​ᠠᠷᠠᠳ᠎ᠤᠨ ᠶᠠᠪᠤᠳᠠᠯ᠎ᠤᠨ ᠶᠠᠮᠤᠨ᠄ ᠴᠠᠭᠠᠨ ᠰᠠᠷ᠎ᠠ᠎ᠠᠴᠠ ᠡᠮᠦᠨ᠎ᠡ ᠲᠠᠷᠠᠬᠠᠶ ᠰᠠᠭᠤᠷᠢᠰᠢᠵᠦ ᠪᠠᠢᠭ᠎ᠠ ᠥᠨᠥᠴᠢᠨ ᠬᠡᠦᠬᠡᠳ᠎ᠢ ᠰᠤᠷᠪᠤᠯᠵᠢᠯᠠᠨ ᠪᠠᠢᠳᠠᠯ᠎ᠢ ᠣᠢᠯᠠᠭᠠᠨ᠎ᠠ
2022-01-27 09:55:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠠᠳ᠎ᠤᠨ ᠶᠠᠪᠤᠳᠠᠯ᠎ᠤᠨ ᠶᠠᠮᠤᠨ᠎ᠤ ᠬᠡᠦᠬᠡᠳ᠎ᠦᠨ ᠠᠰᠠᠷᠠᠮᠵᠢ᠎ᠶ᠋ᠢᠨ ᠵᠤᠷᠭᠠᠨ᠎ᠤ ᠳᠡᠳ᠋ ᠳᠠᠷᠤᠭ᠎ᠠ ᠯᠢ ᠸᠠᠨ ᠯᠢ ᠠᠷᠠᠳ᠎ᠤᠨ ᠶᠠᠪᠤᠳᠠᠯ᠎ᠤᠨ ᠶᠠᠮᠤᠨ᠎ᠤ 2022 ᠣᠨ᠎ᠤ ᠨᠢᠭᠡᠳᠦᠭᠡᠷ ᠤᠯᠠᠷᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠢᠯᠡᠷᠬᠡᠢᠯᠡᠭᠰᠡᠨ ᠨᠢ᠂ ᠠᠷᠠᠳ᠎ᠤᠨ ᠶᠠᠪᠤᠳᠠᠯ᠎ᠤᠨ ᠶᠠᠮᠤᠨ ᠣᠢᠷ᠎ᠠ᠎ᠳᠤ 《ᠡᠪᠦᠯ᠎ᠦᠨ ᠠᠮᠠᠷᠠᠯᠲᠠ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠥᠨᠥᠴᠢᠨ ᠬᠡᠦᠬᠡᠳ᠂ ᠪᠣᠳᠠᠲᠠᠶ ᠲᠡᠵᠢᠭᠡᠵᠤ ᠦᠰᠭᠡᠭᠦ ᠬᠥᠮᠦᠨ ᠦᠬᠡᠢ ᠬᠡᠦᠬᠡᠳ᠂ ᠬᠥᠳᠡᠭᠡ ᠲᠣᠰᠭᠣᠨ᠎ᠤ ᠬᠡᠷ᠎ᠲᠡᠬᠡᠨ ᠬᠣᠴᠣᠷᠤᠭ᠍ᠰᠠᠨ ᠬᠡᠦᠬᠡᠳ᠎ᠢ ᠬᠠᠢᠷᠠᠯᠠᠨ ᠬᠠᠯᠠᠮᠵᠢᠯᠠᠬᠤ ᠦᠶ᠋ᠯᠡᠴᠢᠯᠡᠭᠡᠨ᠎ᠦ ᠠᠵᠢᠯ᠎ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠢ ᠮᠡᠳᠡᠭ᠌ᠳᠡᠯ ( ᠳᠣᠷᠣᠭ᠍ᠰᠢ 《ᠮᠡᠳᠡᠭ᠌ᠳᠡᠯ》 ᠭᠡᠵᠦ᠍ ᠲᠣᠪᠴᠢᠯᠠᠨ᠎ᠠ) ᠎ᠢ ᠲᠠᠷᠤᠮᠠᠯᠯᠠᠨ ᠲᠠᠷᠬᠠᠭᠠᠪᠠ᠃ ᠡᠯ᠎ᠡ ᠭᠠᠵᠠᠷ᠎ᠤᠨ ᠦᠨᠳᠦᠰᠦᠨ ᠱᠠᠲᠤᠨ᠎ᠤ ᠠᠵᠢᠯ᠎ᠤᠨ ᠬᠦᠴᠦᠨ᠎ᠢ ᠨᠢᠭᠡᠳᠦᠯᠲᠡᠶ ᠲᠥᠯᠥᠪᠯᠡᠬᠦ᠌᠎ᠶ᠋ᠢ ᠱᠠᠭᠠᠷᠳᠠᠵᠦ᠂ ᠴᠠᠭᠠᠨ ᠰᠠᠷ᠎ᠠ᠎ᠠᠴᠠ ᠡᠮᠦᠨ᠎ᠡ ᠲᠣᠰ ᠭᠠᠵᠠᠷ ᠣᠷᠣᠨ᠎ᠳᠤ ᠲᠠᠷᠬᠠᠨ ᠰᠠᠭᠤᠷᠢᠰᠢᠵᠦ ᠪᠠᠢᠭ᠎ᠠ ᠥᠨᠥᠴᠢᠨ ᠬᠡᠦᠬᠡᠳ᠂ ᠪᠣᠳᠠᠲᠠᠶ ᠲᠡᠵᠢᠭᠡᠵᠤ ᠦᠰᠭᠡᠭᠦ ᠬᠥᠮᠦᠨ ᠦᠬᠡᠢ ᠬᠡᠦᠬᠡᠳ᠂ ᠬᠥᠳᠡᠭᠡ ᠲᠣᠰᠭᠣᠨ᠎ᠤ ᠭᠡᠷ᠎ᠲᠡᠭᠡᠨ ᠬᠣᠴᠣᠷᠤᠭ᠍ᠰᠠᠨ ᠬᠡᠦᠬᠡᠳ ᠵᠡᠷᠭᠡ᠎ᠶ᠋ᠢ ᠰᠤᠷᠪᠤᠯᠵᠢᠯᠠᠬᠤ ᠪᠠ ᠮᠡᠳᠡᠭᠡ ᠵᠠᠩᠭᠢ᠎ᠵᠢ ᠪᠠᠢᠴᠠᠭᠠᠨ ᠪᠠᠢᠳᠠᠯ᠎ᠢ ᠣᠢᠯᠠᠭᠠᠬᠤ ᠬᠡᠷᠡᠭ᠌ᠲᠡᠶ᠂ ᠬᠡᠦᠬᠡᠳ᠎ᠢ ᠬᠠᠷᠠᠭᠠᠯᠵᠠᠨ ᠬᠠᠮᠠᠭᠠᠯᠠᠬᠤ ᠪᠤᠶᠤ ᠨᠠᠢᠳᠠᠵᠤ ᠬᠠᠷᠠᠭᠠᠯᠵᠠᠨ ᠠᠰᠠᠷᠠᠭᠤᠯᠤᠭ᠍ᠰᠠᠨ ᠪᠠᠢᠳᠠᠯ᠎ᠢ ᠭᠤᠤᠯᠳᠠᠯᠭ᠎ᠠ᠎ᠲᠠᠶ ᠣᠢᠯᠠᠭᠠᠵᠦ᠂ ᠡᠪᠦᠯ᠎ᠦᠨ ᠠᠮᠠᠷᠠᠯᠲᠠ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠬᠡᠦᠬᠡᠳ᠎ᠦᠨ ᠬᠠᠮᠢᠭ᠎ᠠ ᠣᠴᠢᠬᠤ ᠪᠠ ᠬᠦᠴᠢᠷᠳᠡᠯ᠎ᠳᠦ ᠲᠤᠯᠭᠠᠷᠠᠬᠤ ᠪᠠᠢᠳᠠᠯ ᠵᠡᠷᠭᠡ᠎ᠵᠢ ᠭᠤᠤᠯᠲᠠᠯᠭ᠎ᠠ ᠲᠠᠢ ᠤᠢᠯᠠᠭᠠᠵᠦ᠂ ᠡᠳᠡᠭᠡᠷ ᠬᠡᠦᠬᠡᠳ ᠬᠦᠴᠢᠷᠳᠡᠯ᠎ᠳᠦ ᠲᠤᠯᠭᠠᠷᠠᠪᠠᠯ ᠲᠡᠷᠡ ᠳᠠᠷᠤᠶ᠎ᠳᠤᠨᠢ ᠬᠠᠢᠷᠠᠯᠠᠨ ᠬᠠᠯᠠᠮᠵᠢᠯᠠᠬᠤ ᠦᠶ᠋ᠯᠡᠴᠢᠯᠡᠭᠡ ᠬᠦᠷᠲᠡᠭᠡᠬᠦ᠌᠎ᠶ᠋ᠢ ᠪᠠᠲᠤᠯᠠᠬᠤ ᠬᠡᠷᠡᠭ᠌ᠲᠡᠶ ᠬᠡᠵᠦ ᠱᠠᠭᠠᠷᠲᠠᠪᠠ᠃


