— 《ᠱᠢᠨ᠎ᠡ ᠴᠠᠭ ᠦᠶ᠎ᠡ᠎ᠪᠠᠨ ᠮᠠᠭᠲᠠᠨ ᠳᠠᠭᠤᠯᠠᠶ᠎ᠠ》 ᠥᠪᠥᠷ ᠮᠣᠩᠭᠣᠯ᠎ᠤᠨ ᠵᠤᠬᠢᠶᠠᠯ᠎ᠤᠨ ᠳᠠᠭᠤᠤ ᠶ᠋ᠢᠨ ᠲᠣᠭ᠍ᠯᠠᠯᠲᠠ᠎ᠵᠢ ᠰᠤᠨᠢᠷᠬᠠᠭᠠᠳ

《ᠱᠢᠨ᠎ᠡ ᠴᠠᠭ ᠦᠶ᠎ᠡ᠎ᠪᠠᠨ ᠮᠠᠭᠲᠠᠨ ᠳᠠᠭᠤᠯᠠᠶ᠎ᠠ》ᠥᠪᠥᠷ ᠮᠣᠩᠭᠣᠯ᠎ᠤᠨ ᠵᠤᠬᠢᠶᠠᠯ᠎ᠤᠨ ᠳᠠᠭᠤᠤ ᠶ᠋ᠢᠨ ᠲᠣᠭ᠍ᠯᠠᠯᠲᠠ ᠨᠢ ᠦᠵᠡᠯ ᠰᠠᠨᠠᠭᠠᠴᠢ ᠴᠢᠨᠠᠷ ᠪᠠ ᠤᠷᠠᠯᠢᠭ᠍ᠴᠢ ᠴᠢᠨᠠᠷ᠎ᠤᠨ ᠨᠢᠭᠡᠳᠦᠯ᠂ ᠰᠣᠨᠢᠷᠬᠠᠯᠲᠤ ᠴᠢᠨᠠᠷ ᠪᠠ ᠳᠠᠭᠠᠭᠠᠮᠠᠭᠠᠶ ᠴᠢᠨᠠᠷ᠎ᠤᠨ ᠨᠢᠭᠡᠲᠦᠯ ᠢ᠋ ᠪᠠᠷᠢᠮᠲᠠᠯᠠᠨ᠂ ᠲᠣᠭ᠍ᠯᠠᠯᠲᠠ᠂ ᠪᠥᠵᠢᠭ᠂ ᠬᠠᠷᠠᠭᠠᠨ ᠰᠡᠷᠡᠯ ᠤ᠋ᠨ ᠵᠢᠷᠤᠭ ᠲᠥᠯᠥᠪᠯᠡᠭᠡ᠎ᠡᠴᠡ ᠠᠶ᠎ᠠ ᠰᠣᠩᠭᠣᠬᠤ᠂ ᠬᠤᠪᠴᠠᠰᠤ ᠬᠤᠨᠠᠷ᠂ ᠪᠠᠭᠠᠵᠢ ᠬᠡᠷᠡᠭ᠌ᠰᠡᠯ ᠵᠡᠷᠭᠡ ᠣᠯᠠᠨ ᠭᠣᠭ᠍ᠴᠣᠭ᠎ᠠ ᠬᠦᠷᠲᠡᠯ᠎ᠡ ᠡᠨᠡ ᠬᠦ᠌ ᠭᠤᠤᠯ ᠰᠡᠳᠦᠪ᠎ᠲᠡᠶ ᠨᠢᠭ᠍ᠲᠠ ᠤᠶᠠᠯᠳᠤᠭᠤᠯᠵᠠᠶ᠃ 《ᠱᠢᠨ᠎ᠡ ᠴᠠᠭ ᠦᠶ᠎ᠡ᠎ᠪᠠᠨ ᠮᠠᠭᠲᠠᠨ ᠳᠠᠭᠤᠯᠠᠶ᠎ᠠ》ᠭᠡᠬᠦ᠌ ᠥᠪᠥᠷ ᠮᠣᠩᠭᠣᠯ᠎ᠤᠨ ᠵᠤᠬᠢᠶᠠᠯ᠎ᠤᠨ ᠳᠠᠭᠤᠤ ᠶ᠋ᠢᠨ ᠲᠤᠭᠯᠠᠯᠲᠠ ᠪᠣᠯ ᠤᠢ᠍ᠢᠷ᠎ᠠ ᠶ᠋ᠢᠨ ᠵᠢᠯ᠎ᠡᠴᠡ ᠨᠠᠭᠠᠰᠢ ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠠᠵᠢᠯᠲᠠᠳ ᠠᠮᠢᠳᠤᠷᠠᠯ᠎ᠳᠤ ᠭᠦᠨᠵᠡᠭᠡᠢᠷᠡᠵᠦ᠍᠂ ᠠᠷᠠᠳ ᠲᠦᠮᠡᠨ ᠤ᠋ ᠳᠤᠮᠳᠠ ᠦᠨᠳᠦᠰᠦᠯᠡᠵᠦ᠍᠂ 《ᠨᠠᠮ ᠪᠠᠢᠭᠤᠯᠤᠭ᠍ᠳᠠᠭ᠍ᠰᠠᠨ ᠵᠠᠭᠤᠨ ᠵᠢᠯ》᠂ 《ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ》᠂ 《ᠪᠦᠬᠦ᠌ ᠲᠠᠯ᠎ᠠ᠎ᠪᠠᠷ ᠴᠢᠨᠡᠭᠡᠯᠢᠭ᠌ᠵᠢᠬᠦ᠌》᠂ 《ᠤᠨᠢᠨ ᠳᠡᠭᠡᠷ᠎ᠡ ᠨᠢ ᠶᠠᠳᠠᠭᠤ᠎ᠶ᠋ᠢ ᠲᠡᠳᠬᠦᠬᠦ᠌》 ᠂ 《 ᠪᠣᠬᠢᠷᠲᠤᠯ ᠦᠭᠡᠢ ᠬᠥᠭ᠌ᠵᠢᠬᠦᠯᠬᠦ》᠂ 《ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ》 ᠵᠡᠷᠭᠡ ᠭᠣᠣᠯ ᠰᠡᠳᠦᠪ ᠤ᠋ᠨ ᠲᠣᠭᠣᠷᠢᠨ᠎ᠳᠤ ᠥᠷᠨᠢᠭᠦᠯᠦᠭ᠌ᠰᠡᠨ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ ᠶ᠋ᠢᠨ ᠱᠢᠯᠢᠳᠡᠭ ᠦᠷ᠎ᠡ ᠪᠦᠲᠦᠭᠡᠯ ᠪᠣᠯᠬᠤ ᠶᠤᠮ᠃
ᠲᠤᠰ ᠤᠳᠠᠭᠠᠨ᠎ᠤ ᠳᠠᠭᠤᠤ ᠬᠥᠭ᠌ᠵᠢᠮ ᠤ᠋ᠨ ᠲᠣᠭ᠍ᠯᠠᠯᠲᠠ᠎ᠨᠢ ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠠᠵᠢᠯᠲᠠᠳ᠎ᠤᠨ ᠰᠣᠳᠣᠨ ᠪᠦᠲᠦᠭᠡᠯ᠎ᠵᠢᠡᠨ ᠠᠷᠠᠳ ᠲᠦᠮᠡᠨ᠎ᠳᠡᠭᠡᠨ ᠡᠷᠭᠦᠵᠦ᠍᠂ ᠰᠠᠢᠨ ᠰᠠᠢᠬᠠᠨ ᠮᠤᠷᠠᠯ ᠶ᠋ᠢᠡᠷ ᠬᠡᠪ ᠰᠤᠷᠲᠠᠯ ᠢ᠋ ᠬᠥᠲᠥᠯᠥᠨ ᠳᠠᠭᠠᠭᠤᠯᠤᠭ᠍ᠰᠠᠨ ᠠᠮᠢᠳᠤᠯᠢᠭ ᠦᠶ᠋ᠯᠡᠳᠦᠯᠭᠡ᠎ᠶ᠋ᠢ ᠭᠤᠤᠯᠳᠠᠯᠭ᠎ᠠ᠎ᠲᠠᠶ ᠳᠡᠯᠭᠡᠨ᠂ ᠢᠷᠠᠭᠤ ᠳᠠᠭᠤᠤ ᠢᠷᠠᠭᠤᠬᠠᠨ ᠬᠥᠭ᠌ᠵᠢᠮᠵᠢᠡᠷ ᠡᠨᠡ ᠬᠦ᠌ ᠬᠠᠯᠠᠭᠤᠨ ᠬᠥᠷᠥᠰᠥᠨ ᠳ᠋ᠦ ᠠᠵᠤ ᠲᠦᠷᠦᠨ ᠠᠮᠢᠳᠤᠷᠠᠵᠤ ᠪᠠᠢᠭ᠎ᠠ ᠦᠨᠳᠦᠰᠦᠲᠡᠨ᠎ᠨᠦᠭᠦᠳ᠎ᠤ᠋ᠨ ᠣᠯᠠᠨ ᠲᠦᠮᠡᠨ᠎ᠤ᠋ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠵᠣᠯ ᠵᠢᠷᠭᠠᠯ᠎ᠤᠨ ᠨᠢᠭᠤᠴᠠ ᠵᠤᠷ ᠢ᠋ ᠲᠤᠳᠤᠷᠠᠭᠤᠯᠪᠠ᠃ ᠲᠣᠭ᠍ᠯᠠᠯᠲᠠ᠎ᠳᠤ ᠨᠡᠷ᠎ᠡ ᠬᠦᠨᠳᠦ᠍᠎ᠳᠤ ᠤᠷᠠᠯᠢᠭ᠍ᠴᠢᠳ ᠢ᠋ ᠤᠷᠢᠭ᠍ᠰᠠᠨ ᠪᠥᠭᠡᠳ ᠪᠠᠰᠠ ᠢᠳᠡᠷ ᠵᠠᠯᠠᠭᠤ ᠰᠤᠳᠤᠨ ᠤᠷᠠᠯᠢᠭ᠍ᠴᠢᠳ᠂ ᠤᠯᠤᠰ ᠲᠠᠶᠠᠭᠠᠷ ᠲᠤ᠌ ᠠᠪᠢᠶᠠᠰ ᠴᠢᠳᠠᠪᠤᠷᠢ᠎ᠪᠠᠨ ᠭᠠᠢᠬᠠᠭᠤᠯᠵᠤ ᠶᠠᠪᠤᠭ᠎ᠠ ᠥᠪᠥᠷ ᠮᠣᠩᠭᠣᠯ ᠨᠤᠲᠤᠭ᠎ᠲᠠᠶ ᠤᠷᠠᠯᠢᠭ᠎ᠤᠨ ᠱᠢᠨ᠎ᠡ ᠤᠳᠤᠨ᠂ ᠤᠳᠭ᠎ᠠ ᠤᠷᠠᠯᠢᠭ᠎ᠤᠨ ᠱᠢᠨᠡᠵᠣᠬᠢᠶᠠᠨ ᠪᠠᠢᠭᠤᠯᠤᠯᠲᠠ ᠪᠠ ᠤᠳᠭ᠎ᠠ ᠤᠷᠠᠯᠢᠭ᠎ᠤᠨ ᠱᠢᠨ᠎ᠡ ᠬᠠᠮᠲᠤᠯᠢᠭ᠎ᠤᠨ ᠠᠵᠢᠯᠲᠠᠳ ᠵᠢᠴᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ ᠤ᠋ᠨ ᠤᠯᠠᠨ ᠲᠦᠮᠡᠨ ᠢ᠋ ᠤᠷᠢᠪᠠ᠃
ᠲᠤᠭᠯᠠᠯᠲᠠ᠎ᠵᠢᠨ ᠭᠣᠣᠯ ᠰᠡᠳᠦᠪ ᠨᠢ ᠥᠪᠥᠷ ᠮᠣᠩᠭᠣᠯ᠎ᠤᠨ ᠵᠠᠭᠤᠨ ᠤᠳᠬ᠎ᠠ ᠤᠷᠠᠯᠢᠭᠤᠨᠠᠵᠢᠯᠲᠠᠳᠤᠨ ᠤᠭ ᠰᠠᠨᠠᠭ᠎ᠠ᠎ᠪᠠᠨ ᠡᠷᠭᠢᠴᠡᠭᠦᠯᠦᠨ᠂ ᠤᠯᠤᠰ ᠵᠢᠡᠨ ᠬᠠᠢᠷᠠᠯᠠᠬᠤ᠂ ᠠᠷᠠᠳ᠎ᠤᠨ ᠲᠥᠯᠥᠭᠡ ᠵᠢᠳᠬᠦᠬᠦ᠌᠂ ᠶᠣᠰᠣ ᠰᠤᠷᠲᠠᠬᠤᠨ ᠢ᠋ ᠳᠡᠭᠡᠳᠦᠯᠡᠬᠦ᠌᠂ ᠤᠷᠠᠯᠢᠭ ᠢ᠋ ᠡᠷᠬᠢᠮᠯᠡᠬᠦ᠌ ᠥᠷᠲᠡᠭ ᠤ᠋ᠨ ᠬᠥᠭᠡᠭᠡᠴᠡᠯᠳᠦᠯ ᠢ᠋ ᠠᠮᠢᠳᠤᠯᠢᠭ ᠪᠤᠳᠠᠳᠠᠢ ᠲᠤᠰᠬᠠᠵᠠᠢ᠃ ᠪᠦᠬᠦᠢᠯᠡ ᠲᠣᠭ᠍ᠯᠠᠯᠲᠠ ᠨᠢ ᠨᠡᠢᠭᠡᠮ ᠵᠢᠷᠤᠮ᠎ᠤᠨ ᠤᠳᠭ᠎ᠠ ᠤᠷᠠᠯᠢᠭ᠎ᠤᠨ ᠳᠤᠮᠳᠠᠳᠤ ᠶ᠋ᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠱᠢᠨ᠎ᠡ ᠠᠶᠠᠨ᠎ᠳᠠᠬᠢ ᠥᠪᠡᠷᠮᠢᠴᠡ ᠳᠠᠪᠠᠭᠤᠯᠢᠭ ᠪᠠ ᠬᠦᠴᠦᠨ ᠴᠢᠳᠠᠯ ᠢ᠋ ᠭᠦᠢᠴᠡᠳ ᠢᠯᠡᠷᠡᠭᠦᠯᠪᠡ᠃ ᠤᠷᠠᠨ ᠭᠤᠴᠤ ᠳᠠᠭᠤᠤ ᠪᠦᠵᠢᠭᠵᠢᠡᠷᠵᠢᠡᠨ ᠦᠵᠡᠰᠬᠦᠯᠠᠡᠭᠳᠤ ᠰᠠᠢᠬᠠᠨ ᠠᠭᠤᠯᠠ ᠤᠰᠤ᠂ ᠠᠭᠤᠤ ᠶᠡᠬᠡ ᠴᠠᠭ ᠦᠶ᠎ᠡ᠎ᠶ᠋ᠢ ᠮᠠᠭ᠍ᠲᠠᠨ ᠳᠠᠭᠤᠯᠠᠵᠤ᠂ ᠰᠡᠳᠭᠢᠯ ᠬᠥᠳᠡᠯᠭᠡᠮ᠎ᠡ ᠥᠯᠢᠭᠡᠷ ᠢ᠋ ᠲᠡᠯᠭᠡᠵᠤ ᠂ ᠰᠠᠢᠨ ᠰᠠᠢᠬᠠᠨ ᠠᠮᠢᠳᠤᠷᠠᠯ᠎ᠤᠨ ᠳᠦᠷᠰᠦ ᠪᠠᠢᠳᠠᠯ ᠢ᠋ ᠢᠯᠡᠷᠡᠬᠦᠯᠵᠤ᠂ ᠨᠠᠮ ᠪᠠᠢᠭᠤᠯᠤᠭ᠍ᠳᠠᠭ᠍ᠰᠠᠨ ᠵᠠᠭᠤᠨ ᠵᠢᠯ ᠤ᠋ᠨ ᠲᠤᠷᠱᠢᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ ᠳ᠋ᠦ ᠵᠣᠯ ᠵᠢᠷᠭᠠᠯ ᠡᠳ᠋ᠯᠡᠭᠦᠯᠵᠦ᠍᠂ ᠦᠨᠳᠦᠰᠦᠲᠡᠨ ᠤ᠋ ᠰᠡᠷᠭᠦᠨ ᠮᠠᠨᠳᠤᠯᠲᠠ᠎ᠶ᠋ᠢ ᠪᠡᠶᠡᠯᠡᠭᠦᠯᠦᠭ᠌ᠰᠡᠨ ᠠᠭᠤᠤ ᠶᠡᠬᠡ ᠭᠠᠪᠢᠶ᠎ᠠ ᠵᠢᠳᠬᠦᠯ ᠢ᠋ ᠤᠷᠬᠢᠯᠤᠮ᠎ᠠ ᠬᠠᠯᠠᠭᠤᠨ ᠰᠡᠳᠬᠢᠯᠭᠡ ᠪᠠᠷ ᠤᠶᠡᠡᠭᠭᠠᠯᠠᠨ ᠳᠠᠭᠤᠯᠠᠵᠤ᠂ ᠦᠨᠳᠦᠰᠦᠲᠡᠨ᠎ᠨᠦᠭᠦᠳ ᠤ᠋ᠨ ᠬᠥᠪᠡᠭᠦᠳ ᠥᠬᠢᠳ ᠤ᠋ᠨ ᠨᠠᠮ᠎ᠤᠨ ᠤᠳᠤᠷᠢᠳᠤᠯᠭ᠎ᠠ ᠳᠤᠤᠷ᠎ᠠ ᠣᠮᠣᠭ ᠲᠡᠭᠦᠯᠳᠡᠷ ᠰᠠᠢᠨ ᠰᠠᠢᠬᠠᠨ ᠠᠮᠢᠳᠤᠷᠠᠯ ᠢ᠋ ᠬᠥᠭᠡᠭᠡᠴᠡᠯᠳᠦᠬᠦ᠌ ᠣᠶᠤᠨ ᠰᠠᠨᠠᠭᠠᠨ᠎ᠤ ᠳᠦᠷᠰᠦ ᠪᠠᠢᠳᠠᠯ ᠢ᠋ ᠠᠮᠢᠳᠤᠯᠢᠭ ᠶ᠋ᠢᠡᠷ ᠢᠯᠡᠷᠡᠭᠦᠯᠤᠨ᠂ ᠦᠨᠳᠦᠰᠦᠲᠡᠨ᠎ᠨᠦᠭᠦᠳ ᠤ᠋ᠨ ᠠᠷᠠᠳ ᠲᠦᠮᠡᠨ ᠤ᠋ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨᠵᠢᠡᠷ ᠡᠷᠡᠮᠡᠬᠡᠢᠯᠡᠨ ᠤᠷᠤᠭ᠍ᠰᠢᠯᠠᠬᠤ᠎ᠵᠢ ᠤᠷᠮᠠᠱᠢᠭᠤᠯᠤᠨ ᠵᠣᠷᠢᠭ᠍ᠵᠢᠭᠤᠯᠪᠠ᠃
