ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠬᠣᠶᠠᠳᠤᠭᠠᠷ ᠪᠥᠬᠥᠳᠡ ᠬᠤᠷᠠᠯ᠎ᠤᠨ ᠱᠢᠶ᠋ᠳᠪᠦᠷᠢ
2022-01-27 10:00:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

( 2022 ᠣᠨ᠎ᠤ 1 ᠰᠠᠷ᠎ᠠ᠎ᠶ᠋ᠢᠨ 26 ᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠬᠣᠶᠠᠳᠤᠭᠠᠷ ᠪᠦᠬᠦᠳᠠ ᠬᠤᠷᠠᠯ᠎ᠡᠴᠡ ᠪᠠᠲᠤᠯᠠᠪᠠ )

 

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠬᠣᠶᠠᠳᠤᠭᠠᠷ ᠪᠦᠬᠦᠳᠠ ᠬᠤᠷᠠᠯ 2022 ᠣᠨ᠎ᠤ 1 ᠰᠠᠷ᠎ᠠ᠎ᠶ᠋ᠢᠨ 26 ᠎ᠤ᠋ ᠡᠳᠦᠷ ᠬᠥᠬᠡᠬᠣᠲᠠ᠎ᠳᠤ ᠬᠤᠷᠠᠯᠳᠤᠪᠠ᠃ ᠡᠨᠡ ᠤᠳᠠᠭ᠎ᠠ᠎ᠶ᠋ᠢᠨ ᠪᠥᠬᠥᠳᠡ ᠬᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠭᠡᠱᠢᠭᠦᠨ 44 ᠬᠥᠮᠦᠨ ᠣᠷᠣᠯᠴᠠᠵᠤ᠂ 115 ᠬᠥᠮᠦᠨ ᠰᠤᠯᠠ ᠣᠷᠣᠯᠴᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠡᠷᠬᠢᠯᠡᠭ᠌ᠴᠢ ᠱ᠌ᠢ ᠲᠠᠢ ᠹᠸᠩ ᠪᠥᠬᠥᠳᠡ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠵᠢᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠵᠢᠨ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠠᠢ᠃

ᠪᠥᠬᠥᠳᠡ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ᠎ᠡᠴᠡ ᠡᠷᠭᠢᠯᠡᠪᠡ᠃ ᠪᠥᠬᠥᠳᠡ ᠬᠤᠷᠠᠯ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ᠎ᠥᠪᠥᠷ᠎ᠮᠣᠩᠭᠣᠯ᠎ᠤᠨ᠎ᠲᠤᠬᠠᠶ᠎ᠴᠢᠬᠤᠯᠠ᠎ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ 2022 ᠣᠨ᠎ᠤ ᠪᠥᠬᠥ᠌ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠪᠥᠬᠥᠳᠡ ᠬᠤᠷᠠᠯ᠎ᠡᠴᠡ ᠯᠢᠦ ᠱᠤᠸᠠᠩ ᠨᠥᠬᠥᠷ᠎ᠦᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠪᠠᠢᠩᠭᠤ᠎ᠶ᠋ᠢᠨ ᠬᠤᠷᠢᠶ᠎ᠠ ᠵᠢᠨ ᠡᠮᠦᠨ᠎ᠡ᠎ᠡᠴᠡ ᠬᠢᠭ᠌ᠰᠡᠨ 《ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠶ᠋ᠢ ᠡᠭᠦᠷᠢᠳᠡ  ᠪᠠᠷᠢᠮᠳᠠᠯᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠶ᠎ᠠ》 ᠭᠡᠬᠦ᠌ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠪᠠᠲᠤᠯᠠᠪᠠ᠃

ᠪᠥᠬᠥᠳᠡ ᠬᠤᠷᠠᠯ᠎ᠡᠴᠡ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ ᠭᠦᠨᠵᠡᠭᠡᠶ ᠣᠢᠯᠠᠭᠠᠪᠠ᠃ ᠶᠡᠷᠦᠩᠬᠡᠶ ᠱᠦᠵᠢ ᠰᠢ ᠵᠢᠨ ᠫᠢᠩ᠎ᠦᠨ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠱᠢᠨ᠎ᠡ ᠴᠠᠭ ᠦᠶ᠎ᠡ᠎ᠶ᠋ᠢᠨ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠭ᠌ᠰᠡᠨ ᠠᠮᠵᠢᠯᠲᠠ᠎ᠲᠠᠶ ᠦᠶ᠋ᠯᠡᠳᠦᠯᠭᠡ᠎ᠶ᠋ᠢ ᠭᠦᠨᠵᠡᠭᠡᠶ ᠳ᠋ᠦᠩᠨᠡᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠵᠤ ᠣᠯᠤᠭ᠍ᠰᠠᠨ ᠲᠡᠦᠬᠡᠲᠦ ᠴᠢᠨᠠᠷᠳᠠᠢ᠂ ᠡᠭᠦᠳᠦᠯᠲᠡ᠎ᠶ᠋ᠢᠨ ᠴᠢᠨᠠᠷᠲᠠᠶ ᠠᠮᠵᠢᠯᠲᠠ ᠪᠦᠳᠦᠮᠵᠢ᠂᠎ᠪᠤᠢ ᠪᠣᠯᠤᠭ᠍ᠰᠠᠨ ᠪᠦᠬᠦ᠌ ᠲᠠᠯ᠎ᠠ ᠵᠢᠨ ᠭᠦᠨ ᠳᠠᠪᠬᠤᠷᠭ᠎ᠠ᠎ᠶ᠋ᠢᠨ ᠨᠥᠯᠥᠭᠡ᠎ᠶᠢ ᠭᠦᠨᠵᠡᠭᠡᠶ ᠲᠣᠳᠣᠷᠬᠠᠢᠯᠠᠨ ᠥᠭᠦᠯᠡᠵᠤ᠂ ᠴᠥᠬᠥᠷᠡᠰᠢ ᠦᠭᠡᠢ ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠬᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ᠎ᠳᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠵᠤ᠂ ᠶᠠᠷᠢᠶ᠎ᠠ ᠨᠢ ᠠᠯᠤᠰ ᠬᠡᠲᠦ᠍᠎ᠶ᠋ᠢᠨ ᠤᠳᠭ᠎ᠠ ᠠᠭᠤᠯᠭ᠎ᠠ᠎ᠲᠠᠶ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭ᠍ᠳᠠᠬᠤᠨ ᠡᠯᠪᠡᠭ ᠪᠠᠶᠠᠯᠢᠭ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ ᠦᠨᠳᠦᠰᠦᠨ ᠵᠢᠷᠤᠮᠯᠠᠯ ᠮᠥᠨ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠵᠢᠯᠯᠠᠭᠠᠨ᠎ᠤ ᠵᠦᠭ᠌ᠯᠡᠭᠦᠷ ᠮᠥᠨ ᠭᠡᠳᠡᠭ᠎ᠢ ᠬᠦᠨᠵᠡᠭᠡᠢ ᠤᠢᠯᠠᠭᠠᠪᠠ᠃ ᠵᠤᠤ ᠯᠸ ᠵᠶ᠋ᠢ ᠨᠥᠬᠥᠷ᠎ᠦᠨ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ᠎ᠶ᠋ᠢ ᠲᠥᠯᠥᠭᠡᠯᠡᠵᠦ᠍ ᠬᠢᠭ᠌ᠰᠡᠨ ᠠᠵᠢᠯ᠎ᠤᠨ ᠮᠡᠳᠡᠭᠦᠯᠦᠯᠲᠡ ᠨᠢ ᠥᠩᠭᠡᠷᠡᠭ᠌ᠰᠡᠨ ᠨᠢᠭᠡ ᠵᠢᠯ᠎ᠦᠨ ᠠᠵᠢᠯ᠎ᠢᠶᠠᠨ ᠡᠷᠭᠢᠴᠡᠭᠦᠯᠦᠨ ᠳ᠋ᠦᠩᠨᠡᠵᠦ᠍᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠡᠷᠡᠯ᠎ᠢ ᠡᠰᠡᠷᠭᠦᠴᠡᠬᠦ᠌ ᠲᠡᠮᠡᠴᠡᠯ᠎ᠢ ᠠᠬᠢᠭᠤᠯᠬᠤ᠂ ᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠰᠠᠢᠲᠤᠷ ᠬᠢᠬᠦ᠌ ᠲᠤᠬᠠᠢ ᠪᠣᠳᠠᠲᠠᠢ ᠲᠤᠬᠢᠷᠠᠭᠤᠯᠤᠯᠳᠠ ᠪᠠᠢᠷᠢᠯᠠᠭᠤᠯᠤᠯᠲᠠ ᠬᠢᠵᠡᠢ᠃ ᠪᠦᠬᠦᠳᠡ ᠬᠤᠷᠠᠯ᠎ᠡᠴᠡ ᠱ᠌ᠢ ᠲᠠᠢ ᠹᠸᠩ ᠨᠥᠬᠥᠷ᠎ᠦᠨ ᠶᠠᠷᠢᠶ᠎ᠠ᠎ᠶ᠋ᠢ ᠨᠠᠷᠢᠨ ᠬᠢᠨᠠᠮᠠᠭᠠᠢ ᠰᠤᠷᠤᠯᠴᠠᠪᠠ᠃ ᠶᠠᠷᠢᠶ᠎ᠠ᠎ᠨᠢ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠎ᠰᠠᠨᠠᠭ᠎ᠠ᠎ᠶ᠋ᠢ᠎ᠰᠤᠷᠤᠯᠴᠠᠨ᠎ᠲᠤᠭᠤᠱᠢᠯᠠᠭᠤᠯᠬᠤ᠎ᠳᠤ᠎ᠨᠠᠷᠢᠨ᠎ᠨᠢᠮᠪᠠᠶ᠎ᠬᠠᠪᠰᠤᠷᠤᠨ ᠵᠢᠯᠣᠭᠣᠳᠤᠮᠵᠢ ᠪᠤᠯᠤᠭᠰᠠᠨ ᠪᠦᠭᠡᠳ ᠮᠠᠨ᠎ᠤ ᠣᠷᠣᠨ᠎ᠤ ᠱᠢᠨ᠎ᠡ ᠨᠢᠭᠡ ᠵᠢᠯ᠎ᠳᠦ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠬᠦ᠌ ᠲᠤᠬᠠᠶ ᠪᠥᠬᠥ᠌ ᠲᠠᠯ᠎ᠠ᠎ᠶ᠋ᠢᠨ ᠪᠠᠢᠷᠢᠯᠠᠭᠤᠯᠤᠯᠲᠠ ᠪᠣᠯᠬᠤ ᠪᠥᠭᠡᠳ ᠪᠠᠰᠠ ᠴᠤ᠌ ᠪᠥᠬᠥ᠌ ᠣᠷᠣᠨ᠎ᠤ ᠨᠠᠮ᠎ᠤᠨ ᠭᠡᠱᠢᠭᠦᠨ᠂ ᠺᠠᠳ᠋ᠷᠴᠤᠳ᠎ᠤᠨ ᠨᠢᠭᠡ ᠤᠳᠠᠭ᠎ᠠ ᠵᠢᠨ ᠭᠦᠨ ᠭᠦᠨᠵᠡᠭᠡᠶ᠂ ᠬᠠᠢᠷ᠎ᠠ ᠬᠠᠯᠠᠮᠵᠢ᠎ᠪᠢᠯᠬᠠᠭᠰᠠᠨ  ᠴᠢᠭᠡᠴᠢ ᠵᠠᠰᠠᠭ᠎ᠤᠨ ᠲᠤᠬᠠᠶ ᠶᠠᠷᠢᠯᠴᠠᠭ᠎ᠠ ᠪᠠᠢᠵᠤ᠂ ᠮᠠᠰᠢ ᠴᠢᠩᠭ᠎ᠠ ᠤᠯᠤᠰ ᠳᠦᠷᠦᠴᠢ ᠴᠢᠨᠠᠷ᠂ ᠵᠢᠯᠣᠭᠣᠳᠭᠤ ᠴᠢᠨᠠᠷ᠂ ᠬᠠᠨᠳᠤᠯᠭᠠᠲᠤ ᠴᠢᠨᠠᠷ᠎ᠲᠠᠶ ᠶᠤᠮ ᠭᠡᠵᠤ ᠰᠠᠨᠠᠯ ᠨᠢᠭᠡᠳᠠᠢ ᠦᠵᠡᠵᠡᠭᠡᠪᠡ᠃ ᠪᠥᠬᠥ᠌ ᠣᠷᠣᠨ᠎ᠤ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠲᠤᠬᠠᠶ ᠪᠠᠢᠯᠳᠤᠬᠤ ᠪᠣᠳᠣᠯᠭ᠎ᠠ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠦᠢᠴᠡᠳᠭᠡᠬᠦ ᠴᠢᠳᠠᠪᠤᠷᠢ᠎ᠪᠠᠨ᠎ᠲᠠᠰᠤᠷᠠᠯᠲᠠ᠎ᠥᠬᠡᠶ᠎ᠳᠡᠭᠡᠭ᠌ᠰᠢᠯᠡᠭᠦᠯᠵᠦ᠍᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠂ ᠤᠳᠠᠭᠠᠨ ᠳᠠᠭᠠᠭᠠᠮᠠᠭᠠᠶ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠍᠂ ᠪᠥᠬᠥ᠌ ᠣᠷᠣᠨ᠎ᠤ ᠲᠣᠭ᠍ᠲᠠᠭᠤᠨ ᠡᠷᠡᠭᠦᠯ ᠠᠵᠤ ᠠᠬᠤᠶ᠎ᠶ᠋ᠢᠨ ᠣᠷᠴᠢᠨ ᠲᠣᠭᠣᠷᠢᠨ᠂ ᠲᠦᠷᠦ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠣᠷᠴᠢᠨ ᠲᠣᠭᠣᠷᠢᠨ᠎ᠢ ᠪᠠᠲᠤᠯᠠᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠬᠦ᠌ ᠬᠡᠷᠡᠭ᠌ᠲᠡᠶ᠃

ᠨᠢᠭᠡᠳᠦᠭᠡᠷ᠎ᠲᠦ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ᠎ᠲᠤᠭᠤᠱᠢᠯᠠᠭᠤᠯᠵᠤ᠂᠎ᠤᠯᠤᠰ᠎ᠲᠦᠷᠦ᠍᠎ᠶ᠋ᠢᠨ᠎ᠬᠢᠨᠠᠯᠲᠠ᠎ᠲᠠᠯᠪᠢᠯᠲᠠ᠎ᠶ᠋ᠢ ᠪᠣᠳᠠᠲᠠᠢᠵᠢᠭᠤᠯᠵᠤ ᠪᠠᠢᠩᠭᠤᠵᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ 《ᠤᠯᠤᠰ᠎ᠤᠨ ᠶᠡᠬᠡ ᠶᠠᠪᠤᠳᠠᠯ》᠎ᠤ᠋ᠨ ᠲᠣᠭᠣᠷᠢᠨ᠎ᠳᠤ᠂ ᠱᠢᠨ᠎ᠡ ᠬᠥᠭ᠌ᠵᠢᠯᠲᠡ᠎ᠶ᠋ᠢᠨ ᠱᠠᠲᠤ᠎ᠶ᠋ᠢ ᠡᠵᠡᠮᠳᠡᠵᠦ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠤᠠ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠦ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠡᠷᠭᠡ ᠴᠢᠬᠤᠯᠠ ᠶᠡᠬᠡ ᠪᠠᠢᠯᠳᠤᠬᠤ ᠪᠣᠳᠣᠯᠭ᠎ᠠ ᠳ᠋ᠤ ᠠᠩᠬᠠᠷᠤ᠎ᠵᠢᠨᠨ ᠲᠦᠪᠯᠡᠷᠡᠭᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠨ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ᠎ᠥᠬᠡᠶ᠎ᠬᠥᠭ᠌ᠵᠢᠭᠦᠯᠬᠦ᠎ᠪᠡᠷ᠎ᠤᠳᠤᠷᠢᠳᠤᠮᠵᠢ᠎ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠦ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠲᠦᠷᠭᠡᠡ ᠪᠠᠢᠭᠤᠯᠬᠤ ᠵᠡᠷᠭᠡ ᠴᠢᠬᠤᠯᠠ ᠶᠡᠬᠡ ᠡᠭᠦᠷᠭᠡ ᠬᠠᠷᠢᠭᠤᠴᠠᠯᠭ᠎ᠠ᠎ᠳ᠋ᠤ ᠠᠩᠬᠠᠷᠤᠯ ᠵᠢᠨᠨ ᠲᠦᠪᠯᠡᠷᠡᠭᠦᠯᠵᠦ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠂ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦᠯᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ ᠎ᠲᠠᠶ ᠎ᠬᠦᠷᠢᠶ᠎ᠡ᠂ ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠳᠦ᠎ᠠᠩᠬᠠᠷᠤᠯ᠎ᠢᠶᠠᠨ᠎ᠲᠥᠪᠯᠡᠷᠡᠭᠦᠯᠵᠦ᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠂ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠠᠬᠢᠭᠤᠯᠵᠦ᠂ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠰᠡᠷᠭᠡᠢᠯᠡᠨ᠎ᠠᠷᠢᠯᠭᠠᠬᠤ᠂᠎ᠬᠢᠵᠢᠭ᠎ᠦᠨ᠎ᠪᠠᠢᠳᠠᠯ᠎ᠢ᠎ᠰᠡᠷᠭᠡᠢᠯᠡᠨ᠎ᠡᠵᠡᠮᠳᠡᠬᠦ᠌᠎ᠵᠡᠷᠭᠡ ᠭᠤᠤᠯᠳᠠᠯᠭ᠎ᠠ᠎ᠲᠠᠶ ᠡᠭᠦᠷᠭᠡ᠎ᠳ᠋ᠤ᠎ᠠᠩᠬᠠᠷᠤᠯ᠎ᠵᠢᠨᠨ᠎ᠲᠦᠪᠯᠡᠷᠡᠭᠦᠯᠵᠦ᠂᠎ᠤᠯᠤᠰ᠎ᠲᠥᠷᠥ᠎ᠶ᠋ᠢᠨ ᠬᠢᠨᠠᠯᠲᠠ᠎ᠶ᠋ᠢ ᠴᠢᠩᠭᠠᠳᠭᠠᠠ᠂ ᠪᠣᠳᠠᠲᠠᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭᠲᠡᠢ᠃ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》᠎ᠢ᠋ ᠴᠢᠩᠭ᠎ᠠ ᠠᠩᠬᠠᠷᠴᠤ᠌᠂ 《ᠨᠢᠭᠡᠳᠦᠭᠡᠷ ᠬᠠᠷᠢᠭᠤᠴᠠᠯᠭᠠᠲᠠᠠ》 ᠪᠣᠯᠤᠨ ᠤᠳᠤᠷᠢᠳᠭᠤ ᠪᠠᠭ᠎ᠤᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠦ᠂ ᠲᠤᠱᠢᠶᠠᠯ᠎ᠢᠶᠠᠨ ᠭᠦᠢᠴᠡᠳᠭᠡᠵᠦ᠍ ᠡᠷᠬᠡ᠎ᠪᠡᠨ ᠬᠡᠷᠡᠭ᠌ᠯᠡᠬᠦ᠌ ᠵᠡᠷᠭᠡ ᠪᠠᠢᠳᠠᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠬᠤ ᠬᠡᠷᠡᠭ᠌ᠲᠡᠢ᠃