QQ截图20220127095614.jpg


ᠯᠢ ᠸᠠᠨ ᠯᠢ ᠲᠠᠨᠢᠯᠴᠠᠭᠤᠯᠤᠬᠰᠠᠨ ᠨᠢ᠂ 《ᠮᠡᠳᠡᠭ᠌ᠳᠡᠯ》 ᠎ᠳ᠋ᠤ ᠡᠯ᠎ᠡ ᠭᠠᠵᠠᠷ᠎ᠤᠨ᠎ᠬᠢᠨ ᠡᠯ᠎ᠡ ᠲᠥᠷᠥᠯ᠎ᠦᠨ ᠲᠣᠭᠣᠷᠢᠨ ᠦᠵᠡᠵᠦ᠍ ᠲᠣᠬᠣᠨᠢᠭᠤᠯᠬᠤ ᠠᠵᠢᠯᠯᠠᠭ᠎ᠠ᠎ᠲᠠᠶ ᠤᠶᠠᠯᠳᠤᠭᠤᠯᠤᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠥᠷᠨᠢᠭᠦᠯᠵᠦ᠍᠂ ᠬᠡᠦᠬᠡᠳ᠎ᠦᠨ ᠬᠠᠷᠠᠭᠠᠯᠵᠠᠨ ᠬᠠᠮᠠᠭᠠᠯᠠᠭ᠍ᠴᠢ ᠪᠤᠶᠤ ᠨᠠᠢᠳᠠᠨ ᠠᠰᠠᠷᠠᠭᠤᠯᠤᠭ᠍ᠰᠠᠨ ᠬᠠᠷᠠᠭᠠᠯᠵᠠᠨ ᠬᠠᠮᠠᠭᠠᠯᠠᠭ᠍ᠴᠢ᠎ᠳᠤ ᠬᠠᠷᠠᠭᠠᠯᠵᠠᠨ ᠬᠠᠮᠠᠭᠠᠯᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠪᠤᠶᠤ ᠨᠠᠢᠳᠠᠨ ᠠᠰᠠᠷᠠᠬᠤ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭᠠᠶ ᠭᠦᠶ᠋ᠴᠡᠳᠭᠡᠬᠦ᠌᠎ᠶ᠋ᠢ ᠰᠠᠨᠠᠭᠤᠯᠵᠤ᠂ ᠢᠯᠠᠩᠭᠤᠶ᠎ᠠ ᠡᠴᠢᠭᠡ ᠡᠬᠡ᠎ᠨᠢ ᠴᠥᠮ ᠭᠠᠳᠠᠷ ᠣᠷᠣᠨ᠎ᠳᠤ ᠱᠢᠨᠡᠯᠡᠭᠦ ᠬᠥᠳᠡᠭᠡ ᠲᠣᠰᠭᠣᠨ᠎ᠤ ᠬᠡᠷ᠎ᠲᠡᠬᠡᠨ ᠬᠣᠴᠣᠷᠤᠭ᠍ᠰᠠᠨ ᠬᠡᠦᠬᠡᠳ᠎ᠢ ᠤᠨᠴᠠᠭᠠᠢᠯᠠᠨ ᠬᠠᠢᠷᠠᠯᠠᠨ ᠬᠠᠯᠠᠮᠵᠢᠯᠠᠵᠦ᠂ ᠡᠴᠢᠭᠡ ᠡᠬᠡ᠎ᠨᠢ ᠭᠠᠷ ᠤᠲᠠᠰᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠬᠡᠦᠬᠡᠳ᠎ᠲᠡᠶ᠎ᠪᠡᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭᠠᠳᠭᠠᠵᠤ᠂ ᠬᠡᠤᠬᠡᠳ ᠲᠡᠬᠡᠨ ᠬᠠᠢᠷ᠎ᠠ ᠬᠠᠯᠠᠮᠵᠢ ᠬᠦᠷᠲᠡᠭᠡᠬᠦ᠎ᠵᠢ ᠰᠠᠨᠠᠭᠤᠯᠪᠠ᠃


QQ截图20220127095628.jpg


ᠡᠯ᠎ᠡ ᠭᠠᠵᠠᠷ᠎ᠤᠳ ᠲᠣᠰᠭᠣᠨ᠂ ᠰᠠᠭᠤᠭᠠᠯᠢ ᠎ᠠᠷᠠᠳ᠎ᠤᠨ ᠵᠥᠪᠯᠡᠯ ᠪᠣᠯᠤᠨ ᠬᠡᠦᠬᠡᠳ᠎ᠦᠨ ᠬᠢᠨᠠᠨ ᠵᠢᠯᠣᠭᠣᠳᠣᠭ᠍ᠴᠢ᠂ ᠬᠡᠦᠬᠡᠳ᠎ᠦᠨ ᠡᠷᠬᠢᠯᠡᠭ᠌ᠴᠢ ᠵᠡᠷᠭᠡ᠎ᠶ᠋ᠢ ᠵᠢᠭᠠᠨ ᠵᠢᠯᠣᠭᠣᠳᠴᠤ᠌ ᠪᠠᠢᠭᠠᠳ ᠲᠠᠷᠠᠬᠠᠶ ᠰᠠᠭᠤᠷᠢᠱᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠵᠤ ᠲᠡᠵᠢᠭᠡᠬᠦ᠌ ᠬᠥᠮᠦᠨ ᠦᠭᠡᠶ ᠬᠡᠦᠬᠡᠳ᠂ ᠬᠥᠳᠡᠭᠡ᠎ᠲᠣᠰᠭᠣᠨ᠎ᠤ᠎ᠭᠡᠷ᠎ᠲᠡᠬᠡᠨ᠎ᠬᠣᠴᠣᠷᠤᠭ᠍ᠰᠠᠨ ᠬᠡᠦᠬᠡᠳ᠎ᠦᠨ ᠠᠮᠢᠳᠤᠷᠠᠯ᠂ ᠣᠷᠣᠱᠢᠨ ᠰᠠᠭᠤᠬᠤ ᠣᠷᠴᠢᠨ ᠲᠣᠭᠣᠷᠢᠨ᠎ᠢ ᠵᠢᠭ᠍ᠰᠠᠭᠠᠨ ᠪᠠᠢᠴᠠᠭᠠᠯᠭᠠᠵᠤ᠂ ᠴᠠᠬᠢᠯᠭᠠᠨ ᠎ᠬᠡᠷᠡᠭ᠌ᠯᠡᠬᠦ᠌᠂ ᠬᠡᠢ ᠬᠡᠷᠡᠭ᠌ᠯᠡᠬᠦ᠌᠂ ᠤᠰᠤ ᠬᠡᠷᠡᠭ᠌ᠯᠡᠬᠦ᠌᠂ ᠭᠠᠯ ᠤᠨᠲᠠᠷᠠᠭᠠᠬᠤ ᠪᠠ ᠢᠳᠡᠭᠡᠨ᠎ᠦ ᠠᠮᠤᠷ ᠲᠦᠪᠱᠢᠨ ᠵᠢᠴᠢ ᠬᠦᠢᠲᠡᠨ᠎ᠢ ᠰᠡᠷᠭᠡᠢᠯᠡᠨ᠎ᠳᠤᠯᠠᠭᠠᠨ᠎ᠢ᠎ᠬᠠᠮᠠᠭᠠᠯᠠᠬᠤ᠎ᠵᠡᠷᠭᠡ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠢᠳᠠᠯ᠎ᠢ ᠭᠣᠣᠯᠳᠠᠯᠭ᠎ᠠ᠎ᠲᠠᠶ ᠪᠠᠢᠴᠠᠭᠠᠵᠤ᠂ ᠲᠦᠭ᠌ᠰᠢᠭᠦᠷᠢ᠎ᠶ᠋ᠢᠨ ᠳᠠᠯᠳᠠ ᠭᠡᠮ ᠣᠷᠣᠱᠢᠵᠤ ᠪᠠᠢᠬᠤ᠎ᠶ᠋ᠢ ᠣᠯᠵᠤ ᠮᠡᠳᠡᠪᠡᠯ ᠴᠠᠭ ᠲᠤᠬᠠᠶ᠎ᠳᠤᠨᠢ ᠬᠠᠪᠰᠤᠷᠤᠨ ᠠᠷᠢᠯᠭᠠᠬᠤ ᠪᠤᠶᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠦ ᠮᠡᠳᠡᠭᠦᠯᠦᠨ ᠱᠢᠶ᠋ᠳᠪᠦᠷᠢᠯᠡᠭᠦᠯᠬᠦ᠌ ᠬᠡᠷᠡᠭ᠌ᠲᠡᠶ᠃

