᠶ᠎ᠡ ᠪᠤᠶᠤ ᠵᠢᠷᠬᠢᠶ᠎ᠠ ᠵᠢᠨ ᠲᠡᠪᠴᠡᠡᠭ᠎ᠢᠶᠡᠷ ᠳᠠᠮᠵᠢᠨ ᠪᠠᠢᠴᠠᠭᠠᠨ ᠯᠠᠪᠯᠠᠵᠤ ᠪᠣᠯᠤᠨ᠎ᠠ᠃

 

ᠢᠷᠡᠯᠳᠡ᠄ ᠠᠷᠠᠳ᠎ᠤᠨ ᠰᠦᠯᠵᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号