ᠬᠣᠶᠠᠳᠤᠭᠠᠷ᠎ᠲᠤ᠂ ᠢᠯᠵᠠᠷᠠᠯ᠎ᠢ ᠡᠰᠡᠷᠭᠦᠴᠡᠬᠦ᠌ ᠪᠠ ᠵᠠᠯᠬᠠᠭᠠᠨ ᠱᠢᠢᠳᠭᠡᠬᠦ᠌ ᠡᠷᠡᠰ ᠪᠠᠲᠤ ᠵᠣᠷᠢᠭ ᠰᠠᠨᠠᠭ᠎ᠠ ᠪᠣᠯᠤᠨ ᠬᠦᠴᠦᠷᠬᠡᠭ ᠶᠡᠬᠡ ᠬᠦᠴᠦᠨ᠎ᠢᠶᠡᠷ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠡᠴᠦᠰ᠎ᠲᠦᠨᠢ ᠲᠤᠯᠲᠠᠯ᠎ᠠ ᠡᠷᠡᠰ ᠭᠤᠢᠪᠢᠰᠢ ᠦᠭᠡᠢ ᠬᠢᠬᠦ᠌ ᠬᠡᠷᠡᠭ᠌ᠲᠡᠢ᠃ ᠢᠯᠵᠠᠷᠠᠯ᠎ᠢ ᠡᠰᠡᠷᠭᠦᠴᠡᠬᠦ᠌ ᠠᠵᠢᠯ ᠳᠠᠭᠤᠰᠤᠰᠢ ᠦᠭᠡᠢ᠂ 《ᠬᠣᠶᠠᠷ ᠤᠬ᠍ᠳᠤ ᠠᠭᠤᠴᠢᠯᠠᠬᠤ ᠦᠭᠡᠢ 》 ᠣᠪᠣᠷ᠎ᠢᠶᠠᠷ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠦᠨ ᠡᠨᠡ ᠬᠦ᠌ ᠪᠤᠭᠤᠮᠲᠠ ᠰᠢᠪᠲᠤᠯᠬᠤ ᠲᠠᠢᠯᠠᠯᠲᠤᠭᠠᠠ᠂ ᠤᠳᠠᠭᠠᠨ ᠳᠠᠭᠠᠭᠠᠮᠠᠭᠠᠢ ᠲᠠᠢ᠌ᠯᠠᠯᠲᠤᠭᠠᠠ᠎ᠢ ᠦᠷᠭᠦᠯᠵᠢᠯᠡᠨ ᠰᠠᠢᠲᠤᠷ ᠬᠢᠬᠦ᠌ ᠬᠡᠷᠡᠭ᠌ᠲᠡᠢ᠃ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠡᠴᠡ ᠡᠬᠢᠯᠡᠨ ᠠᠳᠭᠤᠬᠤ᠂ ᠡᠳᠦᠷ ᠲᠤᠳᠤᠮ᠎ᠤᠨ ᠬᠥᠮᠦᠵᠢᠯ ᠬᠠᠮᠢᠶᠠᠷᠤᠯᠲᠠ ᠬᠢᠨᠠᠯᠲᠠ᠎ᠡᠴᠡ ᠡᠬᠢᠯᠡᠨ ᠠᠳᠭᠤᠬᠤ᠂ ᠲᠤᠪᠤᠢ᠌ᠮ᠎ᠠ ᠠᠰᠠᠭᠤᠳᠠᠯ᠎ᠢ ᠱᠢᠢᠳᠪᠦᠷᠢᠯᠡᠬᠦ᠌᠎ᠡᠴᠡ ᠡᠬᠢᠯᠡᠨ ᠠᠳᠭᠤᠬᠤ᠎ᠶ᠋ᠢ ᠪᠠᠷᠢᠮᠲᠠᠯᠠᠵᠤ᠂ ᠵᠢᠵᠢᠭ ᠪᠦᠯᠬᠦᠮ᠎ᠦᠨ ᠰᠣᠶᠣᠯ᠂ 《ᠠᠷᠢᠬᠢᠨ ᠱᠢᠷᠡᠭᠡᠨ᠎ᠦ ᠰᠣᠶᠣᠯ》᠂ 《ᠲᠠᠢᠯᠠᠯᠭ᠎ᠠ ᠵᠢᠨ ᠰᠣᠶᠣᠯ》 ᠵᠡᠷᠭᠡ ᠦᠵᠡᠭ᠌ᠳᠡᠯ᠎ᠢ ᠬᠦᠴᠦᠯᠡᠨ ᠴᠡᠭ᠌ᠴᠡᠯᠡᠨ ᠵᠠᠰᠠᠵᠤ᠂ ᠤᠯᠤᠰ ᠲᠦᠷᠦ᠍᠎ᠶ᠋ᠢᠨ ᠵᠠᠪᠰᠢᠯᠳᠠ᠂ ᠤᠯᠤᠰ ᠲᠦᠷᠦ᠍᠎ᠶ᠋ᠢᠨ ᠰᠣᠯᠢᠯᠴᠠᠭ᠎ᠠ ᠤᠯᠤᠰ ᠲᠦᠷᠦ᠍ ᠵᠢᠨ ᠲᠦᠰᠢᠭᠯᠡᠯᠴᠡᠭᠡ ᠵᠡᠷᠭᠡ ᠦᠢᠯᠡ ᠠᠵᠢᠯᠯᠠᠭ᠎ᠠ᠎ᠶ᠋ᠢ ᠴᠡᠭ᠌ᠴᠡᠯᠡᠨ ᠵᠠᠰᠠᠬᠤ ᠬᠡᠷᠡᠭᠲᠡᠢ᠃ ᠨᠡᠭᠦᠷᠡᠰᠦᠨ᠎ᠦ ᠡᠬᠢ ᠪᠠᠶᠠᠯᠢᠭ᠎ᠤᠨ ᠬᠦᠷᠢᠶᠡᠨ᠎ᠳᠡᠬᠢ ᠲᠦᠷᠢᠮ ᠲᠣᠭ᠍ᠲᠠᠭᠠᠯ᠎ᠡᠴᠡ ᠵᠥᠷᠢᠴᠡᠵᠦ᠍ ᠬᠠᠤᠯᠢ᠎ᠡᠴᠡ ᠵᠥᠷᠢᠴᠡᠭ᠌ᠰᠡᠨ ᠠᠰᠠᠭᠤᠳᠠᠯ᠎ᠢ ᠪᠠᠢᠩᠭᠤᠵᠢᠭᠤᠯᠤᠨ ᠵᠠᠰᠠᠬᠤ᠎ᠶ᠋ᠢ ᠭᠦᠨᠵᠡᠭᠡᠶ ᠠᠬᠢᠭᠤᠯᠵᠤ᠂ ᠮᠥᠩᠭᠥᠨ᠎ᠭᠦᠶ᠋ᠯᠭᠡᠭᠡᠨ᠎ᠦ᠎ᠬᠦᠷᠢᠶᠡᠨ᠎ᠳᠡᠬᠢ᠎ᠢᠯᠵᠠᠷᠠᠯ᠎ᠤᠨ᠎ᠠᠰᠠᠭᠤᠳᠠᠯ ᠪᠠ ᠠᠶᠤᠯ ᠲᠦᠭ᠌ᠰᠢᠭᠦᠷᠢ᠎ᠶ᠋ᠢᠨ ᠳᠠᠯᠳᠠ ᠬᠡᠮ᠎ᠢ ᠲᠤᠰᠭᠠᠶ ᠴᠡᠭ᠌ᠴᠡᠯᠡᠨ ᠵᠠᠰᠠᠬᠤ᠎ᠶ᠋ᠢ ᠭᠦᠨᠵᠡᠭᠡᠶ ᠥᠷᠨᠢᠭᠦᠯᠵᠦ᠍᠂ ᠤᠯᠤᠰ ᠲᠥᠷᠥ᠍ ᠬᠠᠤᠯᠢ ᠴᠠᠭᠠᠵᠠ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠶᠡᠬᠡ ᠳᠡᠭᠡᠳᠦ ᠰᠤᠷᠭᠠᠭᠤᠯᠢ᠂ ᠨᠡᠭᠡᠭᠡᠨ ᠬᠥᠭ᠌ᠵᠢᠭᠦᠯᠬᠦ᠌ ᠣᠷᠣᠨ᠎ᠤ ᠪᠥᠲᠥᠭᠡᠨ ᠪᠠᠢᠭᠤᠯᠤᠯᠲᠠ ᠵᠡᠷᠭᠡ ᠬᠦᠷᠢᠶᠡᠨ᠎ᠳᠡᠬᠢ ᠢᠯᠵᠠᠷᠠᠯ᠎ᠤᠨ ᠠᠰᠠᠭᠤᠳᠠᠯ᠎ᠢ ᠭᠦᠨᠵᠡᠭᠡᠶ ᠠᠭᠤᠳᠠᠯᠤᠨ ᠲᠤᠢᠯᠪᠤᠷᠢᠲᠠᠶ ᠪᠠᠢᠴᠠᠭᠠᠬᠤ ᠬᠡᠷᠡᠭᠲᠡᠢ᠃ ᠵᠠᠯᠠᠭᠤ ᠺᠠᠳ᠋ᠷᠴᠤᠳ᠎ᠢ ᠴᠢᠩᠭ᠎ᠠ ᠬᠥᠮᠦᠵᠢᠭᠦᠯᠦᠨ ᠬᠠᠮᠢᠶᠠᠷᠴᠤ᠌ ᠬᠢᠨᠠᠬᠤ ᠬᠡᠷᠡᠭ᠌ᠲᠡᠶ᠃ ᠣᠷᠭᠣᠳᠤᠤᠯ ᠶᠠᠯᠠᠲᠠᠠ᠎ᠢ ᠰᠡᠷᠭᠡᠢᠯᠡᠬᠦ᠌ ᠣᠷᠭᠣᠳᠤᠤᠯ ᠶᠠᠯᠠᠲᠠᠠ᠎ᠢ ᠨᠡᠬᠡᠮᠵᠢᠯᠡᠬᠦ᠌ ᠪᠤᠵᠠᠷ ᠡᠳ᠋᠎ᠢ ᠨᠡᠬᠡᠮᠵᠢᠯᠡᠠ ᠠᠪᠴᠢᠷᠠᠬᠤ ᠠᠵᠢᠯ᠎ᠤᠨ ᠡᠷᠴᠢᠮ᠎ᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ 《ᠭᠤᠷᠪᠠ᠎ᠶ᠋ᠢ ᠢᠯᠭᠠᠬᠤ》 ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠃ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ᠂ ᠬᠡᠷᠡᠭ᠎ᠢᠶᠡᠷ ᠵᠠᠰᠠᠯᠲᠠ᠎ᠶ᠋ᠢ ᠠᠬᠢᠭᠤᠯᠬᠤ᠎ᠶ᠋ᠢ ᠭᠦᠨᠵᠡᠭᠡᠢᠷᠡᠭᠦᠯᠵᠦ᠍᠂ ᠠᠷᠢᠭᠤᠨ ᠴᠢᠬᠡᠴᠢ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭᠲᠡᠢ᠃

ᠭᠤᠷᠪᠠᠳᠤᠭᠠᠷ᠎ᠲᠤ᠂᠎ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠤᠯᠠᠨ ᠲᠦᠮᠡᠨ᠎ᠦ ᠳᠡᠷᠭᠡᠳᠡᠬᠢ ᠢᠯᠵᠠᠷᠡᠯ ᠪᠣᠯᠤᠨ ᠲᠥᠪ ᠪᠤᠰᠤ ᠰᠤᠷᠲᠠᠯ᠎ᠢ ᠴᠥᠬᠥᠷᠡᠰᠢ ᠦᠭᠡᠢ ᠴᠡᠭ᠌ᠴᠡᠯᠡᠨ ᠵᠠᠰᠠᠬᠤ ᠬᠡᠷᠡᠭ᠌ᠲᠡᠢ᠃ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌ ᠲᠤᠳᠤᠮ ᠴᠢᠩᠭ᠎ᠠ ᠪᠠᠢᠬᠤ᠎ᠶ᠋ᠢ ᠪᠠᠷᠢᠮᠲᠠᠯᠠᠵᠤ᠂ ᠬᠠᠨᠳᠤᠯᠭᠠᠲᠤ ᠴᠢᠨᠠᠷᠲᠠᠢ᠎ᠪᠠᠷ ᠵᠠᠯᠠᠷᠠᠭᠤᠯᠤᠨ ᠵᠠᠰᠠᠬᠤ᠎ᠶ᠋ᠢ ᠪᠠᠷᠢᠮᠲᠠᠯᠠᠵᠤ᠂ ᠲᠦᠷᠦᠯ ᠬᠤᠪᠢᠶᠠᠨ ᠵᠠᠰᠠᠬᠤ᠎ᠶ᠋ᠢ ᠴᠢᠩᠭᠠᠳᠭᠠᠬᠤ ᠬᠡᠷᠡᠭᠳᠡᠢ᠃ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ᠎ᠨᠥᠯᠥᠭᠡᠯᠡᠬᠦ᠌᠂ ᠣᠯᠠᠨ ᠲᠦᠮᠡᠨ᠎ᠦ ᠠᠱᠢᠭ ᠲᠤᠰᠠ᠎ᠶ᠋ᠢ ᠬᠣᠬᠢᠷᠠᠭᠤᠯᠬᠤ᠎ᠶ᠋ᠢ ᠥᠯᠥ᠍ ᠬᠠᠢᠬᠤᠷᠬᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠦᠨᠳᠦᠷᠡᠭᠦᠯᠬᠦ᠌ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠵᠠᠯᠠᠷᠠᠭᠤᠯᠤᠨ ᠵᠠᠰᠠᠵᠤ᠂ ᠨᠠᠮ᠎ᠤᠨ ᠳᠦᠷᠢ ᠲᠥᠷᠬᠦ᠌᠎ᠶ᠋ᠢ ᠬᠣᠬᠢᠷᠠᠭᠤᠯᠤᠭ᠍ᠰᠠᠨ᠂ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠵᠢᠷᠭᠠᠨ ᠴᠡᠩᠭᠡᠬᠦ᠌ ᠦᠵᠡᠯ᠂ ᠱᠠᠯᠢᠨ ᠪᠦᠷᠢᠯᠭᠡᠬᠦ᠌ ᠰᠤᠷᠲᠠᠯ᠎ᠢ ᠭᠦᠨᠵᠡᠭᠡᠶ ᠴᠡᠭ᠌ᠴᠡᠯᠡᠨ ᠵᠠᠰᠠᠵᠤ᠂ ᠡᠯ᠎ᠡ ᠲᠥᠷᠥᠯ᠎ᠦᠨ ᠠᠰᠠᠭᠤᠳᠠᠯ᠎ᠤᠨ ᠨᠢᠭᠤᠭᠳᠠᠮᠠᠯ ᠬᠤᠪᠢᠷᠠᠵᠤ᠂ ᠳᠠᠬᠢᠨ ᠢᠯᠡᠷᠡᠬᠦ᠌᠎ᠶ᠋ᠢ ᠴᠢᠩᠭ᠎ᠠ ᠰᠡᠷᠭᠡᠢᠯᠡᠬᠦ ᠬᠡᠷᠡᠭᠲᠡᠢ᠃ ᠵᠢᠮ᠎ᠡ ᠶᠣᠰᠣ᠎ᠶ᠋ᠢ ᠬᠦᠨᠳᠦᠳᠭᠡᠬᠦ᠌ ᠦᠭᠡᠶ᠂ ᠪᠤᠰᠤᠳᠴᠢ ᠪᠣᠳᠠᠲᠤ ᠪᠠᠢᠳᠠᠯ ᠪᠣᠯᠤᠨ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠬᠦᠨᠳᠦᠳᠭᠡᠬᠦ᠌ ᠦᠭᠡᠶ ᠳᠤᠷ᠎ᠠ᠎ᠪᠠᠷ᠎ᠢᠶᠠᠨ ᠦᠢᠯᠡᠳᠬᠦ ᠠᠰᠠᠭᠤᠳᠠᠯ ᠵᠢᠴᠢ ᠬᠠᠷᠢᠯᠴᠠᠨ ᠲᠦᠯᠬᠢᠯᠴᠡᠬᠦ᠌᠂ ᠠᠯᠪᠠᠨ ᠲᠤᠱᠢᠶᠠᠯ᠎ᠳᠠᠭᠠᠨ ᠠᠯᠮᠠᠢᠷᠠᠨ ᠣᠰᠣᠯᠳᠠᠬᠤ᠂ ᠤᠷᠤᠭ᠍ᠰᠢᠯᠠᠨ ᠳᠠᠪᠱᠢᠬᠤ᠎ᠶ᠋ᠢ ᠦᠯᠦ᠍ ᠪᠣᠳᠣᠬᠤ ᠠᠵᠢᠯ ᠦᠯᠦ᠍ ᠬᠢᠬᠦ᠌ ᠠᠰᠠᠭᠤᠳᠠᠯ᠎ᠢ ᠡᠷᠡᠰ ᠪᠠᠢᠴᠠᠭᠠᠨ ᠱᠢᠶ᠋ᠳᠪᠦᠷᠢᠯᠡᠬᠦ᠌ ᠬᠡᠷᠡᠭ᠌ᠲᠡᠶ᠃ ᠰᠠᠬᠢᠯᠭ᠎ᠠ ᠪᠠᠲᠤ᠎ᠶ᠋ᠢ ᠥᠱᠢᠯᠳᠦᠨ ᠵᠥᠷᠢᠴᠡᠭ᠌ᠰᠡᠳ᠎ᠢ ᠴᠢᠩᠭ᠎ᠠ ᠵᠠᠯᠬᠠᠭᠠᠨ ᠱᠢᠢᠳᠭᠡᠵᠦ᠍᠂ ᠶᠠᠭᠠᠬᠢᠭ᠍ᠰᠠᠨ ᠴᠤ᠌ ᠢᠯᠳᠠᠷ ᠬᠠᠶᠠᠵᠤ ᠪᠤᠯᠬᠤ ᠦᠭᠡᠢ᠃ ᠡᠷᠡᠰ ᠪᠠᠲᠤ ᠣᠪᠣᠷ ᠪᠠ ᠪᠣᠳᠠᠲᠠᠶ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ᠎ᠪᠡᠷ ᠣᠯᠠᠨ ᠲᠦᠮᠡᠨ᠎ᠦ ᠳᠡᠷᠭᠡᠳᠡᠬᠢ ᠢᠯᠵᠠᠷᠠᠯ ᠪᠠ ᠰᠤᠷᠲᠠᠯ᠎ᠤᠨ ᠠᠰᠠᠭᠤᠳᠠᠯ᠎ᠢ ᠦᠷᠭᠦᠯᠵᠢᠯᠡᠨ ᠴᠡᠭ᠌ᠴᠡᠯᠡᠨ ᠵᠠᠰᠠᠬᠤ ᠬᠡᠷᠡᠭ᠌ᠲᠡᠶ᠃ 《ᠬᠠᠮᠠᠭᠠᠯᠠᠭᠴᠢ ᠳ᠋ᠦ ᠴᠤᠬᠢᠯᠳᠠ ᠦᠭᠬᠦ》᠂ 《ᠬᠠᠷᠢᠴᠠᠭᠠᠨ᠎ᠤ ᠲᠣᠣᠷ᠎ᠢ ᠡᠪᠳᠡᠬᠦ᠌》 ᠎ᠶ᠋ᠢ ᠪᠠᠢᠩᠭᠤᠵᠢᠭᠤᠯᠬᠤ᠎ᠶ᠋ᠢ ᠠᠬᠢᠭᠤᠯᠵᠦ᠂ ᠰᠤᠷᠲᠠᠯ᠎ᠤᠨ ᠪᠠᠢᠭᠤᠯᠤᠯᠲᠠ᠎ᠶ᠋ᠢᠨ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠬᠦ᠌ ᠬᠡᠷᠡᠭ᠌ᠲᠡᠶ᠃