ᠡᠯ᠎ᠡ ᠱᠠᠲᠤᠨ᠎ᠤ ᠬᠡᠦᠬᠡᠳ᠎ᠦᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠪᠠᠢᠭᠤᠯᠤᠮᠵᠢ᠎ᠨᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠬᠠᠮᠢᠶ᠎ᠠ ᠪᠥᠬᠥᠶ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠠᠯ ᠰᠡᠷᠭᠡᠢᠯᠡᠯᠲᠡ᠎ᠶ᠋ᠢᠨ ᠠᠮᠤᠷ ᠲᠦᠪᠱᠢᠨ᠎ᠦ ᠪᠠᠢᠴᠠᠭᠠᠯᠲᠠ᠎ᠶ᠋ᠢ ᠭᠦᠨᠵᠡᠭᠡᠶ ᠠᠬᠢᠭᠤᠯᠤᠨ᠂ ᠠᠮᠤᠷ ᠲᠦᠪᠱᠢᠨ᠎ᠦ ᠠᠳᠠᠯ ᠭᠠᠷᠬᠤ᠎ᠶ᠋ᠢ ᠦᠨᠡᠨ ᠬᠦ᠌ ᠰᠡᠷᠭᠡᠢᠯᠡᠵᠦ᠍᠂ ᠪᠠᠢᠭᠤᠯᠤᠮᠵᠢ᠎ᠶ᠋ᠢᠨ ᠳᠣᠲᠣᠷᠠᠬᠢ ᠬᠡᠦᠬᠡᠳ᠎ᠦᠨ ᠠᠮᠢ ᠨᠠᠰᠤ ᠡᠷᠡᠭᠦᠯ ᠮᠡᠨᠳᠦ᠍᠎ᠶ᠋ᠢᠨ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠶ᠃

ᠡᠯ᠎ᠡ ᠭᠠᠵᠠᠷ᠎ᠤᠨ᠎ᠬᠢᠨ ᠬᠢᠨᠠᠨ ᠬᠠᠮᠠᠭᠠᠯᠠᠯᠲᠠ ᠳᠤᠲᠠᠭ᠍ᠳᠠᠵᠤ ᠪᠠᠢᠭ᠎ᠠ ᠨᠠᠰᠤᠨ᠎ᠳᠤ ᠥᠯᠥ᠍ ᠬᠦᠷᠦᠭ᠌ᠰᠡᠳ᠎ᠢ ᠠᠪᠤᠷᠠᠨ ᠲᠤᠰᠠᠯᠠᠵᠤ ᠬᠠᠮᠠᠭᠠᠯᠠᠬᠤ ᠠᠵᠢᠯ᠎ᠢ᠎ᠰᠠᠢᠲᠤᠷ᠎ᠬᠢᠵᠦ᠍᠂ ᠨᠠᠰᠤᠨ᠎ᠳᠤ ᠥᠯᠥ᠍ ᠬᠦᠷᠦᠭ᠌ᠰᠡᠳ᠎ᠦᠨ ᠡᠴᠢᠭᠡ ᠡᠬᠡ ᠵᠢᠴᠢ ᠪᠤᠰᠤᠳ ᠬᠢᠨᠠᠨ ᠬᠠᠮᠠᠭᠠᠯᠠᠭ᠍ᠴᠢ ᠪᠤᠶᠤ ᠨᠠᠢᠳᠠᠨ ᠠᠰᠠᠷᠠᠭᠤᠯᠤᠭ᠍ᠰᠠᠨ ᠬᠠᠷᠠᠭᠠᠯᠵᠠᠨ ᠬᠠᠮᠠᠭᠠᠯᠠᠬᠴᠢ᠎ᠨᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ᠎ᠠᠴᠠ ᠪᠣᠯᠵᠣ ᠡᠮᠨᠡᠨ ᠵᠠᠰᠠᠭᠤᠯᠬᠤ᠂ ᠲᠥᠪᠯᠡᠷᠡᠭᠦᠯᠦᠨ ᠲᠤᠰᠠᠭᠠᠷᠯᠠᠵᠤ ᠠᠵᠢᠭ᠍ᠯᠠᠬᠤ᠂ ᠡᠰᠡᠬᠦᠯ᠎ᠡ ᠬᠢᠵᠢᠭ᠎ᠢ ᠰᠡᠷᠭᠡᠢᠯᠡᠨ ᠬᠢᠵᠢᠭ᠎ᠲᠡᠶ ᠲᠡᠮᠡᠴᠡᠬᠦ᠌ ᠠᠵᠢᠯ᠎ᠤᠨ ᠬᠡᠷᠡᠭ᠌ᠴᠡᠭᠡ ᠵᠢᠴᠢ ᠪᠤᠰᠤᠳ ᠬᠦᠴᠦᠨ ᠵᠦᠶ᠋ᠯ᠎ᠦᠨ ᠨᠥᠯᠥᠭᠡ᠎ᠡᠴᠡ ᠪᠣᠯᠵᠣ ᠬᠠᠷᠠᠭᠠᠯᠵᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠪᠠᠨ ᠪᠦᠷᠢᠮᠦᠰᠦᠨ ᠭᠦᠶ᠋ᠴᠡᠳᠭᠡᠵᠦ᠍ ᠳᠡᠢᠯᠬᠦ᠌ ᠥᠬᠡᠶ ᠪᠠᠢᠳᠠᠯ ᠭᠠᠷᠪᠠᠯ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠴᠠᠭ ᠲᠤᠬᠠᠶ᠎ᠳᠤᠨᠢ ᠬᠠᠤᠯᠢ ᠶᠣᠰᠣᠭᠠᠷ ᠲᠦᠷ ᠴᠠᠭ᠎ᠤᠨ ᠬᠢᠨᠠᠨ ᠬᠠᠮᠠᠭᠠᠯᠠᠯᠲᠠ ᠬᠢᠬᠦ᠌ ᠬᠡᠷᠡᠭ᠌ᠲᠡᠶ᠃

ᠲᠠᠨᠢᠯᠴᠠᠭᠤᠯᠤᠭ᠍ᠰᠠᠨ᠎ᠢᠶᠠᠷ᠂ 2020 ᠣᠨ᠎ᠤ ᠰᠡᠬᠦᠯᠴᠢ᠂ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ 《ᠬᠡᠦᠬᠡᠳ᠎ᠦᠨ ᠠᠰᠠᠷᠠᠮᠵᠢ᠎ᠶ᠋ᠢᠨ ᠬᠦᠷᠢᠶᠡᠨ᠎ᠳᠡᠬᠢ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ᠌ ᠵᠦᠭ᠌ᠯᠡᠭᠦᠷ》᠎ᠢ ᠲᠠᠷᠤᠮᠠᠯᠯᠠᠨ ᠲᠠᠷᠬᠠᠭᠠᠵᠦ᠂ ᠬᠡᠦᠬᠡᠳ᠎ᠦᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢ ᠵᠢᠯᠣᠭᠣᠳᠤᠨ ᠲᠣᠰ ᠭᠠᠵᠠᠷ᠎ᠤᠨ ᠬᠢᠵᠢᠭ᠎ᠦᠨ ᠬᠥᠭ᠌ᠵᠢᠯᠲᠡ᠎ᠶ᠋ᠢᠨ ᠪᠠᠢᠳᠠᠯ᠎ᠢ ᠦᠨᠳᠦᠰᠦᠯᠡᠨ᠂ ᠵᠣᠬᠢᠴᠠᠩᠭᠤᠶ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠠᠪᠤᠪᠠ᠃

ᠨᠢᠭᠡ ᠵᠢᠯ ᠭᠠᠷᠤᠶ᠎ᠶ᠋ᠢᠨ ᠲᠤᠷᠰᠢ᠂ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯᠤᠨ ᠬᠡᠦᠬᠡᠳ᠎ᠦᠨ ᠠᠰᠠᠷᠠᠮᠵᠢ᠎ᠶ᠋ᠢᠨ ᠬᠦᠷᠢᠶᠡᠨ᠎ᠳᠡᠬᠢ ᠦᠶ᠋ᠯᠡᠴᠢᠯᠡᠭᠡᠨ᠎ᠦ ᠪᠠᠢᠭᠤᠯᠤᠮᠵᠢ《ᠵᠦᠭ᠌ᠯᠡᠭᠦᠷ》᠎ᠦᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ ᠲᠣᠭ᠍ᠲᠠᠭᠠᠵᠤ᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠵᠦ᠍᠂ ᠬᠡᠦᠬᠡᠳ᠎ᠦᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠪᠠᠢᠭᠤᠯᠤᠮᠵᠢ᠎ᠶ᠋ᠢᠨ ᠳᠣᠲᠣᠷᠠᠬᠢ ᠬᠡᠦᠬᠡᠳ 《ᠨᠢᠬᠡ ᠴᠤ᠌ ᠬᠠᠯᠳᠠᠪᠤᠷᠢᠯᠠᠭ᠍ᠳᠠᠬᠰᠠᠨ ᠥᠬᠡᠶ》 ᠪᠠᠢᠬᠤ᠎ᠶ᠋ᠢ ᠪᠡᠶᠡᠯᠡᠭᠦᠯᠵᠦ᠍᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠴᠢᠬᠤᠯᠠ ᠦᠢᠯᠡᠳᠦᠯ ᠦᠵᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号