《ᠱᠢᠨ᠎ᠡ ᠴᠠᠭ ᠦᠶ᠎ᠡ᠎ᠪᠠᠨ ᠮᠠᠭᠲᠠᠨ ᠳᠠᠭᠤᠯᠠᠶ᠎ᠠ》ᠥᠪᠥᠷ ᠮᠣᠩᠭᠣᠯ᠎ᠤᠨ ᠵᠤᠬᠢᠶᠠᠯ᠎ᠤᠨ ᠳᠠᠭᠤᠤ᠎ᠶ᠋ᠢᠨ ᠲᠤᠭᠯᠠᠯᠲᠠ᠎ᠶ᠋ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠂ ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠬᠢᠨ ᠤ᠋ ᠬᠣᠯᠪᠣᠭ᠎ᠠ᠎ᠠᠴᠠ ᠭᠤᠤᠯᠯᠠᠨ ᠡᠷᠭᠢᠯᠡᠪᠡ᠃ ᠡᠨᠡ ᠬᠦ᠌ ᠲᠣᠭ᠍ᠯᠠᠯᠲᠠ ᠨᠢ ᠡᠯᠪᠡᠭ ᠪᠠᠶᠠᠯᠢᠭ ᠤᠷᠠᠯᠢᠭ᠎ᠤᠨ ᠬᠡᠯᠪᠡᠷᠢ ᠲᠠᠢ ᠪᠠᠢᠵᠤ᠂ ᠰᠦᠯᠵᠢᠶ᠎ᠡ᠎ᠪᠡᠷ ᠥᠷᠭᠡᠨ ᠣᠯᠠᠨ ᠠᠷᠠᠳ ᠲᠦᠮᠡᠨ ᠳ᠋ᠦ ᠵᠤᠬᠢᠶᠠᠯ᠎ᠤᠨ ᠳᠠᠭᠤᠤ ᠶ᠋ᠢᠨ ᠭᠠᠢᠬᠠᠮᠰᠢᠳᠤ ᠷᠢᠳᠢ ᠱᠢᠳᠢ᠎ᠶ᠋ᠢ ᠳᠡᠯᠭᠡᠨ ᠦᠵᠡᠭᠦᠯᠦᠭ᠌ᠰᠡᠨ ᠪᠠᠢᠨ᠎ᠠ᠃ ᠲᠤᠭᠯᠠᠯᠲᠠ ᠨᠢ 《ᠮᠠᠯᠴᠢᠨ ᠲᠦᠮᠡᠨ ᠡᠪ ᠬᠠᠮᠲᠤ ᠨᠠᠮ ᠵᠢᠡᠨ ᠮᠠᠭᠲᠠᠨ ᠳᠠᠭᠤᠯᠠᠨ᠎ᠠ》 ᠳᠠᠭᠤᠤ ᠪᠡᠷ ᠬᠦᠰᠢᠭᠡ ᠪᠠᠨ ᠰᠡᠬᠦᠵᠤ᠂ 《ᠦᠵᠡᠰᠭᠦᠯᠡᠩᠲᠦ ᠰᠠᠢᠬᠠᠨ ᠮᠢᠨᠦ᠍ ᠨᠤᠲᠤᠭ》 ᠂ 《ᠬᠤᠨ ᠭᠠᠯᠠᠭᠤ》 ᠂ 《ᠣᠪᠣᠭᠠᠨ ᠳᠡᠭᠡᠷᠡᠬᠢ ᠠᠭᠤᠯᠵᠠᠯᠲᠠ》 ᠵᠡᠷᠭᠡ ᠤᠯᠠᠨ᠎ᠠ ᠲᠠᠭᠠᠱᠢᠶᠠᠭ᠍ᠳᠠᠭ᠍ᠰᠠᠨ ᠲᠠᠯ᠎ᠠ ᠨᠤᠲᠤᠭ᠎ᠤᠨ ᠳᠠᠭᠤᠤᠪᠠ ᠥᠪᠥᠷ ᠮᠣᠩᠭᠣᠯ᠎ᠤᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠳᠠᠭᠤᠤ ᠪᠥᠵᠢᠭ ᠤ᠋ᠨ ᠪᠦᠯᠬᠦᠮ ᠤ᠋ᠨ ᠬᠠᠮᠲᠤ ᠶ᠋ᠢᠨ ᠪᠥᠵᠢᠭ ᠢ᠋ ᠬᠠᠪᠰᠤᠷᠭᠠᠵᠤ ᠦᠵᠡᠭ᠌ᠴᠢᠳ᠎ᠤᠨ ᠲᠠᠭᠠᠰᠢᠶᠠᠯ ᠳ᠋ᠦ ᠬᠦᠷᠴᠠᠢ᠃ ᠲᠣᠭ᠍ᠯᠠᠯᠲᠠ᠎ᠳᠤ ᠳᠠᠭᠤᠯᠠᠭ᠍ᠰᠠᠨ ᠡᠳᠡᠭᠡᠷ ᠳᠠᠭᠤᠤ ᠨᠢ ᠦᠶ᠎ᠡ ᠦᠶ᠎ᠡ ᠶ᠋ᠢᠨ ᠬᠥᠭ᠌ᠵᠢᠮᠴᠢᠳ᠂ ᠤᠷᠠᠯᠢᠭ᠍ᠴᠢᠳ᠎ᠤᠨ ᠭᠦᠨ ᠵᠤᠵᠠᠭᠠᠨ ᠰᠣᠶᠣᠯ᠎ᠤᠨ ᠠᠭᠤᠯᠬᠤᠨ᠎ᠲᠠᠶ ᠥᠪᠥᠷ ᠮᠣᠩᠭᠣᠯ᠎ᠤᠨ ᠡᠬᠡ ᠭᠠᠵᠠᠷ᠎ᠲᠤ ᠦᠨᠳᠦᠰᠦᠯᠡᠨ ᠵᠣᠬᠢᠶᠠᠨ ᠪᠦᠲᠦᠭᠡᠭ᠌ᠰᠡᠨ ᠥᠪᠥᠷ ᠮᠣᠩᠭᠣᠯ᠎ᠤᠨ ᠵᠤᠬᠢᠶᠠᠯ᠎ᠤᠨ ᠳᠠᠭᠤᠤ ᠶ᠋ᠢᠨ ᠳᠣᠲᠣᠷᠠᠬᠢ ᠤᠯᠠᠨ ᠲᠦᠮᠡᠨ᠎ᠤ ᠰᠡᠳᠬᠢᠯ ᠳ᠋ᠦ ᠬᠠᠳᠠᠨᠭᠰᠢᠭᠰᠠᠨ ᠰᠣᠩᠭᠣᠳᠠᠭ ᠪᠦᠲᠦᠭᠡᠯ ᠪᠠᠢᠵᠤ᠂ ᠳᠠᠭᠤᠤ ᠪᠤᠯᠭᠠᠨ ᠨᠢ ᠥᠪᠥᠷ ᠮᠣᠩᠭᠣᠯ᠎ᠤᠨ ᠠᠷᠠᠳ ᠲᠦᠮᠡᠨ᠎ᠤ ᠬᠠᠢᠷ᠎ᠠ ᠰᠡᠳᠭᠢᠯᠭᠡ ᠶ᠋ᠢᠨ ᠳᠤᠷᠠᠳᠭᠠᠯ ᠪᠠ ᠡᠬᠡ ᠤᠯᠤᠰ᠎ᠤᠨ ᠦᠨᠳᠦᠰᠦᠲᠡᠨ ᠨᠤᠬᠦᠳ᠎ᠤᠨ ᠠᠷᠠᠳ ᠲᠦᠮᠡᠨ᠎ᠤ ᠦᠪᠤᠷ ᠮᠤᠡᠭᠭᠤᠯ᠎ᠤᠨ ᠲᠤᠬᠠᠢ ᠬᠦᠰᠡᠯ ᠮᠦᠷᠦᠭᠡᠳᠦᠯ ᠢ᠋ ᠬᠦᠪᠦᠷᠡᠭᠦᠯᠵᠦ ᠪᠠᠢᠳᠠᠭ᠃ ᠲᠣᠭ᠍ᠯᠠᠯᠲᠠ ᠳ᠋ᠦ᠂ ᠥᠪᠥᠷ ᠮᠣᠩᠭᠣᠯ᠎ᠤᠨ ᠱᠢᠨ᠎ᠡ ᠨᠢᠭᠡ ᠦᠶ᠎ᠡ ᠶ᠋ᠢᠨ ᠰᠤᠳᠤᠨ ᠳᠠᠭᠤᠴᠢᠳ ᠡᠴᠡ ᠰᠢᠨ᠎ᠡ ᠤᠷᠠᠨ ᠪᠦᠲᠦᠭᠡᠯᠵᠢᠡᠷᠵᠢᠡᠨ ᠠᠬᠠᠮᠠᠳ ᠨᠢᠭᠡ ᠦᠶ᠎ᠡ ᠶ᠋ᠢᠨ ᠤᠷᠠᠯᠢᠭ᠍ᠴᠢᠳ ᠲᠠᠭᠠᠨ ᠬᠦᠨᠳᠦᠳᠭᠡᠯ ᠳᠡᠪᠱᠢᠭᠦᠯᠪᠡ᠃