ᠳᠥᠷᠪᠡᠳᠦᠭᠡᠷ᠎ᠲᠦ᠂ ᠲᠣᠭᠣᠷᠢᠨ ᠪᠠᠢᠴᠠᠭᠠᠬᠤ ᠬᠤᠷᠴᠠ ᠰᠡᠯᠡᠮ᠎ᠡ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ ᠳᠡᠭᠡᠳᠦ ᠲᠤᠤᠷᠠᠳᠤ ᠱᠠᠳᠤ ᠬᠣᠯᠪᠣᠭᠠᠯᠠᠨ ᠬᠥᠳᠡᠯᠦᠯᠴᠡᠬᠦ᠌ ᠪᠠᠢᠷᠢᠱᠢᠯ᠎ᠢ ᠪᠦᠷᠢᠨᠱᠢᠬᠦᠯᠵᠤ᠂ ᠴᠢᠨᠠᠷ ᠰᠠᠢᠲᠠᠢ ᠪᠦᠬᠦᠨ᠎ᠢ ᠪᠦᠷᠬᠦᠬᠦᠯᠬᠦ᠌ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠬᠡᠷᠡᠭ᠌ᠲᠡᠢ᠃ 《ᠬᠣᠶᠠᠷ᠎ᠢ ᠬᠠᠮᠠᠭᠠᠯᠠᠬᠤ》 ᠦᠨᠳᠦᠰᠦᠨ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠤᠨ ᠤᠳᠤᠷᠢᠳᠭᠤ ᠡᠭᠦᠷᠭᠡ ᠴᠢᠳᠠᠪᠬᠢ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠲᠡᠶ ᠨᠢᠭ᠍ᠲᠠ ᠤᠶᠠᠯᠳᠤᠭᠤᠯᠤᠨ᠂ 《ᠠᠷᠪᠠᠨ ᠳᠥᠷᠪᠡᠳᠦᠭᠡᠷ ᠲᠠᠪᠤᠨ ᠵᠢᠯ 》 ᠎ᠤ᠋ᠨ ᠲᠥᠯᠥᠪᠵᠢᠭᠦᠯᠭᠡ᠎ᠶ᠋ᠢ ᠨᠠᠢᠳᠠᠪᠤᠷᠢᠵᠢᠭᠤᠯᠤᠭ᠍ᠰᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠤᠭ᠍ᠰᠠᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠦᠭ᠌ᠰᠡᠨ ᠵᠡᠷᠭᠡ ᠪᠠᠢᠳᠠᠯ᠎ᠢ ᠭᠣᠣᠯᠳᠠᠯᠭ᠎ᠠ᠎ᠲᠠᠶ ᠪᠠᠢᠴᠠᠭᠠᠬᠤ ᠭᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠲᠣᠭᠣᠷᠢᠨ ᠪᠠᠢᠴᠠᠭᠠᠵᠤ ᠬᠢᠨᠠᠯᠲᠠ ᠲᠠᠯᠪᠢᠬᠤ ᠲᠤᠮᠳᠠᠬᠢ ᠴᠢᠬᠤᠯᠠ ᠡᠴᠡ ᠴᠢᠬᠤᠯᠠ ᠠᠵᠢᠯ ᠪᠣᠯᠭᠠᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠭᠠᠨ᠎ᠠ᠃ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ) ᠎ᠶ᠋ᠢᠨ ᠴᠡᠭ᠌ᠴᠡᠯᠡᠨ ᠰᠠᠢᠵᠢᠷᠠᠭᠤᠯᠬᠤ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ᠂ ᠲᠣᠭᠣᠷᠢᠨ ᠪᠠᠢᠴᠠᠭᠠᠬᠤ ᠪᠠᠢᠭᠤᠯᠤᠮᠵᠢ᠎ᠶ᠋ᠢᠨ ᠴᠡᠭ᠌ᠴᠡᠯᠡᠨ ᠰᠠᠢᠵᠢᠷᠠᠭᠤᠯᠬᠤ ᠳᠤᠮᠳᠠᠬᠢ ᠡᠭᠦᠷᠭᠡ ᠴᠢᠳᠠᠪᠤᠷᠢ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠡᠳᠦᠷ ᠲᠤᠲᠤᠮ᠎ᠤᠨ ᠬᠢᠨᠠᠯᠲᠠ ᠪᠠ ᠲᠤᠰᠭᠠᠶ ᠪᠠᠢᠴᠠᠭᠠᠯᠲᠠ᠎ᠶ᠋ᠢ ᠴᠢᠩᠭᠠᠳᠭᠠᠬᠤ ᠬᠡᠷᠡᠭᠳᠡᠢ᠃ ᠠᠢᠮᠠᠭ ᠬᠣᠲᠠ᠎ᠶ᠋ᠢ ᠵᠢᠯᠣᠭᠣᠳᠤᠨ ᠱᠢᠨ᠎ᠡ ᠨᠢᠭᠡ ᠬᠤᠭᠤᠴᠠᠭᠠᠨ᠎ᠤ ᠨᠠᠮ᠎ᠤᠨ ᠬᠣᠷᠢᠶ᠎ᠠ᠎ᠶ᠋ᠢᠨ ᠲᠣᠭᠣᠷᠢᠨ ᠪᠠᠢᠴᠠᠭᠠᠬᠤ ᠠᠵᠢᠯ᠎ᠢ ᠰᠤᠳᠤᠯᠤᠨ ᠲᠥᠰᠦᠪᠯᠡᠬᠦ᠌᠎ᠶ᠋ᠢ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶ᠋ᠢᠨ ᠳᠣᠲᠣᠭᠠᠳᠤ᠎ᠶ᠋ᠢᠨ ᠲᠣᠭᠣᠷᠢᠨ ᠪᠠᠢᠴᠠᠭᠠᠬᠤ ᠠᠵᠢᠯ᠎ᠢ ᠲᠥᠷᠥᠯ ᠬᠤᠪᠢᠶᠠᠨ ᠵᠢᠯᠣᠭᠣᠳᠭᠤ᠎ᠶ᠋ᠢ ᠭᠦᠨᠵᠡᠭᠡᠢᠷᠡᠭᠦᠯᠵᠦ᠍᠂ ᠭᠠᠴᠠᠭ᠎ᠠ ᠲᠣᠰᠭᠣᠨ(ᠨᠡᠢᠭᠡᠮ ᠲᠣᠭᠣᠷᠢᠭ) ᠵᠢᠡᠷ ᠲᠣᠭᠣᠷᠢᠨ ᠪᠠᠢᠴᠠᠭᠠᠬᠤ ᠵᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠬᠤ ᠬᠡᠷᠡᠭᠳᠡᠢ᠃

ᠲᠠᠪᠤᠳᠤᠭᠠᠷ᠎ᠲᠤ᠌᠂ ᠰᠠᠬᠢᠯᠭ᠎ᠠ ᠪᠠᠳᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠮᠵᠢ ᠵᠢᠨ ᠦᠭᠡᠷᠡᠴᠢᠯᠡᠯᠳᠡ ᠵᠢᠨ ᠰᠢᠰᠲᠸᠮ ᠤ᠋ᠨ ᠬᠤᠷᠠᠮᠠᠯ᠂ ᠬᠠᠮᠵᠢᠯᠴᠠᠨ ᠦᠨᠳᠦᠷ ᠪᠦᠲᠦᠮᠵᠢᠳᠡᠢ ᠪᠠᠢᠬᠤ ᠵᠢ ᠲᠦᠷᠭᠡᠳᠬᠡᠨ ᠠᠬᠢᠭᠤᠯᠵᠤ᠂ ᠲᠦᠷᠢᠮ ᠤ᠋ᠨ ᠲᠠᠪᠠᠭᠤᠯᠢᠭ ᠢ᠋ ᠵᠠᠰᠠᠯᠳᠠ ᠵᠢᠨ ᠦᠷ᠎ᠡ ᠪᠦᠲᠦᠮᠵᠢ ᠪᠤᠯᠭᠠᠨ ᠬᠤᠪᠢᠷᠠᠭᠤᠯᠬᠤ ᠵᠢ ᠠᠬᠢᠭᠤᠯᠬᠤ ᠬᠡᠷᠡᠭᠳᠡᠢ᠃ ᠨᠠᠮ᠎ᠡᠴᠡ ᠨᠢᠭᠡᠳᠦᠯᠲᠡᠢ ᠤᠳᠤᠷᠢᠳᠬᠤ᠂ ᠪᠦᠬᠦ᠌ ᠲᠠᠯ᠎ᠠ᠎ᠶ᠋ᠢ ᠪᠦᠷᠬᠦᠬᠦᠯᠬᠦ᠂ ᠡᠷᠬᠡ ᠰᠦᠷ᠎ᠲᠡᠶ ᠪᠥᠭᠡᠳ ᠥᠨᠳᠥᠷ ᠪᠦᠲᠦᠮᠵᠢᠲᠡᠢ ᠪᠠᠢᠬᠤ ᠱᠠᠭᠠᠷᠳᠠᠯᠭ᠎ᠠ ᠶᠣᠰᠣᠭᠠᠷ᠂ ᠨᠠᠮ᠎ᠤᠨ ᠳᠣᠲᠣᠭᠠᠳᠤ᠎ᠶ᠋ᠢᠨ ᠬᠢᠨᠠᠯᠲᠠ ᠲᠠᠯᠪᠢᠬᠤ ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠲᠤᠰᠭᠠᠢ ᠬᠠᠷᠢᠭᠤᠴᠠᠯᠭ᠎ᠠ᠎ᠶ᠋ᠢᠨ ᠬᠢᠨᠠᠯᠲᠠ ᠲᠠᠯᠪᠢᠬᠤ ᠎ᠶ᠋ᠢ ᠎ᠪᠤᠳᠠᠳᠠᠢᠵᠢᠭᠤᠯᠵᠤ᠂ ᠡᠯ᠎ᠡ ᠲᠦᠷᠦᠯ᠎ᠦᠨ ᠬᠢᠨᠠᠯᠲᠠ ᠲᠠᠯᠪᠢᠬᠤ᠎ᠶ᠋ᠢ ᠨᠡᠪᠲᠡᠷᠡᠯᠴᠡᠭᠦᠯᠦᠨ᠎ᠡ᠃ ᠬᠢᠨᠠᠯᠲᠠ ᠲᠠᠯᠪᠢᠵᠤ ᠪᠠᠢᠴᠠᠭᠠᠬᠤ᠂ ᠬᠢᠨᠠᠨ ᠪᠠᠢᠴᠠᠭᠠᠵᠤ ᠪᠠᠢᠴᠠᠭᠠᠯᠲᠠ ᠬᠢᠬᠦ᠌ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠲᠣᠭᠣᠷᠢᠨ᠎ᠳᠤ᠂ ᠳᠡᠭᠡᠳᠦ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠲᠤᠤᠷᠠᠳᠤ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠂ ᠲᠣᠮᠢᠯᠠᠭ᠍ᠰᠠᠨ ᠪᠠᠢᠭᠤᠯᠭ᠎ᠠ ᠨᠢ ᠲᠣᠮᠢᠯᠠᠨ ᠰᠠᠭᠤᠯᠭᠠᠭ᠍ᠰᠠᠨ ᠪᠠᠢᠭᠤᠯᠤᠮᠵᠢ᠎ᠳᠠᠬᠢ ᠤᠳᠤᠷᠢᠳᠤᠯᠭ᠎ᠠ ᠪᠠᠨ ᠤᠯᠠᠮ ᠴᠢᠨᠠᠭ᠍ᠰᠢᠳᠠ ᠴᠢᠩᠭᠠᠳᠭᠠᠵᠤ᠂᠎ᠰᠠᠭᠤᠭ᠎ᠠ᠎ᠰᠠᠯᠠᠭ᠎ᠠ᠎ᠮᠥᠴᠢᠷ᠎ᠦᠨ ᠪᠠᠢᠭᠤᠯᠭ᠎ᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠳᠤ ᠬᠢᠨᠠᠯᠲᠠ᠎ᠲᠠᠯᠪᠢᠨ ᠵᠢᠯᠣᠭᠣᠳᠬᠤ ᠵᠢ ᠴᠢᠩᠭᠠᠳᠬᠠᠵᠤ᠂ ᠣᠷᠣᠨ᠎ᠡᠴᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠢ᠋ ᠬᠠᠮᠢᠶᠠᠷᠬᠤ᠂ ᠶᠡᠬᠡ ᠳᠡᠭᠡᠳᠦ ᠰᠤᠷᠭᠠᠭᠤᠯᠢ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠬᠠᠤᠯᠢ ᠲᠦᠷᠢᠮ᠎ᠦᠨ ᠱᠢᠰᠲ᠋ᠧᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠳᠡᠢ᠃

ᠵᠢᠷᠭᠤᠳᠤᠭᠠᠷ᠎ᠲᠤ᠂ ᠦᠷᠦᠭᠡᠯ᠎ᠢ ᠵᠠᠰᠠᠬᠤ᠎ᠳᠤ ᠥᠪᠡᠷ᠎ᠢ᠎ᠪᠡᠨ ᠤᠷᠢᠳ ᠵᠢᠡᠷ ᠵᠠᠰᠠᠬᠤ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠭᠤᠴᠤ ᠰᠠᠢᠨ ᠪᠠᠢᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠨᠠᠮ ᠪᠠ ᠠᠷᠠᠳ ᠲᠦᠮᠡᠨ᠎ᠦ ᠦᠨᠡᠨᠴᠢ ᠱᠢᠳᠤᠷᠭᠤ ᠬᠠᠮᠠᠭᠠᠯᠠᠭ᠍ᠴᠢ ᠪᠣᠯᠬᠤ᠎ᠪᠠᠷ ᠴᠢᠷᠮᠠᠢᠬᠤ ᠬᠡᠷᠡᠭᠳᠡᠢ᠃ ᠢᠮᠠᠭ᠍ᠲᠠ ᠨᠠᠮ᠎ᠳᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠡᠭᠡᠨ ᠦᠨᠡᠨᠴᠢ ᠱᠢᠳᠤᠷᠭᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠦᠢᠯᠡᠰ᠎ᠲᠦ ᠦᠨᠡᠨᠴᠢ ᠱᠢᠳᠤᠷᠭᠤ ᠪᠠᠢᠵᠤ᠂ ᠨᠠᠮ ᠪᠠ ᠤᠯᠤᠰ᠎ᠲᠠᠭᠠᠨ ᠠᠮᠢ ᠪᠡᠶ᠎ᠠ ᠪᠠᠨ ᠵᠤᠷᠢᠭᠤᠯᠬᠤ᠂ ᠨᠠᠮ ᠪᠠ ᠤᠯᠤᠰ᠎ᠲᠠᠭᠠᠨ ᠬᠤᠪᠢ ᠨᠡᠮᠡᠷᠢ ᠥᠵᠡᠬᠥᠯᠬᠥ ᠠᠬᠤᠢ ᠪᠠᠢᠳᠠᠯ᠎ᠢ ᠬᠥᠮᠦᠵᠢᠭᠦᠯᠵᠦ᠍᠂ ᠨᠢᠭᠤᠷ ᠲᠠᠯ᠎ᠠ ᠬᠠᠷᠠᠬᠤ ᠦᠭᠡᠢ᠎ᠪᠡᠷ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠴᠢᠩᠭᠠᠳᠭᠠᠵᠤ᠂ ᠢᠮᠠᠭ᠍ᠲᠠ《ᠬᠣᠶᠠᠷ᠎ᠢ ᠲᠣᠭ᠍ᠲᠠᠭᠠᠬᠤ 》 ᠵᠢ ᠡᠷᠡᠰ ᠬᠠᠮᠠᠭᠠᠯᠠᠬᠤ᠂ 《 ᠬᠣᠶᠠᠷ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠬᠦ᠌ ᠡᠮᠦᠨ᠎ᠡ ᠡᠩᠨᠡᠭᠡᠨ᠎ᠳᠦ ᠬᠣᠱᠢᠭᠤᠷᠠᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ᠎ᠶ᠋ᠢᠨ ᠲᠣᠰ ᠪᠡᠶ᠎ᠡ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠬᠤ ᠬᠡᠷᠡᠭᠳᠡᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ᠎ᠬᠥᠮᠦᠵᠢᠯ᠎ᠦᠨ᠎ᠪᠠᠢᠩᠭᠤ᠎ᠶ᠋ᠢᠨ᠎ᠤᠷᠳᠤ᠎ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠬᠤ ᠬᠡᠷᠡᠭᠳᠡᠢ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠲᠦᠷᠢᠮ》 ᠎ᠢ᠋ ᠭᠦᠨᠵᠡᠭᠡᠶ ᠲᠤᠭᠤᠰᠢᠯᠠᠭᠤᠯᠬᠤ ᠬᠡᠷᠡᠭᠳᠡᠢ᠃ ᠪᠦᠬᠦ᠌ ᠠᠵᠢᠯᠲᠠᠨ᠎ᠤ ᠪᠣᠯᠪᠠᠰᠤᠷᠠᠯ᠎ᠢ ᠱᠠᠲᠤ ᠲᠥᠷᠥᠯ ᠬᠤᠪᠢᠶᠠᠨ ᠬᠡᠷᠡᠭ᠌ᠵᠢᠭᠦᠯᠬᠦ ᠬᠡᠷᠡᠭᠳᠡᠢ᠃ 《ᠢᠯᠵᠠᠷᠠᠬᠤ ᠡᠴᠡ ᠵᠢᠷᠦᠬᠡᠱᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ》᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ ᠣᠢᠯᠠᠭᠠᠭ᠍ᠳᠠᠬᠤᠨ᠎ᠢ ᠢᠮᠠᠭ᠍ᠲᠠ ᠲᠣᠰ ᠪᠡᠶ᠎ᠡ᠎ᠶ᠋ᠢᠨ ᠪᠠᠢᠭᠤᠯᠤᠯᠲᠠ᠎ᠳᠤ ᠲᠤᠭᠤᠱᠢᠯᠠᠭᠤᠯᠵᠤ᠂ ᠴᠢᠩᠭ᠎ᠠ ᠬᠢᠵᠠᠭᠠᠷᠯᠠᠯ ᠪᠠ ᠬᠢᠨᠠᠯᠲᠠ᠎ᠶ᠋ᠢ ᠤᠬᠠᠮᠰᠠᠷ᠎ᠡᠴᠡ᠎ᠪᠠᠨ ᠬᠦᠯᠢᠶᠡᠬᠦ ᠬᠡᠷᠡᠭᠳᠡᠢ᠃《ᠲᠡᠷᠭᠡᠳᠡᠬᠢ ᠠᠰᠠᠭᠤᠳᠠᠯ ᠵᠢᠡᠨ ᠤᠯᠵᠤ ᠬᠠᠷᠠᠬᠤ ᠦᠭᠡᠢ》ᠠᠰᠠᠭᠤᠳᠠᠯ᠎ᠢ ᠤᠬᠠᠮᠰᠠᠷ᠎ᠡᠴᠡ᠎ᠪᠠᠨ ᠪᠠᠢᠴᠠᠭᠠᠨ ᠦᠵᠡᠬᠦ᠌ ᠪᠠ ᠡᠷᠡᠰ ᠰᠡᠷᠭᠡᠢᠯᠡᠵᠦ᠍᠂ ᠬᠡᠷᠡᠭ᠎ᠢ ᠠᠱᠢᠭ᠍ᠯᠠᠨ ᠠᠮᠢ᠎ᠪᠠᠨ ᠪᠣᠳᠣᠬᠤ᠂ ᠰᠥᠯᠪᠡᠭᠡᠯᠳᠦᠨ ᠥᠮᠥᠭ᠌ᠯᠡᠬᠦ᠌᠂ ᠨᠢᠭᠤᠴᠠ ᠵᠠᠳᠠᠷᠠᠭᠤᠯᠬᠤ ᠵᠡᠷᠭᠡ ᠲᠣᠪᠣᠢ᠌ᠮ᠎ᠠ ᠠᠰᠠᠭᠤᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠬᠦ ᠬᠡᠷᠡᠭᠳᠡᠢ᠃ ᠰᠡᠷᠡᠮᠵᠢᠯᠡᠭᠦᠯᠬᠦ᠌ ᠎ᠬᠥᠮᠦᠵᠢᠯ᠎ᠢ ᠎ᠭᠦᠨᠵᠡᠭᠡᠢᠷᠡᠭᠦᠯᠵᠦ᠍᠂ ᠎ᠥᠪᠡᠷ᠎ᠢ ᠪᠡᠨ ᠎ᠥᠭᠡᠷᠡᠴᠢᠯᠡᠨ ᠳᠡᠭᠡᠭ᠌ᠰᠢᠯᠡᠭᠦᠯᠬᠦ᠌᠎ᠶ᠋ᠢ ᠴᠢᠩᠭᠠᠳᠭᠠᠬᠤ ᠬᠡᠷᠡᠭᠳᠡᠢ᠃ ᠦᠨᠳᠦᠰᠦᠨ ᠱᠠᠲᠤᠨ᠎ᠤ ᠡᠮᠦᠨ᠎ᠡ ᠹᠷᠣᠨᠲ᠎ᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠳ᠋ᠷ᠎ᠢ ᠬᠠᠯᠠᠮᠵᠢᠯᠠᠨ ᠬᠠᠢᠷᠠᠯᠠᠵᠤ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠵᠣᠷᠢᠭ᠍ᠵᠢᠭᠤᠯᠤᠨ ᠪᠠᠲᠤᠯᠠᠬᠤ ᠬᠡᠷᠡᠭᠳᠡᠢ᠃

ᠪᠥᠬᠥᠳᠡ ᠬᠤᠷᠠᠯ᠎ᠡᠴᠡ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠶ᠋ᠢ ᠡᠭᠦᠷᠢᠳᠡ ᠪᠠᠳᠤᠯᠠᠵᠤ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠵᠦ᠍᠂ ᠵᠣᠷᠢᠭ᠍ᠲᠠᠶ᠎ᠪᠠᠷ ᠤᠷᠤᠭ᠍ᠰᠢᠯᠠᠵᠤ᠂ ᠪᠥᠬᠥ᠌ ᠣᠷᠣᠨ᠎ᠤ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠦᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠰᠤᠭᠠᠶ ! ᠭᠡᠵᠦ᠍ ᠤᠷᠢᠶᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号