ᠮᠠᠨ᠎ᠤ ᠤᠷᠤᠨ᠎ᠤ 5 ᠲᠠᠮᠢᠷᠴᠢᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠤᠷᠤᠯᠴᠠᠨ᠎ᠠ
2022-01-26 09:36:43
ᠵᠣᠬᠢᠶᠠᠭ᠍ᠴᠢ᠄
ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠮᠠᠨ᠎ᠤ ᠤᠷᠤᠨ᠎ᠤ 5 ᠲᠠᠮᠢᠷᠴᠢᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠤᠷᠤᠯᠴᠠᠬᠤ ᠡᠷᠭᠡ᠎ᠵᠢ ᠤᠯᠵᠠᠢ᠃

ᠬᠠᠨ ᠮᠧᠶ᠂ 2021 ᠣᠨ᠎ᠤ 11 ᠰᠠᠷ᠎ᠠ᠎ᠠᠴᠠ ᠨᠠᠭᠠᠰᠢ ᠠᠮᠧᠷᠢᠺᠠ᠂  ᠫᠤᠯᠠᠨᠳ᠋ ᠵᠡᠷᠭᠡ ᠭᠠᠵᠠᠷ᠎ᠲᠤ ᠳᠥᠷᠪᠡᠨ ᠥᠷᠲᠡᠭᠡ ᠳᠡᠯᠡᠬᠡᠶ᠎ᠶ᠋ᠢᠨ ᠬᠤᠨᠳᠠᠭᠠᠲᠤ ᠤᠷᠤᠯᠳᠤᠭᠠᠨ᠎ᠳᠤ ᠣᠷᠣᠯᠴᠠᠵᠤ᠂ ᠡᠭᠦᠨ᠎ᠳᠦ 1500 ᠮᠧᠲ᠋ᠷ᠂ 3000 ᠮᠧᠲ᠋ᠷ᠎ᠦᠨ ᠪᠥᠬᠥ᠌ ᠤᠯᠤᠰ᠎ᠤᠨ ᠲᠡᠮᠳᠡᠭ᠌ᠯᠡᠯ᠎ᠢ 3 ᠤᠳᠠᠭ᠎ᠠ ᠡᠭᠦᠳᠴᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ 1500 ᠮᠧᠲ᠋ᠷ᠂ 3000 ᠮᠧᠲ᠋ᠷ᠂ 5000 ᠮᠧᠲ᠋ᠷ ᠪᠠ ᠪᠦᠯᠬᠦᠮ᠎ᠦᠨ ᠳᠥᠷᠪᠡᠨ ᠵᠦᠢᠯ᠎ᠦᠨ ᠤᠷᠤᠯᠳᠤᠭᠠᠨ᠎ᠳᠤ ᠣᠷᠣᠯᠴᠠᠬᠤ᠎ᠪᠠᠷ ᠪᠤᠢ; ᠹᠠᠨ ᠳ᠋ᠦᠸᠸ ᠶᠣᠣ᠂ 2021 ᠣᠨ᠎ᠤ ᠤᠷᠤᠯᠳᠤᠭᠠᠨ᠎ᠤ ᠤᠯᠠᠷᠢᠯ᠎ᠤᠨ ᠤᠯᠤᠰ᠎ᠤᠨ ᠬᠤᠨᠳᠠᠭᠠᠲᠤ ᠡᠷᠡᠭ᠌ᠲᠡᠶ᠎ᠶ᠋ᠢᠨ ᠭᠠᠭ᠍ᠴᠠ᠎ᠬᠥᠮᠦᠨ᠎ᠦ᠎ᠴᠢᠷᠭ᠎ᠠ᠎ᠶ᠋ᠢᠨ᠎ᠤᠷᠤᠯᠳᠤᠭᠠᠨ᠎ᠤ ᠵᠦᠶ᠋ᠯ᠎ᠳᠤ 17 ᠳ᠋ᠤᠭᠠᠷ᠎ᠲᠤ ᠵᠢᠭ᠍ᠰᠠᠭᠠᠭ᠍ᠳᠠᠵᠤ᠂ ᠳᠡᠯᠡᠬᠡᠶ᠎ᠶ᠋ᠢᠨ ᠬᠤᠨᠳᠠᠭᠠᠲᠤ ᠤᠷᠤᠯᠳᠤᠭᠠᠨ᠎ᠤ ᠶᠠᠨᠴᠢᠩ ᠥᠷᠲᠡᠭᠡ᠎ᠶ᠋ᠢᠨ ᠤᠷᠤᠯᠳᠤᠭᠠᠨ᠎ᠳᠤ ᠣᠷᠣᠯᠴᠠᠬᠤ ᠬᠢᠷᠢ ᠬᠡᠮ᠎ᠢ ᠣᠯᠤᠭ᠍ᠰᠠᠨ ᠪᠠᠢᠨ᠎ᠠ᠂ ᠡᠨᠡ ᠨᠢ ᠮᠥᠨ ᠴᠦ᠍ ᠳᠤᠮᠳᠠᠳᠤ ᠤᠯᠤᠰ᠎ᠤᠨ ᠲᠠᠮᠢᠷᠴᠢᠨ ᠠᠩᠬ᠎ᠠ ᠤᠳᠠᠭ᠎ᠠ ᠲᠤᠰ ᠵᠤᠢᠯ᠎ᠤᠨ ᠤᠷᠤᠯᠳᠤᠭᠠᠨ᠎ᠤ ᠬᠢᠷᠢ ᠬᠡᠮ᠎ᠢ ᠤᠯᠤᠬᠰᠠᠨ ᠶᠠᠪᠤᠳᠠᠯ᠎ᠪᠣᠯᠵᠦ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ᠎ᠭᠠᠭ᠍ᠴᠠ᠎ᠬᠥᠮᠦᠨ᠂ ᠪᠦᠯᠬᠦᠮ ᠬᠣᠶᠠᠷ ᠵᠦᠢᠯ᠎ᠦᠨ ᠤᠷᠤᠯᠳᠤᠭᠠᠨ᠎ᠳᠤ ᠣᠷᠣᠯᠴᠠᠬᠤ᠎ᠪᠠᠷ ᠪᠤᠢ; ᠵᠣᠣ ᠳ᠋ᠠᠨ᠂ ᠪᠣᠯᠣᠳ ᠵᠢᠶᠠᠰᠠᠲᠤ ᠴᠠᠰᠤᠨ ᠲᠡᠷᠭᠡᠨ᠎ᠦ ᠡᠮᠡᠭ᠌ᠲᠡᠶ ᠲᠠᠮᠢᠷᠴᠢᠨ᠂ ᠤᠯᠤᠰ᠎ᠤᠨ ᠠᠩᠭᠢ᠎ᠶ᠋ᠢᠨ ᠨᠠᠰᠤ᠎ᠪᠠᠷ ᠬᠠᠮᠤᠭ᠎ᠤᠨ ᠵᠠᠯᠠᠭᠤ ᠲᠠᠮᠢᠷᠴᠢᠨ ᠪᠣᠯᠤᠭ᠍ᠰᠠᠨ᠎ᠤ ᠬᠤᠪᠢ᠎ᠳᠤ᠂ 《ᠡᠪᠦᠯ᠎ᠦᠨ ᠤᠯᠠᠷᠢᠯ᠎ᠤᠨ ᠵᠠᠯᠠᠭᠤᠴᠤᠳ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ》᠎ᠤ᠋ ᠡᠮᠡᠭ᠌ᠲᠡᠶ᠎ᠶ᠋ᠢᠨ ᠬᠤᠪᠢ ᠬᠥᠮᠦᠨ᠎ᠦ ᠲᠥᠷᠥᠯ ᠵᠦᠢᠯ᠎ᠦᠨ ᠳᠣᠯᠣᠳᠤᠭᠠᠷ᠎ᠲᠤ ᠣᠷᠣᠵᠤ᠂ ᠠᠦ᠋ᠰᠲ᠋ᠷᠢᠶ᠎ᠠ᠎ᠶ᠋ᠢᠨ ᠢᠨᠰᠪᠷᠦ᠋ᠺ ᠥᠷᠲᠡᠭᠡᠨ᠎ᠤ ᠤᠷᠤᠯᠳᠤᠭᠠᠨ᠎ᠳᠦ ᠮᠠᠩᠯᠠᠢᠯᠠᠵᠦ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠮᠡᠭ᠌ᠲᠡᠶ᠎ᠶ᠋ᠢᠨ ᠭᠠᠭ᠍ᠴᠠ ᠬᠥᠮᠦᠨ᠎ᠦ ᠤᠷᠤᠯᠳᠤᠭᠠᠨ᠎ᠳᠤ ᠣᠷᠣᠯᠴᠠᠬᠤ᠎ᠪᠠᠷ ᠪᠤᠢ; ᠴᠦ ᠶᠤᠸᠠᠨ ᠮᠸᠩ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠵᠣᠨ᠎ᠤ ᠤᠯᠠᠷᠢᠯ᠎ᠤᠨ ᠤᠷᠤᠯᠳᠤᠭᠠᠨ᠎ᠤ ᠬᠥᠷᠳᠤᠳᠤ ᠲᠠᠰᠢᠬᠥᠷ + ᠬᠠᠷᠪᠤᠯᠲᠠ᠎ᠶᠢᠨ ᠡᠮᠡᠭ᠌ᠲᠡᠶ᠎ᠶ᠋ᠢᠨ 4×6 ᠺᠢᠯᠣᠮᠧᠲ᠋ᠷ᠎ᠦᠨ᠎ᠪᠤᠤᠬᠢᠶ᠎ᠠ᠎ᠤᠷᠤᠯᠳᠤᠭᠠᠨ᠎ᠳᠤ᠎ᠮᠠᠩᠯᠠᠢᠯᠠᠵᠦ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠮᠡᠭ᠌ᠲᠡᠶ᠎ᠶ᠋ᠢᠨ 15 ᠺᠢᠯᠣᠮᠧᠲ᠋ᠷ᠎ᠦᠨ ᠬᠤᠪᠢ ᠬᠥᠮᠦᠨ᠂ ᠡᠮᠡᠭ᠌ᠲᠡᠶ᠎ᠶ᠋ᠢᠨ 4 ×6 ᠺᠢᠯᠣᠮᠧᠲ᠋ᠷ᠎ᠦᠨ ᠪᠤᠤᠬᠢᠶ᠎ᠠ ᠤᠷᠤᠯᠳᠤᠭᠠᠨ᠎ᠳᠤ ᠣᠷᠣᠯᠴᠠᠬᠤ᠎ᠪᠠᠷ ᠪᠤᠢ; ᠳ᠋ᠢᠩ ᠢᠦᠢ ᠬᠤᠸᠠᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠵᠣᠨ᠎ᠤ ᠤᠯᠠᠷᠢᠯ᠎ᠤᠨ ᠤᠷᠤᠯᠳᠤᠭᠠᠨ᠎ᠤ ᠲᠦᠷᠦᠯ ᠵᠦᠢᠯ᠎ᠤᠨ ᠭᠤᠯᠭᠤᠭᠤᠷ ᠬᠦᠷᠳᠦ + ᠬᠠᠷᠪᠤᠯᠲᠠ᠎ᠶᠢᠨ ᠡᠮᠡᠭ᠌ᠲᠡᠶ᠎ᠶ᠋ᠢᠨ 4×6 ᠺᠢᠯᠣᠮᠧᠲ᠋ᠷ᠎ᠦᠨ ᠪᠤᠤᠬᠢᠶ᠎ᠠ ᠤᠷᠤᠯᠳᠤᠭᠠᠨ᠎ᠳᠤ ᠳᠡᠳ᠋ᠯᠡᠵᠦ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠮᠡᠭ᠌ᠲᠡᠶ᠎ᠶ᠋ᠢᠨ 15 ᠺᠢᠯᠣᠮᠧᠲ᠋ᠷ᠎ᠦᠨ ᠬᠤᠪᠢ ᠬᠥᠮᠦᠨ᠂ ᠡᠮᠡᠭ᠌ᠲᠡᠶ᠎ᠶ᠋ᠢᠨ 4×6 ᠺᠢᠯᠣᠮᠧᠲ᠋ᠷ᠎ᠦᠨ ᠪᠤᠤᠬᠢᠶ᠎ᠠ ᠤᠷᠤᠯᠳᠤᠭᠠᠨ᠎ᠳᠤ ᠣᠷᠣᠯᠴᠠᠬᠤ᠎ᠪᠠᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号