ᠲᠤᠭᠯᠠᠯᠲᠠ ᠳ᠋ᠦ ᠳᠠᠭᠤᠯᠠᠭᠳᠠᠭᠰᠠᠨ ᠮᠠᠰᠢ ᠣᠯᠠᠨ ᠰᠣᠩᠭᠣᠳᠠᠭ ᠪᠦᠲᠦᠭᠡᠯ ᠨᠢ ᠬᠦᠮᠦᠰ᠎ᠤᠨ ᠨᠤᠲᠤᠭ᠎ᠵᠢᠡᠨ ᠭᠡᠰᠡᠨ ᠰᠡᠳᠬᠢᠯ ᠢ᠋ ᠬᠦᠨᠳᠡᠵᠦ ᠪᠠᠢᠳᠠᠭ᠃ ᠡᠨᠡ ᠨᠢ ᠪᠠᠰᠠ ᠡᠳᠡᠭᠡᠷ ᠳᠠᠭᠤᠤ ᠨᠤᠭᠤᠳ᠎ᠤᠨ ᠤᠯᠠᠮᠵᠢᠯᠠᠭᠳᠠᠨ ᠳᠠᠭᠤᠯᠠᠭᠳᠠᠵᠤ ᠤᠷᠤᠰᠬᠠᠯ ᠪᠤᠯᠤᠭᠰᠠᠭᠠᠷ ᠢᠷᠡᠭᠰᠡᠨ᠎ᠤ ᠰᠢᠯᠲᠠᠭᠠᠨᠪᠤᠯᠤᠨᠠ᠃ ᠥᠪᠥᠷᠮᠣᠩᠭᠤᠯᠨᠤᠲᠤᠭ ᠪᠣᠯ ᠳᠠᠭᠤᠤ ᠬᠥᠭ᠌ᠵᠢᠮ ᠤ᠋ᠨ ᠪᠠᠶᠠᠨ ᠠᠭᠤᠷᠬᠠᠢ᠂ ᠳᠠᠭᠤᠴᠢᠳ ᠬᠦᠭᠵᠢᠮᠴᠢᠳ᠎ᠤᠨ ᠠᠪᠤᠭᠠᠳ ᠪᠠᠷᠠᠰᠢ ᠦᠭᠡᠢ ᠡᠷᠳᠡᠨᠢᠰ ᠤ᠋ᠨ ᠰᠠᠩ᠃ 《ᠣᠪᠣᠭᠠᠨ ᠳᠡᠭᠡᠷᠡᠬᠢ ᠠᠭᠤᠯᠵᠠᠯᠲᠠ》᠂《ᠦᠵᠡᠰᠭᠦᠯᠡᠩᠲᠦ ᠰᠠᠢᠬᠠᠨ ᠮᠢᠨᠦ᠍ ᠨᠤᠲᠤᠭ》 ᠂ 《 ᠤᠭᠠᠯᠵᠠᠨ ᠭᠡ ᠲᠠᠢ ᠡᠮᠡᠭᠡᠯ》ᠵᠡᠷᠭᠡ ᠰᠡᠳᠬᠢᠯ ᠳ᠋ᠦ ᠬᠠᠳᠠᠡᠭᠰᠢᠨ᠂ ᠪᠦᠬᠦ᠌ ᠤᠯᠤᠰ᠎ᠤᠨ ᠬᠡᠪᠴᠢᠶᠡᠨ ᠳ᠋ᠦ ᠤᠯᠠᠮᠵᠢᠯᠠᠭᠳᠠᠨ ᠳᠠᠭᠤᠯᠠᠭᠳᠠᠭᠰᠠᠨ ᠡᠳᠡᠭᠡᠷ ᠳᠠᠭᠤᠤ ᠨᠤᠭᠤᠳ ᠨᠢ ᠡᠭᠦᠷᠢᠲᠡ ᠬᠦᠮᠦᠰ᠎ᠤᠨ ᠰᠡᠳᠭᠢᠯ ᠢ᠋ ᠲᠠᠢᠳᠭᠤᠷᠠᠭᠤᠯᠵᠤ᠂ ᠰᠠᠢ᠌ᠨ ᠰᠠᠢᠬᠠᠨ ᠳᠤᠷᠠᠳᠬᠠᠯ ᠢ᠋ ᠬᠦᠪᠦᠷᠡᠭᠦᠯᠦᠨᠡ᠃ ᠤᠨ ᠵᠢᠯ ᠤ᠋ᠨ ᠡᠯᠡᠭᠡᠯᠲᠡ ᠵᠢ ᠦᠡᠭᠭᠡᠷᠡᠭᠡᠭᠰᠡᠨ ᠴᠦ᠍ ᠡᠳᠡᠭᠡᠷ ᠳᠠᠭᠤᠤ ᠨᠤᠭᠤᠳ ᠮᠥᠨ ᠭᠡᠷᠡᠯ ᠭᠢᠯᠪᠠᠭ᠎ᠠ ᠰᠠᠴᠤᠷᠠᠭᠤᠯᠤᠭᠰᠠᠭᠠᠷ᠂ ᠡᠨᠡ᠎ᠨᠢ ᠮᠦᠨ ᠰᠣᠩᠭᠣᠳᠠᠭ ᠪᠦᠲᠦᠭᠡᠯ ᠪᠣᠯᠤᠭ᠍ᠰᠠᠨ᠎ᠤ ᠲᠠᠲᠠᠬᠤ ᠬᠦᠴᠦᠨᠪᠣᠯᠤᠨᠠ᠃ᠪᠢᠳᠡᠡᠲᠡᠭᠡᠷᠠᠮᠢᠳᠤᠷᠠᠯᠡᠴᠡ ᠬᠦᠪᠦᠷᠡᠵᠦ᠍᠂ ᠰᠡᠳᠭᠢᠯ ᠳ᠋ᠦ ᠬᠠᠳᠠᠨᠭᠰᠢᠭᠰᠠᠨ ᠰᠤᠡᠭᠭᠤᠳᠠᠭ ᠪᠦᠲᠦᠭᠡᠯ᠂ ᠥᠨᠢᠳᠡ ᠪᠠᠯᠠᠷᠠᠰᠢ ᠥᠬᠡᠶ ᠤᠷᠠᠯᠢᠭ᠎ᠤᠨ ᠭᠢᠯᠪᠠᠭ᠎ᠠ ᠳ᠋ᠦ ᠬᠦᠨᠳᠦᠳᠭᠡᠯ ᠳᠡᠪᠱᠢᠭᠦᠯᠦᠶ᠎ᠡ!
ᠨᠢᠭᠡ ᠨᠢᠭᠡ ᠪᠠᠳᠠᠭ ᠣᠮᠣᠭ ᠲᠡᠭᠦᠯᠳᠡᠷ ᠳᠠᠭᠤᠤ ᠨᠤᠭᠤᠳ ᠥᠪᠥᠷ ᠮᠣᠩᠭᠣᠯ᠎ᠤᠨ ᠦᠨᠳᠦᠰᠦᠲᠡᠨ᠎ᠨᠦᠭᠦᠳ ᠤ᠋ᠨ ᠠᠷᠠᠳ ᠲᠦᠮᠡᠨ ᠤ᠋ ᠭᠦᠨ ᠵᠤᠵᠠᠭᠠᠨ ᠨᠥᠬᠥᠷᠯᠡᠯ ᠢ᠋ ᠳᠠᠭᠤᠯᠠᠪᠠ᠃ 《 ᠬᠣᠣᠰ ᠵᠠᠭᠤᠨ ᠵᠢᠯ》 ᠤ᠋ᠨ ᠲᠡᠦᠬᠡ ᠶ᠋ᠢᠨ ᠠᠭᠤᠯᠵᠠᠷ᠎ᠲᠤ ᠪᠠᠢᠭ᠎ᠠ ᠪᠢᠳᠡ ᠡᠳᠡᠭᠡᠷ ᠢᠷᠠᠭᠤ ᠰᠠᠢᠬᠠᠨ ᠳᠠᠭᠤᠤ᠎ᠡᠴᠡ ᠮᠠᠨᠤᠰ ᠲᠦ᠍ ᠤᠯᠭᠤᠭᠰᠠᠨ ᠬᠦᠴᠦᠨ ᠴᠢᠳᠠᠯ ᠢ᠋ ᠱᠢᠨ᠎ᠡ ᠠᠶᠠᠨ᠎ᠳᠤ ᠡᠷᠡᠮᠡᠭᠡᠢᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ ᠳ᠋ᠦ ᠭᠠᠪᠢᠶ᠎ᠠ ᠪᠠᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ ᠂ ᠢᠲᠡᠭᠡᠯ ᠪᠢᠱᠢᠷᠡᠯ ᠵᠢᠡᠨ ᠪᠠᠲᠤᠳᠭᠠᠨ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠪᠠ ᠳᠤᠮᠳᠠᠳᠤ ᠶ᠋ᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ ᠶ᠋ᠢᠨ ᠳᠤᠮᠳᠠᠳᠤ ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠬᠦ᠌ ᠬᠡᠷᠡᠭ᠌ᠲᠡᠢ!